ᠮᠡᠳᠡᠯᠭᠡ ᠶᠢᠨ ᠰᠠᠩ᠄ ᠭᠦᠷᠤᠰᠤ ᠰᠢᠷᠤᠢ ᠶᠢ ᠬᠠᠮᠠᠭᠠᠯᠠᠬᠤ ᠲᠤᠬᠠᠢ ᠭᠦᠮᠦᠰ ᠤᠨ ᠦᠵᠡᠯ ᠲᠠᠨᠢᠯᠳᠡ ᠶᠢ ᠭᠡᠷᠭᠢᠨ ᠲᠡᠭᠡᠭᠰᠢᠯᠡᠭᠦᠯᠭᠦ ᠪᠤᠢ︖
ᠨᠡᠶᠢᠲᠡᠯᠡᠭᠰᠡᠨ ᠴᠠᠭ᠄
2021/12/8
     ᠲᠡᠤᠭᠡᠨ ᠲᠡᠭᠡᠷ᠎ᠡ ᠨᠡᠭᠦᠳᠡᠯᠴᠢᠨ ᠦᠨᠳᠤᠰᠤᠳᠡᠨ ᠭᠦᠷᠦᠰᠤ ᠬᠠᠮᠠᠭᠠᠯᠠᠬᠤ ᠶᠠᠪᠤᠳᠠᠯ ᠢ ᠲᠠᠯ᠎ᠠ ᠨᠤᠳᠤᠭ ᠤᠨ ᠡᠭᠢ ᠪᠠᠶᠠᠯᠢᠭ ᠪᠤᠯᠤᠨ ᠠᠮᠢ ᠠᠬᠤᠢ ᠶᠢᠨ ᠬᠠᠮᠠᠭᠠᠯᠠᠯᠳᠠ ᠲᠤᠮᠳᠡᠭᠢ ᠬᠠᠮᠤᠭ ᠤᠨ ᠴᠢᠬᠤᠯᠠ ᠶᠠᠪᠤᠳᠠᠯ ᠪᠤᠯᠭᠠᠨ ᠵᠠᠩᠰᠢᠯ ᠤᠨ ᠬᠠᠤᠯᠢ᠂ ᠪᠢᠴᠢᠮᠡᠯ ᠬᠠᠤᠯᠢ ᠪᠠᠷ ᠲᠤᠠᠠᠳᠠᠭᠠᠭᠠᠳ᠂ ᠠᠮᠢᠳᠤᠷᠠᠯ ᠤᠨ ᠵᠠᠩ ᠲᠠᠳᠬᠠᠯ᠂ ᠤᠳᠬ᠎ᠠ ᠵᠤᠭᠢᠶᠠᠯ ᠤᠷᠠᠯᠢᠭ᠂ ᠶᠤᠰᠤ ᠰᠤᠷᠳᠠᠬᠤᠨ ᠤ ᠲᠠᠯ᠎ᠠ ᠪᠠᠷ ᠢᠯᠡᠷᠡᠭᠦᠯᠵᠤ᠂ ᠦᠪᠡᠷᠮᠢᠴᠡ ᠤᠨᠴᠠᠯᠢᠭ ᠪᠦᠭᠦᠢ ᠠᠮᠢ ᠠᠬᠤᠢ ᠶᠢᠨ ᠰᠤᠶᠤᠯ ᠢ ᠪᠤᠢ ᠪᠤᠯᠭᠠᠠᠠᠰᠠᠨ ᠪᠠᠶᠢᠨ᠎ᠠ᠃      ᠡᠶᠢᠮᠤ ᠠᠴᠠ ᠡᠩ ᠲᠠᠷᠢᠭᠦᠨ ᠳᠤ ᠡᠨᠡ ᠬᠦ ᠰᠤᠶᠤᠯ ᠤᠨ ᠤᠯᠠᠮᠵᠢᠯᠡᠯ ᠢ ᠵᠠᠯᠭᠠᠮᠵᠢᠯᠡᠨ ᠭᠦᠭᠵᠢᠭᠦᠯᠵᠤ᠂ ᠭᠦᠷᠦᠰᠤᠨ ᠲᠠᠪᠬᠤᠷᠭ᠎ᠠ ᠶᠢ ᠬᠠᠮᠠᠭᠠᠯᠠᠬᠤ ᠦᠵᠡᠯ ᠲᠠᠨᠢᠯᠳᠡ ᠪᠠᠨ ᠰᠢᠨ᠎ᠠ ᠪᠠᠷ ᠪᠤᠢ ᠪᠤᠯᠭᠠᠬᠤ ᠪᠠ ᠲᠠᠰᠤᠷᠠᠯᠳᠠ ᠦᠭᠡᠢ ᠲᠡᠭᠡᠭᠰᠢᠯᠡᠭᠦᠯᠵᠤ᠂ ᠲᠡᠭᠦᠨ ᠢ ᠪᠠᠨ ᠲᠠᠯ᠎ᠠ ᠨᠤᠳᠤᠭ ᠤᠨ ᠦᠢᠯᠡᠳᠪᠤᠷᠢᠯᠡᠯ ᠠᠮᠢᠳᠤᠷᠠᠯ ᠤᠨ ᠲᠤᠮᠳᠠ ᠨᠠᠶᠢᠳᠠᠪᠤᠷᠢᠵᠢᠭᠤᠯᠵᠤ᠂ ᠰᠢᠨᠵᠢᠯᠡᠭᠦ ᠤᠬᠠᠭᠠᠠᠴᠢ ᠭᠦᠭᠵᠢᠯᠳᠡ ᠶᠢᠨ ᠦᠵᠡᠯᠳᠡ ᠪᠤᠯᠤᠨ ᠭᠦᠮᠦᠨ ᠪᠠᠶᠢᠭᠠᠯᠢ ᠶᠢᠨ ᠵᠤᠭᠢᠴᠠᠯᠳᠤᠨ ᠤᠷᠤᠰᠢᠬᠤ ᠱᠠᠭᠠᠷᠳᠠᠯᠭ᠎ᠠ ᠳᠤ ᠨᠡᠶᠢᠴᠡᠭᠦᠯᠭᠦ ᠭᠡᠷᠡᠭᠳᠡᠢ᠃      ᠲᠠᠷᠠᠭ᠎ᠠ ᠨᠢ ᠤᠷᠴᠢᠨ ᠠᠬᠤᠢ ᠶᠢᠨ ᠬᠤᠪᠢᠷᠠᠯᠳᠠ ᠶᠢ ᠢᠳᠡᠪᠭᠢᠳᠡᠢ ᠲᠠᠭᠠᠵᠤ᠂ ᠨᠤᠳᠤᠭ ᠪᠡᠯᠴᠢᠭᠡᠷ ᠤᠨ ᠤᠷᠭᠤᠮᠠᠯ ᠤᠨ ᠪᠦᠷᠭᠦᠴᠡ ᠦᠪᠠᠷ ᠢᠶᠠᠨ ᠰᠡᠷᠭᠦᠭᠦ ᠳᠤ ᠤᠷᠤᠨ ᠵᠠᠢ ᠤᠯᠭᠤᠨ ᠦᠭᠴᠤ᠂ ᠠᠮᠢ ᠠᠬᠤᠢ ᠶᠢᠨ ᠰᠡᠷᠭᠦᠯᠳᠡ ᠶᠢᠨ ᠦᠶᠡᠯᠡᠯ ᠤᠨ ᠬᠤᠭᠤᠴᠠᠭ᠎ᠠ ᠶᠢ ᠪᠤᠭᠤᠨᠢᠰᠬᠠᠨ᠂ ᠰᠡᠷᠭᠡᠶᠢᠯᠡᠨ ᠵᠠᠰᠠᠬᠤ ᠵᠠᠷᠤᠳᠠᠯ ᠢ ᠠᠷᠪᠢᠯᠡᠵᠤ᠂ ᠤᠳᠤ ᠪᠠᠶᠢᠬᠤ ᠲᠠᠷᠢᠶᠠᠨ ᠭᠠᠵᠠᠷ ᠢ ᠪᠠᠶᠢᠭᠠᠯᠢ ᠶᠢᠨ ᠤᠷᠭᠤᠮᠠᠯ ᠤᠨ ᠪᠦᠷᠭᠦᠴᠡ ᠪᠤᠯᠭᠠᠨ ᠠᠮᠢ ᠠᠬᠤᠢ ᠶᠢᠨ ᠰᠢᠰᠲ᠋ᠧᠮ ᠤᠨ ᠪᠦᠷᠢᠨ ᠪᠦᠳᠦᠨ ᠴᠢᠨᠠᠷ ᠢ ᠰᠡᠷᠭᠦᠭᠡᠵᠤ᠂ ᠲᠠᠯ᠎ᠠ ᠨᠤᠳᠤᠭ ᠤᠨ ᠠᠮᠢ ᠠᠬᠤᠢ ᠶᠢᠨ ᠠᠶᠤᠯ ᠦᠬᠡᠢ ᠪᠠᠶᠢᠬᠤ ᠶᠢ ᠪᠠᠳᠤᠯᠠᠬᠤ ᠭᠡᠷᠡᠭᠳᠡᠢ᠃ ᠪᠡᠯᠴᠢᠭᠡᠷ ᠤᠨ ᠪᠠᠭᠳᠠᠭᠠᠮᠵᠢ ᠶᠢᠨ ᠭᠡᠮᠵᠢᠶ᠎ᠠ ᠶᠢ ᠴᠢᠩᠭ᠎ᠠ ᠭᠢᠵᠠᠭᠠᠷᠯᠠᠬᠤ ᠭᠡᠷᠡᠭᠳᠡᠢ᠃ ᠠᠮᠢ ᠠᠬᠤᠢ ᠶᠢᠨ ᠪᠠᠶᠢᠳᠠᠯ ᠢᠶᠠᠷ ᠠᠶᠤᠯ ᠲᠠᠢ ᠪᠠᠶᠢᠬᠤ ᠭᠠᠵᠠᠷ ᠤᠷᠤᠨ ᠤ ᠪᠠᠭᠳᠠᠭᠠᠮᠵᠢ ᠠᠴᠠ ᠭᠡᠳᠦᠷᠡᠭᠰᠡᠨ ᠰᠠᠭᠤᠭᠠᠯᠢ ᠠᠷᠠᠳ ᠢ ᠨᠡᠭᠦᠯᠭᠡᠵᠤ᠂ ᠲᠤᠠᠠᠳᠠᠭᠠᠠᠠᠰᠠᠨ ᠭᠢᠵᠠᠭᠠᠷᠳᠤ ᠲᠤᠭᠠᠨ ᠤ ᠮᠠᠯ ᠰᠦᠷᠦᠭ ᠢ ᠪᠡᠯᠴᠢᠭᠡᠷᠯᠡᠭᠦᠯᠭᠦ ᠭᠡᠷᠡᠭᠳᠡᠢ᠃ ᠠᠮᠢ ᠠᠬᠤᠢ ᠶᠢᠨ ᠪᠠᠶᠢᠳᠠᠯ ᠭᠡᠴᠡᠭᠦᠳᠡᠭᠰᠡᠨ ᠭᠠᠵᠠᠷ ᠤᠷᠤᠨ ᠳᠤ ᠠᠮᠢ ᠠᠬᠤᠢ ᠶᠢᠨ ᠬᠠᠮᠠᠭᠠᠯᠠᠯᠳᠠ ᠶᠢᠨ ᠲᠤᠭᠤᠷᠢᠭ ᠪᠠᠶᠢᠭᠤᠯᠬᠤ ᠭᠡᠷᠭᠳᠡᠢ᠃ ᠲᠠᠷᠢᠶᠠᠯᠠᠩ ᠠᠵᠤ ᠦᠢᠯᠡᠰ ᠤᠨ ᠪᠦᠳᠦᠴᠡ ᠪᠡ ᠭᠦᠭᠵᠢᠯᠳᠡ ᠶᠢᠨ ᠴᠢᠭᠯᠡᠯ ᠢ ᠲᠤᠭᠢᠷᠠᠭᠤᠯᠵᠤ᠂ ᠠᠮᠢ ᠠᠬᠤᠢ ᠶᠢᠨ ᠬᠠᠮᠠᠭᠠᠯᠠᠯᠳᠡ ᠶᠢᠨ ᠭᠡᠯᠪᠡᠷᠢᠳᠤ ᠮᠠᠯ ᠠᠵᠤ ᠠᠬᠤᠢ ᠶᠢ ᠭᠦᠭᠵᠢᠭᠦᠯᠭᠦ ᠭᠡᠷᠡᠭᠳᠡᠢ᠃ ᠮᠠᠯ ᠠᠵᠤ ᠠᠬᠤᠢ ᠶᠢᠨ ᠦᠢᠯᠡᠳᠪᠤᠷᠢᠯᠡᠯ ᠤᠨ ᠭᠡᠷᠡᠭᠴᠡᠭᠡ ᠶᠢ ᠬᠠᠨᠭ᠍ᠭᠠᠬᠤ ᠪᠠᠷ ᠭᠤᠤᠯ ᠵᠤᠷᠢᠯᠭ᠎ᠠ ᠪᠤᠯᠭᠠᠠᠠᠰᠠᠨ ᠲᠠᠷᠢᠮᠠᠯ ᠤᠨ ᠦᠢᠯᠡᠰ ᠤᠨ ᠤᠷᠤᠨ ᠲᠤᠭᠤᠷᠢᠭ ᠭᠠᠷᠭᠠᠵᠤ᠂ ᠮᠠᠯ ᠠᠵᠤ ᠠᠬᠤᠢ ᠶᠢᠨ ᠭᠦᠭᠵᠢᠯᠳᠡ ᠳᠤ ᠲᠡᠵᠢᠭᠡᠯ ᠪᠤᠷᠳᠤᠭ᠎ᠠ ᠲᠤᠳ᠋ᠬᠠᠳᠠᠵᠤ ᠪᠠᠶᠢᠬᠤ ᠠᠰᠠᠭᠤᠳᠠᠯ ᠢ ᠰᠢᠢᠳᠪᠤᠷᠢᠯᠡᠵᠤ᠂ ᠮᠠᠯ ᠠᠵᠤ ᠠᠬᠤᠢ ᠶᠢᠨ ᠭᠦᠭᠵᠢᠯᠳᠡ ᠶᠢᠨ ᠡᠳᠤᠷ ᠢᠷᠡᠭᠦᠶ᠎ᠠ ᠭᠡᠪᠡᠷᠡᠭᠵᠢᠵᠤ ᠪᠠᠶᠢᠭ᠎ᠠ ᠲᠠᠯ᠎ᠠ ᠨᠤᠳᠤᠭ ᠤᠨ ᠠᠮᠢ ᠠᠬᠤᠢ ᠶᠢᠨ ᠰᠢᠰᠲ᠋ᠧᠮ ᠳᠠᠬᠢ ᠲᠠᠷᠤᠯᠳᠠ ᠶᠢ ᠭᠦᠡᠭᠭᠡᠷᠡᠭᠦᠯᠭᠦ ᠭᠡᠷᠡᠭᠳᠡᠢ᠃      ᠭᠤᠷᠪᠡᠳᠤᠭᠠᠷ ᠲᠤ᠂ ᠨᠠᠷᠡᠨ ᠡᠨᠧᠷᠭᠢ᠂ ᠰᠠᠯᠭᠢᠨ ᠡᠨᠧᠷᠭᠢ ᠪᠠᠷ ᠲᠠᠮᠵᠢᠨ ᠡᠨᠧᠷᠭᠢ ᠶᠢᠨ ᠬᠤᠷᠠᠮᠳᠤᠭᠤᠯᠭ᠎ᠠ ᠶᠢ ᠦᠷᠭᠦᠯᠵᠢᠯᠡᠨ ᠦᠷᠭᠡᠳᠭᠡᠵᠤ᠂ ᠨᠠᠷᠠᠨ ᠤ ᠰᠠᠴᠤᠷᠠᠭ ᠵᠢᠴᠢ ᠰᠠᠯᠭᠢᠨ ᠤ ᠭᠦᠨᠦᠭᠡᠯ ᠢ ᠴᠠᠭᠢᠯᠭᠠᠨ ᠡᠨᠧᠷᠭᠢ ᠪᠤᠯᠭᠠᠬᠤ ᠶᠢ ᠡᠷᠴᠢᠮᠵᠢᠭᠦᠯᠵᠤ᠂ ᠨᠤᠳᠤᠭ ᠪᠡᠯᠴᠢᠭᠡᠷ ᠪᠡ ᠡᠯᠡᠰᠤᠨ ᠤ ᠤᠷᠭᠤᠮᠠᠯ ᠤᠨ ᠪᠦᠷᠭᠦᠴᠡ ᠶᠢ ᠠᠯᠢ ᠴᠢᠳᠠᠬᠤ ᠪᠠᠷ ᠰᠠᠶᠢᠨ ᠬᠠᠮᠠᠭᠠᠯᠠᠵᠤ᠂ ᠲᠡᠭᠦᠨ ᠤ ᠠᠮᠢ ᠠᠬᠤᠢ ᠶᠢᠨ ᠦᠷ᠎ᠡ ᠠᠰᠢᠭ ᠢ ᠨᠢ ᠭᠦᠢᠴᠡᠳ ᠪᠠᠳᠠᠷᠠᠭᠤᠯᠬᠤ ᠭᠡᠷᠡᠭᠳᠡᠢ᠃      ᠲᠦᠷᠪᠡᠳᠦᠭᠡᠷ ᠲᠤ᠂ ᠤᠷᠴᠢᠨ ᠲᠤᠭᠤᠷᠢᠨ ᠳᠤ ᠨᠦᠯᠦᠭᠡ ᠪᠠᠭ᠎ᠠ ᠲᠠᠢ ᠰᠢᠨ᠎ᠠ ᠡᠨᠧᠷᠭᠢ᠂ ᠠᠭᠤᠷᠬᠠᠢ ᠶᠢᠨ ᠭᠠᠷᠤᠯᠳᠠ᠂ ᠪᠤᠭᠢᠷᠳᠤᠯ ᠦᠭᠡᠢ ᠢᠳᠡᠭᠡᠨ᠂ ᠠᠮᠢ ᠠᠬᠤᠢ ᠶᠢᠨ ᠰᠤᠶᠤᠯ ᠤᠨ ᠵᠢᠭᠤᠯᠴᠢᠯᠠᠯ ᠤᠨ ᠠᠵᠤ ᠦᠢᠯᠡᠰ ᠢ ᠶᠡᠭᠡ ᠪᠠᠷ ᠲᠡᠳᠭᠦᠵᠤ᠂ ᠨᠤᠳᠤᠭ ᠪᠡᠯᠴᠢᠭᠡᠷ ᠤᠨ ᠠᠮᠢ ᠠᠬᠤᠢ ᠶᠢᠨ ᠤᠠᠴᠠᠯᠢᠭ ᠲᠤ ᠲᠤᠭᠢᠷᠬᠠᠰᠠᠨ ᠡᠷᠭᠢᠯᠳᠡᠳᠤ ᠠᠵᠤ ᠠᠬᠤᠢ ᠶᠢᠨ ᠭᠦᠭᠵᠢᠯᠳᠡ ᠶᠢᠨ ᠦᠯᠢᠭᠡᠷ ᠭᠡᠪ ᠢ ᠡᠷᠢᠯᠭᠢᠯᠡᠭᠦ ᠭᠡᠷᠡᠭᠳᠡᠢ᠃      ᠲᠠᠪᠤᠳᠤᠭᠠᠷ ᠲᠤ᠂ ᠮᠠᠯ ᠤᠨ ᠡᠭᠦᠯᠳᠡᠷ ᠢ ᠰᠠᠶᠢᠵᠢᠷᠠᠭᠤᠯᠬᠤ᠂ ᠡᠯᠡᠰᠦᠷᠭᠡᠭᠵᠢᠯ ᠢ ᠵᠠᠰᠠᠬᠤ᠂ ᠡᠪᠡᠰᠤᠨ ᠦᠷ᠎ᠡ ᠶᠢ ᠰᠢᠯᠢᠳᠡᠭᠵᠢᠭᠦᠯᠭᠦ᠂ ᠬᠤᠯᠤᠭᠠᠨ᠎ᠠ ᠶᠢᠨ ᠭᠦᠨᠦᠭᠡᠯ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠬᠢ ᠬᠠᠮᠢᠶ᠎ᠠ ᠪᠦᠭᠦᠢ ᠲᠤᠰᠬᠠᠢ ᠴᠢᠳᠠᠪᠤᠷᠢᠳᠡᠨ ᠢ ᠭᠦᠮᠦᠵᠢᠭᠦᠯᠭᠦ ᠪᠡ ᠰᠢᠨᠵᠢᠯᠡᠭᠦ ᠤᠬᠠᠭᠠᠨ ᠮᠡᠷᠭᠡᠵᠢᠯ ᠤᠨ ᠲᠠᠪᠰᠢᠯᠳᠡ ᠪᠤᠯᠤᠨ ᠲᠡᠭᠦᠨ ᠢ ᠤᠯᠠᠷᠢᠭᠤᠯᠬᠤ ᠶᠢ ᠲᠦᠷᠭᠡᠳᠭᠡᠵᠤ᠂ ᠦᠷᠭᠡᠨ ᠤᠯᠠᠨ ᠮᠠᠯᠵᠢᠬᠤ ᠤᠷᠤᠨ ᠤ ᠭᠡᠷᠡᠭᠴᠡᠭᠡ ᠳᠤ ᠲᠤᠭᠢᠷᠠᠭᠤᠯᠵᠤ ᠂ ᠡᠯᠡᠰᠦᠷᠭᠡᠭᠵᠢᠯ ᠢ ᠵᠠᠰᠠᠬᠤ ᠡᠷᠴᠢᠮ ᠢᠶᠠᠨ ᠴᠢᠩᠭᠠᠯᠠᠬᠤ ᠭᠡᠷᠡᠭᠳᠡᠢ᠃      ︵ᠢᠷᠡᠯᠲᠡ᠄ ᠪᠦᠷᠢᠨᠪᠠᠶᠠᠷ᠂ ᠮᠦᠩᠬᠡᠪᠠᠭᠠᠲᠤᠷ᠂ ᠬᠤᠩ ᠮᠧᠢ ᠨᠠᠷ ᠤᠨ ᠨᠠᠶᠢᠷᠠᠭᠤᠯᠤᠭᠰᠠᠨ ︽ᠮᠠᠯᠵᠢᠯ ᠤᠨ ᠮᠡᠳᠡᠯᠭᠡ ᠮᠡᠷᠭᠡᠵᠢᠯ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶
 
ᠢᠷᠡᠯᠲᠡ᠄ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠣᠢ ᠰᠢᠭᠤᠢ ᠪᠠ ᠨᠤᠲᠤᠭ ᠪᠡᠯᠴᠢᠭᠡᠷ ᠤᠨ ᠲᠢᠩᠬᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号