︽ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾ ᠤᠨ ᠲᠠᠶᠢᠯᠤᠮᠵᠢ ︵ᠨᠢᠭᠡ︶
ᠨᠡᠶᠢᠲᠡᠯᠡᠭᠰᠡᠨ ᠴᠠᠭ᠄
2021/11/8
   ︽ᠢᠳᠡᠭᠡᠨ ᠤ ᠠᠮᠤᠷ ᠲᠦᠪᠰᠢᠨ ᠤ ᠬᠠᠤᠯᠢ ᠶᠢ ᠬᠡᠷᠡᠭᠵᠢᠭᠦᠯᠬᠦ ᠲᠦᠷᠢᠮ︾ ᠤᠨ ᠲᠠᠶᠢᠯᠤᠮᠵᠢ ︵ᠨᠢᠭᠡ︶᠄ ᠪᠠᠶᠢᠴᠠᠭᠠᠨ ᠪᠢᠲᠡᠭᠦᠮᠵᠢᠯᠡᠬᠦ᠂ ᠳᠠᠷᠤᠵᠤ ᠠᠪᠬᠤ ᠬᠤᠭᠤᠴᠠᠭ᠎ᠠ ᠨᠢ ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠳᠤ ᠲᠣᠭᠲᠠᠭᠠᠭᠰᠠᠨ ᠬᠤᠭᠤᠴᠠᠭ᠎ᠠ ᠠᠴᠠ ᠣᠷᠳᠣ     ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠬᠠᠤᠯᠢ ᠲᠦᠭᠡᠮᠡᠯᠵᠢᠬᠦᠯᠬᠦ ᠤᠬᠠᠭᠤᠯᠭ᠎ᠠ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠦ᠂ ᠨᠡᠶᠢᠬᠡᠮ ᠵᠢᠷᠤᠮ  ᠤᠨ ᠬᠠᠤᠯᠢ ᠪᠠᠷ ᠵᠠᠰᠠᠬᠤ ᠵᠤᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠬᠠᠤᠯᠢ ᠪᠠᠷ ᠵᠠᠰᠠᠬᠤ ᠪᠤᠯᠤᠨ ᠨᠡᠶᠢᠬᠡᠮ ᠤᠨ ᠵᠠᠰᠠᠯᠳᠠ ᠶᠢ ᠲᠦᠯᠬᠢᠨ ᠠᠬᠢᠭᠤᠯᠬᠤ ᠶᠢᠨ ᠲᠦᠯᠦᠭᠡ᠂ ᠤᠯᠠᠨ ᠨᠡᠶᠢᠳᠡ ᠶᠢᠨ ᠳᠠᠪᠴᠠᠩ ᠳᠡᠭᠡᠷ᠎ᠡ ︽ᠵᠠᠬ᠎ᠠ ᠳᠡᠯᠭᠡᠭᠦᠷ  ᠤᠨ ᠬᠢᠨᠠᠯᠳᠠ ᠬᠠᠮᠢᠶᠠᠷᠤᠯᠳᠠ ᠶᠢᠨ  ᠬᠠᠤᠯᠢ ᠶᠢᠨ ᠤᠬᠠᠭᠤᠯᠭ᠎ᠠ ᠶᠢ ᠰᠦᠯᠵᠢᠶᠡᠨ ᠳᠡᠭᠡᠷ᠎ᠡ ᠶᠠᠪᠤᠭᠳᠠᠭᠤᠯᠬᠤ︾ ᠳᠤᠰᠬᠠᠢ ᠪᠤᠯᠤᠩ ᠢ ᠨᠡᠭᠡᠭᠡᠪᠡ᠃ ᠤᠯᠠᠨ ᠲᠦᠮᠡᠨ ᠤ ᠬᠠᠯᠠᠮᠵᠢᠯᠠᠬᠤ ᠨᠡᠶᠢᠬᠡᠮ ᠤᠨ ᠬᠠᠯᠠᠮᠰᠢᠯ ᠠᠰᠠᠭᠤᠳᠠᠯ᠂ ᠬᠠᠤᠯᠢ ᠭᠡᠷᠡᠭᠵᠢᠬᠦᠯᠦᠯᠳᠡ ᠶᠢᠨ ᠬᠦᠴᠢᠷ ᠠᠰᠠᠭᠤᠳᠠᠯ ᠤᠨ ᠳᠤᠭᠤᠷᠢᠨ ᠳᠤ᠂ ᠭᠤᠤᠯᠳᠠᠯᠭ᠎ᠠ ᠲᠠᠢ ᠬᠠᠤᠯᠢ ᠴᠠᠭᠠᠵᠠ ᠳᠤᠭᠳᠠᠭᠠᠯ  ᠳᠤ ᠳᠠᠶᠢᠯᠤᠮᠵᠢ ᠬᠢᠵᠦ᠂ ᠨᠡᠶᠢᠳᠡᠯᠢᠭ ᠭᠡᠷᠡᠭ ᠤᠨ ᠵᠢᠱᠢᠶ᠎ᠡ ᠳᠤ ᠬᠠᠤᠯᠢ ᠶᠢᠨ ᠳᠠᠶᠢᠯᠪᠦᠷᠢ ᠳᠤᠳᠤᠷᠬᠠᠶᠢᠯᠠᠯ ᠬᠢᠪᠡ᠃          ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ ᠬᠤᠷᠢᠨ ᠳᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠳᠤᠭᠳᠠᠭᠠᠯ ᠢ ᠦᠨᠳᠦᠰᠦᠯᠡᠪᠡᠯ᠄     ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠬᠤᠭᠤᠴᠠᠭ᠎ᠠ ᠶᠢ 30 ᠡᠳᠦᠷ ᠠᠴᠠ ᠭᠡᠳᠦᠷᠡᠬᠦᠯᠵᠦ ᠪᠤᠯᠬᠤ ᠦᠬᠡᠢ︔ ᠪᠠᠶᠢᠳᠠᠯ ᠨᠢ ᠪᠤᠳᠤᠯᠢᠶᠠᠨᠳᠠᠢ ᠪᠤᠯ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠷᠢᠭᠤᠴᠠᠯᠭᠠᠳᠠᠨ ᠤ ᠵᠦᠪᠰᠢᠶᠡᠷᠡᠯ ᠢᠶᠠᠷ ᠬᠤᠭᠤᠴᠠᠭ᠎ᠠ ᠶᠢ ᠨᠢ ᠤᠷᠳᠤᠳᠬᠠᠵᠦ ᠪᠤᠯᠤᠨ᠎ᠠ᠂ ᠬᠡᠪᠡᠴᠦ ᠤᠷᠳᠤᠳᠬᠠᠭᠰᠠᠨ ᠬᠤᠭᠤᠴᠠᠭ᠎ᠠ ᠶᠢ 30 ᠡᠳᠦᠷ ᠠᠴᠠ ᠭᠡᠳᠦᠷᠡᠬᠦᠯᠵᠦ ᠪᠤᠯᠬᠤ ᠦᠬᠡᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠳᠤᠭᠳᠠᠭᠠᠯ ᠲᠠᠢ ᠠᠴᠠ ᠨᠢ ᠭᠠᠳᠠᠨ᠎ᠠ᠃ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠬᠤᠭᠤᠴᠠᠭ᠎ᠠ  ᠨᠢ 30 ᠡᠳᠦᠷ + 30 ᠡᠳᠦᠷ ᠪᠠᠶᠢᠵᠦ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠳᠤᠭᠳᠠᠭᠠᠯ ᠲᠠᠢ ᠠᠴᠠ ᠨᠢ ᠭᠠᠳᠠᠨ᠎ᠠ᠃      ︽ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠶᠢᠨ ᠭᠡᠷᠡᠭᠵᠢᠬᠦᠯᠬᠦ ᠲᠦᠷᠢᠮ︾ ᠤᠨ ᠵᠢᠷᠠᠨ ᠨᠢᠭᠡᠳᠦᠭᠡᠷ ᠵᠦᠢᠯ ᠤᠨ ᠲᠤᠭᠳᠠᠭᠠᠯ ᠢ ᠦᠨᠳᠦᠰᠦᠯᠡᠪᠡᠯ᠄     ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠢᠳᠡᠭᠡᠨ ᠤ ᠵᠦᠢᠯ ᠤᠨ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ  ᠶᠢᠨ ᠵᠠᠭᠤ ᠠᠷᠪᠠᠳᠤᠭᠠᠷ ᠵᠦᠢᠯ ᠤᠨ ᠳᠤᠭᠳᠠᠭᠠᠯ ᠢ ᠦᠨᠳᠦᠰᠦᠯᠡᠨ ᠪᠠᠶᠢᠴᠠᠭᠠᠨ ᠪᠢᠳᠡᠬᠦᠮᠵᠢᠯᠡᠬᠦ ᠪᠠ ᠳᠠᠷᠤᠵᠦ ᠠᠪᠴᠦ ᠪᠤᠯᠤᠨ᠎ᠠ᠂ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠬᠤᠭᠤᠴᠠᠭ᠎ᠠ ᠶᠢ 30 ᠡᠳᠦᠷ ᠠᠴᠠ ᠭᠡᠳᠦᠷᠡᠬᠦᠯᠵᠦ ᠪᠤᠯᠬᠤ ᠦᠬᠡᠢ︔ ᠪᠠᠶᠢᠳᠠᠯ ᠨᠢ ᠪᠤᠳᠤᠯᠢᠶᠠᠨᠳᠠᠢ ᠪᠤᠯ᠂ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠠᠷᠭ᠎ᠠ ᠬᠡᠮᠵᠢᠶ᠎ᠡ ᠠᠪᠤᠭᠰᠠᠨ ᠢᠳᠡᠭᠡᠨ ᠤ ᠵᠦᠢᠯ ᠤᠨ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠵᠦᠪᠰᠢᠶᠡᠷᠡᠯ ᠢᠶᠠᠷ ᠤᠷᠳᠤᠳᠬᠠᠵᠦ ᠪᠤᠯᠤᠨ᠎ᠠ᠂ ᠤᠷᠳᠤᠳᠬᠠᠭᠰᠠᠨ ᠬᠤᠭᠤᠴᠠᠭ᠎ᠠ ᠶᠢ 45 ᠡᠳᠦᠷ ᠠᠴᠠ ᠭᠡᠳᠦᠷᠡᠬᠦᠯᠵᠦ ᠪᠤᠯᠬᠤ ᠦᠬᠡᠢ᠃ ᠳᠠᠷᠤᠢ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠬᠤᠭᠤᠴᠠᠭ᠎ᠠ  ᠨᠢ 30 ᠡᠳᠦᠷ + 45 ᠡᠳᠦᠷ ᠪᠠᠶᠢᠵᠦ᠂ ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ ᠡᠩ ᠤᠨ ᠲᠤᠭᠳᠠᠭᠠᠯ ᠠᠴᠠ 15 ᠡᠳᠦᠷ ᠤᠷᠳᠦ ᠪᠠᠶᠢᠳᠠᠭ᠃     ᠢᠳᠡᠭᠡᠨ ᠤ ᠵᠦᠢᠯ ᠤᠨ ᠬᠢᠨᠠᠯᠳᠠ ᠬᠠᠮᠢᠶᠠᠷᠤᠯᠳᠠ ᠶᠢᠨ ᠬᠦᠷᠢᠶ᠎ᠡ ᠬᠡᠪᠴᠢᠶᠡᠨ ᠳᠤ᠂ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠠᠷᠭ᠎ᠠ ᠬᠡᠮᠵᠢᠶ᠎ᠡ ᠠᠪᠤᠭᠰᠠᠨ ᠪᠤᠯ᠂ ᠳᠡᠬᠦᠨ ᠤ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠬᠤᠭᠤᠴᠠᠭ᠎ᠠ ᠨᠢ ︽30 ᠡᠳᠦᠷ + 30 ᠡᠳᠦᠷ︾ ᠲᠤ ᠨᠡᠶᠢᠴᠡᠬᠦ ᠤᠤ᠂ ᠡᠰᠡᠬᠦᠯ᠎ᠡ ︽30 ᠡᠳᠦᠷ + 45 ᠡᠳᠦᠷ︾ ᠲᠤ ᠨᠡᠶᠢᠴᠡᠬᠦ ᠤᠤ︖      ᠤᠴᠢᠷ ᠨᠢ᠂ ︽ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠬᠠᠤᠯᠢ︾ ᠶᠢᠨ ᠬᠤᠷᠢᠨ ᠳᠠᠪᠤᠳᠤᠭᠠᠷ ᠵᠦᠢᠯ ᠤᠨ ᠨᠢᠭᠡᠳᠦᠭᠡᠷ ᠵᠤᠷᠪᠤᠰ ᠲᠤ ︽᠁  ᠃ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠳᠤᠭᠳᠠᠭᠠᠯ ᠳᠤ ᠠᠰᠳᠠᠭᠠᠨ ᠳᠤᠭᠳᠠᠭᠠᠯ ᠲᠠᠢ ᠠᠴᠠ ᠨᠢ ᠭᠠᠳᠠᠨ᠎ᠠ︾ ᠭᠡᠵᠦ ᠲᠤᠭᠳᠠᠭᠠᠪᠠ᠃     ᠪᠠᠰᠠ ᠳᠠᠬᠢᠭᠠᠳ ︽ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠶᠢ ᠭᠡᠷᠡᠭᠵᠢᠬᠦᠯᠬᠦ ᠲᠦᠷᠢᠮ︾ ᠢ ᠨᠡᠶᠢᠳᠡᠯᠡᠭᠰᠡᠨ ᠪᠠᠶᠢᠭᠤᠯᠭ᠎ᠠ ᠪᠤᠯ ᠲᠦᠷᠦ ᠶᠢᠨ ᠶᠠᠪᠤᠳᠠᠯ ᠤᠨ ᠬᠤᠷᠢᠶ᠎ᠠ ᠪᠤᠯᠤᠨ᠎ᠠ᠂ ᠳᠡᠬᠦᠨ ᠤ ᠬᠠᠤᠯᠢ ᠴᠠᠭᠠᠵᠠ ᠶᠢᠨ ᠵᠡᠷᠭᠡ ᠳᠡᠰ ᠨᠢ ᠵᠠᠰᠠᠭ ᠵᠠᠬᠢᠷᠭᠠᠨ ᠤ ᠬᠠᠤᠯᠢ ᠳᠤᠭᠳᠠᠭᠠᠯ ᠲᠠᠢ ᠬᠤᠯᠪᠤᠭ᠎ᠠ ᠲᠠᠢ᠃     ᠡᠶᠢᠮᠦ ᠠᠴᠠ᠂ ᠢᠳᠡᠭᠡᠨ ᠤ ᠵᠦᠢᠯ ᠤᠨ ᠬᠢᠨᠠᠯᠳᠠ ᠬᠠᠮᠢᠶᠠᠷᠤᠯᠳᠠ ᠶᠢᠨ ᠬᠦᠷᠢᠶ᠎ᠡ ᠬᠡᠪᠴᠢᠶᠡᠨ ᠳᠤ ᠪᠠᠶᠢᠴᠠᠭᠠᠨ ᠪᠢᠳᠡᠬᠦᠮᠵᠢᠯᠡᠬᠦ᠂ ᠳᠠᠷᠤᠵᠦ ᠠᠪᠬᠤ ᠠᠷᠭ᠎ᠠ ᠬᠡᠮᠵᠢᠶ᠎ᠡ ᠠᠪᠤᠭᠰᠠᠨ ᠪᠤᠯ᠂ ᠳᠡᠬᠦᠨ ᠤ ᠪᠠᠶᠢᠴᠠᠭᠠᠨ ᠪᠢᠳᠡᠬᠦᠮᠵᠢᠯᠡᠬᠦ ᠪᠠ ᠳᠠᠷᠤᠵᠦ ᠠᠪᠬᠤ ᠬᠤᠭᠤᠴᠠᠭ᠎ᠠ ᠨᠢ ︽ᠡᠭᠦᠨ ᠠᠴᠠ ᠭᠠᠳᠠᠨᠠᠬᠢ ᠳᠤᠭᠳᠠᠭᠠᠯ︾ ᠳᠤ ᠨᠡᠶᠢᠴᠡᠬᠦ ᠶᠤᠰᠤᠳᠠᠢ᠂ ᠳᠠᠷᠤᠢ ᠵᠠᠰᠠᠭ ᠵᠠᠬᠢᠷᠭᠠᠨ ᠤ ᠬᠠᠤᠯᠢ ᠲᠤᠭᠳᠠᠭᠠᠯ ᠪᠤᠯᠬᠤ ︽ᠢᠳᠡᠭᠡᠨ ᠤ ᠵᠦᠢᠯ ᠤᠨ ᠠᠮᠦᠷ ᠲᠦᠪᠰᠢᠨ ᠤ ᠭᠡᠷᠡᠭᠵᠢᠬᠦᠯᠬᠦ ᠲᠦᠷᠢᠮ︾ ᠤᠨ  ︽30 ᠡᠳᠦᠷ + 45 ᠡᠳᠦᠷ︾ ᠤᠨ ᠳᠤᠭᠳᠠᠭᠠᠯ ᠳᠤ ᠨᠡᠶᠢᠴᠡᠨ᠎ᠡ᠃     ᠡᠭᠦᠨ ᠳᠤ᠂ ᠬᠠᠤᠯᠢ ᠴᠠᠭᠠᠵᠠ ᠬᠠᠤᠯᠢ ᠲᠤᠭᠳᠠᠭᠠᠯ ᠲᠦᠷᠢᠮ ᠲᠤᠭᠳᠠᠭᠠᠯ ᠳᠠᠬᠢ ︽ᠡᠭᠦᠨ ᠠᠴᠠ ᠭᠠᠳᠠᠨᠠᠬᠢ ᠲᠤᠭᠳᠠᠭᠠᠯ︾ ᠢ ᠤᠨᠴᠠᠭᠠᠶᠢᠯᠠᠨ ᠠᠩᠬᠠᠷᠬᠤ ᠴᠢᠬᠤᠯᠠᠳᠠᠢ᠃                       ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号