11 ᠰᠠᠷ᠎ᠠ ᠶᠢᠨ 4 ᠤ ᠡᠳᠦᠷ᠂ ᠮᠠᠨ ᠤ ᠬᠤᠰᠢᠭᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠳᠡ ᠶᠢᠨ | ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠬᠢᠵᠦ᠂ ᠡᠯ᠎ᠡ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠡᠩᠨᠡᠭᠡ ᠶᠢᠨ ᠵᠣᠬᠢᠶᠠᠨ ᠪᠠᠶᠢᠭᠤᠯᠤᠨ ᠳᠠᠶᠢᠴᠢᠯᠠᠬᠤ ᠴᠢᠳᠠᠪᠤᠷᠢ᠂ ᠶᠡᠷᠦᠩᠬᠡᠶᠢᠯᠡᠨ ᠵᠣᠬᠢᠴᠠᠭᠤᠯᠬᠤ ᠴᠢᠳᠠᠪᠤᠷᠢ | ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠴᠢᠨᠠᠭᠰᠢᠳᠠ ᠰᠢᠯᠭᠠᠨ ᠪᠠᠶᠢᠴᠠᠭᠠᠵᠤ | ᠳᠡᠭᠡᠭᠰᠢᠯᠡᠭᠦᠯᠪᠡ᠃ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ | ᠳᠠᠷᠤᠭ᠎ᠠ ᠴᠠᠩ ᠴᠢᠩ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ | ᠲᠣᠪᠴᠢᠶ᠎ᠠ ᠶᠢᠨ ᠳᠠᠷᠤᠭ᠎ᠠ ᠦᠷᠭᠡᠨ ᠲᠤᠬᠠᠶ ᠶᠢᠨ ᠳᠠᠯᠠᠪᠤᠷ ᠲᠤ ᠬᠦᠷᠴᠦ ᠪᠠᠶᠢᠴᠠᠭᠠᠨ ᠵᠢᠯᠣᠭᠤᠳᠪᠠ᠃ | | | | | ᠲᠤᠬᠠᠶ ᠶᠢᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠪᠠ ᠢ ᠵᠢᠵᠢᠭ ᠰᠠᠭᠤᠭᠠᠯᠢ ᠲᠣᠭᠤᠷᠢᠭ ᠲᠤ | ᠳᠣᠲᠣᠭᠠᠳᠤ ᠶᠢ ᠬᠠᠮᠠᠭᠠᠯᠠᠬᠤ᠂ ᠡᠷᠡᠬᠦᠯ ᠬᠠᠮᠠᠭᠠᠯᠠᠯ ᠡᠷᠡᠬᠦᠯ ᠮᠡᠨᠳᠦ᠂ ᠨᠡᠶᠢᠭᠡᠮ ᠲᠣᠭᠤᠷᠢᠭ ᠵᠡᠷᠭᠡ ᠰᠠᠯᠠᠭ᠎ᠠ ᠮᠥᠴᠢᠷ | ᠨᠢᠭᠡᠴᠡ ᠰᠠᠭᠤᠭᠠᠯᠢ ᠠᠷᠠᠳ ᠢ ᠳᠠᠶᠢᠴᠢᠯᠠᠨ ᠵᠣᠬᠢᠶᠠᠨ ᠪᠠᠶᠢᠭᠤᠯᠵᠤ ᠥᠯᠢᠭᠡᠷ ᠠᠪᠬᠤ ᠲᠤᠬᠠᠶ ᠶᠢᠨ ᠲᠠᠯᠠᠪᠤᠷ ᠲᠤ | ᠡᠮᠬᠢ ᠵᠢᠷᠤᠮ ᠲᠠᠢ ᠪᠠᠷ ᠣᠴᠢᠭᠤᠯᠵᠤ᠂ ᠰᠠᠭᠤᠭᠠᠯᠢ ᠠᠷᠠᠳ ᠤᠨ ᠺᠣᠳ᠋ ᠰᠢᠷᠪᠢᠵᠦ ᠨᠡᠷ᠎ᠡ ᠮᠡᠳᠡᠭᠦᠯᠬᠦ ᠶᠢ ᠵᠢᠯᠣᠭᠤᠳᠤᠨ | ᠂ ᠲᠠᠰ ᠳᠠᠷᠠᠭᠠᠯᠠᠨ ᠲᠠᠯᠠᠪᠠᠶ ᠳᠤ ᠣᠷᠣᠵᠤ ᠥᠯᠢᠭᠡᠷ ᠠᠪᠴᠤ᠂ ᠡᠯ᠎ᠡ ᠰᠠᠯᠠᠭ᠎ᠠ ᠮᠥᠴᠢᠷ ᠤᠨ ᠬᠢᠨ ᠬᠠᠷᠢᠯᠴᠠᠨ | ᠬᠠᠮᠵᠢᠯᠴᠠᠵᠤ᠂ ᠲᠦᠷᠭᠡᠨ ᠬᠥᠳᠡᠯᠦᠯᠴᠡᠪᠡ᠃ ᠴᠠᠩ ᠴᠢᠩ ᠴᠢᠬᠤᠯᠠᠴᠢᠯᠠᠭᠰᠠᠨ ᠨᠢ᠂ ᠡᠨᠡ ᠤᠳᠠᠭ᠎ᠠ ᠶᠢᠨ ᠪᠠᠴᠢᠮ | ᠪᠠᠶᠢᠳᠠᠯ ᠢ ᠠᠷᠭᠠᠴᠠᠬᠤ ᠰᠣᠷᠢᠯᠲᠠ ᠶᠢ ᠥᠷᠨᠢᠭᠦᠯᠬᠦ ᠨᠢ ᠨᠢᠭᠡ ᠤᠳᠠᠭ᠎ᠠ ᠶᠢᠨ ᠳᠠᠶᠢᠯᠠᠯᠳᠤᠭᠠᠨ ᠤ ᠪᠣᠯᠪᠠᠰᠤᠷᠠᠯ ᠤᠨ | ᠰᠣᠷᠢᠯᠲᠠ ᠪᠣᠯᠬᠤ ᠪᠠᠷ ᠪᠠᠷᠠᠬᠤ ᠦᠭᠡᠢ᠂ ᠨᠡᠩ ᠴᠤ ᠮᠠᠨ ᠤ ᠬᠤᠰᠢᠭᠤᠨ ᠤ ᠨᠢᠭᠡ ᠤᠳᠠᠭ᠎ᠠ ᠶᠢᠨ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠴᠢᠳᠠᠪᠤᠷᠢ ᠶᠢᠨ ᠰᠢᠯᠭᠠᠯᠲᠠ ᠪᠣᠯᠤᠨ᠎ᠠ᠂ ᠣᠳᠣᠬᠠᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ ᠲᠠᠷᠢᠬᠢ | ᠲᠣᠯᠣᠭᠠᠶ ᠪᠠᠨ ᠰᠡᠷᠭᠡᠭ ᠪᠠᠶᠢᠯᠭᠠᠬᠤ ᠪᠠᠷ ᠴᠢᠷᠮᠠᠶᠢᠨ᠂ ᠮᠢᠨᠴᠦᠭᠦᠷᠡᠬᠦ ᠦᠵᠡᠯ ᠰᠠᠨᠠᠭ᠎ᠠ᠂ ᠲᠠᠶᠢᠨ ᠠᠴᠠ ᠬᠠᠯᠠᠰᠢᠷᠠᠬᠤ | ᠰᠡᠳᠬᠢᠯᠭᠡ ᠪᠠ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠴᠤᠭ ᠰᠦᠯᠳᠡ ᠪᠠᠨ ᠪᠠᠳᠠᠷᠠᠭᠤᠯᠤᠨ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ ᠬᠠᠯᠬᠠᠪᠴᠢ ᠶᠢ ᠴᠣᠭᠴᠠᠯᠠᠬᠤ ᠬᠡᠷᠡᠭᠲᠡᠶ ᠭᠡᠵᠡᠢ᠃ | | | | | ᠳᠠᠷᠠᠭ᠎ᠠ ᠨᠢ᠂ ᠴᠠᠩ ᠴᠢᠩ ᠮᠠᠨ ᠤ ᠬᠤᠰᠢᠭᠤᠨ ᠤ ᠬᠤᠪᠢ ᠬᠥᠮᠦᠨ ᠤ ᠡᠮᠨᠡᠯᠭᠡ ᠶᠢᠨ ᠭᠠᠵᠠᠷ᠂ ᠡᠮ ᠤᠨ | ᠳᠡᠯᠭᠡᠭᠦᠷ᠂ ᠡᠮᠨᠡᠯᠭᠡ ᠶᠢᠨ ᠬᠤᠷᠢᠶ᠎ᠠ᠂ ᠲᠣᠰᠣ ᠨᠡᠮᠡᠬᠦ ᠥᠷᠲᠡᠭᠡ ᠪᠣᠯᠤᠨ ᠳᠤᠮᠳᠠᠳᠤ ᠣᠷᠣᠰ ᠮᠣᠩᠭᠤᠯ ᠤᠨ | ᠬᠤᠳᠠᠯᠳᠤᠭ᠎ᠠ ᠠᠷᠠᠯᠵᠢᠶ᠎ᠠ ᠶᠢᠨ ᠬᠤᠲᠠ ᠵᠢᠴᠢ ᠬᠤᠰᠢᠭᠤᠨ ᠤ ᠲᠤᠰᠠᠭᠠᠷᠯᠠᠬᠤ ᠲᠠᠯᠠᠪᠤᠷ ᠲᠤ ᠬᠦᠷᠴᠦ ᠪᠠᠶᠢᠴᠠᠭᠠᠯᠲᠠ | ᠬᠢᠵᠦ ᠳᠠᠯᠳᠠᠭᠤᠷ ᠰᠤᠷᠪᠤᠯᠵᠢᠯᠠᠪᠠ᠃ ᠬᠦᠷᠦᠭᠰᠡᠨ ᠭᠠᠵᠠᠷ ᠪᠣᠯᠭᠠᠨ ᠳᠤ ᠲᠡᠷᠡ ᠡᠭᠦᠳᠡᠨ ᠳᠡᠯᠭᠡᠭᠦᠷ ᠤᠨ ᠢᠯᠡ | ᠭᠠᠵᠠᠷ ᠲᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠡᠰᠡᠬᠦ ᠶᠢ | ᠲᠤᠬᠠᠶ ᠶᠢᠨ ᠲᠠᠯᠠᠪᠤᠷ ᠲᠤᠨᠢ ᠪᠠᠶᠢᠴᠠᠭᠠᠨ ᠦᠵᠡᠵᠦ᠂ ᠳᠡᠯᠭᠡᠭᠦᠷ ᠲᠤ ᠤᠷᠤᠭᠰᠠᠨ ᠬᠥᠮᠦᠰ ᠲᠤ ᠳᠤᠯᠠᠭᠠᠨ ᠤ | ᠬᠡᠮᠵᠢᠶ᠎ᠡ ᠶᠢ ᠬᠡᠮᠵᠢᠨ ᠡᠷᠡᠬᠦᠯ ᠮᠡᠨᠳᠦ ᠶᠢᠨ ᠨᠣᠮᠧᠷ ᠪᠠᠶᠢᠴᠠᠭᠠᠭᠰᠠᠨ ᠡᠰᠡᠬᠦ ᠶᠢᠨ ᠬᠠᠮᠲᠤ ᠡᠮ ᠤᠨ ᠵᠦᠢᠯ ᠤᠨ | ᠪᠣᠷᠣᠯᠠᠭᠤᠯᠭ᠎ᠠ ᠪᠠ ᠡᠪᠡᠳᠴᠢᠲᠡᠨ ᠢ ᠬᠦᠯᠢᠶᠡᠨ ᠠᠪᠴᠤ ᠡᠮᠨᠡᠭᠦᠯᠦᠭᠰᠡᠨ ᠲᠡᠮᠳᠡᠭᠯᠡᠯ ᠢ ᠨᠠᠷᠢᠨ ᠨᠢᠮᠪᠠᠶ ᠪᠠᠶᠢᠴᠠᠭᠠᠨ | ᠦᠵᠡᠵᠦ᠂ ᠲᠤᠬᠠᠶ ᠶᠢᠨ ᠲᠠᠯᠠᠪᠤᠷ ᠲᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠦ ᠭᠠᠷᠭᠠᠵᠠᠶ᠃ ᠴᠠᠩ ᠴᠢᠩ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢ ᠠᠯᠢ ᠱᠠᠲᠤᠨ ᠤ ᠤᠳᠤᠷᠢᠳᠤᠯᠭ᠎ᠠ ᠳᠤ ᠦᠵᠡᠭᠦᠯᠬᠦ ᠶᠢᠨ ᠲᠥᠯᠥᠭᠡ | ᠪᠢᠰᠢ᠂ ᠬᠠᠷᠢᠨ ᠦᠨᠡᠨ ᠪᠣᠳᠠᠲᠠᠢ ᠠᠷᠭ᠎ᠠ ᠬᠡᠮᠵᠢᠶ᠎ᠡ ᠪᠠᠷ ᠡᠮ ᠤᠨ ᠳᠡᠯᠭᠡᠭᠦᠷ᠂ ᠡᠮᠴᠢᠯᠡᠭᠡᠨ ᠤ ᠭᠠᠵᠠᠷ ᠤᠨ ︽ | ᠬᠠᠷᠠᠭᠤᠯ ᠤᠨ ᠭᠠᠵᠠᠷ︾ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠲᠣᠣᠷ ᠢ ᠨᠢᠭᠲᠠ ᠪᠥᠭᠡᠳ ᠪᠠᠲᠤ ᠪᠠᠬᠢ ᠰᠦᠯᠵᠢᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ | ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | ᠤᠷᠴᠢᠭᠤᠯᠤᠭᠰᠠᠨ ᠨᠢ᠄ ᠴᠡᠴᠡᠭ |