ᠰᠢᠨ᠎ᠡ ᠪᠠᠷᠭᠤ ᠪᠠᠷᠠᠭᠤᠨ ᠬᠤᠰᠢᠭᠤᠨ ᠤ ᠨᠣᠮ ᠤᠨ ᠰᠠᠩ ᠨᠠᠰᠤᠨ ᠳᠤ ᠦᠯᠦ ᠬᠦᠷᠦᠭᠰᠡᠳ ᠤᠨ ᠨᠣᠮ ᠤᠩᠰᠢᠬᠤ ᠶᠢ ᠳᠡᠯᠭᠡᠷᠡᠭᠦᠯᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2021/11/4
     ᠨᠠᠰᠤᠨ ᠳᠤ ᠦᠯᠦ ᠬᠦᠷᠦᠭᠰᠡᠳ ᠢ ᠬᠥᠮᠦᠵᠢᠭᠦᠯᠬᠦ ᠳᠤ ᠰᠠᠶᠢᠨ ᠰᠠᠶᠢᠬᠠᠨ ᠤᠩᠰᠢᠯᠭ᠎ᠠ ᠶᠢᠨ ᠳᠠᠳᠬᠠᠯ ᠢ ᠪᠣᠢ ᠪᠣᠯᠭᠠᠵᠤ᠂ ᠪᠦᠬᠦ ᠠᠷᠠᠳ ᠤᠨ ᠤᠩᠰᠢᠯᠭ᠎ᠠ ᠶᠢᠨ ᠪᠠᠲᠤ ᠪᠠᠬᠢ ᠰᠠᠭᠤᠷᠢ ᠶᠢ ᠪᠠᠬᠢᠵᠢᠭᠦᠯᠵᠦ᠂ ︽ᠪᠦᠬᠦ ᠠᠷᠠᠳ ᠢᠶᠠᠷ ᠢᠶᠠᠨ ᠨᠣᠮ ᠣᠩᠰᠢᠬᠤ ᠰᠢᠨ᠎ᠡ ᠪᠠᠷᠭᠤ ᠪᠠᠷᠠᠭᠤᠨ ᠬᠤᠰᠢᠭᠤ︾ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠳᠣᠳᠬᠠᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠨᠣᠮ ᠤᠨ ᠰᠠᠩ ᠬᠤᠶᠠᠷ ᠭᠠᠷᠠᠭ ᠤᠨ ᠴᠠᠭ ᠢ ᠠᠰᠢᠬᠯᠠᠨ᠂ ᠬᠤᠰᠢᠭᠤᠨ ᠤ ᠰᠣᠷᠭᠠᠨ ᠬᠥᠮᠥᠵᠢᠯ ᠤᠨ ᠲᠣᠪᠴᠢᠶ᠎ᠠ ᠶᠢᠨ ︽ᠰᠢᠨ᠎ᠡ ᠪᠠᠷᠭᠤ ᠪᠠᠷᠠᠭᠤᠨ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ︿ᠨᠣᠮ ᠤᠩᠰᠢᠬᠤ ᠤᠷᠮ᠎ᠠ ᠪᠠᠬ᠎ᠠ ᠲᠠᠢ﹀ ᠠᠵᠢᠯᠯᠠᠭ᠎ᠠ︾ ᠲᠠᠢ ᠣᠶᠠᠯᠳᠣᠭᠤᠯᠣᠨ᠂ ᠨᠡᠶᠢᠲᠡ 300 ᠳᠡᠪᠲᠡᠷ ᠨᠣᠮ ᠪᠢᠴᠢᠭ ᠬᠦᠷᠭᠡᠬᠦ ᠶᠢᠨ ᠬᠠᠮᠲᠤ᠂ ᠳᠥᠷᠪᠡᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠨᠣᠮ ᠪᠢᠴᠢᠭ ᠤᠨ ᠥᠷᠥᠭᠡ ᠳᠤ 10 ᠨᠣᠮ ᠤᠨ ᠲᠠᠯᠪᠢᠭᠤᠷ ᠬᠠᠨᠳᠢᠪᠯᠠᠪᠠ᠃ 44 ᠬᠥᠮᠦᠨ ᠢ ︽ᠨᠣᠮ ᠣᠩᠰᠢᠬᠤ ᠣᠳᠣᠨ︾ ᠢᠶᠠᠷ ᠱᠠᠩᠨᠠᠨ ᠬᠥᠬᠢᠭᠦᠯᠵᠦ᠂ ᠮᠣᠷᠠᠯ ᠰᠤᠷᠤᠯᠭ᠎ᠠ ᠬᠤᠣᠰᠯᠠᠬᠰᠠᠨ 21 ᠰᠤᠷᠤᠭᠴᠢ ᠶᠢ ᠵᠣᠷᠢᠭᠵᠢᠭᠤᠯᠪᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠪᠦᠬᠦ ᠬᠤᠰᠢᠭᠤᠨ ᠤ ᠨᠠᠰᠤᠨ ᠳᠤ ᠦᠯᠦ ᠬᠦᠷᠦᠭᠰᠡᠳ ᠤᠨ ᠨᠣᠮ ᠤᠩᠰᠢᠬᠤ ᠢᠳᠡᠪᠬᠢᠵᠢᠯ ᠢ ᠳᠡᠭᠡᠭᠰᠢᠯᠡᠭᠦᠯᠵᠦ᠂ ᠥᠷᠭᠡᠨ ᠣᠯᠠᠨ ᠰᠤᠷᠤᠭᠴᠢᠳ ᠤᠨ ᠳᠤᠮᠳᠠ ᠵᠥᠪ ᠣᠨᠣᠪᠴᠢᠲᠠᠢ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠢ ᠪᠣᠯᠭᠠᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠪᠠ ᠲᠡᠳᠡᠨ ᠢ ᠨᠣᠮ ᠤᠩᠰᠢᠬᠤ ᠤᠷᠮ᠎ᠠ ᠰᠡᠳᠬᠢᠯᠭᠡ ᠲᠠᠢ ᠪᠣᠯᠭᠠᠨ᠂ ᠨᠣᠮ ᠤᠩᠰᠢᠬᠤ ᠣᠷᠮ᠎ᠡ ᠪᠠᠬ᠎ᠠ ᠲᠠᠢ ᠪᠣᠯᠬᠤ ᠳᠤ ᠰᠠᠭᠤᠷᠢ ᠲᠠᠯᠪᠢᠵᠤ ᠥᠭᠴᠠᠢ᠃                              ᠬᠠᠮ ᠵᠠᠭᠤᠴᠢᠯᠠᠭᠤᠷ ᠤᠨ ᠲᠥᠪ ᠤᠨ ᠰᠣᠷᠪᠣᠯᠵᠢᠯᠠᠬᠴᠢ ᠰᠣᠨᠣᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号