11 ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠪᠢ ᠬᠥᠮᠦᠨ ᠤ ᠮᠡᠳᠡᠭᠡ ᠵᠠᠩᠭᠢ ᠶᠢᠨ ᠬᠠᠮᠠᠭᠠᠯᠠᠯᠲᠠ ᠳᠤ | ᠬᠠᠤᠯᠢ ᠴᠠᠭᠠᠵᠠ ᠶᠢᠨ ︽ᠠᠮᠤᠷ ᠲᠦᠪᠰᠢᠨ ᠤ ᠣᠨᠢᠰᠤ︾ ᠲᠠᠢ ᠪᠣᠯᠪᠠ︕ | ︽ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠬᠠᠤᠯᠢ︾ ᠶᠢ 11 ᠰᠠᠷ᠎ᠠ ᠶᠢᠨ 1 ᠤ ᠡᠳᠦᠷ ᠠᠴᠠ | ᠡᠬᠢᠯᠡᠨ ᠵᠢᠩᠬᠢᠨᠢ ᠪᠠᠷ ᠬᠡᠷᠡᠭᠵᠢᠭᠦᠯᠪᠡ᠃ ᠲᠤᠰ ᠬᠠᠤᠯᠢ ᠨᠡᠶᠢᠲᠡ ᠨᠠᠢᠮᠠᠨ ᠪᠦᠯᠦᠭ ᠳᠠᠯᠠᠨ ᠳᠥᠷᠪᠡᠨ ᠵᠦᠢᠯ ᠲᠠᠢ᠂ | ᠬᠤᠪᠢ ᠬᠥᠮᠦᠨ ᠤ ᠮᠡᠳᠡᠭᠡ ᠵᠠᠩᠭᠢ ᠪᠠ ᠰᠡᠷᠭᠡᠭ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ ᠳᠦᠷᠢᠮ ᠢ | ᠲᠣᠳᠣᠷᠬᠠᠶᠢᠯᠠᠵᠤ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠨ ᠵᠠᠭᠠᠯᠳᠤᠬᠤ᠂ ᠢᠯᠡᠴᠢᠯᠡᠨ ᠮᠡᠳᠡᠭᠦᠯᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ | ᠵᠠᠯᠬᠠᠭᠠᠨ ᠰᠢᠢᠳᠬᠡᠵᠦ᠂ ᠴᠢᠨᠦ ᠮᠡᠳᠡᠭᠡ ᠵᠠᠩᠭᠢ ᠶᠢᠨ ᠠᠮᠤᠷ ᠲᠦᠪᠰᠢᠨ ᠢ ᠪᠦᠬᠦ ᠲᠠᠯ᠎ᠠ ᠪᠠᠷ ᠬᠠᠮᠠᠭᠠᠯᠠᠨ᠎ᠠ᠃ ᠶᠠᠮᠠᠷᠪᠠ | ᠵᠣᠬᠢᠶᠠᠨ ᠪᠠᠶᠢᠭᠤᠯᠤᠯᠲᠠ᠂ ᠬᠤᠪᠢ ᠬᠥᠮᠦᠨ ᠭᠡᠳ ᠪᠤᠰᠤᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ | ᠪᠤᠰᠤ ᠪᠠᠷ ᠴᠤᠭᠯᠠᠭᠤᠯᠵᠤ᠂ ᠬᠡᠷᠡᠭᠯᠡᠵᠦ᠂ ᠪᠣᠯᠪᠠᠰᠤᠷᠠᠭᠤᠯᠵᠤ᠂ ᠳᠠᠮᠵᠢᠭᠤᠯᠵᠤ ᠪᠣᠯᠬᠤ ᠥᠬᠡᠶ᠂ ᠪᠤᠰᠤᠳ ᠤᠨ | ᠬᠤᠪᠢ ᠬᠥᠮᠦᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠬᠤᠳᠠᠯᠳᠤᠭᠠᠯᠠᠬᠤ᠂ ᠬᠠᠩᠭᠠᠬᠤ ᠪᠤᠶᠤ ᠢᠯᠡ ᠪᠣᠯᠭᠠᠵᠤ | ᠪᠣᠯᠬᠤ ᠥᠬᠡᠶ︔ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠭᠴᠢ ᠬᠤᠪᠢ ᠬᠥᠮᠦᠨ ᠤ ᠮᠡᠳᠡᠭᠡ ᠵᠠᠩᠭᠢ ᠶᠢ | ᠠᠰᠢᠭᠯᠠᠨ ᠠᠦ᠋ᠲ᠋ᠣᠴᠢᠯᠠᠭᠰᠠᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠠᠭᠠᠨ ᠬᠤᠪᠢ ᠬᠥᠮᠦᠨ ᠳᠤ ᠠᠷᠠᠯᠵᠢᠶᠠᠯᠠᠬᠤ | ᠦᠨ᠎ᠡ ᠬᠠᠩᠰᠢ ᠵᠡᠷᠭᠡ ᠠᠷᠠᠯᠵᠢᠶᠠᠯᠠᠬᠤ ᠨᠥᠬᠦᠴᠡᠯ ᠤᠨ ᠲᠠᠯ᠎ᠠ ᠪᠠᠷ ᠵᠦᠶ ᠵᠣᠬᠢᠰ ᠥᠬᠡᠶ ᠵᠥᠷᠢᠶᠡᠲᠦ ᠬᠠᠷᠠᠭᠠᠯᠵᠠᠯ | ᠦᠵᠡᠭᠦᠯᠵᠦ ᠪᠣᠯᠬᠤ ᠥᠬᠡᠶ︔ ᠴᠢᠬᠤᠯᠠ ᠢᠨᠲ᠋ᠧᠷ ᠰᠦᠯᠵᠢᠶᠡᠨ ᠤ ᠲᠠᠪᠴᠠᠩ ᠤᠨ ᠦᠢᠯᠡᠴᠢᠯᠡᠭᠡ ᠬᠠᠩᠭᠠᠵᠤ᠂ | ᠬᠡᠷᠡᠭᠯᠡᠭᠴᠢ ᠶᠢᠨ ᠲᠤᠭ᠎ᠠ ᠬᠡᠮᠵᠢᠶ᠎ᠡ ᠨᠢ ᠯᠤᠲᠤ ᠶᠡᠭᠡ᠂ ᠲᠤᠬᠠᠶᠢᠯᠠᠭᠰᠠᠨ ᠠᠵᠢᠯ ᠤᠨ ᠲᠥᠷᠥᠯ ᠬᠡᠯᠪᠡᠷᠢ ᠨᠢ | ᠪᠤᠳᠤᠯᠢᠶᠠᠨᠲᠠᠶ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠭᠴᠢ ᠨᠢ ᠢᠯᠡ ᠲᠣᠳᠣ᠂ ᠡᠷᠬᠡ ᠲᠡᠭᠰᠢ᠂ ᠲᠥᠪ | ᠭᠤᠤᠯᠴᠢ ᠪᠠᠶᠢᠬᠤ ᠵᠠᠷᠴᠢᠮ ᠢ ᠵᠢᠷᠤᠮᠯᠠᠨ᠂ ᠲᠠᠪᠴᠠᠩ ᠤᠨ ᠲᠦᠷᠢᠮ ᠢ ᠲᠣᠭᠲᠠᠭᠠᠵᠤ᠂ ᠲᠠᠪᠴᠠᠩ ᠤᠨ ᠳᠣᠲᠣᠷᠠᠬᠢ | ᠦᠢᠯᠡᠳᠬᠦᠨ ᠪᠤᠶᠤ ᠦᠢᠯᠡᠴᠢᠯᠡᠭᠡ ᠬᠠᠩᠭᠠᠭᠴᠢ ᠶᠢᠨ ᠬᠤᠪᠢ ᠬᠥᠮᠦᠨ ᠤ ᠮᠡᠳᠡᠭᠡ ᠵᠠᠩᠭᠢ ᠶᠢ ᠰᠢᠢᠳᠪᠦᠷᠢᠯᠡᠬᠦ | ᠵᠢᠷᠤᠮᠵᠢᠯ ᠪᠠ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ ᠭᠡᠵᠡᠢ᠃ | | ᠦᠢᠯᠡᠳᠬᠦ ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠨᠢ ᠭᠠᠶᠢᠯᠢ ᠶᠢᠨ ᠵᠣᠭᠤᠰ ᠢ | ᠬᠤᠶᠢᠰᠢᠯᠠᠭᠤᠯᠤᠨ ᠲᠤᠰᠢᠶᠠᠵᠤ ᠪᠣᠯᠤᠨ᠎ᠠ | 10 ᠰᠠᠷ᠎ᠠ ᠶᠢᠨ 27 ᠤ ᠡᠳᠦᠷ ᠬᠤᠷᠠᠯᠳᠤᠭᠤᠯᠤᠭᠰᠠᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ | ᠶᠢᠨ ᠬᠤᠷᠠᠯᠳᠤᠭᠠᠨ ᠠᠴᠠ ᠲᠣᠭᠲᠠᠭᠠᠭᠰᠠᠨ ᠨᠢ᠂ ᠡᠨᠡ ᠵᠢᠯ ᠤᠨ ᠳᠥᠷᠪᠡᠳᠦᠭᠡᠷ ᠤᠯᠠᠷᠢᠯ ᠳᠤ ᠦᠶ᠋ᠯᠡᠳᠬᠦ | ᠦᠢᠯᠡᠰ ᠤᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠡᠶᠡᠯᠡᠭᠦᠯᠦᠭᠰᠡᠨ ᠠᠵᠤ ᠠᠬᠤᠶᠢᠯᠠᠯ ᠤᠨ ᠠᠰᠢᠭ | ᠣᠷᠣᠯᠭ᠎ᠠ ᠶᠢᠨ ᠭᠠᠶᠢᠯᠢ ᠪᠠ ᠤᠯᠤᠰ ᠤᠨ ᠳᠣᠲᠣᠭᠠᠳᠤ ᠶᠢᠨ ᠥᠷᠲᠡᠭ ᠨᠡᠮᠡᠭᠳᠡᠯ ᠤᠨ ᠭᠠᠶᠢᠯᠢ᠂ ᠤᠯᠤᠰ ᠤᠨ | ᠳᠣᠲᠣᠭᠠᠳᠤ ᠶᠢᠨ ᠬᠡᠷᠡᠭᠯᠡᠭᠡᠨ ᠤ ᠭᠠᠶᠢᠯᠢ ᠵᠢᠴᠢ ᠲᠡᠭᠦᠨ ᠢ ᠳᠠᠭᠠᠯᠳᠤᠭᠤᠯᠤᠨ ᠲᠠᠲᠠᠪᠤᠷᠢᠯᠠᠭᠰᠠᠨ ᠬᠤᠲᠠ ᠶᠢᠨ | ᠪᠥᠲᠥᠭᠡᠨ ᠪᠠᠶᠢᠭᠤᠯᠤᠯᠲᠠ ᠶᠢᠨ ᠬᠠᠮᠠᠭᠠᠯᠠᠯᠲᠠ ᠶᠢᠨ ᠭᠠᠶᠢᠯᠢ ᠵᠢᠴᠢ ᠬᠤᠪᠢ ᠶᠢᠨ ᠦᠶ᠋ᠯᠡᠳᠪᠦᠷᠢ ᠬᠤᠳᠠᠯᠳᠤᠭᠠᠨ ᠤ | ᠡᠷᠦᠬᠡ᠂ ᠬᠤᠪᠢ ᠬᠥᠮᠦᠨ ᠤ ᠲᠤᠰᠠᠭᠠᠷ ᠪᠠᠯᠠ ᠣᠷᠣᠭᠤᠯᠤᠭᠰᠠᠨ ᠪᠠ ᠬᠤᠷᠰᠢᠭᠰᠠᠨ ᠠᠵᠤ ᠠᠬᠤᠶᠢᠯᠠᠯ ᠤᠨ | ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ︵ᠲᠡᠭᠦᠨ ᠤ ᠣᠷᠣᠯᠠᠨ ᠰᠠᠭᠤᠯᠭᠠᠵᠤ ᠣᠷᠣᠯᠠᠨ | ᠲᠤᠰᠢᠶᠠᠭᠰᠠᠨ ᠬᠤᠪᠢ ᠬᠥᠮᠦᠨ ᠤ ᠠᠰᠢᠭ ᠣᠷᠣᠯᠭ᠎ᠠ ᠶᠢᠨ ᠭᠠᠶᠢᠯᠢ ᠶᠢ ᠪᠠᠭᠲᠠᠭᠠᠬᠤ ᠥᠬᠡᠶ︶ ᠳᠤ ᠱᠠᠲᠤ ᠦᠶ᠎ᠡ ᠶᠢᠨ | ᠴᠢᠨᠠᠷᠲᠠᠶ ᠭᠠᠶᠢᠯᠢ ᠲᠠᠲᠠᠪᠤᠷᠢ ᠶᠢᠨ ᠬᠤᠶᠢᠰᠢᠯᠠᠭᠤᠯᠤᠨ ᠲᠤᠰᠢᠶᠠᠬᠤ ᠶᠢ ᠬᠡᠷᠡᠭᠵᠢᠭᠦᠯᠦᠨ᠎ᠡ᠃ ᠡᠭᠦᠨ ᠳᠤ᠂ ᠵᠢᠯ ᠤᠨ | ᠪᠣᠷᠣᠯᠠᠭᠤᠯᠤᠯᠲᠠ ᠶᠢᠨ ᠣᠷᠣᠯᠭ᠎ᠠ ᠨᠢ 2000 ᠲᠦᠮᠡᠨ ᠲᠥᠭᠦᠷᠢᠭ ᠠᠴᠠ ᠳᠣᠷᠣᠭᠰᠢᠬᠢ ᠦᠢᠯᠡᠳᠬᠦ ᠦᠢᠯᠡᠰ ᠤᠨ | ᠵᠢᠵᠢᠭ ᠪᠢᠴᠢᠯ ᠠᠵᠤ ᠠᠬᠤᠶᠢᠯᠠᠯ ︵ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠪᠠᠭᠲᠠᠨ᠎ᠠ︶ ᠤᠨ | ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ ᠪᠦᠬᠦᠨ ᠢ ᠬᠤᠶᠢᠰᠢᠯᠠᠭᠤᠯᠤᠨ᠎ᠠ︔ ᠵᠢᠯ ᠤᠨ ᠪᠣᠷᠣᠯᠠᠭᠤᠯᠤᠯᠲᠠ ᠶᠢᠨ | ᠣᠷᠣᠯᠭ᠎ᠠ ᠨᠢ 2000 ᠲᠦᠮᠡᠨ ᠲᠥᠭᠦᠷᠢᠭ ᠠᠴᠠ 4 ᠳ᠋ᠦᠩᠰᠢᠭᠤᠷ ᠲᠥᠭᠦᠷᠢᠭ ᠲᠤ ᠬᠦᠷᠦᠭᠰᠡᠨ ᠦᠢᠯᠡᠳᠬᠦ | ᠦᠢᠯᠡᠰ ᠤᠨ ᠳᠤᠮᠳᠠ ᠬᠡᠯᠪᠡᠷᠢ ᠶᠢᠨ ᠠᠵᠤ ᠠᠬᠤᠶᠢᠯᠠᠯ ᠤᠨ ᠪᠡᠶᠡᠯᠡᠭᠦᠯᠦᠭᠰᠡᠨ ᠭᠠᠶᠢᠯᠢ ᠶᠢᠨ ᠵᠣᠭᠤᠰ ᠢ 50 % ᠪᠠᠷ | ᠭᠠᠶᠢᠯᠢ ᠬᠤᠶᠢᠰᠢᠯᠠᠭᠤᠯᠤᠨ᠎ᠠ᠂ ᠤᠨᠴᠠᠭᠠᠢ ᠬᠦᠴᠢᠷᠳᠡᠯᠲᠡᠶ ᠠᠵᠤ ᠠᠬᠤᠶᠢᠯᠠᠯ ᠤᠳ ᠭᠠᠶᠢᠯᠢ ᠶᠢ ᠨᠢ ᠪᠦᠬᠦᠨ ᠢ | ᠬᠤᠶᠢᠰᠢᠯᠠᠭᠤᠯᠬᠤ ᠪᠠᠷ ᠬᠠᠤᠯᠢ ᠶᠣᠰᠣᠭᠠᠷ ᠣᠨᠴᠣᠭᠤᠶᠢᠯᠠᠨ ᠭᠤᠶᠤᠴᠢᠯᠠᠵᠤ ᠪᠣᠯᠤᠨ᠎ᠠ᠃ ᠭᠠᠶᠢᠯᠢ | ᠬᠤᠶᠢᠰᠢᠯᠠᠭᠤᠯᠬᠤ ᠶᠢ ᠡᠨᠡ ᠵᠢᠯ ᠤᠨ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠢᠷᠡᠬᠦ | ᠵᠢᠯ ᠤᠨ 1 ᠰᠠᠷ᠎ᠠ ᠳᠤ ᠮᠡᠳᠡᠭᠦᠯᠬᠦ ᠬᠤᠭᠤᠴᠠᠭ᠎ᠠ ᠳᠠᠭᠤᠰᠬᠤ ᠪᠣᠯᠲᠠᠯ᠎ᠠ᠂ ᠵᠢᠱᠢᠯᠲᠡ ᠪᠠᠷ ᠦᠢᠯᠡᠳᠬᠦ ᠦᠢᠯᠡᠰ ᠤᠨ | ᠳᠤᠮᠳᠠ ᠵᠢᠵᠢᠭ ᠪᠢᠴᠢᠯ ᠠᠵᠤ ᠠᠬᠤᠶᠢᠯᠠᠯ ᠳᠤ 2000 ᠳ᠋ᠦᠩᠰᠢᠭᠤᠷ ᠲᠥᠭᠦᠷᠢᠭ ᠤᠨ ᠭᠠᠶᠢᠯᠢ ᠬᠤᠶᠢᠰᠢᠯᠠᠭᠤᠯᠬᠤ | ᠪᠣᠯᠤᠨ᠎ᠠ᠃ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠯᠥᠰᠥᠨ ᠠᠵᠢᠯᠴᠢᠨ ᠤ ᠴᠠᠯᠢᠩ ᠤᠨ | ᠡᠷᠬᠡ ᠠᠰᠢᠭ ᠢ ᠪᠠᠲᠤᠯᠠᠨ᠎ᠠ | ︽ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠬᠥᠯᠥᠰᠥᠨ ᠠᠵᠢᠯᠴᠢᠨ ᠤ ᠴᠠᠯᠢᠩ ᠤᠨ | ᠪᠠᠲᠤᠯᠠᠭ᠎ᠠ ᠶᠢᠨ ᠮᠥᠩᠭᠦ ᠶᠢᠨ ᠲᠣᠭᠲᠠᠭᠠᠯ︾ ᠢ 11 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ | ᠡᠭᠦᠨ ᠳᠤ᠂ ᠪᠠᠷᠢᠯᠭ᠎ᠠ ᠶᠢᠨ ᠠᠵᠢᠯ ᠢ ᠶᠡᠷᠦᠩᠬᠡᠶᠢᠯᠡᠨ ᠳᠠᠭᠠᠭᠠᠴᠢᠯᠠᠭᠰᠠᠨ ᠨᠢᠭᠡᠴᠡ ᠴᠠᠯᠢᠩ ᠤᠨ ᠪᠠᠲᠤᠯᠠᠭ᠎ᠠ ᠶᠢᠨ | ᠮᠥᠩᠭᠦ ᠪᠠᠨ ᠬᠠᠳᠠᠭᠠᠯᠠᠬᠤ ᠪᠤᠶᠤ ᠪᠠᠩᠬᠢ ᠶᠢᠨ ᠪᠠᠲᠤᠯᠠᠭ᠎ᠠ ᠶᠢᠨ ᠪᠢᠴᠢᠭ ᠲᠤᠰᠢᠶᠠᠬᠤ ᠠᠴᠠ ᠡᠮᠦᠨ᠎ᠡ 2 ᠵᠢᠯ ᠤᠨ | ᠳᠣᠲᠣᠷ᠎ᠠ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠬᠠᠮᠢᠶᠠᠷᠤᠯᠲᠠ ᠶᠢᠨ ᠭᠠᠵᠠᠷ ᠣᠷᠣᠨ ᠤ ᠳᠠᠭᠠᠭᠠᠴᠢᠯᠠᠨ | ᠪᠠᠶᠢᠭᠤᠯᠤᠭᠰᠠᠨ ᠪᠠᠷᠢᠯᠭ᠎ᠠ ᠶᠢᠨ ᠠᠵᠢᠯ ᠳᠤ ᠴᠠᠯᠢᠩ ᠥᠷᠢᠲᠦᠬᠦ ᠪᠠᠶᠢᠳᠠᠯ ᠭᠠᠷᠪᠠᠯ᠂ ᠴᠠᠯᠢᠩ ᠤᠨ ᠪᠠᠲᠤᠯᠠᠭ᠎ᠠ ᠶᠢᠨ | ᠮᠥᠩᠭᠦ ᠶᠢᠨ ᠬᠠᠳᠠᠭᠠᠯᠠᠬᠤ ᠬᠠᠷᠢᠴᠠᠯ ᠢ ᠵᠣᠬᠢᠰᠲᠠᠶ ᠪᠠᠷ ᠳᠡᠭᠡᠭᠰᠢᠯᠡᠭᠦᠯᠵᠦ᠂ ᠨᠡᠮᠡᠭᠳᠡᠯ ᠤᠨ ᠬᠡᠮᠵᠢᠶ᠎ᠡ ᠶᠢ 50 % | ᠠᠴᠠ ᠳᠣᠤᠷ᠎ᠠ ᠪᠠᠶᠢᠯᠭᠠᠵᠤ ᠪᠣᠯᠬᠤ ᠥᠬᠡᠶ ᠭᠡᠵᠦ ᠲᠣᠳᠣᠷᠬᠠᠶ ᠲᠣᠭᠲᠠᠭᠠᠵᠠᠶ︔ ᠲᠠᠷᠢᠶᠠᠴᠢᠨ ᠬᠦᠴᠦ | ᠶᠠᠪᠤᠭᠰᠠᠳ ᠤᠨ ᠴᠠᠯᠢᠩ ᠢ ᠥᠷᠢᠲᠦᠭᠰᠡᠨ ᠠᠴᠠ ᠪᠣᠯᠵᠤ ︽ᠬᠦᠨᠳᠦ ᠨᠣᠴᠢᠲᠠᠶ ᠢᠲᠡᠭᠡᠯ ᠢᠶᠠᠨ ᠠᠯᠳᠠᠭᠰᠠᠨ ᠭᠤᠣᠯ | ᠴᠣᠭᠴᠠ ᠶᠢᠨ ᠨᠡᠷᠡᠰ︾ ᠲᠤ ᠣᠷᠣᠭᠤᠯᠤᠭᠰᠠᠨ ᠪᠣᠯ᠂ ᠨᠡᠮᠡᠭᠳᠡᠯ ᠤᠨ ᠬᠡᠮᠵᠢᠶ᠎ᠡ ᠶᠢ ᠨᠢ 100 % ᠠᠴᠠ ᠳᠣᠣᠷ᠎ᠠ | ᠪᠠᠶᠢᠯᠭᠠᠬᠤ ᠦᠭᠡᠶ᠃ | ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠵᠢᠯ ᠡᠷᠬᠢᠯᠡᠬᠦ ᠬᠡᠪᠴᠢᠶ᠎ᠡ ᠳᠤ | ᠲᠤᠬᠢᠷᠠᠭᠤᠯᠤᠯᠳᠠ ᠬᠢᠨ᠎ᠡ | ︽ᠨᠡᠶᠢᠭᠡᠮ ᠤᠨ ᠭᠠᠯ ᠤᠨᠲᠠᠷᠠᠭᠠᠬᠤ ᠮᠡᠷᠭᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢᠨ ᠲᠣᠭᠲᠠᠭᠠᠯ︾ ᠢ | 11 ᠳ᠋ᠣᠭᠡᠷ ᠰᠠᠷ᠎ᠠ ᠶᠢᠨ 9 ᠤ ᠡᠳᠦᠷ ᠠᠴᠠ ᠡᠬᠢᠯᠡᠨ ᠬᠡᠷᠡᠭᠵᠢᠭᠦᠯᠵᠦ᠂ ᠡᠭᠦᠨ ᠳᠤ ᠠᠷᠠᠳ ᠲᠤ ᠳᠥᠭᠦᠮ | ᠦᠵᠡᠭᠦᠯᠵᠦ ᠠᠵᠤ ᠠᠬᠤᠶᠢᠯᠠᠯ ᠳᠤ ᠠᠰᠢᠭᠲᠠᠶ ᠪᠠᠶᠢᠯᠭᠠᠬᠤ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠠᠵᠢᠯ ᠡᠷᠬᠢᠯᠡᠬᠦ | ᠬᠡᠪᠴᠢᠶ᠎ᠡ ᠳᠤ ᠲᠣᠬᠢᠷᠠᠭᠤᠯᠤᠯᠲᠠ ᠬᠢᠵᠦ᠂ ᠦᠢᠯᠡᠳᠬᠦᠨ ᠤ ᠶᠠᠰᠤ ᠴᠢᠨᠠᠷ ᠤᠨ ᠬᠤᠳᠠᠯᠳᠤᠭᠰᠠᠨ ᠤ ᠳᠠᠷᠠᠭᠠᠬᠢ | ᠦᠢᠯᠡᠴᠢᠯᠡᠭᠡᠨ ᠤ ᠬᠡᠪᠴᠢᠶᠡᠨ ᠳᠤ ᠬᠠᠷᠢᠶᠠᠯᠠᠭᠳᠠᠬᠤ ᠭᠠᠯ ᠤᠨᠲᠠᠷᠠᠭᠠᠭᠤᠷ ᠤᠨ ᠪᠠᠶᠢᠴᠠᠭᠠᠬᠤ᠂ ᠰᠡᠯᠪᠢᠨ ᠵᠠᠰᠠᠬᠤ᠂ | ᠭᠠᠯ ᠤᠨᠲᠠᠷᠠᠭᠠᠬᠤ ᠡᠮ ᠰᠣᠯᠢᠬᠤ ᠵᠢᠴᠢ ᠡᠭᠡᠭᠦᠯᠦᠨ ᠬᠤᠷᠢᠶᠠᠬᠤ ᠵᠡᠷᠭᠡ ᠠᠵᠢᠯᠯᠠᠭ᠎ᠠ ᠶᠢ ᠭᠠᠯ ᠤᠨᠲᠠᠷᠠᠭᠠᠬᠤ | ᠪᠡᠯᠡᠳᠬᠡᠮᠵᠢ ᠶᠢ ᠬᠠᠮᠠᠭᠠᠯᠠᠨ ᠠᠷᠠᠴᠢᠯᠠᠬᠤ ᠪᠠᠶᠢᠴᠠᠭᠠᠨ ᠬᠡᠮᠵᠢᠬᠦ ᠪᠠᠶᠢᠭᠤᠯᠤᠮᠵᠢ ᠶᠢᠨ ᠠᠵᠢᠯ ᠡᠷᠬᠢᠯᠡᠬᠦ ᠬᠡᠪᠴᠢᠶ᠎ᠡ ᠠᠴᠠ | ᠲᠣᠬᠢᠷᠠᠭᠤᠯᠤᠨ ᠭᠠᠷᠭᠠᠵᠤ᠂ ᠨᠡᠶᠢᠭᠡᠮ ᠤᠨ ᠨᠢᠭᠡᠴᠡ ᠪᠣᠯᠤᠨ ᠣᠯᠠᠨ ᠲᠦᠮᠡᠨ ᠤ ᠳᠠᠷᠤᠭᠠᠰᠤ ᠶᠢ ᠪᠠᠭᠠᠰᠬᠠᠨ᠎ᠠ᠃ | ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠵᠣᠭᠰᠣᠭᠠᠭᠰᠠᠨ ᠤ ᠳᠠᠷᠠᠭᠠᠬᠢ ᠵᠣᠬᠢᠴᠠᠩᠭᠤᠶ ᠲᠥᠷᠥᠯ | ᠢᠯᠭᠠᠯ ᠤᠨ ᠲᠠᠩᠰᠠ ᠡᠪᠬᠡᠮᠡᠯ ᠤᠨ ᠵᠦᠭ ᠰᠢᠯᠵᠢᠬᠦ ᠶᠢ ᠲᠣᠳᠣᠷᠬᠠᠶᠢᠯᠠᠪᠠ | ︽ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠳ᠋ ᠬᠥᠷᠥᠩᠭᠡ ᠬᠢᠭᠡᠳ ᠥᠮᠴᠢᠯᠡᠯ ᠤᠨ ᠡᠷᠬᠡ ᠶᠢᠨ | ᠬᠤᠪᠢᠷᠠᠯᠲᠠ ᠶᠢᠨ ᠲᠠᠩᠰᠠ ᠡᠪᠬᠡᠮᠡᠯ ᠢ ᠰᠢᠢᠳᠪᠦᠷᠢᠯᠡᠬᠦ ᠠᠷᠭ᠎ᠠ︾ ᠶᠢ 11 ᠰᠠᠷ᠎ᠠ ᠶᠢᠨ 1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠂ ᠡᠭᠦᠨ ᠳᠤ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠲᠠᠩᠰᠠ ᠡᠪᠬᠡᠮᠡᠯ ᠢ | ᠬᠠᠮᠢᠶᠠᠷᠤᠯᠲᠠ ᠶᠢᠨ ᠲᠥᠷᠥᠯ ᠤᠨ ᠲᠠᠩᠰᠠ ᠡᠪᠬᠡᠮᠡᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠲᠠᠩᠰᠠ ᠡᠪᠬᠡᠮᠡᠯ | ᠂ ᠲᠣᠨᠤᠭ ᠲᠥᠬᠦᠭᠡᠷᠦᠮᠵᠢ ᠶᠢᠨ ᠲᠠᠩᠰᠠ ᠡᠪᠬᠡᠮᠡᠯ᠂ ᠦᠢᠯᠡᠳᠬᠦᠨ ᠤ ᠦᠢᠯᠡᠳᠪᠦᠷᠢᠯᠡᠯ ᠪᠠ ᠦᠢᠯᠡᠴᠢᠯᠡᠭᠡᠨ ᠤ | ᠲᠤᠬᠠᠶᠢᠯᠠᠭᠰᠠᠨ ᠠᠵᠢᠯ ᠤᠨ ᠲᠠᠩᠰᠠ ᠡᠪᠬᠡᠮᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠲᠠᠩᠰᠠ | ᠡᠪᠬᠡᠮᠡᠯ᠂ ᠨᠢᠭᠲᠠᠯᠠᠨ ᠪᠤᠳᠤᠯᠲᠠ ᠶᠢᠨ ᠲᠠᠩᠰᠠ ᠡᠪᠬᠡᠮᠡᠯ᠂ ᠺᠠᠳ᠋ᠷ ᠠᠵᠢᠯᠲᠠᠨ ᠠᠵᠢᠯᠴᠢᠨ ᠤ ᠲᠠᠩᠰᠠ ᠡᠪᠬᠡᠮᠡᠯ ᠢ | ᠲᠥᠷᠥᠯ ᠬᠤᠪᠢᠶᠠᠨ ᠰᠢᠢᠳᠪᠦᠷᠢᠯᠡᠬᠦ ᠶᠢ ᠵᠣᠭᠰᠣᠭᠠᠵᠤ᠂ ᠡᠯ᠎ᠡ ᠲᠥᠷᠥᠯ ᠤᠨ ᠲᠠᠩᠰᠠ ᠡᠪᠬᠡᠮᠡᠯ ᠤᠨ ᠦᠨ᠎ᠡ ᠥᠷᠲᠡᠭ | ᠢ ᠪᠠᠳᠠᠷᠠᠭᠤᠯᠬᠤ ᠣᠨᠴᠠᠯᠢᠭ ᠵᠢᠴᠢ ᠠᠷᠭ᠎ᠠ ᠵᠠᠮ ᠢ ᠶᠡᠷᠦᠩᠬᠡᠶᠢᠯᠡᠨ ᠪᠣᠳᠣᠯᠬᠢᠯᠠᠵᠤ᠂ ᠤᠯᠤᠰ ᠤᠨ ᠥᠮᠴᠢᠯᠡᠯ ᠤᠨ | ᠠᠵᠤ ᠠᠬᠤᠶᠢᠯᠠᠯ ᠤᠨ ᠵᠣᠭᠰᠣᠭᠠᠭᠰᠠᠨ ᠤ ᠳᠠᠷᠠᠭᠠᠬᠢ ᠵᠣᠬᠢᠴᠠᠩᠭᠤᠶ ᠲᠥᠷᠥᠯ ᠢᠯᠭᠠᠯ ᠤᠨ ᠲᠠᠩᠰᠠ ᠡᠪᠬᠡᠮᠡᠯ ᠤᠨ | ᠬᠠᠷᠢᠶᠠᠯᠠᠯ ᠪᠠ ᠭᠦᠶ᠋ᠯᠭᠡᠭᠡᠨ ᠤ ᠬᠠᠨᠳᠤᠰᠢ ᠶᠢ ᠲᠣᠳᠣᠷᠬᠠᠶᠢᠯᠠᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠵᠣᠭᠰᠣᠭᠠᠭᠰᠠᠨ ᠤ ᠳᠠᠷᠠᠭᠠᠬᠢ ᠲᠠᠩᠰᠠ ᠡᠪᠬᠡᠮᠡᠯ ᠲᠠᠰᠤᠯᠳᠤᠬᠤ ᠦᠭᠡᠢ ᠪᠠᠶᠢᠬᠤ᠂ ᠡᠮᠬᠢ ᠵᠠᠮᠪᠠᠷᠠᠭ᠎ᠠ ᠠᠯᠲᠠᠬᠤ ᠦᠭᠡᠢ | ᠪᠠᠶᠢᠬᠤ ᠶᠢ ᠪᠠᠲᠤᠯᠠᠵᠤ᠂ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠠᠯᠳᠠᠭᠳᠠᠬᠤ ᠶᠢ ᠰᠡᠷᠭᠡᠶᠢᠯᠡᠨ᠎ᠡ᠃ | ᠠᠶᠤᠯ ᠭᠡᠮ ᠲᠠᠢ ᠤᠰᠤᠨ ᠴᠥᠭᠦᠷᠥᠮ ᠤᠨ ᠭᠤᠤᠯ ᠦᠶᠡᠷ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ | ᠤᠰᠤ ᠬᠠᠳᠠᠭᠠᠯᠠᠬᠤ ᠥᠬᠡᠶ | ︽ᠤᠰᠤᠨ ᠤ ᠡᠬᠢ ᠪᠠᠶᠠᠯᠢᠭ ᠢ ᠳᠣᠭᠢᠷᠠᠭᠤᠯᠬᠤ ᠬᠠᠮᠢᠶᠠᠷᠤᠯᠲᠠ ᠶᠢᠨ ᠠᠷᠭ᠎ᠠ︾ ᠶᠢ 11 ᠰᠠᠷ᠎ᠠ ᠶᠢᠨ 1 ᠤ | ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠡᠭᠦᠨ ᠳᠤ᠂ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ | ᠳᠣᠤᠷ᠎ᠠ᠂ ᠦᠶᠡᠷ ᠤᠨ ᠤᠰᠤ ᠶᠢ ᠡᠬᠢ ᠪᠠᠶᠠᠯᠢᠭᠵᠢᠭᠤᠯᠬᠤ᠂ ᠡᠯᠪᠡᠭ ᠳᠡᠯᠪᠡᠭ ᠬᠠᠳᠠᠭᠠᠯᠠᠵᠤ ᠬᠤᠪᠠᠭ᠋ᠠᠶᠢᠷᠠᠭᠤᠯᠬᠤ | ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠤᠰᠤᠨ ᠤ ᠡᠬᠢ ᠪᠠᠶᠠᠯᠢᠭ ᠤᠨ ᠪᠦᠲᠦᠮᠵᠢᠲᠡᠶ ᠬᠠᠩᠭᠠᠯᠭ᠎ᠠ ᠶᠢ | ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ᠂ ᠬᠥᠮᠦᠨ ᠬᠠᠷ᠎ᠠ ᠥᠭᠦᠵᠦ ᠰᠢᠷᠬᠠᠲᠤᠬᠤ ᠥᠬᠡᠶ᠂ ᠤᠰᠤᠨ ᠴᠥᠭᠦᠷᠥᠮ | ᠬᠠᠰᠢᠯᠭ᠎ᠠ ᠨᠤᠷᠠᠬᠤ ᠥᠬᠡᠶ᠂ ᠴᠢᠬᠤᠯᠠ ᠬᠠᠰᠢᠯᠭ᠎ᠠ ᠰᠡᠳᠡᠷᠡᠬᠦ ᠥᠬᠡᠶ᠂ ᠴᠢᠬᠤᠯᠠ ᠶᠡᠭᠡ ᠰᠠᠭᠤᠷᠢ ᠲᠥᠬᠦᠭᠡᠷᠦᠮᠵᠢ | ᠲᠠᠭᠠᠷᠢᠯᠲᠠ ᠳᠤ ᠤᠴᠠᠷᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠲᠥᠯᠥᠭᠡ᠂ ᠠᠶᠤᠯ ᠭᠡᠮ ᠲᠠᠢ ᠤᠰᠤᠨ | ᠴᠥᠭᠦᠷᠥᠮ ᠭᠤᠤᠯ ᠦᠶᠡᠷ ᠤᠨ ᠬᠤᠭᠤᠴᠠᠭᠠᠨ ᠳᠤ ᠵᠠᠷᠴᠢᠮ ᠳᠡᠭᠡᠷ᠎ᠡ ᠪᠠᠨ ᠤᠰᠤ ᠬᠠᠳᠠᠭᠠᠯᠠᠬᠤ ᠥᠬᠡᠶ ᠭᠡᠵᠦ | ᠲᠣᠳᠣᠷᠬᠠᠶᠢᠯᠠᠪᠠ᠃ | | |