ᠨᠡᠷ᠎ᠡ ᠮᠡᠳᠡᠭᠦᠯᠦᠭᠰᠡᠨ ᠵᠠᠷᠤᠲᠠᠯ ᠢ ᠪᠤᠴᠠᠭᠠᠨ᠎ᠠ︕ ᠡᠳᠡᠭᠡᠷ ᠬᠥᠮᠦᠰ ᠭᠤᠶᠤᠴᠢᠯᠠᠯ ᠭᠠᠷᠭᠠᠬᠤ ᠪᠠᠨ ᠪᠢᠲᠡᠭᠡᠢ ᠮᠠᠷᠲᠠᠭᠠᠷᠠᠢ︕
ᠨᠡᠶᠢᠲᠡᠯᠡᠭᠰᠡᠨ ᠴᠠᠭ᠄
2021/11/8
       ᠬᠢᠵᠢᠭ ᠤᠨ ᠨᠥᠯᠥᠭᠡ ᠠᠴᠠ ᠪᠣᠯᠵᠣ ᠥᠪᠥᠷ ᠮᠣᠩᠭᠤᠯ ᠤᠨ 2021 ᠣᠨ ᠤ ᠲᠤᠤᠷᠠᠳᠤ ᠬᠠᠭᠠᠰ ᠵᠢᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠬᠢᠷᠢ ᠬᠡᠮ ᠤᠨ ᠰᠢᠯᠭᠠᠯᠲᠠ ᠳᠤ ᠤᠷᠤᠯᠴᠠᠵᠤ ᠲᠡᠶᠢᠯᠦᠭᠰᠡᠨ ᠦᠭᠡᠢ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠵᠠᠷᠤᠲᠠᠯ ᠢ ᠪᠤᠴᠠᠭᠠᠬᠤ ᠶᠢ ᠭᠤᠶᠤᠴᠢᠯᠠᠬᠰᠠᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠲᠤᠬᠠᠶ ᠠᠯᠪᠠᠨ ᠵᠠᠷ ᠰᠢᠯᠭᠠᠭᠤᠯᠤᠭᠴᠢ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ ᠲᠣᠰ ᠤᠳᠠᠭᠠᠨ ᠤ ᠰᠢᠯᠭᠠᠯᠲᠠ ᠳᠤ ᠲᠣᠭᠲᠠᠭᠰᠠᠨ ᠬᠤᠭᠤᠴᠠᠭᠠᠨ ᠳᠠᠭᠠᠨ ᠣᠷᠣᠯᠴᠠᠵᠤ ᠳᠡᠶᠢᠯᠦᠭᠰᠡᠨ ᠥᠬᠡᠶ ᠳᠤ ᠬᠦᠷᠪᠡᠯ᠂ ᠰᠢᠯᠭᠠᠭᠤᠯᠤᠭᠴᠢ ᠲᠣᠰ ᠬᠥᠮᠦᠨ ᠨᠢ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶᠡᠨ ᠳᠡᠭᠡᠷ᠎ᠡ ᠵᠠᠷᠤᠲᠠᠯ ᠢ ᠪᠤᠴᠠᠭᠠᠬᠤ ᠶᠢ ᠭᠤᠶᠤᠴᠢᠯᠠᠬᠰᠠᠨ ᠭᠤᠶᠤᠴᠢᠯᠠᠯ ᠲᠤᠰᠢᠶᠠᠪᠠᠯ᠂ ᠵᠠᠷᠤᠲᠠᠯ ᠢ ᠪᠤᠴᠠᠭᠠᠬᠤ ᠰᠢᠯᠲᠠᠭᠠᠨ ᠢ ᠬᠢᠨᠠᠨ ᠵᠥᠪᠰᠢᠶᠡᠷᠡᠭᠰᠡᠨ ᠤ ᠳᠠᠷᠠᠭ᠎ᠠ᠂ ᠨᠡᠷ᠎ᠡ ᠮᠡᠳᠡᠭᠦᠯᠦᠭᠰᠡᠨ ᠵᠠᠷᠤᠲᠠᠯ ᠢ ᠤᠤᠯ ᠤᠨ ᠵᠠᠷᠤᠲᠠᠯ ᠲᠤᠰᠢᠶᠠᠭᠰᠠᠨ ᠠᠷᠭ᠎ᠠ ᠵᠠᠮ ᠢᠶᠠᠷ ᠪᠥᠬᠦ ᠲᠤᠭ᠎ᠠ ᠪᠠᠷ ᠨᠢ ᠪᠤᠴᠠᠭᠠᠨ᠎ᠠ᠃ ᠬᠤᠪᠢ ᠬᠥᠮᠦᠨ ᠤ ᠰᠢᠯᠲᠠᠭᠠᠨ ᠠᠴᠠ ᠪᠣᠯᠵᠣ ᠰᠢᠯᠭᠠᠯᠲᠠ ᠪᠠᠨ ᠬᠠᠶᠠᠭᠰᠠᠨ ᠰᠢᠯᠭᠠᠭᠤᠯᠤᠭᠴᠢ ᠶᠢᠨ ᠨᠡᠷ᠎ᠡ ᠮᠡᠳᠡᠭᠦᠯᠦᠭᠰᠡᠨ ᠵᠠᠷᠤᠲᠠᠯ ᠢ ᠪᠤᠴᠠᠭᠠᠬᠤ ᠥᠬᠡᠶ᠃        ᠨᠢᠭᠡ᠂ ᠬᠦᠯᠢᠶᠡᠨ ᠠᠪᠬᠤ ᠴᠠᠭ ᠵᠢᠴᠢ ᠱᠠᠭᠠᠷᠳᠠᠯᠭ᠎ᠠ        ᠵᠠᠷᠤᠲᠠᠯ ᠢ ᠪᠤᠴᠠᠭᠠᠬᠤ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ 11 ᠰᠠᠷ᠎ᠠ ᠶᠢᠨ 1 ᠤ ᠡᠳᠦᠷ ᠠᠴᠠ 5 ᠤ ᠡᠳᠦᠷ ᠪᠤᠯᠳᠠᠯ᠎ᠠ ᠥᠪᠥᠷ ᠮᠣᠩᠭᠤᠯ ᠤᠨ ᠰᠣᠷᠣᠭᠴᠢ ᠡᠯᠰᠡᠬᠦ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ ︵http᠄ / / www.nm.zsks.cn︶ ᠶᠢᠨ ︽ᠪᠠᠭᠰᠢ ᠶᠢᠨ ᠬᠢᠷᠢ ᠬᠡᠮ ᠤᠨ ᠰᠢᠯᠭᠠᠯᠲᠠ ᠶᠢᠨ ᠵᠠᠷᠤᠲᠠᠯ ᠢ ᠪᠤᠴᠠᠭᠠᠬᠤ ᠶᠢ ᠭᠤᠶᠤᠴᠢᠯᠠᠬᠤ ᠰᠢᠰᠲ᠋ᠧᠮ︾ ᠳᠤ ᠭᠠᠷᠴᠤ ᠰᠦᠯᠵᠢᠶᠡᠨ ᠳᠡᠭᠡᠷ᠎ᠡ ᠵᠠᠷᠤᠲᠠᠯ ᠢ ᠪᠤᠴᠠᠭᠠᠬᠤ ᠭᠤᠶᠤᠴᠢᠯᠠᠯ ᠢᠶᠠᠨ ᠲᠤᠰᠢᠶᠠᠬᠤ ᠳᠤ᠂ ᠣᠪᠣᠭ ᠨᠡᠷ᠎ᠡ᠂ ᠪᠡᠶ᠎ᠡ ᠶᠢᠨ ᠦᠨᠡᠮᠯᠡᠯ ᠤᠨ ᠨᠣᠮᠧᠷ᠂ ᠭᠠᠷ ᠤᠲᠠᠰᠤᠨ ᠤ ᠨᠣᠮᠧᠷ ︵ᠳᠡᠭᠡᠷᠡᠬᠢ ᠮᠡᠳᠡᠭᠡ ᠵᠠᠩᠭᠢ ᠴᠥᠮ ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠲᠠᠢ ᠴᠢᠨᠢ ᠨᠢᠭᠡᠳᠦᠯᠲᠡᠶ ᠪᠠᠶᠢᠬᠤ ᠬᠡᠷᠡᠭᠲᠡᠶ ︶ ᠢᠶᠠᠨ ᠲᠠᠭᠯᠠᠵᠤ᠂ ︽ᠵᠠᠷᠤᠲᠠᠯ ᠢ ᠪᠤᠴᠠᠭᠠᠬᠤ ᠰᠢᠯᠲᠠᠭᠠᠨ︾ ᠢ ᠰᠣᠩᠭᠤᠬᠤ ᠶᠢᠨ ᠬᠠᠮᠲᠤ ᠭᠡᠷᠡᠴᠢᠯᠡᠬᠦ ᠮᠠᠲ᠋ᠧᠷᠢᠶᠠᠯ ᠢᠶᠠᠨ ᠳᠡᠭᠡᠭᠰᠢ ᠶᠠᠪᠤᠭᠤᠯᠬᠤ ᠬᠡᠷᠡᠭᠲᠡᠶ᠃ ᠬᠦᠯᠢᠶᠡᠨ ᠠᠪᠴᠤ ᠰᠢᠢᠳᠪᠦᠷᠢᠯᠡᠬᠦ ᠴᠠᠭ ᠬᠤᠭᠤᠴᠠᠭ᠎ᠠ ᠠᠴᠠ ᠬᠡᠲᠦᠷᠡᠪᠡᠯ ᠰᠠᠶᠢᠨ ᠳᠤᠷ᠎ᠠ ᠠᠴᠠ ᠪᠠᠨ ᠬᠠᠶᠠᠭᠰᠠᠨ ᠢᠶᠠᠷ ᠦᠵᠡᠨ᠎ᠡ᠃        ᠬᠤᠶᠠᠷ᠂ ᠭᠤᠶᠤᠴᠢᠯᠠᠬᠤ ᠨᠥᠬᠦᠴᠡᠯ ᠪᠠ ᠭᠡᠷᠡᠴᠢᠯᠡᠬᠦ ᠮᠠᠲ᠋ᠧᠷᠢᠶᠠᠯ ᠳᠤᠤᠷᠠᠬᠢ ᠨᠥᠬᠦᠴᠡᠯ ᠳᠤ ᠨᠡᠶᠢᠴᠡᠬᠦ ᠰᠢᠯᠭᠠᠭᠤᠯᠤᠭᠴᠢ ᠵᠠᠷᠤᠲᠠᠯ ᠢ ᠪᠤᠴᠠᠭᠠᠬᠤ ᠭᠤᠶᠤᠴᠢᠯᠠᠯ ᠭᠠᠷᠭᠠᠵᠤ ᠪᠣᠯᠤᠨ᠎ᠠ᠄        1. ᠣᠳᠣᠬᠠᠨ ᠳᠤ ᠬᠢᠵᠢᠭ ᠭᠠᠷᠤᠭᠰᠠᠨ ᠠᠶᠢᠮᠠᠭ ᠬᠤᠲᠠ ᠶᠢᠨ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠪᠠᠶᠢᠭ᠎ᠠ ᠰᠢᠯᠭᠠᠭᠤᠯᠤᠭᠴᠢ ᠵᠢᠴᠢ ᠭᠠᠳᠠᠷ ᠮᠤᠵᠢ ᠣᠷᠣᠨ ᠤ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠣᠷᠣᠨ ᠳᠤ ᠢᠷᠡᠵᠦ ᠰᠢᠯᠭᠠᠭᠤᠯᠬᠤ ᠰᠢᠯᠭᠠᠭᠤᠯᠤᠭᠴᠢ︔        2. ᠬᠢᠵᠢᠭ ᠢ ᠰᠡᠷᠭᠡᠶᠢᠯᠡᠨ ᠬᠤᠷᠢᠬᠯᠠᠬᠤ ᠠᠷᠭ᠎ᠠ ᠬᠡᠮᠵᠢᠶ᠎ᠡ ᠠᠴᠠ ᠪᠣᠯᠵᠣ᠂ 10 ᠰᠠᠷ᠎ᠠ ᠶᠢᠨ 28 ᠤ ᠡᠳᠦᠷ ᠠᠴᠠ 30 ᠤ ᠡᠳᠦᠷ ᠪᠣᠯᠲᠠᠯᠠᠬᠢ ᠬᠤᠭᠤᠴᠠᠭᠠᠨ ᠳᠤ᠂ ᠠᠯᠪᠠᠳᠠᠯᠭ᠎ᠠ ᠪᠠᠷ ᠲᠤᠰᠠᠭᠠᠷᠯᠠᠬᠤ ᠬᠤᠭᠤᠴᠠᠭ᠎ᠠ᠂ ᠠᠨᠠᠭᠠᠬᠤ ᠤᠬᠠᠭᠠᠨ ᠤ ᠠᠵᠢᠭᠯᠠᠯᠲᠠ ᠶᠢᠨ ᠬᠤᠭᠤᠴᠠᠭ᠎ᠠ᠂ ᠬᠡᠷ ᠲᠡᠭᠡᠨ ᠲᠤᠰᠠᠭᠠᠷᠯᠠᠬᠤ ᠬᠤᠭᠤᠴᠠᠭᠠᠨ ᠳᠤ ᠤᠷᠤᠬᠰᠠᠨ ᠰᠢᠯᠭᠠᠯᠲᠠ ᠳᠤ ᠣᠷᠣᠯᠴᠠᠵᠤ ᠲᠡᠶᠢᠯᠦᠭᠰᠡᠨ ᠥᠬᠡᠶ ᠰᠢᠯᠭᠠᠭᠤᠯᠤᠭᠴᠢ︔        3. ᠰᠢᠯᠭᠠᠯᠲᠠ ᠠᠴᠠ 14 ᠡᠳᠦᠷ ︵10 ᠰᠠᠷ᠎ᠠ ᠶᠢᠨ 16 ᠤ ᠡᠳᠦᠷ ᠠᠴᠠ ᠡᠬᠢᠯᠡᠨ︶ ᠤᠨ ᠡᠮᠦᠨ᠎ᠡ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠬᠰᠠᠨ ᠲᠡᠦᠬᠡ ᠲᠠᠢ ᠰᠢᠯᠭᠠᠭᠤᠯᠤᠭᠴᠢ︔        4. ︽ᠡᠷᠡᠭᠦᠯ ᠮᠡᠨᠳᠦ ᠶᠢᠨ ᠺᠣᠳ᠋︾ ︽ᠠᠶᠠᠯᠠᠯ ᠤᠨ ᠺᠠᠷᠲ︾ ᠨᠢ ᠨᠤᠭᠤᠭᠠᠨ ᠦᠡᠭᠭᠡ ᠶᠢᠨ ᠪᠢᠰᠢ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠮᠡᠳᠡᠭᠦᠯᠦᠯᠲᠡ ᠨᠢ ᠱᠠᠭᠠᠷᠳᠠᠯᠭ᠎ᠠ ᠳᠤ ᠨᠡᠶᠢᠴᠡᠬᠦ ᠥᠬᠡᠶ᠂ ᠰᠢᠯᠭᠠᠯᠲᠠ ᠶᠢᠨ ᠲᠤᠬᠠᠶ ᠶᠢᠨ ᠡᠳᠦᠷ ᠤᠨ ᠪᠡᠶ᠎ᠡ ᠶᠢᠨ ᠬᠠᠯᠠᠭᠤᠨ ᠨᠢ 37. 3 ᠭᠷᠠᠳᠦ᠋ᠰ ᠢ ᠳᠠᠪᠠᠭᠰᠠᠨ ᠰᠢᠯᠭᠠᠭᠤᠯᠤᠭᠴᠢ᠃        ᠰᠢᠯᠭᠠᠭᠤᠯᠤᠭᠴᠢ ᠭᠤᠶᠤᠴᠢᠯᠠᠯ ᠢᠶᠠᠨ ᠲᠤᠰᠢᠶᠠᠬᠤ ᠳᠠᠭᠠᠨ ᠳᠤᠤᠷᠠᠬᠢ ᠭᠡᠷᠡᠴᠢᠯᠡᠬᠦ ᠮᠠᠲ᠋ᠧᠷᠢᠶᠠᠯ ᠤᠨ ᠨᠢᠭᠡ ᠶᠢ ᠳᠡᠭᠡᠭᠰᠢ ᠦᠭᠴᠦ ᠶᠠᠪᠤᠭᠤᠯᠬᠤ ᠬᠡᠷᠡᠭᠲᠡᠶ᠄        1. ᠰᠢᠯᠭᠠᠭᠤᠯᠤᠭᠴᠢ ᠶᠢᠨ ᠮᠡᠳᠡᠭᠡ ᠵᠠᠩᠭᠢ ᠶᠢ ᠢᠯᠡᠷᠡᠭᠦᠯᠦᠭᠰᠡᠨ ᠨᠤᠭᠤᠭᠠᠨ ᠦᠡᠭᠭᠡ ᠶᠢᠨ ᠪᠢᠰᠢ ︽ᠡᠷᠡᠭᠦᠯ ᠮᠡᠨᠳᠦ ᠶᠢᠨ ᠺᠣᠳ᠋︾ ᠪᠤᠶᠤ ︽ᠠᠶᠠᠯᠠᠯ ᠤᠨ ᠺᠠᠷᠲ︾ ᠤᠨ ᠲᠤᠬᠠᠢ ᠭᠠᠷ ᠤᠲᠠᠰᠤ ᠪᠠᠷ ᠠᠰᠠᠭᠤᠨ ᠯᠠᠪᠯᠠᠬᠰᠠᠨ ᠦᠷ᠎ᠡ ᠳ᠋ᠦᠩ ᠤᠨ ᠤᠬᠳᠤᠯᠪᠤᠷᠢ ᠵᠢᠷᠤᠭ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠳᠠ ᠶᠢᠨ ᠮᠡᠳᠡᠭᠦᠯᠦᠯᠲᠡ ᠶᠢᠨ ᠵᠢᠷᠤᠭ ᠪᠤᠶᠤ ᠤᠬᠳᠤᠯᠪᠤᠷᠢ ᠵᠢᠷᠤᠭ︔        2. ᠰᠢᠯᠭᠠᠭᠤᠯᠤᠭᠴᠢ ᠶᠢᠨ ᠪᠠᠶᠢᠭ᠎ᠠ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠪᠤᠶᠤ ᠨᠡᠶᠢᠭᠡᠮ ᠲᠣᠭᠤᠷᠢᠭ ︵ᠲᠣᠰᠬᠤᠨ᠂ ᠭᠠᠴᠠᠭ᠎ᠠ︶ ᠪᠤᠶᠤ ᠵᠡᠭᠡᠯᠢ ᠭᠤᠳᠤᠮᠵᠢ ︵ᠰᠢᠶᠠᠩ ᠪᠠᠯᠭᠠᠰᠤ᠂ ᠰᠤᠮᠤ︶ ᠠᠴᠠ ᠭᠠᠷᠭᠠᠭᠰᠠᠨ ᠰᠢᠯᠭᠠᠭᠤᠯᠤᠭᠴᠢ ᠶᠢᠨ ᠣᠪᠣᠭ ᠨᠡᠷ᠎ᠡ ᠵᠢᠴᠢ ᠲᠤᠰᠠᠭᠠᠷᠯᠠᠬᠰᠠᠨ ᠴᠠᠭ ᠬᠤᠭᠤᠴᠠᠭ᠎ᠠ ᠶᠢ ᠢᠯᠡᠷᠡᠭᠦᠯᠦᠭᠰᠡᠨ ᠲᠤᠰᠠᠭᠠᠷᠯᠠᠭᠰᠠᠨ ᠪᠤᠶᠤ ᠪᠢᠲᠡᠭᠦᠮᠵᠢᠯᠡᠭᠰᠡᠨ ᠭᠡᠷᠡᠴᠢ ︵ᠠᠯᠪᠠᠨ ᠲᠠᠮᠠᠭ᠎ᠠ ᠳᠠᠷᠤᠨ᠎ᠠ︶︔        3. ᠰᠢᠯᠭᠠᠯᠲᠠ ᠠᠴᠠ 14 ᠡᠳᠦᠷ ᠤᠨ ᠡᠮᠦᠨ᠎ᠡ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠳᠤ ᠵᠢᠭᠤᠯᠴᠢᠯᠠᠬᠰᠠᠨ ᠠᠶᠠᠯᠠᠯ ᠤᠨ ᠪᠢᠯᠧᠲ ᠪᠠᠷᠢᠮᠲᠠ ︵ᠬᠤᠯᠠ ᠵᠠᠮ ᠤᠨ ᠮᠠᠰᠢᠨ ᠲᠡᠷᠭᠡᠨ ᠤ ᠪᠢᠯᠧᠲ᠂ ᠭᠠᠯᠲᠤ ᠲᠡᠷᠭᠡᠨ ᠤ ᠪᠢᠯᠧᠲ᠂ ᠨᠢᠰᠬᠡᠯ ᠤᠨ ᠪᠢᠯᠧᠲ ᠵᠡᠷᠭᠡ︶        ᠭᠤᠷᠪᠠ᠂ ᠬᠢᠷᠢ ᠲᠡᠩᠴᠡᠭᠰᠡᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ ᠶᠢᠨ ᠲᠤᠬᠠᠢ ᠲᠣᠳᠣᠷᠬᠠᠶᠢᠯᠠᠯᠲᠠ        ᠰᠤᠷᠭᠠᠨ ᠬᠥᠮᠦᠵᠢᠯ ᠤᠨ ᠶᠠᠮᠤᠨ ᠤ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ᠂ ᠬᠢᠨᠠᠨ ᠵᠥᠪᠰᠢᠶᠡᠷᠡᠭᠦᠯᠦᠭᠡᠳ ᠵᠠᠷᠤᠲᠠᠯ ᠢ ᠪᠤᠴᠠᠭᠠᠭᠰᠠᠨ ᠰᠢᠯᠭᠠᠭᠤᠯᠤᠭᠴᠢ ᠶᠢᠨ ᠨᠢᠭᠡᠨᠲᠡ ᠪᠠᠲᠤᠯᠠᠭᠰᠠᠨ ᠪᠢᠷ ᠤᠨ ᠰᠢᠯᠭᠠᠯᠲᠠ ᠶᠢᠨ ᠬᠢᠴᠢᠶᠡᠯ ᠤᠨ ᠬᠢᠷᠢ ᠪᠦᠲᠦᠮᠵᠢ ᠶᠢᠨ ᠬᠦᠴᠦᠨ ᠲᠠᠢ ᠬᠤᠭᠤᠴᠠᠭ᠎ᠠ ᠶᠢ ᠬᠠᠭᠠᠰ ᠵᠢᠯ ᠤᠷᠲᠤᠳᠬᠠᠨ᠎ᠠ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号