ᠬᠤᠰᠢᠭᠤᠨ ᠤ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠪᠥᠬᠦ ᠬᠤᠲᠠ ᠶᠢᠨ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠪᠣᠯᠪᠠᠰᠤᠷᠠᠯ ᠤᠨ ᠬᠤᠷᠠᠯ ᠳᠤ ᠤᠷᠤᠯᠴᠠᠪᠠ
ᠨᠡᠶᠢᠲᠡᠯᠡᠭᠰᠡᠨ ᠴᠠᠭ᠄
2021/11/5
     ᠭᠤᠤᠯ ᠨᠠᠭᠤᠷ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠪᠥᠬᠦ ᠬᠤᠰᠢᠭᠤᠨ ᠤ ᠡᠯ᠎ᠡ ᠰᠤᠮᠤ ᠪᠠᠯᠭᠠᠰᠤ᠂ ᠬᠡᠰᠡᠭ ᠭᠠᠴᠠᠭ᠎ᠠ ᠲᠣᠰᠬᠤᠨ ᠤ ᠲᠠᠰ ᠤᠨ ᠭᠤᠤᠯ ᠨᠠᠭᠤᠷ  ᠤᠨ ᠬᠠᠮᠢᠶᠠᠷᠤᠯᠳᠠ ᠶᠢᠨ ᠳᠠᠷᠤᠭ᠎ᠠ ᠶᠢ ᠵᠣᠬᠢᠶᠠᠨ ᠪᠠᠶᠢᠭᠤᠯᠵᠤ ᠬᠥᠯᠥᠨ ᠪᠤᠶᠢᠷ ᠬᠤᠲᠠ ᠶᠢᠨ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ ᠤᠨ ᠠᠵᠢᠯ ᠤᠨ ᠪᠣᠯᠪᠠᠰᠤᠷᠠᠯ ᠤᠨ ᠬᠠᠷᠠᠭᠠᠨ ᠳᠠᠪᠲᠠᠮᠵᠢ ᠶᠢᠨ ᠬᠤᠷᠠᠯ ᠳᠤ ᠣᠷᠣᠯᠴᠠᠪᠠ᠃
        ᠬᠤᠷᠠᠯ ᠳᠤ᠂ ︽ᠭᠤᠣᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠦᠷᠢᠮᠵᠢᠯ ︵ᠲᠤᠷᠰᠢᠨ ᠬᠡᠷᠡᠭᠵᠢᠭᠦᠯᠬᠦ︶︾᠂ ︽ᠭᠤᠣᠯ ᠨᠠᠭᠤᠷ ᠤᠨ ᠬᠠᠮᠢᠶᠠᠷᠤᠯᠲᠠ ᠬᠢᠨᠠᠯᠲᠠ ᠪᠠᠶᠢᠴᠠᠭᠠᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾᠂ ︽ᠪᠦᠬᠦ ᠤᠯᠤᠰ ᠤᠨ ᠭᠤᠣᠯ ᠨᠠᠭᠤᠷ ᠤᠨ ︿ᠲᠦᠷᠪᠡᠨ ᠡᠮᠬᠢ ᠵᠡᠮᠪᠠᠷᠠᠭ᠎ᠠ ᠦᠬᠡᠢ ᠶᠢ ᠴᠡᠪᠡᠷᠯᠡᠬᠦ﹀ ᠲᠤᠰᠬᠠᠢ ᠠᠵᠢᠯᠯᠠᠭ᠎ᠠ ᠶᠢᠨ ᠠᠰᠠᠭᠤᠳᠠᠯ ᠢ ᠨᠤᠲᠠᠯᠠᠨ ᠲᠣᠭᠲᠠᠭᠠᠬᠤ ᠵᠢᠴᠢ ᠴᠡᠭᠴᠡᠯᠡᠨ ᠵᠠᠰᠠᠬᠤ ᠪᠠᠷᠢᠮᠵᠢᠶ᠎ᠠ ᠶᠢ ᠲᠣᠳᠣᠷᠬᠠᠶᠢᠯᠠᠬᠤ ᠲᠤᠬᠠᠢ ᠤᠰᠤᠨ ᠠᠰᠢᠭᠯᠠᠯᠲᠠ ᠶᠢᠨ ᠶᠠᠮᠤᠨ ᠤ ᠠᠯᠪᠠᠨ ᠲᠢᠩᠬᠢᠮ ᠤᠨ ᠮᠡᠳᠡᠭᠳᠡᠯ︾ ᠵᠡᠷᠭᠡ ᠬᠠᠮᠢᠶ᠎ᠠ ᠪᠦᠬᠦᠢ ᠠᠭᠤᠯᠭ᠎ᠠ ᠶᠢ ᠤᠯᠠᠮᠵᠢᠯᠠᠨ ᠰᠤᠷᠤᠯᠴᠠᠵᠠᠢ᠃ ᠬᠤᠷᠠᠯ ᠳᠡᠭᠡᠷ᠎ᠡ᠂ ᠬᠤᠲᠠ ᠶᠢᠨ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠠᠵᠢᠯᠲᠠᠳ ᠲᠤᠬᠠᠶ ᠶᠢᠨ ᠲᠠᠯᠠᠪᠤᠷ ᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ ᠤᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠮᠡᠳᠡᠭᠡ ᠵᠠᠩᠭᠢ ᠶᠢᠨ ᠲᠠᠪᠴᠠᠩ ᠵᠢᠴᠢ ᠰᠢᠯᠵᠢᠮᠡᠯ ᠬᠤᠯᠪᠣᠭᠠᠨ ᠤ ᠦᠵᠦᠭᠦᠷ ᠤᠨ ︽ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ︾ ᠤᠨ APP ᠤᠭᠰᠠᠷᠠᠬᠤ᠂ ᠠᠵᠢᠯᠯᠠᠭᠤᠯᠬᠤ᠂ ᠬᠡᠷᠡᠭᠯᠡᠬᠦ ᠵᠡᠷᠭᠡ ᠫᠷᠤᠭ᠍ᠷᠠᠮ ᠳᠤ ᠲᠠᠶᠢᠯᠤᠮᠵᠢ ᠪᠠ ᠦᠵᠡᠭᠦᠯᠦᠯᠭᠡ ᠬᠢᠪᠠ᠃
        ᠲᠣᠰ ᠤᠳᠠᠭᠠᠨ ᠤ ᠬᠤᠷᠠᠯ ᠢᠶᠠᠷ ᠳᠡᠮᠵᠢᠨ᠂ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠦᠷᠢᠮ  ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠵᠢᠴᠢ ᠦᠨᠳᠦᠰᠦᠨ ᠱᠠᠲᠤᠨ ᠤ ᠭᠤᠤᠯ ᠨᠠᠭᠤᠷ ᠤᠨ ᠬᠠᠮᠢᠶᠠᠷᠤᠯᠳᠠ ᠶᠢᠨ ᠳᠠᠷᠤᠭ᠎ᠠ ᠶᠢᠨ ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠴᠢᠳᠠᠪᠤᠷᠢ ᠶᠢ ᠤᠯᠠᠮ ᠴᠢᠨᠠᠭᠰᠢᠳᠠ ᠳᠡᠭᠡᠭᠰᠢᠯᠡᠭᠦᠯᠵᠦ᠂ ᠭᠤᠤᠯ ᠨᠠᠭᠤᠷ ᠤᠨ ᠬᠠᠮᠢᠶᠠᠷᠤᠯᠲᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠠᠬᠢᠭᠤᠯᠬᠤ ᠶᠢ ᠪᠠᠲᠤᠯᠠᠪᠠ᠃                                   ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号