ᠮᠡᠳᠡᠯᠭᠡ ᠶᠢᠨ ᠰᠠᠩ᠄ ᠡᠯᠳᠡᠪ ᠡᠪᠡᠰᠦ ᠶᠢ ᠰᠡᠷᠭᠡᠶᠢᠯᠡᠨ ᠵᠠᠰᠠᠬᠤ ᠳᠤ ᠶᠠᠮᠠᠷ ᠬᠡᠳᠦᠨ ᠵᠦᠢᠯ ᠤᠨ ᠠᠷᠭ᠎ᠠ ᠪᠠᠶᠢᠳᠠᠭ ᠪᠤᠢ
ᠨᠡᠶᠢᠲᠡᠯᠡᠭᠰᠡᠨ ᠴᠠᠭ᠄
2021/12/6
     1. ᠬᠦᠮᠦᠨ ᠤ ᠬᠦᠴᠦ ᠪᠠᠷ ᠠᠷᠢᠯᠭᠠᠬᠤ᠃ ᠡᠭᠦᠨ ᠳᠤ ᠭᠠᠷ ᠢᠶᠠᠷ ᠢᠶᠠᠨ ᠦᠭᠳᠡᠭᠡᠬᠦ ᠪᠠ ᠳᠦᠭᠦᠮ ᠲᠠᠷᠢᠶᠠᠯᠠᠩ ᠤᠨ ᠪᠠᠭᠠᠵᠢ ᠪᠠᠷ ᠡᠪᠡᠰᠦ ᠠᠷᠢᠯᠭᠠᠬᠤ ᠪᠠᠭᠲᠠᠨ᠎ᠠ᠃      2. ᠮᠠᠰᠢᠨ ᠢᠶᠠᠷ ᠡᠪᠡᠰᠦ ᠠᠷᠢᠯᠭᠠᠬᠤ᠃ ᠮᠠᠯ ᠤᠨᠤᠭ᠎ᠠ ᠶᠢᠨ ᠬᠦᠴᠦ ᠪᠤᠶᠤ ᠮᠧᠬᠠᠨᠢᠭ ᠬᠦᠳᠡᠯᠭᠡᠭᠴᠢ ᠬᠦᠴᠦ ᠪᠠᠷ ᠡᠪᠡᠰᠦ ᠠᠷᠢᠯᠭᠠᠬᠤ ᠮᠠᠰᠢᠨ ᠢ ᠲᠠᠲᠠᠭᠤᠯᠤᠨ ᠡᠪᠡᠰᠦ ᠠᠷᠢᠯᠭᠠᠬᠤ᠃      3. ᠹᠢᠽᠢᠺ ᠤᠨ ᠠᠷᠭ᠎ᠠ ᠪᠠᠷ ᠡᠪᠡᠰᠦ ᠠᠷᠢᠯᠭᠠᠬᠤ᠃ ᠤᠰᠤ᠂ ᠭᠡᠷᠡᠯ᠂ ᠢᠯᠴᠢ ᠵᠡᠷᠭᠡ ᠹᠢᠽᠢᠺ ᠤᠨ ᠡᠯᠧᠮᠧᠨ᠋ᠲ ᠢ ᠠᠰᠢᠭᠯᠠᠨ ᠡᠪᠡᠰᠦ ᠠᠷᠢᠯᠭᠠᠨ᠎ᠠ᠃ ᠵᠢᠱᠢᠶᠡᠯᠡᠪᠡᠯ ᠰᠢᠲᠠᠭᠠᠬᠤ ᠠᠷᠭ᠎ᠠ ᠪᠠᠷ ᠬᠠᠭᠠᠯᠪᠤᠷᠢᠯᠠᠭᠰᠠᠨ ᠭᠠᠵᠠᠷ ᠲᠠᠬᠢ ᠡᠪᠡᠰᠦ ᠶᠢ ᠠᠷᠢᠯᠭᠠᠨ᠎ᠠ᠃      4. ᠬᠢᠮᠢ ᠶᠢᠨ ᠠᠷᠭ᠎ᠠ ᠪᠠᠷ ᠡᠪᠡᠰᠦ ᠠᠷᠢᠯᠭᠠᠬᠤ᠃ ᠳᠠᠷᠤᠢ ᠬᠢᠮᠢ ᠶᠢᠨ ᠡᠪᠡᠰᠦ ᠠᠷᠢᠯᠭᠠᠭᠴᠢ ᠡᠳ᠋ ᠢ ᠬᠡᠷᠡᠭᠯᠡᠨ ᠡᠯᠳᠡᠪ ᠡᠪᠡᠰᠦ ᠶᠢ ᠠᠷᠢᠯᠭᠠᠬᠤ ᠮᠦᠷᠲᠡᠭᠡᠨ ᠲᠠᠷᠢᠮᠠᠯ ᠢ ᠭᠡᠮᠲᠦᠭᠡᠬᠦ ᠦᠭᠡᠢ᠃ ᠦᠷ᠎ᠡ ᠠᠴᠠ ᠨᠠᠬᠢᠶᠠᠯᠠᠨ ᠭᠠᠷᠤᠭᠰᠠᠨ ᠨᠢᠭᠡ ᠨᠠᠰᠤᠲᠤ ᠡᠯᠳᠡᠪ ᠡᠪᠡᠰᠦ ᠶᠢ ᠠᠷᠢᠯᠭᠠᠬᠤ ᠳᠠᠭᠠᠨ ᠶᠡᠷᠦ ᠳᠡᠭᠡᠨ ᠦᠢᠯᠡᠳᠦᠯᠲᠦ ᠴᠢᠨᠠᠷ ᠢᠶᠠᠷ ᠤᠳᠠᠭᠠᠨ ᠳᠠᠭᠠᠭᠠᠮᠠᠭᠠᠢ ᠬᠦᠷᠦᠰᠦ ᠲᠤᠭᠤᠯᠤᠭᠤᠯᠬᠤ ᠡᠳ᠋ ᠢ ᠬᠡᠷᠡᠭᠯᠡᠵᠦ᠂ ᠦᠨᠳᠦᠰᠦᠯᠢᠭ ᠡᠰᠢ ᠠᠴᠠ ᠨᠠᠬᠢᠶᠠᠯᠠᠭᠰᠠᠨ ᠤᠯᠠᠨ ᠨᠠᠰᠤᠲᠤ ᠡᠯᠳᠡᠪ ᠡᠪᠡᠰᠦ ᠶᠢ ᠠᠷᠢᠯᠭᠠᠬᠤ ᠳᠠᠭᠠᠨ ᠳᠠᠮᠵᠢᠭᠤᠯᠬᠤ ᠦᠢᠯᠡᠳᠦᠯ ᠢᠶᠠᠷ ᠴᠢᠩᠭ᠎ᠠ᠂ ᠰᠤᠩᠭᠤᠯᠲᠠ ᠲᠠᠢ ᠡᠪᠡᠰᠦ ᠠᠷᠢᠯᠭᠠᠭᠴᠢ ᠡᠳ᠋ ᠢ ᠬᠡᠷᠡᠭᠯᠡᠨ᠎ᠡ᠃      5. ᠠᠮᠢᠳᠤ ᠪᠤᠳᠠᠰ ᠢᠶᠠᠷ ᠡᠪᠡᠰᠦ ᠠᠷᠢᠯᠭᠠᠬᠤ᠃ ᠬᠤᠷᠤᠬᠠᠢ ᠰᠢᠪᠠᠵᠢ᠂ ᠮᠠᠯ ᠵᠢᠭᠦᠷᠲᠡᠨ᠂ ᠡᠪᠡᠳᠴᠢᠨ ᠡᠭᠦᠰᠭᠡᠭᠴᠢ ᠮᠢᠺᠷᠣᠪ ᠪᠤᠯᠤᠨ ᠦᠷᠢᠰᠦᠯᠳᠦᠬᠦ ᠬᠦᠴᠦ ᠪᠠᠷ ᠴᠢᠩᠭ᠎ᠠ ᠤᠷᠭᠤᠮᠠᠯ ᠵᠢᠴᠢ ᠲᠡᠭᠦᠨ ᠤ ᠰᠤᠯᠢᠯᠴᠠᠭᠠᠨ ᠤ ᠪᠦᠲᠦᠭᠡᠭᠳᠡᠬᠦᠨ ᠢ ᠠᠰᠢᠭᠯᠠᠨ ᠡᠯᠳᠡᠪ ᠡᠪᠡᠰᠦ ᠶᠢ ᠰᠡᠷᠭᠡᠶᠢᠯᠡᠬᠦ ᠪᠤᠶᠤ ᠠᠷᠢᠯᠭᠠᠨ᠎ᠠ᠃ ᠵᠢᠱᠢᠶᠡᠯᠡᠪᠡᠯ ᠲᠤᠲᠤᠷᠭᠠᠨ ᠲᠠᠷᠢᠶᠠᠨ ᠳᠤᠮᠳᠠ ᠵᠢᠭᠠᠰᠤ ᠲᠡᠵᠢᠭᠡᠬᠦ᠂ ᠨᠤᠭᠤᠰᠤ ᠪᠠᠷ ᠡᠯᠳᠡᠪ ᠡᠪᠡᠰᠦ ᠶᠢ ᠰᠡᠷᠭᠡᠶᠢᠯᠡᠨ ᠠᠷᠢᠯᠭᠠᠬᠤ ᠵᠡᠷᠭᠡ᠃      6. ᠠᠮᠢ ᠠᠬᠤᠢ ᠶᠢᠨ ᠡᠪᠡᠰᠦ ᠠᠷᠢᠯᠭᠠᠬᠤ᠃ ᠲᠠᠷᠢᠶᠠᠯᠠᠩ ᠤᠨ ᠪᠤᠶᠤ ᠪᠤᠰᠤᠳ ᠠᠷᠭ᠎ᠠ ᠶᠢ ᠬᠡᠷᠡᠭᠯᠡᠨ᠂ ᠨᠡᠯᠢᠶᠡᠳ ᠶᠡᠭᠡ ᠬᠡᠪᠴᠢᠶᠡᠨ ᠤ ᠳᠤᠲᠤᠷ᠎ᠠ ᠲᠠᠷᠢᠮᠠᠯ ᠤᠨ ᠤᠷᠭᠤᠯᠲᠠ ᠳᠤ ᠠᠰᠢᠭᠲᠠᠢ ᠪᠤᠯᠪᠠᠴᠤ ᠡᠯᠳᠡᠪ ᠡᠪᠡᠰᠦᠨ ᠤ ᠤᠷᠭᠤᠯᠲᠠ ᠳᠤ ᠠᠰᠢᠭ ᠦᠭᠡᠢ ᠠᠮᠢ ᠠᠬᠤᠢ ᠶᠢᠨ ᠤᠷᠴᠢᠨ ᠲᠤᠭᠤᠷᠢᠨ ᠢ ᠪᠤᠢ ᠪᠤᠯᠭᠠᠨ᠎ᠠ᠃ ᠵᠢᠱᠢᠶᠡᠯᠡᠪᠡᠯ ᠤᠰᠤ ᠬᠠᠭᠤᠷᠠᠢ ᠶᠢᠨ ᠲᠠᠷᠢᠶ᠎ᠠ ᠶᠢ ᠡᠭᠡᠯᠵᠢᠯᠡᠨ ᠲᠠᠷᠢᠬᠤ ᠳᠦᠷᠢᠮ ᠢ ᠬᠡᠷᠡᠭᠵᠢᠭᠦᠯᠬᠦ ᠨᠢ ᠮᠠᠰᠢ ᠤᠯᠠᠨ ᠤᠰᠤᠳᠤᠯ ᠳᠤ ᠲᠡᠰᠪᠦᠷᠢ ᠦᠭᠡᠢ ᠪᠤᠶᠤ ᠭᠠᠩ ᠳᠤ ᠲᠡᠰᠪᠦᠷᠢ ᠦᠭᠡᠢ ᠡᠯᠳᠡᠪ ᠡᠪᠡᠰᠦ ᠶᠢ ᠨᠡᠯᠢᠶᠡᠳ ᠰᠠᠶᠢᠨ ᠢᠶᠠᠷ ᠬᠢᠵᠠᠭᠠᠷᠯᠠᠵᠤ ᠴᠢᠳᠠᠳᠠᠭ᠃      ︵ᠢᠷᠡᠯᠲᠡ᠄ ᠰᠢ ᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号