ᠣᠳᠣᠬᠠᠨ ᠳᠤ᠂ ᠭᠠᠳᠠᠭᠠᠳᠤ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ | ᠲᠦᠷᠭᠡᠨ ᠳᠡᠯᠭᠡᠷᠡᠵᠦ᠂ ᠤᠯᠤᠰ ᠤᠨ ᠳᠣᠲᠣᠭᠠᠳᠤ ᠳᠤ ᠲᠣᠰ ᠭᠠᠵᠠᠷ ᠣᠷᠣᠨ ᠤ ᠬᠢᠵᠢᠭ ᠤᠨ ᠪᠠᠶᠢᠳᠠᠯ ᠬᠡᠰᠡᠭ | ᠪᠤᠰᠠᠭ ᠢᠶᠠᠷ ᠲᠠᠷᠬᠠᠭᠰᠠᠨ ᠪᠠ ᠬᠡᠰᠡᠭ ᠭᠠᠵᠠᠷ ᠲᠤ ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠰᠤᠯᠪᠢᠴᠠᠵᠦ | ᠳᠠᠪᠬᠤᠴᠠᠭᠰᠠᠨ ᠪᠠᠶᠢᠳᠠᠯ ᠢᠯᠡᠷᠡᠵᠦ᠂ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠨᠣᠴᠢᠲᠠᠶ ᠪᠥᠭᠡᠳ ᠪᠤᠳᠤᠯᠢᠶᠠᠨᠲᠠᠶ | ᠪᠠᠶᠢᠨ᠎ᠠ᠂ ᠡᠭᠦᠨ ᠳᠤ᠂ ︽ᠭᠠᠳᠠᠭᠠᠳᠤ ᠠᠴᠠ ᠤᠷᠤᠵᠦ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠬᠤ ᠶᠢ | ᠰᠡᠷᠭᠡᠶᠢᠯᠡᠬᠦ︾ ︽ᠬᠥᠮᠦᠨ᠂ ᠪᠣᠳᠠᠰ᠂ ᠣᠷᠴᠢᠨ ᠠᠬᠤᠶ ᠶᠢ ᠬᠠᠮᠲᠤ ᠳᠤᠨᠢ ᠰᠡᠷᠭᠡᠶᠢᠯᠡᠬᠦ︾ ᠠᠵᠢᠯ ᠢ ᠤᠯᠠᠮ | ᠴᠢᠨᠠᠭᠰᠢᠳᠠ ᠰᠠᠶᠢᠲᠤᠷ ᠬᠢᠵᠦ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ | ᠬᠠᠮᠤᠭ ᠤᠨ ᠶᠡᠭᠡ ᠬᠡᠮᠵᠢᠶ᠎ᠡ ᠪᠠᠷ ᠠᠷᠢᠯᠭᠠᠬᠤ ᠶᠢᠨ ᠲᠥᠯᠥᠭᠡ᠂ ᠵᠢᠯᠣᠭᠤᠳᠬᠤ ᠭᠠᠵᠠᠷ ᠤᠨ ᠰᠤᠳᠤᠯᠤᠯᠲᠠ ᠪᠠᠷ | ᠳᠡᠮᠵᠢᠨ᠂ ᠡᠳᠦᠭᠡ ᠬᠤᠯᠪᠣᠭᠳᠠᠯ ᠪᠥᠬᠦᠶ ᠵᠦᠢᠯᠡᠰ ᠢ ᠳᠤᠤᠷ᠎ᠠ ᠵᠠᠷᠯᠠᠶ᠎ᠠ᠄ | ᠨᠢᠭᠡ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠭᠠᠳᠠᠭᠠᠳᠤ ᠶᠢᠨ ᠲᠦᠭᠰᠢᠭᠦᠷᠢ ᠲᠠᠢ ᠭᠠᠵᠠᠷ | ᠣᠷᠣᠨ ᠠᠴᠠ ᠮᠠᠨ ᠤ ᠬᠤᠰᠢᠭᠤᠨ ᠳᠤ ᠤᠷᠤᠭᠤᠯᠵᠦ ᠠᠪᠴᠢᠷᠠᠬᠤ ᠪᠣᠶ ᠪᠥᠬᠦᠶ ᠲᠠᠸᠠᠷ ᠪᠠᠷᠠᠭ᠎ᠠ ᠶᠢ ᠭᠥᠯᠢᠶᠡᠨ | ᠠᠪᠤᠭᠰᠠᠨ ᠠᠵᠤ ᠠᠬᠤᠶᠢᠯᠠᠯ ︵ᠬᠤᠪᠢ ᠬᠥᠮᠦᠨ︶ 24 ᠴᠠᠭ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ | ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠬᠦᠢᠳᠡᠨ ᠬᠡᠯᠬᠢᠶᠡᠲᠦ | ᠢᠳᠡᠭᠡᠨ᠂ ᠪᠦᠷᠢᠨ ᠪᠠᠷᠠᠭ᠎ᠠ ᠵᠢᠴᠢ ᠪᠤᠰᠤᠳ ᠲᠠᠸᠠᠷ ᠢ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ︔ ᠲᠡᠷᠭᠡ ᠬᠥᠰᠬᠡ ᠶᠢᠨ ᠪᠠᠷᠠᠭᠠᠨ ᠤ ᠬᠦᠢᠯᠭᠡᠭᠡ ᠲᠡᠭᠡᠭᠡᠪᠦᠷᠢ ᠵᠢᠴᠢ | ᠰᠢᠤᠳᠠᠨ ᠢᠶᠠᠷ ᠬᠦᠷᠭᠡᠬᠦ ᠵᠠᠮ ᠰᠤᠪᠠᠭ ᠤᠨ ᠡᠳ᠋ ᠪᠣᠳᠠᠰ ᠢ ᠵᠠᠮ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠮᠡᠳᠡᠭᠦᠯᠦᠨ | ᠳᠠᠩᠰᠠᠯᠠᠭᠤᠯᠬᠤ ᠬᠡᠷᠡᠭᠲᠡᠶ︔ ᠠᠵᠤ ᠦᠢᠯᠡᠳᠪᠦᠷᠢ ᠶᠢᠨ ᠦᠢᠯᠡᠳᠬᠦᠨ ᠢ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠤᠨ᠎ᠠ︔ ᠰᠤᠮᠤ ᠪᠠᠯᠭᠠᠰᠤ ᠶᠢᠨ ᠬᠡᠪᠴᠢᠶᠡᠨ ᠳᠤ | ᠬᠠᠷᠢᠶ᠎ᠠ ᠭᠠᠵᠠᠷ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠰᠤᠮᠤ ᠪᠠᠯᠭᠠᠰᠤ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠵᠢᠯᠣᠭᠤᠳᠬᠤ ᠭᠠᠵᠠᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠪᠠᠷᠠᠭ᠎ᠠ ᠬᠦᠷᠦᠭᠰᠡᠠ ᠤ ᠲᠡᠷᠠᠭ᠎ᠠ᠂ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠪᠣᠭᠤᠮᠲᠠ ᠳᠤ ᠣᠷᠣᠬᠤ ᠬᠤᠯᠪᠣᠭᠳᠠᠯ ᠪᠦᠬᠦᠢ ᠰᠢᠯᠭᠠᠨ ᠪᠠᠶᠢᠴᠠᠭᠠᠯᠲᠠ | ᠬᠢᠵᠢᠭ ᠤᠨ ᠪᠠᠶᠢᠴᠠᠭᠠᠯᠲᠠ ᠶᠢᠨ ᠭᠡᠷᠡᠴᠢ ᠪᠠᠷᠢᠮᠲᠠ ᠶᠢ ᠬᠢᠨᠠᠨ ᠪᠠᠶᠢᠴᠠᠭᠠᠭᠠᠳ ᠪᠤᠷᠤᠭᠤ ᠤᠢᠭᠡᠢ ᠪᠣᠯ ᠠᠷᠢᠭᠤᠳᠬᠠᠵᠦ | ᠪᠠᠺᠲ᠋ᠧᠷᠢ ᠶᠢ ᠤᠰᠠᠳᠬᠠᠭᠰᠠᠨ ᠤ ᠲᠡᠷᠠᠭ᠎ᠠ ᠰᠠᠶ᠋ᠢ ᠪᠣᠷᠣᠯᠠᠭᠤᠯᠵᠤ ᠪᠣᠯᠤᠨ᠎ᠠ᠃ | ᠬᠤᠶᠠᠷ᠂ ᠡᠯ᠎ᠡ ᠪᠠᠷᠠᠭᠠᠨ ᠤ ᠬᠦᠢᠯᠭᠡᠭᠡ᠂ ᠲᠦᠷᠭᠡᠨ ᠬᠦᠷᠭᠡᠬᠦ ᠠᠵᠤ ᠠᠬᠤᠶᠢᠯᠠᠯ ᠤᠳ ᠠᠵᠢᠯ ᠲᠥᠷᠥᠯ ᠤᠨ | ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠯᠤᠰ ᠤᠨ ᠭᠠᠳᠠᠭᠠᠳᠤ ᠵᠢᠴᠢ | ᠤᠯᠤᠰ ᠤᠨ ᠳᠣᠲᠣᠭᠠᠳᠤ ᠶᠢᠨ ᠲᠦᠭᠰᠢᠭᠦᠷᠢ ᠶᠡᠬᠡᠲᠡᠶ ᠭᠠᠵᠠᠷ ᠣᠷᠣᠨ ᠤ ᠮᠠᠨ ᠤ ᠬᠤᠰᠢᠭᠤᠨ ᠳᠤ ᠣᠷᠣᠵᠤ ᠢᠷᠡᠬᠦ | ᠪᠣᠶ ᠪᠥᠬᠦᠶ ᠲᠠᠸᠠᠷ ᠪᠠᠷᠠᠭ᠎ᠠ ᠶᠢ ᠤᠰᠠᠳᠬᠠᠬᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠷᠠᠭ᠎ᠠ ᠶᠢ | ᠬᠦᠷᠦᠭᠰᠡᠨ ᠤ ᠳᠠᠷᠠᠭ᠎ᠠ ᠬᠠᠮᠤᠭ ᠤᠨ ᠲᠡᠷᠢᠭᠦᠨ ᠳᠤ ᠱᠠᠭᠠᠷᠳᠠᠯᠭ᠎ᠠ ᠶᠣᠰᠣᠭᠠᠷ ᠠᠷᠢᠭᠤᠳᠬᠠᠨ ᠪᠠᠺᠲ᠋ᠧᠷᠢ ᠶᠢ ᠨᠢ | ᠤᠰᠠᠳᠬᠠᠭᠰᠠᠨ ᠤ ᠳᠠᠷᠠᠭ᠎ᠠ ᠰᠠᠶ᠋ᠢ ᠭᠠᠳᠠᠭᠰᠢ ᠬᠦᠢᠯᠭᠡᠭᠡᠨ ᠳᠤ ᠣᠷᠣᠭᠤᠯᠵᠤ᠂ ᠪᠣᠷᠣᠯᠠᠭᠤᠯᠵᠤ ᠪᠣᠯᠤᠨ᠎ᠠ᠃ ᠲᠠᠸᠠᠷ | ᠪᠠᠷᠠᠭ᠎ᠠ ᠲᠠᠢ ᠰᠢᠭᠤᠳ ᠣᠶᠢᠷᠠᠳᠬᠤ ᠬᠥᠮᠦᠰ ᠲᠣᠰ ᠪᠡᠶ᠎ᠡ ᠶᠢᠨ ᠬᠠᠮᠠᠭᠠᠯᠠᠯᠲᠠ ᠪᠠᠨ ᠴᠢᠩᠭ᠎ᠠ ᠰᠠᠶᠢᠲᠤᠷ ᠬᠢᠵᠦ᠂ | ᠲᠣᠰ ᠪᠡᠶ᠎ᠡ ᠶᠢᠨ ᠠᠮᠤᠷ ᠲᠦᠪᠰᠢᠨ ᠢᠶᠠᠨ ᠪᠠᠲᠤᠯᠠᠨ᠂ ᠤᠯᠠᠮᠵᠢᠯᠠᠨ ᠲᠠᠷᠬᠠᠭᠠᠬᠤ ᠲᠦᠭᠰᠢᠭᠦᠷᠢ ᠠᠴᠠ ᠵᠠᠶᠢᠯᠠᠰᠬᠢᠬᠦ | ᠬᠡᠷᠡᠭᠲᠡᠶ᠃ ᠡᠭᠦᠨ ᠤ ᠬᠠᠮᠲᠤ᠂ ᠪᠠᠷᠠᠭᠠᠨ ᠤ ᠬᠦᠢᠯᠭᠡᠭᠡ᠂ ᠲᠦᠷᠭᠡᠨ ᠬᠦᠷᠭᠡᠯᠲᠡ ᠳᠤ ᠦᠨᠡᠨ ᠨᠡᠷ᠎ᠡ ᠪᠠᠷ ᠳᠠᠩᠰᠠᠯᠠᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ | ᠭᠤᠷᠪᠠ᠂ ᠭᠠᠳᠠᠭᠠᠳᠤ ᠶᠢᠨ ᠬᠢᠵᠢᠭ ᠤᠨ ᠪᠠᠶᠢᠳᠠᠯ ᠨᠡᠶᠢᠳᠡᠮ ᠥᠨᠳᠥᠷ ᠬᠡᠮᠵᠢᠶᠡᠨ ᠳᠤ ᠣᠷᠣᠰᠢᠵᠤ ᠪᠠᠶᠢᠬᠤ | ᠤᠴᠢᠷ ᠠᠴᠠ ᠥᠷᠭᠡᠨ ᠤᠯᠠᠨ ᠲᠦᠮᠡᠨ ᠳᠤ ᠲᠣᠣᠷ ᠰᠦᠯᠵᠢᠶ᠎ᠡ᠂ ᠣᠷᠣᠯᠠᠨ ᠬᠤᠳᠠᠯᠳᠤᠨ ᠠᠪᠬᠤ ᠵᠡᠷᠭᠡ ᠠᠷᠭ᠎ᠠ | ᠵᠠᠮ ᠢᠶᠠᠷ ᠳᠠᠮᠵᠢᠨ ᠭᠠᠳᠠᠭᠠᠳᠤ ᠶᠢᠨ ᠠᠷᠭ᠎ᠠ ᠵᠠᠮ ᠨᠢ ᠲᠣᠳᠣᠷᠬᠠᠶ ᠦᠭᠡᠢ ᠲᠠᠸᠠᠷ ᠪᠠᠷᠠᠭ᠎ᠠ ᠶᠢ ᠬᠤᠳᠠᠯᠳᠤᠨ ᠠᠪᠬᠤ ᠶᠢ | ᠬᠢᠴᠢᠶᠡᠵᠦ᠂ ᠦᠨᠡᠬᠡᠷ ᠬᠤᠳᠠᠯᠳᠤᠨ ᠠᠪᠬᠤ ᠴᠢᠬᠤᠯᠠ ᠲᠠᠢ ᠪᠣᠯ ᠬᠤᠳᠠᠯᠳᠤᠨ ᠠᠪᠬᠤ ᠡᠳ᠋ ᠪᠠᠷᠠᠭ᠎ᠠ ᠬᠦᠷᠴᠦ ᠢᠷᠡᠬᠦ | ᠦᠶ᠎ᠡ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠭᠰᠡᠨ ᠤᠷᠢᠲᠠᠯ ᠳᠣᠣᠷ᠎ᠠ ᠡᠳ᠋ ᠪᠠᠷᠠᠭ᠎ᠠ ᠶᠢ | ᠠᠷᠢᠭᠤᠳᠬᠠᠨ ᠪᠠᠺᠲ᠋ᠧᠷᠢ ᠶᠢ ᠤᠰᠠᠳᠬᠠᠬᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ ᠭᠡᠵᠦ | ᠰᠠᠨᠠᠭᠤᠯᠵᠦ ᠪᠠᠶᠢᠨ᠎ᠠ᠃ | ᠳᠥᠷᠪᠡ᠂ ᠡᠵᠡᠩᠨᠡᠯᠲᠡ ᠶᠢᠨ ᠪᠤᠰᠤ ᠭᠤᠤᠯ ᠴᠣᠭᠴᠠ ᠶᠢᠨ ᠬᠠᠤᠯᠢ ᠪᠤᠰᠤ ᠠᠷᠭ᠎ᠠ ᠵᠠᠮ ᠢᠶᠠᠷ ᠤᠯᠤᠰ ᠤᠨ | ᠭᠠᠳᠠᠭᠠᠳᠤ ᠶᠢᠨ ᠬᠢᠯᠢ ᠪᠠᠷ ᠣᠷᠣᠵᠤ ᠢᠷᠡᠬᠦ ᠡᠳ᠋ ᠪᠣᠳᠠᠰ ᠢ ᠫᠠᠨᠽᠠᠯᠠᠬᠤ᠂ ᠪᠣᠷᠣᠯᠠᠭᠤᠯᠬᠤ ᠶᠢ ᠴᠢᠩᠭ᠎ᠠ ᠴᠠᠭᠠᠵᠠᠯᠠᠵᠤ᠂ | ᠣᠯᠵᠤ ᠮᠡᠳᠡᠭᠰᠡᠭᠡᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ | ᠴᠢᠩᠭ᠎ᠠ ᠴᠣᠬᠢᠯᠲᠠ ᠥᠭᠭᠦᠨ᠎ᠡ᠃ | ᠲᠠᠪᠤ᠂ 9 ᠰᠠᠷ᠎ᠠ ᠶᠢᠨ 15 ᠤ ᠡᠳᠦᠷ ᠠᠴᠠ ᠨᠠᠰᠢ᠂ ᠡᠯ᠎ᠡ ᠵᠦᠢᠯ ᠤᠨ ᠠᠷᠭ᠎ᠠ ᠵᠠᠮ ᠢᠶᠠᠷ ᠭᠠᠳᠠᠭᠠᠳᠤ ᠠᠴᠠ | ᠡᠯ᠎ᠡ ᠵᠦᠢᠯ ᠤᠨ ᠵᠢᠵᠢᠭ ᠡᠳ᠋ ᠪᠠᠷᠠᠭ᠎ᠠ᠂ ᠲᠠᠸᠠᠷ ᠢ ᠭᠥᠯᠢᠶᠡᠨ ᠠᠪᠤᠭᠰᠠᠨ ᠬᠥᠮᠦᠰ ᠴᠠᠭ ᠲᠤᠬᠠᠶ ᠳᠤᠨᠢ | ᠬᠤᠰᠢᠭᠤᠨ ᠤ ᠡᠪᠡᠳᠴᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠲᠥᠪ ᠲᠤ ᠮᠡᠳᠡᠭᠦᠯᠬᠦ ᠬᠡᠷᠡᠭᠲᠡᠶ ︵ᠬᠠᠷᠢᠯᠴᠠᠬᠤ | ᠤᠲᠠᠰᠤ᠄ 6402436︶ ᠪᠥᠭᠡᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ | ᠬᠠᠮᠵᠢᠯᠴᠠᠨ ᠰᠠᠶᠢᠲᠤᠷ ᠬᠢᠬᠦ ᠬᠡᠷᠡᠭᠲᠡᠶ᠃ ᠵᠣᠷᠢᠭᠤᠳᠠ ᠨᠢᠭᠤᠨ ᠳᠠᠯᠳᠠᠯᠠᠭᠰᠠᠨ᠂ ᠬᠤᠳᠠᠯ ᠢᠶᠠᠷ ᠮᠡᠳᠡᠭᠦᠯᠦᠭᠰᠡᠨ᠂ | ᠮᠡᠳᠡᠭᠦᠯᠦᠭᠰᠡᠨ ᠥᠬᠡᠶ ᠠᠴᠠ ᠪᠣᠯᠵᠣ ᠬᠢᠵᠢᠭ ᠤᠨ ᠪᠠᠶᠢᠳᠠᠯ ᠢ ᠳᠡᠯᠭᠡᠷᠡᠭᠦᠯᠦᠭᠰᠡᠨ ᠪᠠᠶᠢᠪᠠᠯ᠂ ᠬᠤᠯᠪᠣᠭᠳᠠᠯ ᠪᠥᠬᠦᠶ | ᠬᠥᠮᠦᠰ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | | ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ | ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ | 2021 ᠣᠨ ᠤ 11 ᠰᠠᠷ᠎ᠠ ᠶᠢᠨ 5 |