ᠮᠠᠨ ᠤ ᠬᠤᠰᠢᠭᠤ ᠵᠢᠯᠣᠭᠤᠴᠢ ᠥᠬᠡᠶ ᠨᠢᠰᠬᠡᠯ ᠢᠶᠠᠷ ᠬᠤᠯᠤᠭᠠᠨ᠎ᠠ ᠶᠢᠨ ᠬᠢᠵᠢᠭ ᠢ ᠪᠠᠶᠢᠴᠠᠭᠠᠵᠦ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ ᠪᠤᠢ
ᠨᠡᠶᠢᠲᠡᠯᠡᠭᠰᠡᠨ ᠴᠠᠭ᠄
2021/2/2
       ᠬᠤᠯᠤᠭᠠᠨ᠎ᠠ ᠶᠢᠨ ᠬᠢᠵᠢᠭ ᠤᠨ ᠳᠠᠯᠳᠠ ᠠᠶᠤᠯ ᠲᠦᠭᠰᠢᠭᠦᠷᠢ ᠶᠢ ᠡᠷᠳ᠋ᠨ ᠢᠯᠡᠷᠡᠬᠦᠯᠦᠨ᠂ ᠢᠯᠭᠠᠨ ᠳᠠᠨᠢᠬᠤ ᠪᠠ ᠦᠨᠡᠯᠡᠨ ᠵᠢᠱᠢᠵᠦ᠂ ᠬᠤᠯᠤᠭᠠᠨ᠎ᠠ ᠶᠢᠨ ᠬᠢᠵᠢᠭ ᠤᠨ ᠲᠡᠦᠬᠡ ᠶᠢᠨ ᠡᠭᠦᠰᠦᠯ ᠤᠨ ᠭᠠᠵᠠᠷ ᠲᠠᠬᠢ ᠬᠤᠯᠤᠭᠠᠨ᠎ᠠ ᠶᠢᠨ ᠬᠢᠵᠢᠭ ᠤᠨ ᠪᠠᠶᠢᠳᠠᠯ ᠢ ᠬᠢᠨᠠᠨ ᠬᠡᠮᠵᠢᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2021 ᠣᠨ ᠤ 1 ᠰᠠᠷ᠎ᠠ ᠠᠴᠠ 3 ᠰᠠᠷ᠎ᠠ ᠪᠣᠯᠲᠠᠯ᠎ᠠ ᠬᠤᠯᠤᠭᠠᠨ᠎ᠠ ᠶᠢᠨ ᠬᠢᠵᠢᠭ  ᠢ ᠬᠢᠨᠠᠨ ᠬᠡᠮᠵᠢᠬᠦ ᠠᠵᠢᠯ ᠤᠨ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ  ᠤᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ 1 ᠰᠠᠷ᠎ᠠ ᠶᠢᠨ 29 ᠤ ᠡᠳᠦᠷ᠂ ᠬᠤᠰᠢᠭᠤᠨ ᠤ ᠬᠢᠵᠢᠭ ᠡᠪᠡᠳᠴᠢᠨ  ᠢ ᠰᠡᠷᠭᠡᠶᠢᠯᠡᠨ ᠡᠵᠡᠮᠳᠡᠬᠦ ᠲᠥᠪ ᠵᠢᠯᠣᠭᠤᠴᠢ ᠥᠬᠡᠶ ᠨᠢᠰᠬᠡᠯ ᠢᠶᠠᠷ ᠬᠠᠪᠤᠷ ᠤᠨ ᠤᠯᠠᠷᠢᠯ ᠤᠨ ᠬᠤᠯᠤᠭᠠᠨ᠎ᠠ ᠶᠢᠨ ᠬᠢᠵᠢᠭ ᠤᠨ ᠲᠡᠦᠬᠡ ᠶᠢᠨ ᠪᠠᠶᠢᠭᠠᠯᠢ ᠶᠢᠨ ᠬᠢᠵᠢᠭ ᠤᠨ ᠡᠭᠦᠰᠦᠯ ᠤᠨ ᠭᠠᠵᠠᠷ ᠲᠤ ᠬᠦᠷᠴᠦ ᠬᠢᠵᠢᠭ ᠤᠨ ᠪᠠᠶᠢᠴᠠᠭᠠᠯᠲᠠ ᠬᠢᠪᠡ᠃
       ᠡᠨᠡ ᠨᠢ ᠲᠤᠰ ᠵᠢᠯ ᠳᠤ ᠠᠩᠬ᠎ᠠ ᠤᠳᠠᠭ᠎ᠠ ᠵᠢᠯᠣᠭᠤᠴᠢ ᠥᠬᠡᠶ ᠨᠢᠰᠬᠡᠯ ᠢ ᠠᠰᠢᠭᠯᠠᠨ ᠬᠤᠯᠤᠭᠠᠨ᠎ᠠ ᠶᠢᠨ ᠬᠢᠵᠢᠭ ᠢ ᠪᠠᠶᠢᠴᠠᠭᠠᠵᠦ ᠪᠤᠢ᠂ ᠵᠢᠯᠣᠭᠤᠴᠢ ᠥᠬᠡᠶ ᠨᠢᠰᠬᠡᠯ ᠤᠨ ᠨᠢᠰᠦᠯᠲᠡ ᠶᠢᠨ ᠵᠠᠮ ᠮᠦᠷ᠂ ᠬᠥᠳᠡᠯᠦᠩᠭᠦᠶ ᠲᠤᠭ᠎ᠠ ᠪᠠᠷᠢᠮᠲᠠ ᠶᠢ ᠴᠤᠭᠯᠠᠭᠤᠯᠬᠤ ᠪᠠᠷ ᠳᠠᠮᠵᠢᠨ᠂ ᠪᠠᠶᠢᠴᠠᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠬᠦᠯᠬᠦ ᠪᠠᠷ ᠪᠠᠷᠠᠬᠤ ᠥᠬᠡᠶ᠂ ᠪᠠᠰᠠ ᠠᠵᠢᠯᠲᠠᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠯᠲᠠ ᠳᠤ ᠠᠰᠢᠭᠲᠠᠶ ᠪᠠᠶᠢᠳᠠᠭ᠃
       ᠠᠵᠢᠯᠲᠠᠳ ᠵᠢᠯᠣᠭᠤᠴᠢ ᠥᠬᠡᠶ ᠨᠢᠰᠬᠡᠯ ᠢᠶᠠᠷ ᠠᠯᠳ᠋ᠬᠠᠮᠡᠭᠡᠯ ᠪᠠᠯᠭᠠᠰᠦ ᠶᠢᠨ ᠪᠠᠷᠠᠭᠤᠨ ᠰᠦᠮ᠎ᠡ ᠶᠢᠨ ᠵᠡᠭᠦᠨ ᠭᠡᠰᠡᠭ ᠤᠨ ᠣᠶᠢᠷᠠᠯᠴᠠᠭ᠎ᠠ 5 ᠲᠡᠭᠰᠢ ᠳᠥᠷᠪᠡᠯᠵᠢᠨ ᠺᠢᠯᠣᠮᠧᠲᠷ ᠤᠨ ᠬᠡᠪᠴᠢᠶᠡᠨ ᠳᠣᠲᠣᠷ᠎ᠠ ᠦᠬᠦᠭᠰᠡᠨ ᠬᠤᠯᠤᠭᠠᠨ᠎ᠠ᠂ ᠬᠡᠭᠡᠷ᠎ᠡ ᠶᠢᠨ ᠲᠠᠤᠯᠠᠶ ᠵᠢᠴᠢ ᠪᠤᠰᠤᠳ ᠦᠬᠦᠭᠰᠡᠨ ᠠᠮᠢᠲᠠᠨ ᠢ ᠬᠠᠶᠢᠨ ᠪᠠᠶᠢᠴᠠᠭᠠᠬᠤ ᠪᠠᠷ ᠭᠤᠤᠯᠳᠠᠭᠤᠯᠵᠦ᠂ ᠦᠬᠦᠭᠰᠡᠨ ᠬᠤᠯᠤᠭᠠᠨ᠎ᠠ᠂ ᠬᠡᠭᠡᠷ᠎ᠡ ᠶᠢᠨ ᠲᠠᠤᠯᠠᠶ ᠵᠢᠴᠢ ᠪᠤᠰᠤᠳ ᠦᠬᠦᠭᠰᠡᠨ ᠠᠮᠢᠲᠠᠨ ᠢ ᠣᠯᠵᠤ ᠮᠡᠳᠡᠭᠰᠡᠨ ᠥᠬᠡᠶ᠃
       ᠬᠤᠯᠤᠭᠠᠨ᠎ᠠ ᠶᠢᠨ ᠬᠢᠵᠢᠭ ᠤᠨ ᠡᠩ ᠤᠨ ᠬᠢᠨᠠᠨ ᠬᠡᠮᠵᠢᠯᠳᠡ ᠬᠢᠬᠦ ᠪᠠ ᠰᠠᠨᠠᠭᠠᠴᠢᠯᠠᠭ᠎ᠠ ᠠᠴᠠ ᠪᠠᠨ ᠬᠢᠨᠠᠨ ᠬᠡᠮᠵᠢᠬᠦ ᠪᠠᠷ ᠳᠠᠮᠵᠢᠨ᠂ ᠬᠤᠯᠤᠭᠠᠨ᠎ᠠ ᠶᠢᠨ ᠬᠤᠭᠤᠷᠣᠨᠳᠣᠬᠢ ᠬᠢᠵᠢᠭ ᠤᠨ ᠪᠠᠶᠢᠳᠠᠯ ᠢ ᠡᠷᠳ᠋ᠨ ᠢᠯᠡᠷᠡᠭᠦᠯᠵᠦ᠂ ᠬᠢᠵᠢᠭ  ᠤᠨ ᠪᠠᠶᠢᠳᠠᠯ ᠪᠠ ᠬᠠᠨᠳᠤᠰᠢ ᠶᠢ ᠴᠠᠭ ᠲᠤᠬᠠᠶ ᠳᠤᠨᠢ ᠡᠵᠡᠮᠰᠢᠵᠦ᠂ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ  ᠢ ᠤᠷᠢᠳᠴᠢᠯᠠᠨ ᠵᠢᠱᠢᠵᠦ ᠰᠡᠷᠡᠮᠵᠢᠯᠡᠭᠦᠯᠬᠦ ᠪᠠ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠲᠣᠭᠲᠠᠭᠠᠬᠤ ᠳᠤ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠬᠤ ᠪᠤᠯᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号