ᠮᠡᠳᠡᠯᠭᠡ ᠶᠢᠨ ᠰᠠᠩ᠄ ᠡᠯᠡᠰᠦᠨ ᠴᠦᠯ ᠤᠨ ᠤᠷᠭᠤᠮᠠᠯ ᠶᠠᠭᠠᠬᠢᠭᠠᠳ ᠭᠠᠩᠰᠠᠭ ᠪᠠᠶᠢᠳᠠᠭ ᠪᠤᠢ
ᠨᠡᠶᠢᠲᠡᠯᠡᠭᠰᠡᠨ ᠴᠠᠭ᠄
2021/12/7
     ᠡᠯᠡᠰᠦᠨ ᠴᠦᠯ ᠤᠨ ᠤᠷᠭᠤᠮᠠᠯ ᠤᠷᠲᠤ ᠬᠤᠭᠤᠴᠠᠭ᠎ᠠ ᠪᠠᠷ ᠡᠯᠡᠰᠦᠨ ᠴᠦᠯ ᠤᠨ ᠭᠠᠩ ᠬᠠᠭᠤᠷᠠᠢ ᠤᠷᠴᠢᠨ ᠲᠤᠭᠤᠷᠢᠨ ᠳᠤ ᠤᠷᠭᠤᠵᠤ᠂ ᠭᠠᠩ ᠬᠠᠭᠤᠷᠠᠢ ᠠᠭᠤᠷ ᠠᠮᠢᠰᠬᠤᠯ ᠳᠤ ᠠᠭᠠᠵᠢᠮ ᠢᠶᠠᠷ ᠵᠤᠬᠢᠴᠠᠵᠤ᠂ ᠶᠠᠩᠵᠤ ᠪᠦᠷᠢ ᠶᠢᠨ ᠭᠠᠩ ᠢ ᠰᠡᠷᠭᠡᠶᠢᠯᠡᠬᠦ ᠴᠢᠳᠠᠪᠬᠢ ᠲᠠᠢ ᠪᠤᠯᠤᠭᠰᠠᠨ ᠪᠠᠶᠢᠨ᠎ᠠ᠃      ᠬᠠᠮᠤᠭ ᠨᠡᠷᠡᠳᠡᠢ ᠨᠢᠭᠡ ᠵᠦᠢᠯ ᠤᠨ ᠡᠯᠡᠰᠦᠨ ᠴᠦᠯ ᠤᠨ ᠤᠷᠭᠤᠮᠠᠯ ᠪᠤᠯ ᠠᠷᠰᠢ ᠶᠢᠨ ᠭᠠᠷ ᠤᠨ ᠢᠵᠠᠭᠤᠷ ᠤᠨ ᠤᠷᠭᠤᠮᠠᠯ ᠪᠤᠯᠤᠨ᠎ᠠ᠃ ᠨᠠᠪᠴᠢ ᠨᠢ ᠬᠠᠳᠠᠭᠠᠳ ᠵᠡᠬᠦᠦ ᠶᠢᠨ ᠬᠡᠯᠪᠡᠷᠢ ᠲᠠᠢ ᠪᠤᠯᠵᠤ᠂ ᠤᠰᠤᠨ ᠤ ᠠᠭᠤᠷᠰᠢᠯᠳᠠ ᠶᠢ ᠪᠠᠭᠠᠰᠬᠠᠬᠤ ᠪᠤᠯᠬᠤ ᠳᠤ ᠡᠰᠢ ᠨᠢ ᠬᠠᠷᠢᠨ ᠤᠯᠠᠮ ᠪᠦᠳᠦᠬᠦᠷᠡᠭᠡᠳ ᠨᠡᠩ ᠠᠷᠪᠢᠨ ᠤᠰᠤ ᠬᠠᠳᠠᠭᠠᠯᠠᠬᠤ ᠪᠤᠯᠵᠤ᠂ ᠡᠰᠢᠨ ᠤ ᠨᠠᠪᠴᠢᠨ ᠤ ᠨᠤᠭᠤᠭᠠᠨ ᠡᠳ᠋ ᠨᠢ ᠬᠡᠷᠡᠯ ᠤᠨ ᠨᠡᠶᠢᠯᠡᠯᠭᠡ ᠶᠢᠨ ᠦᠢᠯᠡᠳᠦᠯ ᠭᠠᠷᠭᠠᠵᠤ ᠢᠳᠡᠭᠡᠨ ᠦᠢᠯᠡᠳᠪᠦᠷᠢᠯᠡᠳᠡᠭ᠃      ᠮᠧᠺᠰᠢᠺᠦ ᠶᠢᠨ ᠡᠯᠡᠰᠦᠨ ᠴᠦᠯ ᠳᠤ ᠨᠢᠭᠡᠨ ᠲᠤᠮᠤ ᠬᠡᠯᠪᠡᠷᠢ ᠶᠢᠨ ᠠᠷᠰᠢ ᠶᠢᠨ ᠭᠠᠷ ᠪᠤᠢ᠃ ᠬᠡᠯᠪᠡᠷᠢ ᠲᠦᠷᠰᠦ ᠨᠢ ᠮᠤᠳᠤ ᠰᠢᠭ᠋᠃ ᠲᠡᠬᠦᠨ ᠢ ᠬᠡᠷᠴᠢᠵᠦ ᠦᠵᠡᠪᠡᠯ ᠲᠤᠳᠤᠷ᠎ᠠ ᠨᠢ ᠴᠦᠮ ᠤᠰᠤ ᠪᠠᠶᠢᠵᠤ᠂ ᠶᠠᠭ ᠯᠡ ᠰᠠᠭᠤᠯᠭ᠎ᠠ ᠰᠢᠤᠬᠠᠨ ᠪᠠᠶᠢᠳᠠᠭ᠃ ᠡᠨᠡ ᠨᠢ ᠲᠠᠷᠤᠢ ᠭᠠᠩ ᠳᠤ ᠲᠡᠰᠪᠦᠷᠢᠳᠠᠢ ᠪᠠᠶᠢᠳᠠᠭ ᠶᠢᠨ ᠨᠢᠭᠤᠴᠠ ᠪᠤᠯᠤᠨ᠎ᠠ᠃ ᠵᠠᠷᠢᠮ ᠡᠯᠡᠰᠦᠨ ᠴᠦᠯ ᠤᠨ ᠤᠷᠭᠤᠮᠠᠯ ᠨᠢ ᠬᠦᠨ ᠦᠨᠳᠦᠰᠦ ᠬᠠᠳᠬᠤᠵᠤ ᠭᠠᠵᠠᠷ ᠲᠤᠤᠷᠠᠬᠢ ᠤᠰᠤᠨ ᠰᠤᠷᠪᠤᠯᠵᠢ ᠶᠢ ᠠᠰᠢᠭᠯᠠᠨ ᠭᠠᠩ ᠢ ᠰᠡᠷᠭᠡᠶᠢᠯᠡᠳᠡᠭ᠃ ᠵᠢᠱᠢᠶᠡᠯᠡᠪᠡᠯ ᠲᠡᠮᠡᠭᠡᠨ ᠦᠷᠭᠡᠰᠦ ᠶᠢᠨ ᠦᠨᠳᠦᠰᠦ ᠨᠢ ᠭᠠᠵᠠᠷ ᠠᠴᠠ ᠲᠤᠷᠤᠭᠰᠢ 15ᠮᠧᠲᠷ ᠬᠦᠨ ᠳᠤ ᠪᠠᠶᠢᠬᠤ ᠤᠰᠤ ᠶᠢ ᠰᠢᠩᠭᠡᠭᠡᠳᠡᠭ᠃
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号