ᠠᠭᠤᠷ ᠠᠮᠢᠰᠬᠤᠯ ᠤᠨ ᠮᠠᠭᠤᠵᠢᠷᠠᠯ ᠨᠢ ᠡᠯᠡᠰᠦᠷᠭᠡᠭᠵᠢᠭᠦᠯᠵᠤ ᠲᠠᠴᠢᠷᠳᠠᠭᠤᠯᠵᠤ ᠪᠠᠶᠢᠬᠤ ᠶᠢᠨ ᠨᠢᠭᠡᠨ | ᠨᠦᠭᠦᠴᠡᠯ ᠪᠤᠯᠤᠨ᠎ᠠ᠃ ᠵᠠᠷᠢᠮ ᠡᠷᠳᠡᠮᠳᠡᠳ ᠠᠴᠠ ᠲᠡᠯᠡᠭᠡᠢ ᠶᠢᠨ ᠪᠦᠮᠪᠤᠷᠴᠡᠭ ᠤᠨ ᠬᠤᠪᠢᠷᠠᠯᠳᠠ ᠨᠢ ᠵᠤᠭᠢᠬᠤ | ᠭᠡᠮᠵᠢᠶᠠᠨ ᠳᠤ ᠭᠠᠩ ᠬᠠᠭᠰᠠᠷᠠᠭᠠᠨ ᠢ ᠪᠤᠢ ᠪᠤᠯᠭᠠᠵᠤ ᠪᠠᠶᠢᠨ᠎ᠠ ᠭᠡᠵᠤ ᠦᠵᠡᠵᠤ ᠪᠠᠶᠢᠨ᠎ᠠ᠃ ᠡᠭᠦᠨ ᠢ ᠭᠡᠷᠡᠴᠢᠯᠡᠭᠦ ᠶᠢᠨ | ᠲᠤᠰᠠᠳᠠ ᠬᠤᠶᠠᠷ ᠪᠤᠳᠠᠳᠤ ᠵᠢᠱᠢᠶ᠎ᠠ ᠲᠠᠳᠠᠶ᠎ᠠ᠃ | ᠨᠢᠭᠡ ᠳᠤ᠂ ᠦᠪᠤᠷ ᠮᠤᠩᠭᠤᠯ ᠤᠨ ᠭᠦᠯᠦᠨ ᠪᠤᠶᠢᠷ ᠬᠤᠳᠠ᠂ ᠰᠢᠯᠢ ᠶᠢᠨ ᠭᠤᠤᠯ ᠠᠶᠢᠮᠠᠭ ᠤᠨ ᠵᠡᠭᠦᠨ | ᠭᠡᠰᠡᠭ ᠤᠨ ᠭᠠᠵᠠᠷ ᠤᠷᠤᠨ ᠤ ᠨᠤᠳᠤᠭ ᠪᠡᠯᠴᠢᠭᠡᠷ ᠤᠨ ᠲᠡᠴᠢᠷᠳᠡᠯ ᠤᠨ ᠨᠢᠭᠤᠷᠳᠠᠯ ᠲᠠᠯ᠎ᠠ ᠪᠤᠯᠬᠤ ᠮᠤᠩᠭᠤᠯ | ᠤᠯᠤᠰ ᠤᠨ ᠡᠪᠡᠰᠤ ᠪᠡᠯᠴᠢᠭᠡᠷ ᠨᠢ ᠮᠧᠳ᠋ᠷ ᠤᠷᠴᠢᠮ ᠦᠨᠳᠤᠷ ᠤᠷᠭᠤᠵᠤ᠂ ᠲᠡᠨᠳᠡ ᠭᠡᠳᠦᠨ ᠲᠦᠮᠡᠨ ᠵᠡᠭᠡᠷ᠎ᠡ | ᠠᠮᠢᠳᠤᠷᠠᠵᠤ ᠪᠠᠶᠢᠬᠤ ᠳᠤ ᠭᠢᠯᠢ ᠶᠢᠨ ᠨᠠᠭᠠᠳᠤᠭᠢ ᠮᠠᠨ ᠤ ᠠᠳᠡ ᠲᠤᠭ᠎ᠠ ᠲᠠᠢ ᠭᠡᠳᠤ ᠯᠡ ᠪᠠᠶᠢᠳᠠᠭ᠃ ᠲᠡᠭᠷᠢ | ᠭᠠᠨᠭ᠍ᠳᠠᠪᠠᠯ ᠲᠠᠳᠡᠨ ᠤ ᠪᠠᠶᠢᠷᠢᠰᠢᠯ ᠨᠢ ᠮᠠᠨ ᠤ ᠬᠢ ᠠᠴᠠ ᠪᠠᠰᠠ ᠬᠤᠶᠢᠨ᠎ᠠ ᠪᠠᠶᠢᠬᠤ ᠲᠤᠯᠠ ᠲᠡᠨᠳᠡᠭᠢ ᠶᠢᠨ ᠡᠪᠡᠰᠤ | ᠪᠡᠯᠴᠢᠭᠡᠷ ᠨᠢ ᠨᠡᠩ ᠮᠠᠭᠤ ᠪᠠᠶᠢᠬᠤ ᠯᠡ ᠶᠤᠰᠤᠳᠠᠢ᠃ | ᠬᠤᠶᠠᠷ ᠲᠤ᠂ ᠲᠤᠮᠳᠠᠳᠤ ᠮᠤᠩᠭᠤᠯ᠂ ᠲᠤᠮᠳᠠᠳᠤ ᠤᠷᠤᠰ ᠤᠨ 10km ᠦᠷᠭᠡᠨ ᠭᠢᠯᠢ ᠶᠢᠨ ᠱᠤᠭᠤᠮ ᠲᠡᠭᠡᠷ᠎ᠡ | ᠲᠠᠯ᠎ᠠ ᠨᠤᠳᠤᠭ ᠤᠨ ᠦᠨᠳᠦᠷᠯᠢᠭ ᠨᠢ ᠮᠦᠨ ᠭᠦ 20 ᠳ᠋ᠤᠭᠠᠷ ᠵᠠᠭᠤᠨ ᠤ ᠲᠠᠪᠢᠭᠠᠳ ᠤᠨ ᠤ ᠭᠡᠪ ᠢᠶᠠᠷ ᠢᠶᠠᠨ | ᠪᠠᠶᠢᠠᠠᠰᠠᠭᠠᠷ᠃ ᠡᠭᠦᠨ ᠠᠴᠠ ᠪᠢᠳᠡ ᠬᠤᠶᠠᠷ ᠶᠠᠪᠤᠳᠠᠯ ᠢ ᠮᠡᠳᠡᠵᠤ ᠪᠤᠯᠤᠨ᠎ᠠ᠃ ᠨᠢᠭᠡ ᠳᠤ ᠡᠪᠡᠰᠤ ᠪᠡᠯᠴᠢᠭᠡᠷ ᠤᠷᠭᠤᠬᠤ | ᠦᠭᠡᠢ ᠨᠢ ᠭᠠᠩ ᠬᠠᠭᠰᠠᠷᠠᠭᠠᠨ ᠠᠴᠠ ᠪᠤᠯᠵᠠᠢ᠃ ᠬᠤᠶᠠᠷ ᠲᠤ᠂ ᠮᠠᠯ ᠰᠦᠷᠦᠭ ᠡᠪᠡᠰᠤ ᠪᠡᠯᠴᠢᠭᠡᠷ ᠢ ᠢᠳᠡᠭᠦ ᠦᠭᠡᠢ | ᠪᠤᠯ ᠡᠪᠡᠰᠤ ᠪᠡᠯᠴᠢᠭᠡᠷ ᠨᠢ ᠭᠡᠳᠡᠷᠭᠦ ᠪᠠᠨ ᠰᠠᠶᠢᠨ ᠤᠷᠭᠤᠳᠠᠭ ᠦᠭᠡᠢ᠂ ᠤᠴᠢᠷ ᠨᠢ ᠤᠯᠠᠨ ᠤ ᠮᠡᠳᠡᠭᠡᠵᠢ ᠪᠠᠷ | ᠭᠢᠯᠢ ᠶᠢᠨ ᠱᠤᠭᠤᠮ ᠲᠡᠭᠡᠷ᠎ᠡ ᠮᠠᠯ ᠰᠦᠷᠦᠭ ᠤᠨ ᠲᠠᠷᠤᠯᠳᠡ ᠦᠭᠡᠢ ᠪᠠᠶᠢᠳᠠᠭ ᠰᠢᠤ᠃ | ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ | ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ |