1. ᠵᠣᠬᠢᠰᠲᠠᠢ ᠪᠠᠷᠢᠯᠠᠭᠤᠯᠬᠤ᠃ | ᠲᠠᠷᠢᠮᠠᠯ ᠢ ᠵᠣᠬᠢᠰᠲᠠᠢ ᠪᠠᠶᠢᠷᠢᠯᠠᠭᠤᠯᠬᠤ ᠨᠢ ᠲᠠᠷᠢᠮᠠᠯ ᠤᠨ ᠤᠨᠠᠯᠲᠠ ᠶᠢ ᠨᠡᠮᠡᠭᠳᠡᠭᠦᠯᠬᠦ ᠳᠤ ᠠᠰᠢᠭᠲᠠᠢ ᠪᠠᠷ | ᠪᠠᠷᠠᠬᠤ ᠦᠭᠡᠢ ᠬᠦᠨᠦᠭᠡᠯᠲᠦ ᠠᠮᠢᠳᠤ ᠪᠤᠳᠠᠰ ᠤᠨ ᠡᠭᠦᠰᠬᠦ ᠪᠠ ᠳᠡᠯᠭᠡᠷᠡᠬᠦ ᠶᠢ ᠬᠢᠵᠠᠭᠠᠷᠯᠠᠬᠤ ᠳᠤ ᠠᠰᠢᠭᠲᠠᠢ ᠪᠠᠶᠢᠳᠠᠭ᠃ | ᠬᠦᠨᠦᠭᠡᠯᠲᠦ ᠠᠮᠢᠳᠤ ᠪᠤᠳᠠᠰ ᠢ ᠵᠠᠰᠠᠬᠤ ᠲᠠᠯ᠎ᠠ ᠠᠴᠠ ᠦᠵᠡᠪᠡᠯ ᠳᠤᠤᠷᠠᠬᠢ ᠬᠡᠳᠦᠨ ᠵᠦᠢᠯ ᠢ ᠪᠠᠷᠢᠮᠲᠠᠯᠠᠬᠤ ᠬᠡᠷᠡᠭᠲᠡᠢ | ᠃ | ⑴ ᠠᠳᠠᠯᠢ ᠨᠢᠭᠡ ᠲᠦᠷᠦᠯ ᠤᠨ ᠬᠦᠨᠦᠭᠡᠯᠲᠦ ᠠᠮᠢᠳᠤ ᠪᠤᠳᠠᠰ ᠲᠠᠢ ᠠᠳᠠᠯᠢ ᠪᠤᠰᠤ ᠲᠠᠷᠢᠮᠠᠯ ᠪᠣᠶᠣ | ᠬᠦᠨᠦᠭᠡᠭᠳᠡᠬᠦ ᠰᠤᠷᠭᠤᠭ ᠬᠤᠭᠤᠴᠠᠭ᠎ᠠ ᠨᠢ ᠠᠳᠠᠯᠢ ᠪᠤᠰᠤ ᠪᠣᠯᠬᠤ ᠠᠳᠠᠯᠢ ᠵᠦᠢᠯ ᠤᠨ ᠲᠠᠷᠢᠮᠠᠯ ᠢ ᠬᠡᠰᠡᠭ ᠬᠡᠰᠡᠭ ᠢᠶᠠᠷ | ᠲᠠᠷᠢᠵᠤ ᠪᠣᠯᠬᠤ ᠦᠭᠡᠢ᠃ ᠴᠢᠨᠠᠭᠰᠢᠯᠠᠨ ᠬᠦᠨᠦᠭᠡᠯᠲᠦ ᠠᠮᠢᠳᠤ ᠪᠤᠳᠠᠰ ᠤᠨ ᠠᠰᠢᠭᠲᠠᠢ ᠲᠠᠷᠬᠠᠬᠤ ᠪᠣᠶᠣ ᠨᠡᠭᠦᠳᠡᠯᠯᠡᠨ | ᠲᠠᠷᠬᠠᠬᠤ ᠬᠡᠪᠴᠢᠶᠡᠨ ᠳᠤᠲᠤᠷ᠎ᠠ ᠪᠠᠶᠢᠷᠢᠯᠠᠭᠤᠯᠤᠨ᠎ᠠ᠃ | ⑵ ᠠᠳᠠᠯᠢ ᠪᠤᠰᠤ ᠬᠦᠨᠦᠭᠡᠯᠲᠦ ᠠᠮᠢᠳᠤ ᠪᠤᠳᠠᠰ ᠤᠨ ᠲᠦᠷᠦᠯ ᠵᠦᠢᠯ ᠲᠠᠢ ᠪᠣᠯᠪᠠᠴᠤ ᠬᠦᠨᠦᠭᠡᠯᠲᠦ ᠠᠮᠢᠳᠤ | ᠪᠤᠳᠠᠰ ᠨᠢ ᠠᠳᠠᠯᠢᠬᠠᠨ ᠳᠠᠷᠤᠯᠭ᠎ᠠ ᠲᠠᠢ ᠲᠠᠷᠢᠮᠠᠯ ᠤᠨ ᠵᠦᠢᠯ ᠢ ᠬᠡᠰᠡᠭ ᠬᠡᠰᠡᠭ ᠢᠶᠠᠷ ᠲᠠᠷᠢᠬᠤ ᠪᠤᠶᠤ ᠠᠯᠠᠭᠯᠠᠨ | ᠲᠠᠷᠢᠪᠠᠯ ᠬᠦᠨᠦᠭᠡᠯᠲᠦ ᠠᠮᠢᠳᠤ ᠪᠤᠳᠠᠰ ᠢ ᠬᠢᠵᠠᠭᠠᠷᠯᠠᠬᠤ ᠳᠤ ᠠᠰᠢᠭᠲᠠᠢ᠂ ᠵᠢᠱᠢᠶᠡᠯᠡᠪᠡᠯ ᠪᠤᠭᠤᠳᠠᠢ᠂ ᠰᠢᠯᠢᠮᠳᠡᠭ | ᠵᠡᠷᠭᠡ ᠨᠢ ᠠᠳᠠᠯᠢ ᠪᠤᠰᠤ ᠲᠦᠷᠦᠯ ᠤᠨ ᠪᠠᠭᠠᠷᠠᠩ ᠬᠤᠷᠤᠬᠠᠢ ᠲᠠᠢ ᠪᠠᠶᠢᠭᠰᠠᠨ ᠴᠤ ᠪᠠᠭᠠᠷᠠᠩ ᠬᠤᠷᠤᠬᠠᠢ ᠨᠢ | ᠬᠠᠮᠲᠤ ᠶᠢᠨ ᠳᠠᠷᠤᠯᠭ᠎ᠠ ᠲᠠᠢ᠃ | 2. ᠵᠣᠬᠢᠰᠲᠠᠢ ᠪᠠᠷ ᠡᠭᠡᠯᠵᠢᠯᠡᠨ ᠲᠠᠷᠢᠬᠤ ᠪᠠ ᠠᠯᠠᠭᠯᠠᠨ ᠲᠠᠷᠢᠨ᠎ᠠ᠃ | ᠵᠣᠬᠢᠰᠲᠠᠢ ᠪᠠᠷ ᠡᠭᠡᠯᠵᠢᠯᠡᠨ ᠲᠠᠷᠢᠬᠤ ᠪᠠ ᠠᠯᠠᠭᠯᠠᠨ ᠲᠠᠷᠢᠬᠤ ᠨᠢ ᠬᠦᠷᠦᠰᠦᠨ ᠤ ᠰᠢᠮ᠎ᠡ ᠲᠡᠵᠢᠭᠡᠯ ᠪᠠ | ᠭᠡᠷᠡᠯ ᠤᠨ ᠡᠨᠧᠷᠭᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ ᠤᠨᠠᠯᠲᠠ ᠶᠢ ᠨᠡᠮᠡᠭᠳᠡᠭᠦᠯᠬᠦ ᠪᠠᠷ ᠪᠠᠷᠠᠬᠤ ᠦᠭᠡᠢ | ᠪᠠᠰᠠ ᠬᠦᠨᠦᠭᠡᠯᠲᠦ ᠠᠮᠢᠳᠤ ᠪᠤᠳᠠᠰ ᠤᠨ ᠢᠳᠡᠰᠢ ᠪᠣᠶᠣ ᠮᠦᠯᠵᠢᠭᠳᠡᠭᠴᠢ ᠶᠢᠨ ᠬᠠᠩᠭᠠᠯᠭ᠎ᠠ ᠶᠢᠨ ᠭᠢᠨᠵᠢ ᠶᠢ ᠲᠠᠰᠣᠯᠵᠣ᠂ | ᠬᠦᠨᠦᠭᠡᠯᠲᠦ ᠠᠮᠢᠳᠤ ᠪᠤᠳᠠᠰ ᠤᠨ ᠲᠤᠭᠠᠨ ᠤ ᠨᠡᠮᠡᠭᠳᠡᠯ ᠢ ᠬᠢᠵᠠᠭᠠᠷᠯᠠᠬᠤ ᠶᠢᠨ ᠬᠠᠮᠲᠤ ᠲᠠᠷᠢᠮᠠᠯ ᠤᠨ ᠬᠤᠭᠤᠷᠤᠨᠳᠤᠬᠢ | ᠳᠠᠷᠣᠯᠭ᠎ᠠ ᠶᠢᠨ ᠳᠦᠷᠰᠦ ᠶᠢᠨ ᠰᠦᠷᠦᠭ ᠤᠨ ᠬᠠᠷᠢᠯᠴᠠᠨ ᠰᠢᠯᠵᠢᠬᠦ ᠳᠤ ᠠᠰᠢᠭᠲᠠᠢ ᠪᠠᠶᠢᠵᠤ᠂ ᠠᠮᠢ ᠠᠬᠤᠢ ᠶᠢᠨ | ᠰᠢᠰᠲ᠋ᠧᠮ ᠤᠨ ᠬᠦᠨᠦᠭᠡᠯᠲᠦ ᠠᠮᠢᠳᠤ ᠪᠤᠳᠠᠰ ᠲᠠᠬᠢ ᠠᠶᠠᠨᠳᠠᠭᠠᠨ ᠤ ᠬᠢᠵᠠᠭᠠᠷᠯᠠᠬᠤ ᠴᠢᠳᠠᠪᠤᠷᠢ ᠶᠢ ᠴᠢᠩᠭᠠᠳᠬᠠᠨ᠎ᠠ᠃ | ᠡᠶᠢᠮᠦ ᠠᠴᠠ ᠠᠯᠠᠭᠯᠠᠨ ᠲᠠᠷᠢᠬᠤ ᠨᠢ ᠨᠢᠭᠡ ᠲᠦᠷᠦᠯ ᠤᠨ ᠮᠠᠰᠢ ᠠᠰᠢᠭᠲᠠᠢ ᠰᠢᠪᠡᠵᠢ ᠰᠡᠷᠭᠡᠶᠢᠯᠡᠬᠦ ᠮᠡᠷᠭᠡᠵᠢᠯ ᠪᠣᠯᠬᠤ | ᠪᠣᠯᠣᠮᠵᠢᠲᠠᠢ᠃ ᠪᠤᠭᠤᠳᠠᠢ ᠪᠣᠶᠣ ᠡᠪᠦᠯᠵᠢᠬᠦ ᠨᠤᠭᠤᠭᠠᠨ ᠪᠤᠷᠳᠤᠭᠤᠷ ᠬᠢᠭᠡᠳ ᠬᠦᠪᠦᠩ ᠢ ᠠᠯᠠᠭᠯᠠᠨ ᠲᠠᠷᠢᠪᠠᠯ | ᠬᠦᠪᠦᠩ ᠤᠨ ᠴᠢᠬᠢᠯᠡᠬᠦ ᠬᠤᠭᠤᠴᠠᠭᠠᠨ ᠳᠠᠬᠢ ᠪᠠᠭᠠᠷᠠᠩ ᠬᠤᠷᠤᠬᠠᠢ ᠶᠢᠨ ᠬᠦᠨᠦᠭᠡᠯ ᠢ ᠨᠡᠯᠢᠶᠡᠳ ᠰᠠᠶᠢᠨ ᠬᠢᠵᠠᠭᠠᠷᠯᠠᠵᠤ | ᠴᠢᠳᠠᠨ᠎ᠠ᠃ | ︵ᠢᠷᠡᠯᠲᠡ᠄ ᠰᠢ ᠶᠢᠩ ᠤᠨ ᠨᠠᠶᠢᠷᠠᠭᠤᠯᠤᠭᠰᠠᠨ ︽ᠤᠷᠭᠤᠮᠠᠯ ᠤᠨ ᠡᠪᠡᠳᠴᠢᠨ ᠬᠤᠷᠤᠬᠠᠢ ᠡᠪᠡᠰᠦᠨ ᠤ | ᠬᠦᠨᠦᠭᠡᠯ ᠢ ᠬᠢᠵᠠᠭᠠᠷᠯᠠᠬᠤ ᠠᠰᠠᠭᠤᠯᠲᠠ ᠬᠠᠷᠢᠭᠤᠯᠲᠠ︾ ᠭᠡᠬᠦ ᠨᠤᠮ ᠠᠴᠠ ᠰᠤᠩᠭᠤᠨ ᠰᠡᠶᠢᠷᠡᠭᠦᠯᠪᠡ᠃︶ |