ᠬᠡᠰᠢᠬᠦᠨ ᠪᠠᠳᠮ᠎ᠠ᠄ ᠮᠠᠯᠵᠢᠬᠤ ᠤᠷᠤᠨ ᠤ ᠴᠢᠮᠡᠭᠡ ᠬᠤᠯᠪᠤᠭ᠎ᠠ ᠰᠦᠯᠵᠢᠶᠡᠨ ᠤ ᠲᠤᠬᠢᠶ᠎ᠠ ᠶᠢᠨ ᠪᠦᠷᠬᠦᠴᠡ ᠶᠢ ᠦᠷᠭᠡᠳᠬᠡᠪᠡᠯ ᠵᠤᠬᠢᠨ᠎ᠠ
ᠨᠡᠶᠢᠲᠡᠯᠡᠭᠰᠡᠨ ᠴᠠᠭ᠄
2021/2/24
       2021 ᠤᠨ ᠤ ᠪᠦᠬᠦ ᠬᠤᠳᠠ ᠶᠢᠨ ︽ᠬᠤᠶᠠᠷ ᠬᠤᠷᠠᠯ︾ ᠤᠨ ᠬᠤᠭᠤᠴᠠᠭᠠᠨ ᠳᠤ ᠰᠤᠷᠪᠤᠯᠵᠢᠯᠠᠭᠴᠢ ᠬᠤᠳᠠ ᠶᠢᠨ ᠤᠯᠤᠰ ᠲᠦᠷᠦ ᠶᠢᠨ ᠵᠦᠪᠯᠡᠯᠬᠡᠨ ᠤ ᠬᠡᠰᠢᠬᠦᠨ᠂ ᠰᠢᠨ᠎ᠠ ᠪᠠᠷᠭᠤ ᠪᠠᠷᠠᠭᠤᠨ ᠬᠤᠰᠢᠭᠤᠨ ᠤ ᠲᠠᠯ᠎ᠠ ᠨᠤᠲᠤᠭ ᠤᠨ ᠠᠵᠢᠯ ᠤᠨ ᠦᠷᠳᠡᠬᠡᠨ ᠤ ᠠᠵᠢᠯᠳᠠᠨ ᠪᠠᠳᠮ᠎ᠠ ᠶᠢ ᠰᠤᠷᠪᠤᠯᠵᠢᠯᠠᠵᠤ᠂ ᠲᠡᠬᠦᠨ ᠤ ᠡᠨᠡ ᠵᠢᠯ ᠤᠨ ᠲᠤᠷᠠᠳᠴᠦ ᠪᠠᠶᠢᠭ᠎ᠠ ᠰᠠᠨᠠᠯ ᠲᠤᠷᠠᠲᠤᠯᠭ᠎ᠠ ᠶᠢᠨ ᠬᠢᠨᠢ ᠲᠤᠬᠠᠢ ᠤᠢᠢᠯᠠᠭᠠᠵᠤ ᠪᠢᠯᠡ᠃        ᠬᠡᠰᠢᠬᠦᠨ ᠪᠠᠳᠮ᠎ᠠ ᠤᠯᠤᠰ ᠲᠦᠷᠦ ᠶᠢᠨ ᠵᠦᠪᠯᠡᠯᠬᠡᠨ ᠤ ᠬᠦᠯᠦᠨ ᠪᠤᠶᠢᠷ ᠬᠤᠳᠠ ᠶᠢᠨ ᠲᠦᠷᠪᠡᠲᠦᠬᠡᠷ ᠬᠤᠭᠤᠴᠠᠭᠠᠨ ᠤ ᠬᠤᠷᠢᠶᠠᠨ ᠤ ᠲᠦᠷᠪᠡᠲᠦᠬᠡᠷ ᠬᠤᠷᠠᠯ ᠳᠤ ︽ᠮᠠᠯᠵᠢᠬᠤ ᠤᠷᠤᠨ ᠤ ᠴᠢᠮᠡᠭᠡ ᠬᠤᠯᠪᠤᠭ᠎ᠠ᠂ ᠰᠦᠯᠵᠢᠶᠡᠨ ᠤ ᠲᠤᠬᠢᠶ᠎ᠠ ᠶᠢᠨ ᠪᠦᠷᠬᠦᠴᠡ ᠶᠢ ᠦᠷᠭᠡᠳᠭᠡᠪᠡᠯ ᠵᠤᠬᠢᠬᠤ ᠲᠤᠬᠠᠢ︾ ᠰᠠᠨᠠᠯ ᠲᠤᠷᠠᠲᠤᠯᠭ᠎ᠠ ᠪᠠᠨ ᠲᠡᠪᠰᠢᠬᠦᠯᠬᠦ ᠪᠠᠷ ᠪᠠᠶᠢᠨ᠎ᠠ᠃        ᠤᠲᠤᠬᠠᠨ ᠳᠤ ᠬᠦᠮᠦᠰ ᠤᠨ ᠡᠲᠦᠷ ᠲᠤᠲᠤᠮ ᠤᠨ ᠠᠮᠢᠲᠤᠷᠠᠯ ᠳᠤ ᠬᠡᠷᠡᠭᠯᠡᠭᠳᠡᠵᠦ ᠪᠠᠶᠢᠭ᠎ᠠ ᠡᠯᠧᠺᠲᠷᠣᠨ ᠪᠦᠲᠦᠬᠡᠭᠳᠡᠬᠦᠨ ᠨᠢ ᠰᠦᠯᠵᠢᠶᠡᠨ ᠠᠴᠠ ᠰᠠᠯᠵᠤ ᠴᠢᠳᠠᠬᠤ ᠦᠬᠡᠢ᠂ ᠰᠦᠯᠵᠢᠶᠡᠨ ᠤ ᠲᠤᠬᠢᠶ᠎ᠠ ᠰᠠᠶᠢᠨ ᠪᠠᠶᠢᠮᠠᠨᠵᠢᠨ ᠡᠳᠡᠬᠡᠷ ᠤᠨ ᠦᠢᠯᠡᠳᠦᠯ ᠢ ᠬᠦᠢᠴᠡᠳ ᠪᠠᠳᠠᠷᠠᠭᠤᠯᠵᠤ ᠴᠢᠳᠠᠳᠠᠭ᠃ ᠭᠠᠷ ᠤᠳᠠᠰᠤ ᠪᠠᠷ ᠠᠪᠴᠦ ᠬᠡᠯᠡᠬᠦ ᠳᠤ ᠴᠢᠮᠡᠭᠡ ᠬᠤᠯᠪᠤᠭ᠎ᠠ ᠰᠠᠶᠢᠨ ᠪᠤᠯ ᠤᠳᠠᠰᠤ ᠠᠪᠴᠦ ᠬᠠᠷᠢᠯᠴᠠᠵᠤ ᠲᠡᠶᠢᠯᠬᠦ ᠮᠦᠷᠳᠡᠬᠡᠨ ᠰᠦᠯᠵᠢᠶᠡᠨ ᠳᠤ ᠭᠠᠷᠴᠦ ᠡᠯ᠎ᠠ ᠵᠦᠢᠯ ᠤᠨ ᠰᠤᠷᠠᠭ ᠵᠠᠩᠭᠢ ᠬᠠᠶᠢᠨ ᠦᠵᠡᠵᠤ ᠪᠤᠯᠳᠠᠭ᠃
               ᠰᠢᠨ᠎ᠠ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠬᠡᠷ ᠦᠷᠬᠡᠨ ᠠᠭᠤᠳᠠᠮ ᠪᠤᠯᠬᠤᠷ ᠰᠦᠯᠵᠢᠶᠡᠨ ᠤ ᠲᠤᠬᠢᠶ᠎ᠠ ᠶᠢᠨ ᠦᠷᠳᠡᠬᠡᠨ ᠤ ᠪᠠᠶᠢᠭᠤᠯᠤᠯᠳᠠ ᠳᠤ ᠨᠠᠯᠢᠶᠡᠳ ᠬᠦᠴᠢᠷᠳᠡᠯ ᠲᠤᠯᠭᠠᠷᠠᠳᠠᠭ᠃ ᠬᠢᠯᠢ ᠬᠢᠵᠠᠭᠠᠷ ᠮᠠᠯᠵᠢᠬᠤ ᠤᠷᠤᠨ ᠤ ᠵᠠᠷᠢᠮ ᠭᠠᠵᠠᠷ ᠤᠳ ᠢᠶᠠᠷ ᠤᠳᠤᠬᠠᠨ ᠴᠦ ᠰᠦᠯᠵᠢᠶᠡᠨ ᠤ ᠲᠤᠬᠢᠶ᠎ᠠ ᠬᠦᠯᠢᠶᠡᠨ ᠠᠪᠴᠦ ᠲᠡᠶᠢᠯᠬᠦ ᠦᠬᠡᠢ ᠪᠡᠯᠡᠷ ᠴᠡᠭ ᠤᠷᠤᠰᠢᠵᠤ ᠪᠠᠶᠢᠬᠤ ᠪᠤᠯᠬᠤᠷ ᠳᠡᠨᠳᠡᠬᠢ ᠮᠠᠯᠴᠢᠳ ᠴᠢᠮᠡᠭᠡ ᠬᠤᠯᠪᠤᠭ᠎ᠠ ᠠᠪᠬᠤ ᠳᠤ ᠮᠠᠰᠢ ᠲᠦᠬᠦᠮ ᠦᠬᠡᠢ ᠪᠠᠶᠢᠳᠠᠭ᠃ ᠡᠬᠦᠨ ᠠᠴᠠ ᠭᠠᠳᠠᠨ᠎ᠠ ᠪᠠᠰᠠ ᠵᠠᠷᠢᠮ ᠭᠠᠵᠠᠷ ᠤᠷᠤᠨ ᠤ ᠰᠠᠭᠤᠷᠢ ᠲᠦᠬᠦᠬᠡᠷᠦᠮᠵᠢ ᠨᠢ ᠬᠠᠭᠤᠴᠢᠷᠠᠵᠤ᠂ ᠲᠤᠬᠢᠶᠠᠨ ᠤ ᠰᠠᠴᠤᠷᠠᠭᠤᠯᠭ᠎ᠠ ᠶᠢᠨ ᠬᠦᠴᠦᠯᠡᠴᠡ ᠪᠠᠭᠤᠷᠠᠢ ᠪᠤᠯᠵᠤ᠂ ᠰᠦᠯᠵᠢᠶᠡᠨ ᠲᠤᠬᠢᠶ᠎ᠠ ᠶᠢᠨ ᠪᠦᠷᠬᠦᠴᠡ ᠶᠢᠨ ᠨᠤᠷᠮ᠎ᠠ ᠬᠡᠪ ᠤᠨ ᠪᠠᠷᠢᠮᠵᠢᠶ᠎ᠠ ᠳᠤ ᠬᠦᠷᠴᠦ ᠲᠡᠶᠢᠯᠬᠦ ᠦᠬᠡᠢ ᠪᠤᠯᠵᠠᠢ᠃ ᠡᠳᠡᠬᠡᠷ ᠪᠠᠶᠢᠳᠠᠯ ᠠᠴᠠ ᠪᠤᠯᠵᠤ ᠵᠠᠷᠢᠮ ᠮᠠᠯᠴᠢᠳ ᠬᠠᠷᠢᠯᠴᠠᠭ᠎ᠠ ᠬᠤᠯᠪᠤᠭ᠎ᠠ ᠠᠪᠬᠤ ᠳᠤ ᠬᠦᠴᠢᠷᠳᠡᠵᠤ᠂ ᠬᠡᠷᠡᠭᠴᠡᠭᠡ ᠲᠠᠢ ᠮᠡᠳᠡᠭᠡ ᠵᠠᠩᠬᠢ ᠶᠢ ᠴᠠᠭ ᠲᠤᠬᠠᠢ ᠳᠤᠨᠢ ᠬᠦᠯᠢᠶᠡᠨ ᠠᠪᠴᠦ ᠴᠢᠳᠠᠬᠤ ᠦᠬᠡᠢ ᠪᠠᠶᠢᠳᠠᠭ᠃ ᠡᠨᠡ ᠨᠢ ᠮᠠᠯᠴᠢᠳ ᠤᠨ ᠦᠢᠯᠡᠳᠪᠦᠷᠢᠯᠡᠯ ᠠᠮᠢᠲᠤᠷᠠᠯ ᠳᠤ ᠶᠡᠬᠡᠬᠡᠨ ᠨᠦᠯᠦᠬᠡ ᠦᠵᠡᠬᠦᠯᠵᠦ᠂ ᠮᠠᠯᠵᠢᠬᠤ ᠤᠷᠤᠨ ᠤ ᠤᠲᠤᠬᠢᠴᠢᠯᠠᠯᠳᠠ ᠶᠢᠨ ᠪᠦᠲᠦᠬᠡᠨ ᠪᠠᠶᠢᠭᠤᠯᠤᠯᠳᠠ ᠶᠢᠨ ᠠᠯᠬᠤᠴᠠ ᠶᠢ ᠵᠤᠬᠢᠬᠤ ᠬᠡᠮᠵᠢᠶ᠎ᠠ ᠪᠠᠷ ᠨᠦᠯᠦᠬᠡᠯᠡᠵᠦ ᠪᠠᠶᠢᠨ᠎ᠠ᠃        ︽ᠮᠠᠨ ᠤ ᠰᠢᠨ᠎ᠠ ᠪᠠᠷᠭᠤ ᠪᠠᠷᠠᠭᠤᠨ ᠬᠤᠰᠢᠭᠤ ᠮᠠᠯᠵᠢᠬᠤ ᠤᠷᠤᠨ ᠤ ᠤᠲᠤᠬᠢᠴᠢᠯᠠᠯᠳᠠ ᠶᠢᠨ ᠲᠤᠷᠰᠢᠯᠳᠠ ᠶᠢᠨ ᠴᠡᠭ ᠤᠨ ᠠᠵᠢᠯ ᠢᠶᠠᠨ ᠨᠢᠬᠡᠨᠳᠠ ᠡᠬᠢᠯᠡᠬᠦᠯᠦᠭᠰᠡᠨ ᠪᠠᠶᠢᠨ᠎ᠠ᠃ ᠡᠨᠡ ᠬᠦ ᠠᠵᠢᠯ ᠤᠨ ᠶᠠᠪᠤᠴᠠ ᠳᠤ ᠬᠡᠷᠡᠭᠰᠡᠬᠦ ᠤᠲᠤᠬᠢᠴᠢᠯᠠᠭᠰᠠᠨ ᠮᠠᠰᠢᠨ ᠲᠦᠬᠦᠬᠡᠷᠦᠮᠵᠢ ᠨᠢ ᠴᠢᠮᠡᠭᠡ ᠬᠤᠯᠪᠤᠭ᠎ᠠ ᠶᠢᠨ ᠰᠦᠯᠵᠢᠶᠡᠨ ᠤ ᠲᠤᠬᠢᠶ᠎ᠠ ᠠᠴᠠ ᠰᠠᠯᠵᠤ ᠴᠢᠳᠠᠬᠤ ᠦᠭᠡᠢ᠃ ᠡᠶᠢᠮᠦ ᠪᠤᠯᠬᠤᠷ ᠪᠢ ᠮᠠᠯᠵᠢᠬᠤ ᠤᠷᠤᠨ ᠤ ᠰᠦᠯᠵᠢᠶᠡᠨ ᠤ ᠲᠤᠬᠢᠶ᠎ᠠ ᠶᠢᠨ ᠪᠦᠷᠬᠦᠴᠡ ᠶᠢ ᠤᠯᠠᠮ ᠦᠷᠭᠡᠳᠬᠡᠬᠦ ᠴᠢᠬᠤᠯᠠᠲᠠᠢ ᠬᠡᠵᠦ ᠦᠵᠡᠵᠦ ᠪᠠᠶᠢᠨ᠎ᠠ᠃ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠮᠠᠯᠵᠢᠬᠤ ᠤᠷᠤᠨ ᠤ ᠰᠦᠯᠵᠢᠶᠡᠨ ᠤ ᠲᠤᠬᠢᠶ᠎ᠠ ᠶᠢᠨ ᠪᠦᠲᠦᠬᠡᠨ ᠪᠠᠶᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠭᠤᠷᠢ ᠦᠷᠳᠡᠭᠡ ᠶᠢᠨ ᠪᠦᠲᠦᠬᠡᠨ ᠪᠠᠶᠢᠭᠤᠯᠤᠯᠳᠠ ᠳᠤ ᠪᠡᠯᠡ ᠤᠷᠤᠭᠤᠯᠵᠤ᠂ ᠮᠠᠯᠵᠢᠬᠤ ᠤᠷᠤᠨ ᠳᠤ ᠰᠦᠯᠵᠢᠶᠡᠨ ᠤ ᠲᠤᠬᠢᠶ᠎ᠠ ᠶᠢ ᠨᠡᠶᠢᠳᠡᠮ ᠪᠦᠷᠬᠦᠬᠦᠯᠵᠤ᠂ ᠮᠠᠯᠵᠢᠬᠤ ᠤᠷᠤᠨ ᠤ ᠤᠲᠤᠬᠢᠴᠢᠯᠠᠭᠰᠠᠨ ᠮᠡᠳᠡᠭᠡ ᠵᠠᠩᠬᠢ ᠶᠢᠨ ᠰᠠᠭᠤᠷᠢ ᠲᠦᠬᠦᠬᠡᠷᠦᠮᠵᠢ ᠶᠢᠨ ᠴᠢᠳᠡᠪᠬᠢ ᠶᠢ ᠲᠡᠬᠡᠭᠰᠢᠯᠡᠬᠦᠯᠵᠦ᠂ ᠮᠠᠯᠵᠢᠬᠤ ᠤᠷᠤᠨ ᠤ ᠤᠲᠤᠬᠢᠴᠢᠯᠠᠯᠳᠠ ᠶᠢᠨ ᠠᠬᠢᠴᠠ ᠶᠢ ᠲᠦᠷᠬᠡᠳᠬᠡᠪᠡᠯ ᠵᠤᠬᠢᠨ᠎ᠠ︾ ᠬᠡᠵᠦ ᠬᠡᠰᠢᠬᠦᠨ ᠪᠠᠳᠮ᠎ᠠ ᠦᠪᠡᠷ ᠤᠨ ᠪᠤᠳᠤᠯ ᠢᠶᠠᠨ ᠶᠠᠷᠢᠵᠤ ᠪᠠᠶᠢᠯ᠎ᠠ᠃        ᠰᠦᠯᠵᠢᠶᠠᠨ ᠤ ᠲᠤᠬᠢᠶ᠎ᠠ ᠶᠢ ᠰᠠᠶᠢᠵᠢᠷᠠᠭᠤᠯᠪᠠᠯ ᠮᠠᠯᠴᠢᠳ ᠭᠠᠷ ᠤᠳᠠᠰᠤ᠂ ᠺᠤᠮᠫᠢᠦ᠋ᠲ᠋ᠧᠷ ᠢ ᠠᠰᠢᠬᠯᠠᠨ ᠡᠯ᠎ᠠ ᠵᠦᠢᠯ ᠤᠨ ᠰᠤᠷᠠᠭ ᠵᠠᠩᠬᠢ ᠶᠢ ᠴᠠᠭ ᠲᠤᠬᠠᠢ ᠳᠤᠨᠢ ᠬᠦᠯᠢᠶᠡᠨ ᠠᠪᠴᠦ᠂ ᠡᠯᠧᠺᠲᠷᠣᠨ ᠬᠤᠳᠠᠯᠲᠤᠭ᠎ᠠ ᠶᠢᠨ ᠪᠤᠷᠤᠯᠠᠭᠤᠯᠭ᠎ᠠ ᠶᠢᠨ ᠪᠠᠶᠢᠳᠠᠯ ᠢ ᠠᠵᠢᠬᠯᠠᠵᠤ᠂ ᠮᠠᠯ ᠤᠨ ᠠᠰᠢᠭ ᠰᠢᠮ᠎ᠠ ᠶᠢᠨ ᠵᠠᠬ᠎ᠠ ᠳᠡᠯᠭᠡᠬᠦᠷ ᠤᠨ ᠦᠨ᠎ᠠ ᠬᠠᠨᠭ᠍ᠰᠢ ᠶᠢ ᠤᠢᠢᠯᠠᠭᠠᠨ᠂ ᠮᠠᠯ ᠤᠨ ᠠᠰᠢᠭ ᠰᠢᠮ᠎ᠠ ᠪᠠᠨ ᠰᠦᠯᠵᠢᠶ᠎ᠡ ᠪᠠᠷ ᠪᠤᠷᠤᠯᠠᠭᠤᠯᠤᠨ ᠠᠰᠢᠭ ᠤᠷᠤᠯᠭ᠎ᠠ ᠪᠠᠨ ᠨᠡᠮᠡᠭᠳᠡᠬᠦᠯᠵᠦ ᠪᠤᠯᠬᠤ ᠶᠤᠮ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号