︽ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠶᠢ ᠭᠡᠷᠡᠭᠵᠢᠬᠦᠯᠬᠦ ᠲᠦᠷᠢᠮ︾ ᠤᠨ ᠳᠠᠶᠢᠯᠤᠮᠵᠢ ︵ᠬᠤᠶᠠᠷ︶
ᠨᠡᠶᠢᠲᠡᠯᠡᠭᠰᠡᠨ ᠴᠠᠭ᠄
2021/11/9
     ︽ᠢᠳᠡᠭᠡᠨ ᠤ ᠵᠦᠢᠯ ᠤᠨ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢᠳᠡᠭᠡᠨ  ᠤ ᠵᠦᠢᠯ ᠤᠨ ᠠᠮᠦᠷ ᠲᠦᠪᠰᠢᠨ ᠤ ᠬᠠᠤᠯᠢ ᠪᠤᠯᠤᠨ ᠲᠤᠰ ᠲᠦᠷᠢᠮ ᠢ ᠦᠨᠳᠦᠰᠦᠯᠡᠨ᠂ ᠬᠠᠤᠯᠢ ᠠᠴᠠ ᠵᠦᠷᠢᠴᠡᠭᠰᠡᠨ ᠨᠢᠭᠡᠴᠡ ᠪᠤᠶᠤ ᠬᠤᠪᠢ ᠬᠦᠮᠦᠨ ᠢ 30 ᠲᠦᠮᠡᠨ ᠲᠦᠬᠦᠷᠢᠭ ᠠᠴᠠ ᠳᠡᠭᠡᠭᠰᠢ ᠳᠤᠷᠭᠠᠬᠤ ᠰᠢᠢᠳᠭᠡᠯ ᠢ᠂ ᠳᠤᠭᠤᠷᠢᠭ ᠪᠠᠶᠢᠭᠤᠯᠤᠭᠰᠠᠨ ᠬᠤᠳᠠ ᠶᠢᠨ ᠳᠡᠰ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠢᠳᠡᠭᠡᠨ ᠤ ᠵᠦᠢᠯ ᠤᠨ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠳᠤᠭᠳᠠᠭᠠᠨ᠎ᠠ᠃ ᠁︾ ᠭᠡᠬᠦ ᠳᠠᠬᠢ ︽ᠳᠤᠭᠳᠠᠭᠠᠨ᠎ᠠ︾ ᠭᠡᠳᠡᠭ ᠢ ᠭᠡᠷᠬᠢᠨ ᠤᠶᠢᠯᠠᠭᠠᠬᠤ ᠪᠤᠢ︖           ︽ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠶᠢ ᠭᠡᠷᠡᠭᠵᠢᠬᠦᠯᠬᠦ ᠲᠦᠷᠢᠮ︾ ᠤᠨ ᠨᠠᠶᠠᠨ ᠨᠢᠭᠡᠳᠦᠭᠡᠷ ᠵᠦᠢᠯ ᠳᠤ᠄ ︽ᠢᠳᠡᠭᠡᠨ ᠤ ᠵᠦᠢᠯ ᠤᠨ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ᠂ ᠳᠤᠰ ᠲᠦᠷᠢᠮ ᠢ ᠦᠨᠳᠦᠰᠦᠯᠡᠨ ᠬᠠᠤᠯᠢ ᠠᠴᠠ ᠵᠦᠷᠢᠴᠡᠭᠰᠡᠨ ᠨᠢᠭᠡᠴᠡ ᠪᠤᠯᠤᠨ ᠬᠤᠪᠢ ᠬᠦᠮᠦᠨ ᠢ 30 ᠲᠦᠮᠡᠨ ᠲᠦᠬᠦᠷᠢᠭ ᠠᠴᠠ ᠳᠡᠭᠡᠭᠰᠢ ᠳᠤᠷᠭᠠᠬᠤ ᠰᠢᠢᠳᠭᠡᠯ  ᠢ᠂ ᠳᠤᠭᠤᠷᠢᠭ ᠪᠠᠶᠢᠭᠤᠯᠤᠭᠰᠠᠨ ᠬᠤᠳᠠ ᠶᠢᠨ ᠳᠡᠰ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠢᠳᠡᠭᠡᠨ ᠤ ᠵᠦᠢᠯ ᠤᠨ ᠠᠮᠦᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠳᠤᠭᠳᠠᠭᠠᠨ᠎ᠠ᠃ ᠁︾ ᠭᠡᠵᠦ ᠳᠤᠭᠳᠠᠭᠠᠵᠠᠢ᠃      ᠡᠭᠦᠨ ᠠᠴᠠ ᠭᠠᠳᠠᠨ᠎ᠠ᠂ ︽︿ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠶᠢ ᠭᠡᠷᠡᠭᠵᠢᠬᠦᠯᠬᠦ ᠲᠦᠷᠢᠮ﹀ ᠤᠨ ᠨᠠᠶᠠᠨ ᠨᠢᠭᠡᠳᠦᠭᠡᠷ ᠵᠦᠢᠯ ᠤᠨ ᠬᠠᠮᠢᠶ᠎ᠠ ᠪᠦᠬᠦᠢ ᠭᠡᠷᠡᠭ ᠵᠦᠢᠯᠡᠰ ᠲᠤ ᠨᠡᠶᠢᠴᠡᠬᠦ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠶᠡᠷᠦᠩᠭᠡᠢ ᠳᠤᠪᠴᠢᠶ᠎ᠠ ᠶᠢᠨ ᠠᠯᠪᠠᠨ ᠭᠡᠷ ᠤᠨ ᠰᠠᠨᠠᠯ︾ ︵ᠬᠤᠳᠠ ᠬᠢᠨᠠᠯᠳᠠ ᠪᠠᠶᠢᠴᠠᠭᠠᠬᠤ ᠳᠠᠷᠬᠠᠭᠠᠭᠰᠠᠨ ﹇2021﹈ 2 ᠳ᠋ᠤᠭᠠᠷ ᠳᠤᠭᠠᠳᠦ︶ ᠳᠤ᠂ ᠨᠢᠭᠡ᠂ ᠰᠢᠶᠠᠨ ︵ᠳᠤᠭᠤᠷᠢᠭ︶ ᠤ ᠳᠡᠰ  ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠵᠢᠴᠢ ᠳᠡᠬᠦᠨ ᠤ ᠭᠡᠷᠡᠭᠵᠢᠬᠦᠯᠬᠦ ᠲᠦᠷᠢᠮ ᠢ ᠦᠨᠳᠦᠰᠦᠯᠡᠨ ᠬᠠᠤᠯᠢ ᠠᠴᠠ ᠵᠦᠷᠢᠴᠡᠭᠰᠡᠨ ᠨᠢᠭᠡᠴᠡ ᠪᠤᠯᠤᠨ ᠬᠤᠪᠢ ᠬᠦᠮᠦᠨ ᠢ 30 ᠲᠦᠮᠡᠨ ᠲᠦᠬᠦᠶᠢᠷᠭ ᠠᠴᠠ ᠳᠡᠭᠡᠭᠰᠢ ᠳᠤᠷᠭᠠᠬᠤ ᠬᠡᠪᠡᠯ᠂ ᠳᠤᠭᠤᠷᠢᠭ ᠪᠠᠶᠢᠭᠤᠯᠤᠭᠰᠠᠨ ᠬᠤᠳᠠ ᠶᠢᠨ ᠳᠡᠰ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠬᠦᠯᠦᠨ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠰᠢᠶᠠᠨ ︵ᠳᠤᠭᠤᠷᠢᠭ︶ ᠤ ᠳᠡᠰ ᠤᠨ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠰᠢᠢᠳᠭᠡᠯ ᠳᠤᠷᠭᠠᠭᠤᠯᠢ ᠶᠢᠨ ᠳᠤᠭᠳᠠᠭᠠᠯ ᠤᠨ ᠪᠢᠴᠢᠭ ᠭᠠᠷᠭᠠᠯᠭᠠᠨ᠎ᠠ ᠭᠡᠵᠦ ᠳᠤᠭᠳᠠᠭᠠᠵᠠᠢ᠃     ᠡᠭᠦᠨ ᠢ ᠦᠨᠳᠦᠰᠦᠯᠡᠪᠡᠯ᠂ ︽ᠳᠤᠭᠳᠠᠭᠠᠨ᠎ᠠ︾ ᠭᠡᠳᠡᠭ ᠨᠢ ᠳᠤᠤᠷ᠎ᠠ ᠱᠠᠳᠦ ᠵᠦᠪᠰᠢᠶᠡᠷᠡᠬᠦᠯᠬᠦ ᠪᠠᠷ ᠮᠡᠳᠡᠬᠦᠯᠦᠨ ᠳᠡᠪᠰᠢᠬᠦᠯᠵᠦ᠂ ᠳᠡᠭᠡᠳᠦ ᠱᠠᠳᠤ ᠪᠠᠷ ᠬᠢᠨᠠᠨ ᠬᠠᠷᠭᠤᠭᠤᠯᠤᠭᠰᠠᠨ ᠶᠠᠪᠤᠴᠠ ᠶᠢ ᠪᠠᠭᠳᠠᠭᠠᠨ᠎ᠠ᠃ ᠡᠶᠢᠮᠦ  ᠠᠴᠠ᠂ 2019 ᠤᠨ ᠤ 12 ᠰᠠᠷ᠎ᠠ ᠶᠢᠨ 1 ᠤ ᠡᠳᠦᠷ ᠲᠤ ︽ᠢᠳᠡᠭᠡᠨ ᠤ ᠵᠦᠢᠯ ᠤᠨ ᠠᠮᠦᠷ ᠲᠦᠪᠰᠢᠨ ᠤ ᠬᠠᠤᠯᠢ ᠶᠢ ᠭᠡᠷᠡᠭᠵᠢᠬᠦᠯᠬᠦ ᠲᠦᠷᠢᠮ︾ ᠢ ᠭᠡᠷᠡᠭᠵᠢᠬᠦᠯᠦᠭᠰᠡᠨ ᠡᠳᠦᠷ ᠠᠴᠠ ᠡᠬᠢᠯᠡᠨ᠂ ᠰᠢᠶᠠᠨ ︵ᠳᠤᠭᠤᠷᠢᠭ︶ ᠤ ᠱᠠᠳᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ 30 ᠲᠦᠮᠡᠨ ᠲᠦᠬᠦᠷᠢᠭ ᠠᠴᠠ ᠳᠡᠭᠡᠭᠰᠢ ᠵᠤᠭᠤᠰ ᠳᠤᠷᠭᠠᠬᠤ ᠳᠤ᠂ ᠳᠤᠭᠤᠷᠢᠭ ᠪᠠᠶᠢᠭᠤᠯᠤᠭᠰᠠᠨ ᠬᠤᠳᠠ ᠶᠢᠨ ᠳᠡᠰ ᠠᠴᠠ ᠳᠡᠭᠡᠭᠰᠢᠬᠢ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠬᠦᠯᠦᠨ ᠬᠢᠨᠠᠨ ᠬᠠᠷᠭᠤᠭᠤᠯᠵᠦ ᠲᠤᠭᠳᠠᠭᠠᠭᠰᠠᠨ ᠤ ᠳᠠᠷᠠᠭ᠎ᠠ᠂ ᠰᠢᠶᠠᠨ ︵ᠳᠤᠭᠤᠷᠢᠭ︶ ᠤ ᠱᠠᠳᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠰᠢᠢᠳᠭᠡᠯ ᠳᠤᠷᠭᠠᠭᠤᠯᠢ ᠶᠢᠨ ᠳᠤᠭᠳᠠᠭᠠᠯ  ᠤᠨ ᠪᠢᠴᠢᠭ ᠭᠠᠷᠭᠠᠯᠭᠠᠨ᠎ᠠ᠃     ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶ᠎ᠠ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号