ᠬᠠᠤᠯᠢ ᠪᠤᠰᠤ ᠪᠠᠷ ᠨᠡᠭᠦᠷᠡᠰᠦ ᠨᠥᠭᠡᠴᠡᠯᠡᠵᠦ ᠪᠣᠯᠬᠤ ᠦᠭᠡᠢ
ᠨᠡᠶᠢᠲᠡᠯᠡᠭᠰᠡᠨ ᠴᠠᠭ᠄
2021/11/8
      ᠨᠡᠭᠦᠷᠡᠰᠦᠨ ᠤ ᠭᠠᠷᠤᠯᠲᠠ ᠶᠢᠨ ᠣᠷᠣᠨ ᠤ ᠨᠡᠭᠦᠷᠡᠰᠦ ᠬᠠᠳᠠᠭᠠᠯᠠᠬᠤ ᠲᠠᠯᠠᠪᠤᠷ ᠢ ᠴᠡᠪᠡᠷᠯᠡᠨ ᠴᠡᠭᠴᠡᠯᠡᠬᠦ ᠠᠵᠢᠯ ᠢ ᠥᠷᠨᠢᠭᠦᠯᠬᠦ ᠲᠤᠬᠠᠶ ᠤᠯᠤᠰ ᠤᠨ ᠬᠥᠭᠵᠢᠯᠲᠡ ᠥᠭᠡᠷᠡᠴᠢᠯᠡᠯᠲᠡ ᠶᠢᠨ ᠺᠣᠮᠢᠰ ᠵᠡᠷᠭᠡ ᠰᠠᠯᠠᠭ᠎ᠠ ᠮᠥᠴᠢᠷ ᠤᠨ ᠪᠠᠶᠢᠷᠢᠯᠠᠭᠤᠯᠤᠯᠲᠠ ᠶᠢ ᠦᠨᠳᠦᠰᠦᠯᠡᠨ᠂ ᠱᠠᠨ ᠰᠢ᠂ ᠥᠪᠥᠷ ᠮᠣᠩᠭᠤᠯ᠂ ᠱᠠᠨᠰᠢ ᠲᠡᠷᠡ ᠳᠠᠷᠤᠶ ᠳᠤᠨᠢ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠢᠯᠡᠴᠢᠯᠡᠨ ᠮᠡᠳᠡᠭᠦᠯᠬᠦ ᠤᠲᠠᠰᠤ ᠭᠠᠷᠭᠠᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠳᠠᠮᠵᠢᠨ᠂ ᠬᠠᠷᠢᠶ᠎ᠠ ᠣᠷᠣᠨ ᠤ ᠪᠠᠨ ᠨᠡᠭᠦᠷᠡᠰᠦ ᠬᠠᠳᠠᠭᠠᠯᠠᠬᠤ ᠭᠠᠵᠠᠷ ᠢ ᠪᠥᠬᠦ ᠲᠠᠯ᠎ᠠ ᠪᠠᠷ ᠪᠠᠶᠢᠴᠠᠭᠠᠨ ᠴᠡᠭᠴᠡᠯᠡᠵᠦ ᠪᠠᠶᠢᠨ᠎ᠠ᠃ ᠵᠦᠪᠰᠢᠶᠡᠷᠡᠯ ᠥᠭᠡᠢ ᠪᠠᠷ ᠭᠠᠵᠠᠷ ᠬᠡᠷᠡᠭᠯᠡᠬᠦ᠂ ᠣᠷᠴᠢᠨ ᠲᠣᠭᠤᠷᠢᠨ ᠢ ᠪᠣᠬᠢᠷᠲᠤᠭᠤᠯᠬᠤ᠂ ᠠᠶᠦᠯᠬᠦᠢ ᠶᠢᠨ ᠪᠢᠴᠢᠭ ᠪᠠᠷᠢᠮᠳᠠ ᠥᠭᠡᠢ ᠨᠡᠭᠦᠷᠡᠰᠦ ᠬᠠᠳᠠᠭᠠᠯᠠᠬᠤ ᠲᠠᠯᠠᠪᠤᠷ ᠢ ᠡᠷᠡᠰ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠨᠡᠭᠦᠷᠡᠰᠦ ᠳᠠᠷᠤᠵᠤ ᠬᠤᠨᠵᠢᠨ ᠵᠠᠪᠰᠢᠬᠤ᠂ ᠦᠨ᠎ᠡ ᠶᠢ ᠨᠢ ᠥᠰᠬᠡᠬᠦ ᠵᠡᠷᠭᠡ ᠬᠠᠤᠯᠢ ᠪᠤᠰᠤ ᠪᠠᠷ ᠠᠰᠢᠭ ᠤᠯᠬᠤ ᠥᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠨᠡᠭᠦᠷᠡᠰᠦᠨ ᠤ ᠡᠵᠡᠩᠨᠡᠯᠲᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠨᠡᠨ ᠬᠦ ᠬᠠᠮᠠᠭᠠᠯᠠᠵᠦ ᠪᠠᠶᠢᠨ᠎ᠠ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号