ᠶᠠᠭᠤ ᠶᠢ ᠳᠠᠩ ᠭᠧᠨ ᠨᠢ ᠠᠷᠭ᠎ᠠ ᠴᠢᠨᠠᠷ ᠲᠠᠢ ᠭᠡᠳᠡᠭ ᠪᠤᠢ︖
ᠨᠡᠶᠢᠲᠡᠯᠡᠭᠰᠡᠨ ᠴᠠᠭ᠄
2021/11/8
       ᠪᠡᠭᠡᠵᠢᠩ ᠬᠤᠲᠠ ᠶᠢᠨ ᠬᠢᠨ 2 ᠬᠥᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠲᠣᠰ ᠲᠣᠰ ᠠᠷᠭ᠎ᠠ ᠴᠢᠨᠠᠷ ᠢᠯᠡᠷᠡᠭᠰᠡᠨ ᠪᠠ ᠲᠠᠩ ᠭᠧᠨ ᠨᠢ ᠠᠷᠭ᠎ᠠ ᠴᠢᠨᠠᠷ ᠢᠯᠡᠷᠡᠪᠡ ᠭᠡᠵᠦ ᠮᠡᠳᠡᠭᠳᠡᠪᠡ᠂ ᠶᠠᠭᠤ ᠶᠢ ᠲᠠᠩ ᠭᠧᠨ ᠨᠢ ᠠᠷᠭ᠎ᠠ ᠴᠢᠨᠠᠷ ᠲᠠᠢ ᠭᠡᠳᠡᠭ ᠪᠣᠶ︖        11 ᠰᠠᠷ᠎ᠠ ᠶᠢᠨ 1 ᠤ ᠡᠳᠦᠷ ᠤᠨ 17 ᠴᠠᠭ ᠲᠤ᠂ ᠪᠡᠭᠡᠵᠢᠩ ᠬᠤᠲᠠ ᠶᠢᠨ ᠴᠤᠤᠶᠠᠩ ᠲᠣᠭᠤᠷᠢᠭ ᠤᠨ ᠴᠠᠩ ᠫᠢᠩ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ ᠮᠥᠴᠢᠷ ᠤᠨ ᠬᠢᠨ᠂ ᠴᠠᠩ ᠫᠢᠩ ᠲᠣᠭᠤᠷᠢᠭ ᠤᠨ 2 ᠬᠥᠮᠦᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠳ᠋ᠦᠩ ᠳᠤ ᠲᠣᠰ ᠲᠣᠰ ᠠᠷᠭ᠎ᠠ ᠴᠢᠨᠠᠷ ᠢᠯᠡᠷᠡᠭᠰᠡᠨ ᠪᠠ ᠲᠠᠩ ᠭᠧᠨ ᠨᠢ ᠠᠷᠭ᠎ᠠ ᠴᠢᠨᠠᠷ ᠢᠯᠡᠷᠡᠪᠡ᠂ ᠲᠡᠭᠦᠨ ᠤ ᠶᠠᠪᠤᠵᠤ ᠰᠠᠭᠤᠬᠰᠠᠨ ᠵᠠᠮ ᠮᠦᠷ ᠨᠢ ᠬᠤᠸᠠ ᠵᠢᠶᠠ ᠳ᠋ᠢ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠤᠤ ᠯᠠᠶ ᠰᠤᠷᠭᠠᠭᠤᠯᠢ ᠶᠢᠨ ᠲᠣᠭᠤᠷᠢᠭ ᠪᠠ ᠴᠧᠨ ᠵᠢᠩ ᠯᠦᠨ ᠳᠤᠮᠳᠠᠳᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠪᠤᠯᠤᠨ᠎ᠠ ᠬᠡᠵᠦ ᠮᠡᠳᠡᠭᠳᠡᠪᠡ          ᠶᠠᠭᠤ ᠶᠢ ᠳᠠᠩ ᠭᠧᠨ ᠨᠢ ᠠᠷᠭ᠎ᠠ ᠴᠢᠨᠠᠷ ᠲᠠᠢ ᠭᠡᠳᠡᠭ ᠪᠤᠢ︖        ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠤᠨ ᠲᠤᠷᠰᠢᠯᠲᠠ ᠶᠢᠨ ᠲᠠᠰᠤᠭ ᠤᠨ ᠰᠢᠯᠭᠠᠨ ᠪᠠᠶᠢᠴᠠᠭᠠᠬᠤ ᠮᠡᠷᠭᠡᠵᠢᠯ ᠤᠨ ᠵᠦᠭᠯᠡᠭᠦᠷ ︵ᠳᠥᠷᠪᠡᠳᠦᠭᠡᠷ ᠬᠡᠪᠯᠡᠯ︶︾ ᠳᠤ ᠵᠢᠭᠠᠵᠤ ᠭᠠᠷᠭᠠᠬᠰᠠᠨ ᠢ ᠦᠨᠳᠦᠰᠦᠯᠡᠪᠡᠯ᠂ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠠᠷᠭ᠎ᠠ ᠨᠢ ᠭᠤᠤᠯᠳᠠᠭᠤ ᠴᠠᠭ ᠲᠤᠬᠠᠶ ᠳᠤᠨᠢ ᠴᠡᠭᠡᠨ ᠬᠡᠷᠡᠯ RT - PCR ᠠᠷᠭ᠎ᠠ ᠶᠢ ᠬᠡᠷᠡᠭᠯᠡᠬᠦ ᠪᠣᠯᠤᠨ᠎ᠠ᠂ ᠲᠣᠰ ᠰᠢᠯᠭᠠᠨ ᠪᠠᠶᠢᠴᠠᠭᠠᠯᠳᠡ ᠶᠢᠨ ᠠᠷᠭ᠎ᠠ ᠨᠢ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠭᠧᠨ ᠤ ᠪᠦᠯᠦᠭ ᠤᠨ ᠲᠤᠳᠤᠷᠠᠬᠢ ᠺᠣᠳ᠋ ᠤᠩᠰᠢᠬᠤ ᠬᠦᠷᠢᠶ᠎ᠡ 1 ab ︵open reading frame 1 ab᠂ ORF 1 ab︶ ᠪᠠ ᠪᠥᠭᠡᠮ ᠤᠨ ᠬᠠᠯᠢᠰᠤ ᠶᠢᠨ ᠤᠭᠤᠷᠠᠭ ︵nucleocapsid protein᠂ N︶ ᠢ ᠨᠡᠭᠡᠭᠡᠳᠡᠭ᠃ ᠡᠩ ᠤᠨ ᠪᠠᠶᠢᠳᠠᠯ ᠳᠣᠣᠷ᠎ᠠ᠂ ᠠᠷᠭ᠎ᠠ ᠴᠢᠨᠠᠷᠲᠠᠢ ᠡᠪᠡᠳᠴᠢᠲᠡᠨ ᠤ ORF1 ab ᠪᠣᠯᠤᠨ N ᠭᠧᠨ ᠨᠢ ᠵᠡᠷᠭᠡ ᠪᠠᠷ ᠠᠷᠭ᠎ᠠ ᠴᠢᠨᠠᠷ ᠲᠠᠢ ᠪᠠᠶᠢᠳᠠᠭ᠂ ᠭᠡᠪᠡᠴᠦ ᠪᠠᠰᠠ ORF1 ab ᠪᠤᠶᠤ N ᠭᠧᠨ ᠤ ᠬᠢᠨᠢ ᠠᠯᠢ ᠨᠢᠭᠡ ᠳᠤᠨᠢ ᠠᠷᠭ᠎ᠠ ᠴᠢᠨᠠᠷ ᠢᠯᠡᠷᠡᠪᠡᠯ ᠳᠠᠩ ᠭᠧᠨ ᠨᠢ ᠠᠷᠭ᠎ᠠ ᠴᠢᠨᠠᠷ ᠲᠠᠢ ᠭᠡᠳᠡᠭ᠃ ᠳᠡᠭᠡᠷ᠎ᠡ ᠳᠤᠷᠠᠳᠤᠭᠰᠠᠨ ᠰᠢᠨ᠎ᠡ ᠲᠢᠲᠢᠮᠯᠢᠭ ᠸᠢᠷᠦ᠋ᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠳᠤ ᠲᠠᠩ ᠭᠧᠨ ᠨᠢ ᠠᠷᠭ᠎ᠠ ᠴᠢᠨᠠᠷ ᠢᠯᠡᠷᠡᠭᠰᠡᠨ ᠡᠪᠡᠳᠴᠢᠳᠡᠨ ᠢᠶᠠᠷ ᠠᠪᠴᠤ ᠬᠡᠯᠡᠪᠡᠯ᠂ ᠮᠥᠨ ᠬᠦ ᠳᠠᠬᠢᠨᠲᠠ ᠥᠯᠢᠭᠡᠷ ᠠᠪᠴᠤ ᠴᠠᠭ ᠲᠤᠬᠠᠢ ᠳᠤᠨᠢ ᠴᠡᠭᠡᠨ ᠬᠡᠷᠡᠯ ᠤᠨ RT - PCR ᠤᠨ ᠰᠢᠯᠭᠠᠨ ᠪᠠᠶᠢᠴᠠᠭᠠᠯᠲᠠ ᠬᠢᠵᠦ ᠠᠷᠭ᠎ᠠ ᠴᠢᠨᠠᠷ ᠲᠠᠢ ᠡᠰᠡᠬᠦ ᠶᠢ ᠮᠠᠭᠠᠳᠯᠠᠬᠤ ᠬᠡᠷᠡᠭᠲᠡᠶ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号