ᠮᠠᠨ ᠤ ᠬᠤᠰᠢᠭᠤ ᠬᠢᠯᠢ ᠬᠢᠵᠠᠭᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠢᠯᠢ  ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/11/8
     11 ᠰᠠᠷ᠎ᠠ ᠶᠢᠨ 5 ᠤ ᠡᠳᠦᠷ᠂ ᠬᠤᠰᠢᠭᠤᠨ ᠤ ᠬᠢᠯᠢ ᠬᠢᠵᠠᠭᠠᠷ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠢᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠵᠦ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠡᠶᠢᠭᠡᠮ ᠤᠨ ᠬᠠᠮᠢᠶᠠᠷᠤᠯᠲᠠ ᠶᠢᠨ ᠳᠤᠭᠤᠶᠢᠯᠠᠩ ᠤᠨ ᠳᠠᠷᠤᠭ᠎ᠠ ᠦᠷᠭᠡᠨ ᠬᠤᠷᠠᠯ ᠳᠤ ᠣᠷᠣᠯᠴᠠᠵᠠᠶ᠃
        ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠠᠵᠢᠯ ᠤᠨ ᠠᠬᠢᠴᠠ ᠶᠢᠨ ᠪᠠᠶᠢᠳᠠᠯ ᠵᠢᠴᠢ ᠬᠢᠯᠢ ᠶᠢᠨ ᠬᠠᠮᠢᠶᠠᠷᠤᠨ ᠡᠵᠡᠮᠳᠡᠬᠦ ᠠᠵᠢᠯ ᠤᠨ ᠪᠠᠶᠢᠳᠠᠯ ᠢ ᠮᠡᠳᠡᠭᠳᠡᠵᠦ᠂ ᠬᠤᠯᠪᠣᠭᠳᠠᠯ ᠪᠥᠬᠦᠶ ᠰᠤᠮᠤ ᠪᠠᠯᠭᠠᠰᠦ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃     ᠦᠷᠬᠡᠨ᠂ ᠨᠡᠶᠢᠭᠡᠮ ᠤᠨ ᠬᠠᠮᠢᠶᠠᠷᠤᠨ ᠡᠵᠡᠮᠳᠡᠬᠦ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠤᠮᠤ ᠪᠠᠯᠭᠠᠰᠤ ᠶᠢᠨ ᠬᠢᠨ ᠲᠠᠨᠢᠯᠲᠠ ᠪᠠᠨ ᠲᠠᠬᠢᠨ ᠳᠡᠭᠡᠭᠰᠢᠯᠡᠭᠦᠯᠵᠦ᠂ ᠵᠣᠭᠰᠣᠴᠠ ᠶᠢᠨ ᠲᠠᠯ᠎ᠠ ᠪᠠᠷ ᠲᠠᠬᠢᠨ ᠳᠡᠭᠡᠭᠰᠢᠯᠡᠬᠦᠯᠦᠨ᠂ ᠠᠷᠭ᠎ᠠ ᠬᠡᠮᠵᠢᠶ᠎ᠡ ᠪᠠᠨ ᠲᠠᠬᠢᠨ ᠴᠢᠩᠭᠠᠳᠬᠠᠵᠤ᠂ ᠬᠠᠮᠵᠢᠯᠴᠠᠭ᠎ᠠ ᠶᠢᠨ ᠲᠠᠯ᠎ᠠ ᠪᠠᠷ ᠲᠠᠬᠢᠨ ᠨᠢᠭᠲᠠᠷᠠᠭᠤᠯᠬᠤ ᠬᠡᠷᠡᠭᠲᠡᠢ᠃ ᠪᠠᠶᠢᠳᠠᠯ ᠢ ᠵᠠᠳᠠᠯᠵᠤ᠂ ᠠᠰᠠᠭᠤᠳᠠᠯ ᠢ ᠣᠨᠣᠪᠴᠢᠲᠠᠢ ᠡᠷᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠴᠢᠨᠠᠷ ᠢ ᠴᠢᠩᠭᠠᠳᠬᠠᠬᠤ ᠬᠡᠷᠡᠭᠲᠡᠢ︔ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠷᠢᠯᠢᠭ ᠤᠨᠤᠪᠴᠢᠳᠠᠢ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠢ ᠬᠤᠷᠢᠭᠯᠠᠨ ᠴᠣᠬᠢᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠬᠡᠷᠡᠭᠲᠡᠢ︔ ᠨᠡᠶᠢᠭᠡᠮ ᠤᠨ ᠬᠠᠮᠢᠶᠠᠷᠤᠯᠲᠠ ᠡᠵᠡᠮᠳᠡᠯ ᠤᠨ ᠠᠷᠭ᠎ᠠ ᠬᠡᠮᠵᠢᠶ᠎ᠡ ᠶᠢ ᠴᠢᠩᠭᠠᠳᠬᠠᠵᠤ᠂ ᠨᠡᠶᠢᠭᠡᠮ ᠤᠨ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠨ᠎ᠠ︔ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠵᠢᠯᠣᠭᠤᠳᠴᠤ ᠪᠠᠶᠢᠴᠠᠭᠠᠬᠤ ᠶᠢ ᠴᠢᠩᠭᠠᠳᠬᠠᠵᠤ ᠂ ᠬᠢᠯᠢ ᠬᠢᠵᠠᠭᠠᠷ ᠣᠷᠣᠨ ᠤ ᠦᠷᠭᠦᠯᠵᠢᠯᠡᠨ ᠲᠣᠭᠲᠠᠭᠤᠨ ᠪᠠᠶᠢᠬᠤ ᠶᠢ ᠡᠷᠡᠰ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ ᠭᠡᠵᠡᠢ᠃                                               ᠤᠷᠴᠢᠭᠤᠯᠤᠭᠰᠠᠨ ᠨᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号