ᠮᠠᠨ ᠤ ᠬᠤᠰᠢᠭᠤ 22 ᠳ᠋ᠤᠭᠠᠷ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠵᠢᠴᠢ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠮ ᠵᠠᠭᠤᠴᠢᠯᠠᠭᠤᠷ ᠤᠨ ᠲᠠᠨᠢᠯᠴᠠᠭᠤᠯᠭ᠎ᠠ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2021/11/8
     22 ᠳ᠋ᠤᠭᠠᠷ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠬᠦᠷᠴᠦ ᠢᠷᠡᠬᠦ ᠲᠠᠰᠢᠷᠠᠮ ᠳᠤ᠂ 11 ᠰᠠᠷ᠎ᠠ ᠶᠢᠨ 5 ᠤ ᠡᠳᠦᠷ᠂ ᠮᠠᠨ ᠤ ᠬᠤᠰᠢᠭᠤ 22 ᠳ᠋ᠤᠭᠠᠷ ᠳᠤᠮᠳᠠᠳᠤ ᠤᠯᠤᠰ ᠤᠨ ᠰᠤᠷᠪᠤᠯᠵᠢᠯᠠᠭᠴᠢ ᠶᠢᠨ ᠪᠠᠶᠠᠷ ᠢ ᠪᠡᠯᠭᠡᠯᠡᠬᠦ ᠵᠢᠴᠢ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠮ ᠵᠠᠭᠤᠴᠢᠯᠠᠭᠤᠷ ᠤᠨ ᠲᠠᠨᠢᠯᠴᠠᠭᠤᠯᠭ᠎ᠠ ᠶᠢᠨ ᠬᠤᠷᠠᠯ ᠬᠢᠪᠠ᠃ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠭᠤᠤᠯᠯᠠᠨ ᠡᠷᠭᠢᠯᠡᠵᠦ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠠᠴᠠ ᠳᠠᠭᠠᠭᠠᠴᠢᠯᠠᠨ ᠡᠷᠬᠢᠯᠡᠪᠡ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠯᠦ ᠴᠤᠸᠠᠨ ᠱᠧᠨ᠂ ᠪᠠᠶ ᠴᠦᠨ ᠮᠧᠶ᠂ ᠯᠦ ᠰᠢᠨ᠂ ᠯᠢ ᠵᠢᠶᠠᠨ᠂ ᠳ᠋ᠠᠶ ᠶᠢᠨ ᠴᠢᠤᠸᠠᠨ᠂ ᠳᠠᠯᠠᠶᠢᠪᠠᠳᠦ᠂ ᠰᠦ᠋ ᠹᠧᠩ ᠨᠢᠩ ᠣᠷᠣᠯᠴᠠᠵᠠᠶ᠃
        ᠬᠤᠷᠠᠯ ᠳᠡᠭᠡᠷ᠎ᠡ ᠪᠦᠬᠡᠪᠠᠶᠠᠷ ᠢᠯᠡᠷᠬᠡᠶᠢᠯᠡᠬᠦ ᠳᠡᠭᠡᠨ᠂ ᠣᠶᠢᠷ᠎ᠠ ᠶᠢᠨ ᠵᠢᠯ ᠳᠤ᠂ ᠪᠥᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ ᠳᠤ᠂ ᠪᠥᠬᠦ ᠬᠤᠰᠢᠭᠤᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠤᠨ ᠳᠤᠮᠳᠠ ᠰᠣᠨᠢᠨ ᠮᠡᠳᠡᠭᠡᠨ ᠤ ᠰᠦᠪᠡᠭᠴᠢ ᠶᠢ ᠭᠦᠨᠵᠡᠭᠡᠶ ᠠᠭᠤᠳᠠᠯᠤᠨ᠂ ᠰᠣᠨᠢᠨ ᠮᠡᠳᠡᠭᠡᠨ ᠤ ᠰᠡᠳᠦᠪ ᠰᠣᠩᠭᠤᠬᠤ ᠶᠢ ᠨᠠᠷᠢᠨ ᠨᠢᠮᠪᠠᠶ ᠲᠥᠯᠥᠪᠯᠡᠵᠦ᠂ ᠪᠥᠬᠦ ᠬᠤᠰᠢᠭᠤᠨ ᠤ ᠠᠵᠤ ᠠᠬᠤᠶ  ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠮᠵᠢ᠂ ᠰᠢᠨ᠎ᠡ ᠠᠷᠭ᠎ᠠ ᠬᠡᠮᠵᠢᠶ᠎ᠡ᠂ ᠰᠢᠨ᠎ᠡ ᠨᠡᠶᠢᠲᠡᠯᠢᠭ ᠵᠢᠱᠢᠶ᠎ᠡ᠂ ᠰᠢᠨ᠎ᠡ ᠦᠷ᠎ᠡ ᠪᠦᠲᠦᠮᠵᠢ ᠶᠢ ᠴᠠᠭ ᠲᠤᠬᠠᠶ ᠳᠤᠨᠢ ᠣᠨᠣᠪᠴᠢᠲᠠᠶ᠂ ᠪᠥᠬᠦ ᠲᠠᠯ᠎ᠠ ᠪᠠᠷ ᠭᠦᠨᠵᠡᠭᠡᠶ  ᠤᠬᠠᠭᠤᠯᠤᠭᠰᠠᠨ ᠪᠠᠶᠢᠨ᠎ᠠ᠃
        ᠪᠥᠬᠡᠪᠠᠶᠠᠷ ᠪᠥᠬᠦ ᠬᠤᠰᠢᠭᠤᠨ ᠤ ᠰᠣᠨᠢᠨ ᠮᠡᠳᠡᠭᠡᠨ ᠤ ᠠᠵᠢᠯᠲᠠᠳ ᠲᠤ ᠮᠠᠰᠢ ᠶᠡᠭᠡ ᠬᠦᠰᠡᠯ ᠡᠷᠡᠮᠡᠯᠵᠡᠯ ᠳᠠᠯᠪᠢᠨ᠂ ᠪᠥᠬᠦ ᠬᠤᠰᠢᠭᠤᠨ ᠤ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠰᠢ ᠶᠢᠨ ᠫᠢᠩ ᠶᠡᠷᠦᠩᠬᠡᠶ ᠱᠦᠵᠢ ᠶᠢᠨ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠣᠭᠰᠣᠯᠲᠠ ᠪᠠᠨ ᠪᠠᠲᠤᠳᠬᠠᠨ᠂ ᠤᠳᠤᠷᠢᠳᠤᠮᠵᠢ ᠶᠢ ᠪᠣᠶ ᠪᠣᠯᠭᠠᠵᠤ᠂ ᠴᠢᠭᠯᠡᠯ ᠢᠶᠠᠨ ᠣᠨᠣᠪᠴᠢᠲᠠᠶ ᠡᠵᠡᠮᠳᠡᠬᠦ ᠬᠡᠷᠡᠭᠲᠡᠶ︔ ᠭᠤᠣᠯᠳᠠᠯᠭ᠎ᠠ ᠶᠢᠨ ᠲᠣᠭᠤᠷᠢᠨ ᠳᠤ ᠬᠥᠭᠵᠢᠯᠲᠡ ᠶᠢ ᠠᠬᠢᠭᠤᠯᠵᠤ᠂ ᠰᠦᠭ ᠰᠦᠨᠡᠰᠦ ᠶᠢ ᠬᠠᠮᠠᠭᠠᠯᠠᠬᠤ ᠬᠡᠷᠡᠭᠲᠡᠢ︔ ᠰᠠᠭᠤᠷᠢ ᠪᠠᠨ ᠪᠠᠬᠢᠵᠢᠭᠦᠯᠵᠦ᠂ ᠳᠦᠷᠢ ᠲᠥᠷᠬᠦ ᠪᠠᠨ ᠰᠠᠶᠢᠲᠤᠷ ᠪᠣᠶ ᠪᠣᠯᠭᠠᠵᠤ᠂ ᠰᠤᠷᠲᠠᠯ ᠢᠶᠠᠨ ᠳᠠᠪᠲᠠᠨ ᠪᠤᠯᠪᠠᠰᠤᠷᠠᠭᠤᠯᠬᠤ ᠭᠡᠷᠡᠭᠳᠡᠢ︔ ᠨᠡᠶᠢᠭᠡᠮ ᠳᠤ ᠦᠢᠯᠡᠴᠢᠯᠡᠵᠦ᠂ ᠡᠶ᠎ᠡ ᠵᠣᠬᠢᠴᠠᠯ ᠢ ᠠᠬᠢᠭᠤᠯᠤᠨ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠰᠦᠷ ᠳᠠᠯᠠᠶᠢᠴᠠᠲᠠᠶ ᠤᠬᠠᠭᠤᠯᠭ᠎ᠠ ᠶᠢᠨ ᠬᠦᠴᠦᠨ ᠢᠶᠠᠷ ᠪᠥᠬᠦ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠭᠡᠷᠡᠭᠳᠡᠢ ᠭᠡᠵᠡᠢ᠃
        ᠬᠤᠷᠠᠯ ᠳᠡᠭᠡᠷ᠎ᠡ᠂ ᠪᠠᠢ ᠴᠦᠨ ᠮᠧᠢ ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠯᠢᠳᠡᠭ ᠰᠤᠷᠪᠤᠯᠵᠢᠯᠠᠭᠴᠢ᠂ ᠰᠢᠯᠢᠳᠡᠭ ᠰᠣᠨᠢᠨ ᠮᠡᠳᠡᠭᠡᠨ ᠤ ᠠᠵᠢᠯᠳᠠᠨ᠂ ᠰᠢᠯᠢᠳᠡᠭ ᠴᠢᠮᠡᠭᠡᠯᠡᠭᠴᠢ ᠠᠴᠠ ᠰᠤᠷᠤᠯᠴᠠᠬᠤ ᠲᠤᠬᠠᠢ ᠲᠣᠭᠲᠠᠭᠠᠯ︾ ᠢ ᠤᠩᠰᠢᠨ ᠨᠡᠶᠢᠲᠡᠯᠡᠪᠡ᠃     ᠬᠤᠷᠠᠯ ᠳᠡᠭᠡᠷ᠎ᠡ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠰᠤᠷᠪᠤᠯᠵᠢᠯᠠᠬᠤ ᠨᠠᠶᠢᠷᠠᠭᠤᠯᠬᠤ ᠪᠠ ᠨᠡᠪᠲᠡᠷᠡᠭᠦᠯᠬᠦ ᠡᠮᠦᠨ᠎ᠡ ᠹᠷᠣᠨᠲ ᠠᠴᠠ ᠢᠷᠡᠭᠰᠡᠨ ᠭᠤᠷᠪᠠᠨ ᠰᠣᠨᠢᠨ ᠮᠡᠳᠡᠭᠡᠨ ᠤ ᠠᠵᠢᠯᠲᠠᠨ ᠪᠣᠯᠤᠨ ᠴᠢᠮᠡᠭᠡᠯᠡᠭᠴᠢ ᠶᠢᠨ ᠲᠥᠯᠥᠭᠡᠯᠡᠭᠴᠢ ᠲᠠᠶᠢᠰᠠᠨ ᠳᠤ ᠭᠠᠷᠴᠤ᠂ ᠲᠣᠰ ᠲᠣᠰ ᠤᠨ ᠰᠣᠨᠢᠨ ᠮᠡᠳᠡᠭᠡᠨ ᠤ ᠨᠢᠭᠡᠳᠦᠭᠡᠷ ᠹᠷᠣᠨᠲ ᠲᠤ ᠣᠷᠣᠯᠴᠠᠭᠰᠠᠨ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠶᠢ ᠭᠡᠷᠡᠴᠢᠯᠡᠭᠰᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ ᠵᠡᠷᠭᠡ ᠰᠡᠳᠬᠢᠯ ᠬᠥᠳᠡᠯᠭᠡᠮ᠎ᠡ ᠥᠯᠢᠭᠡᠷ ᠤᠳ ᠢᠶᠠᠨ ᠬᠤᠪᠢᠶᠠᠯᠴᠠᠨ᠂ ᠰᠡᠳᠬᠢᠯ ᠵᠢᠷᠦᠬᠡ ᠪᠠᠷ ᠢᠶᠠᠨ ᠨᠠᠮ ᠢᠶᠠᠨ ᠮᠠᠭᠲᠠᠨ ᠳᠠᠭᠤᠯᠠᠵᠤ᠂ ᠡᠬᠡ ᠤᠯᠤᠰ ᠢᠶᠠᠨ ᠮᠠᠭᠲᠠᠨ ᠳᠠᠭᠤᠯᠠᠵᠤ᠂ ᠠᠷᠠᠳ ᠲᠦᠮᠡᠨ ᠢᠶᠠᠨ ᠮᠠᠭᠲᠠᠨ ᠳᠠᠭᠤᠯᠠᠵᠤ᠂ ᠰᠢᠨ᠎ᠡ ᠴᠠᠭ ᠦᠶ᠎ᠡ ᠶᠢ ᠮᠠᠭᠲᠠᠨ ᠳᠠᠭᠤᠯᠠᠵᠤ᠂ ᠪᠥᠬᠦ ᠬᠤᠰᠢᠭᠤᠨ ᠤ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠤᠨ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠪᠡ᠃     ᠲᠠᠨᠢᠯᠴᠠᠭᠤᠯᠬᠤ ᠬᠤᠷᠠᠯ ᠳᠡᠭᠡᠷ᠎ᠡ᠂ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠠᠷᠢᠭᠤᠴᠠᠯᠭᠠᠲᠠᠨ ᠠᠴᠠ ᠤᠯᠠᠨ ᠳᠤ ᠬᠠᠮ ᠵᠠᠭᠤᠴᠢᠯᠠᠭᠤᠷ ᠤᠨ ᠲᠥᠪ ᠤᠨ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠶᠢ ᠲᠠᠨᠢᠯᠴᠠᠭᠤᠯᠪᠠ᠃ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ ᠬᠢᠨ ︽ᠨᠠᠮ ᠤᠨ ᠵᠠᠭᠤᠴᠢᠯᠠᠭᠤᠷ ᠢ ᠨᠠᠮ ᠤᠨ ᠬᠢ ᠪᠣᠯᠬᠤ︾ ᠵᠠᠷᠴᠢᠮ ᠢ ᠴᠢᠩᠭ᠎ᠠ ᠠᠳᠬᠤᠵᠤ᠂ ᠭᠤᠣᠯᠳᠠᠯᠭ᠎ᠠ ᠶᠢᠨ ᠲᠣᠭᠤᠷᠢᠨ ᠳᠤ᠂ ᠶᠡᠭᠡ ᠲᠠᠯ᠎ᠠ ᠳᠤ ᠦᠢᠯᠡᠴᠢᠯᠡᠨ᠂ ᠠᠭᠤᠯᠭ᠎ᠠ ᠶᠢᠨ ᠰᠢᠯᠢᠳᠡᠭ ᠢ ᠡᠭᠦᠳᠬᠦ᠂ ᠨᠡᠭᠦᠳᠡᠯ ᠬᠤᠯᠪᠣᠭ᠎ᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ᠵᠠᠭᠤᠴᠢᠯᠠᠭᠤᠷ + ᠵᠠᠰᠠᠭ ᠤᠨ ᠶᠠᠪᠤᠳᠠᠯ + ᠦᠢᠯᠡᠴᠢᠯᠡᠭᠡ + N︾ ᠢᠶᠠᠷ ᠪᠦᠲᠦᠴᠡ ᠪᠤᠯᠭᠠᠨ᠂ ᠷᠠᠳᠢᠣ᠋ ᠨᠡᠪᠲᠡᠷᠡᠭᠦᠯᠭᠡ᠂ ᠲᠧᠯᠸᠢᠰ᠂ ᠰᠢᠨ᠎ᠡ ᠵᠠᠭᠤᠴᠢᠯᠠᠭᠤᠷ᠂ ᠨᠡᠶᠢᠲᠡ ᠶᠢᠨ ᠠᠰᠠᠷᠠᠮᠵᠢ ᠶᠢᠨ ᠺᠢᠨᠣ᠋ ᠳᠠᠯᠪᠢᠬᠤ᠂ ᠲᠣᠰᠬᠤᠨ ᠪᠣᠯᠭᠠᠨ ᠳᠤ ᠨᠡᠪᠲᠡᠷᠡᠭᠦᠯᠬᠦ ᠦᠢᠯᠡᠴᠢᠯᠡᠭᠡ ᠵᠡᠷᠭᠡ ᠲᠠᠪᠤᠨ ᠶᠡᠭᠡ ᠲᠠᠪᠴᠠᠩ ᠢᠶᠠᠷ ᠰᠠᠭᠤᠷᠢ ᠪᠣᠯᠭᠠᠵᠤ᠂ ᠬᠠᠮ ᠵᠠᠭᠤᠴᠢᠯᠠᠭᠤᠷ ᠤᠨ ᠲᠠᠪᠴᠠᠩ ᠤᠨ ︽ᠦᠢᠯᠡᠳᠦᠨ ᠵᠢᠯᠤᠭᠤᠳᠬᠤ ᠲᠦᠪ︾ ᠢᠶᠠᠷ ᠭᠤᠤᠯ ᠶᠠᠪᠤᠴᠠ ᠪᠤᠯᠭᠠᠨ᠂ ᠰᠣᠨᠢᠨ ᠮᠡᠳᠡᠭᠡ ᠶᠢ ᠨᠢᠭᠡ ᠯᠠ ᠤᠳᠠᠭ᠎ᠠ ᠶᠢᠨ ᠴᠢᠨᠠᠷᠳᠠᠢ ᠴᠤᠭᠯᠠᠭᠤᠯᠬᠤ᠂ ᠤᠯᠠᠨ ᠡᠰᠢᠵᠢᠬᠦᠯᠦᠨ ᠪᠤᠢ ᠪᠣᠯᠭᠠᠬᠤ᠂ ᠤᠯᠠᠨ ᠲᠠᠪᠴᠠᠩ ᠢᠶᠠᠷ ᠨᠡᠶᠢᠲᠡᠯᠡᠬᠦ ᠶᠢ ᠪᠡᠶᠡᠯᠡᠭᠦᠯᠪᠡ᠃     ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠨᠢ ᠮᠠᠨ ᠤ ᠬᠤᠰᠢᠭᠤᠨ ᠤ ᠠᠮᠢ ᠠᠬᠤᠶ ᠶᠢ ᠤᠷᠢᠳᠠᠪᠠᠷ ᠪᠤᠳᠤᠯᠬᠢᠯᠠᠨ᠂ ᠪᠣᠬᠢᠷᠲᠤᠯ ᠥᠬᠡᠶ ᠬᠦᠭᠵᠢᠬᠦᠯᠬᠦ ᠵᠠᠮ ᠢᠶᠠᠷ ᠵᠠᠮᠨᠠᠭᠰᠠᠨ ᠡᠯᠪᠡᠭ ᠪᠠᠶᠠᠯᠢᠭ ᠦᠷ᠎ᠡ ᠪᠦᠲᠦᠭᠡᠯ᠂ ᠴᠦ᠋ ᠰᠢᠨ᠎ᠡ ᠳᠦᠷᠰᠦ ᠪᠠᠶᠢᠳᠠᠯ ᠢ ᠪᠥᠬᠦ ᠲᠠᠯ᠎ᠠ ᠪᠠᠷ ᠳᠡᠯᠭᠡᠨ ᠦᠵᠡᠭᠦᠯᠵᠦ᠂ ᠪᠥᠬᠦ ᠬᠤᠰᠢᠭᠤᠨ ᠤ ᠰᠣᠨᠢᠨ ᠮᠡᠳᠡᠭᠡᠨ ᠤ ᠹᠷᠣᠨᠲ ᠤᠨ ᠨᠠᠮ ᠤᠨ ᠣᠨᠣᠯ ᠪᠠ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ 48 ᠥᠰᠥᠭ ᠤᠨ ᠡᠭᠦᠷᠭᠡ ᠬᠠᠷᠢᠭᠤᠴᠠᠯᠭ᠎ᠠ ᠶᠢ ᠢᠳᠡᠪᠬᠢᠲᠡᠶ ᠦᠢᠯᠡᠳᠦᠯᠭᠡᠵᠢᠬᠦᠯᠦᠭᠰᠡᠨ ᠪᠣᠳᠠᠲᠤ ᠠᠵᠢᠯᠯᠠᠭ᠎ᠠ ᠶᠢ ᠳᠡᠯᠭᠡᠨ ᠦᠵᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠤᠨ ᠬᠠᠷᠢᠶᠠᠯᠠᠭᠳᠠᠬᠤ ᠰᠡᠳᠬᠢᠯᠭᠡ᠂ ᠢᠷᠠᠭᠤ ᠠᠯᠳᠠᠷ ᠤᠨ ᠰᠡᠳᠬᠢᠯᠭᠡ᠂ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠦᠨ᠂ ᠪᠥᠬᠦ ᠬᠤᠰᠢᠭᠤᠨ ᠤ ᠰᠣᠨᠢᠨ ᠮᠡᠳᠡᠭᠡᠨ ᠤ ᠲᠤᠬᠠᠶᠢᠯᠠᠭᠰᠠᠨ ᠠᠵᠢᠯ ᠂ ᠵᠠᠭᠤᠴᠢᠯᠠᠭᠤᠷ + ᠪᠥᠬᠦ ᠬᠤᠰᠢᠭᠤᠨ ᠤ ᠡᠯ᠎ᠡ ᠠᠵᠢᠯ ᠲᠥᠷᠥᠯ ᠡᠯ᠎ᠡ ᠬᠦᠷᠢᠶᠡᠨ ᠳᠠᠬᠢ ᠶᠠᠪᠤᠯᠴᠠᠭ᠎ᠠ ᠰᠣᠯᠢᠯᠴᠠᠭ᠎ᠠ ᠶᠢ ᠠᠬᠢᠭᠤᠯᠪᠠ᠃     ᠲᠠᠨᠢᠯᠴᠠᠭᠤᠯᠭ᠎ᠠ ᠶᠢᠨ ᠬᠤᠷᠠᠯ ᠨᠢ ᠪᠠᠰᠠ ᠲᠤᠬᠠᠶ ᠶᠢᠨ ᠳᠠᠯᠠᠪᠤᠷ ᠤᠨ ᠡᠭᠦᠯᠡ ᠪᠠᠷ ᠳᠠᠮᠵᠢᠭᠤᠯᠤᠨ ᠪᠥᠬᠦ ᠶᠠᠪᠤᠴᠠ ᠶᠢ ᠰᠦᠯᠵᠢᠶ᠎ᠡ ᠪᠠᠷ ᠰᠢᠭᠤᠳ ᠨᠡᠪᠲᠡᠷᠡᠬᠦᠯᠬᠡ ᠬᠢᠪᠡ᠃     ᠬᠥᠮᠦᠰ ᠤᠨ ᠰᠡᠳᠬᠢᠯ ᠢ ᠤᠷᠮᠠᠰᠢᠭᠤᠯᠤᠨ ᠵᠣᠷᠢᠭᠵᠢᠭᠤᠯᠤᠭᠰᠠᠨ ᠦᠯᠢᠭᠡᠷ ᠤᠳ ᠢ ᠴᠥᠮ ᠰᠣᠨᠢᠨ ᠮᠡᠳᠡᠭᠡᠨ ᠤ ᠠᠵᠢᠯᠲᠠᠳ ᠦᠨᠳᠦᠰᠦᠨ ᠱᠠᠲᠤᠨ ᠳᠤ ᠭᠦᠨᠵᠡᠭᠡᠶᠢᠷᠡᠵᠦ᠂ ︽ᠳᠥᠷᠪᠡᠨ ᠬᠦᠴᠦᠨ︾ ᠢ ᠦᠢᠯᠡᠳᠦᠯᠭᠡᠵᠢᠭᠦᠯᠦᠨ ᠰᠤᠷᠪᠤᠯᠵᠢᠯᠠᠨ ᠪᠢᠴᠢᠭᠰᠡᠨ ᠶᠤᠮ᠂ ᠲᠡᠳᠡᠨ ᠤ ᠴᠠᠭ ᠦᠶ᠎ᠡ ᠲᠠᠢ ᠬᠠᠮᠲᠤ ᠤᠷᠤᠭᠰᠢᠯᠠᠨ᠂ ᠠᠷᠠᠳ ᠲᠦᠮᠡᠨ ᠲᠠᠢ ᠬᠠᠮᠲᠤ ᠪᠠᠷ ᠤᠷᠤᠭᠰᠢᠯᠠᠬᠤ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠵᠦ᠂ ᠰᠣᠨᠢᠨ ᠮᠡᠳᠡᠭᠡᠨ ᠤ ᠠᠵᠢᠯᠲᠠᠳ ᠤᠨ ᠬᠠᠮᠲᠤ ᠶᠢᠨ ᠰᠡᠳᠬᠢᠯ ᠤᠨ ᠳᠠᠭᠤᠨ ᠢ ᠳᠠᠮᠵᠢᠭᠤᠯᠵᠤ ᠪᠠᠶᠢᠨ᠎ᠠ᠃ ᠨᠠᠮ ᠤᠨ ᠲᠦᠷᠦ ᠶᠢᠨ ᠪᠤᠳᠤᠯᠭ᠎ᠠ ᠶᠢᠨ ᠵᠣᠷᠢᠯᠲᠠ ᠶᠢᠨ ᠤᠯᠠᠮᠵᠢᠯᠠᠭᠴᠢ᠂ ᠴᠠᠭ ᠦᠶ᠎ᠡ ᠶᠢᠨ ᠪᠠᠶᠢᠳᠠᠯ ᠢ ᠲᠡᠮᠳᠡᠭᠯᠡᠭᠴᠢ᠂ ᠨᠡᠶᠢᠭᠡᠮ ᠤᠨ ᠲᠠᠪᠰᠢᠯᠳᠠ ᠶᠢᠨ ᠠᠬᠢᠭᠤᠯᠤᠭᠴᠢ᠂ ᠲᠥᠪ ᠭᠤᠣᠯᠴᠢ ᠰᠢᠳᠤᠷᠭᠤ ᠶᠣᠰᠣ ᠶᠢ ᠰᠠᠬᠢᠭᠴᠢ ᠪᠣᠯᠬᠤ ᠪᠠᠷ ᠴᠢᠷᠮᠠᠶᠢᠵᠤ᠂ ᠰᠢᠨ᠎ᠡ ᠣᠶᠢᠯᠠᠭᠠᠭᠳᠠᠬᠤᠨ᠂ ᠰᠢᠨ᠎ᠡ ᠬᠡᠯᠪᠡᠷᠢ᠂ ᠰᠢᠨ᠎ᠡ ᠠᠴᠢᠶᠠᠯᠠᠪᠤᠷᠢ ᠪᠠᠷ ᠰᠠᠶᠢᠨ ᠪᠦᠲᠦᠭᠡᠯ᠂ ᠰᠠᠶᠢᠨ ᠦᠯᠢᠭᠡᠷ ᠢ ᠢᠯᠡᠷᠡᠭᠦᠯᠵᠦ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠳᠦᠭᠡᠨ ᠪᠠᠶᠢᠭᠤᠯᠬᠤ ᠳᠤ ᠡᠷᠡᠯᠬᠡᠭᠯᠡᠨ ᠤᠷᠤᠭᠰᠢᠯᠠᠬᠤ ᠬᠦᠴᠦᠨ ᠢ ᠨᠢᠭᠲᠠᠷᠠᠭᠤᠯᠤᠨ᠎ᠠ᠃                                                      ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号