ᠪᠦᠬᠡᠪᠠᠶᠠᠷ ᠪᠤᠶᠢᠷ ᠪᠤᠠᠠᠳᠠᠠᠭᠤᠯᠠ ᠬᠤᠶᠠᠷ ᠰᠤᠮᠤ ᠳᠤ ᠭᠦᠨᠵᠡᠭᠡᠶᠢᠷᠡᠨ ᠣᠳᠣᠬᠠᠨ ᠤ ᠭᠤᠤᠯᠳᠠᠯᠭ᠎ᠠ ᠲᠠᠢ ᠠᠵᠢᠯ  ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/3/11
       3 ᠰᠠᠷ᠎ᠠ ᠶᠢᠨ 9 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ ᠨᠢᠭᠡ ᠡᠳᠦᠷ ᠤᠨ ᠴᠠᠭ ᠢ ᠠᠰᠢᠭᠯᠠᠨ᠂ ᠪᠤᠶᠢᠷ ᠪᠤᠠᠠᠳᠠᠠᠭᠤᠯᠠ ᠬᠤᠶᠠᠷ ᠰᠤᠮᠤᠨ ᠳᠤ ᠬᠦᠨᠵᠡᠭᠡᠶᠢᠷᠡᠨ᠂ ᠭᠠᠴᠠᠭᠠᠨ ᠤ ᠮᠠᠯᠵᠢᠬᠤ ᠡᠷᠦᠬᠡ ᠪᠠᠷ ᠠᠶᠢᠯᠴᠢᠯᠠᠨ᠂ ᠠᠷᠠᠳ ᠤᠨ ᠪᠠᠶᠢᠳᠠᠯ ᠢ ᠣᠶᠢᠯᠠᠭᠠᠵᠤ᠂ ᠦᠨᠳᠦᠰᠦᠨ ᠱᠠᠲᠤᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠪᠣᠯᠤᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠢ ᠣᠶᠢᠯᠠᠭᠠᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠪᠠ᠃  
       
               ᠪᠣᠶᠢᠷ ᠰᠤᠮᠤ ᠶᠢᠨ ᠪᠣᠶᠢᠷ ᠭᠠᠴᠠᠭᠠᠨ ᠤ ᠮᠠᠯᠴᠢᠨ ᠲᠦᠷᠦᠮᠠᠨᠳᠠ᠂ ᠪᠤᠠᠠᠳᠠᠠᠭᠤᠯᠠ ᠰᠤᠮᠤ ᠶᠢᠨ ᠲᠡᠯᠡᠶ ᠭᠠᠴᠠᠭᠠᠨ ᠤ ᠮᠠᠯᠴᠢᠨ ᠰᠠᠶᠢᠰᠢᠶᠠᠯᠳᠤ ᠶᠢᠨ ᠮᠠᠯᠵᠢᠯ ᠤᠨ ᠴᠡᠭ ᠲᠤ ᠬᠤᠷᠠᠭ᠎ᠠ ᠢᠰᠢᠭᠡ ᠮᠠᠶᠢᠯᠠᠬᠤ ᠳᠠᠭᠤᠨ ᠨᠢ ᠬᠠᠪᠤᠷ  ᠤᠨ ᠨᠠᠶᠢᠷᠠᠯ ᠬᠥᠭᠵᠢᠮ ᠰᠢᠭ ᠰᠢᠨ᠎ᠡ ᠨᠢᠭᠡᠨ ᠵᠢᠯ ᠳᠤ ᠬᠦᠰᠡᠯ ᠡᠷᠡᠮᠡᠯᠵᠡᠯ ᠠᠪᠴᠢᠷᠠᠵᠤ ᠦᠭᠬᠦᠯ᠎ᠡ᠃ ᠪᠦᠬᠡᠪᠠᠶᠠᠷ ᠲᠥᠯ ᠲᠤᠰᠴᠤ ᠪᠣᠶᠢᠵᠢᠭᠤᠯᠬᠤ᠂ ᠬᠠᠰᠢᠶ᠎ᠠ ᠰᠠᠷᠠᠪᠴᠢ ᠶᠢᠨ ᠳᠤᠯᠠᠭᠠᠯᠠᠭ᠎ᠠ᠂ ᠬᠢᠵᠢᠭ ᠢ ᠰᠡᠷᠭᠡᠶᠢᠯᠡᠨ ᠵᠠᠰᠠᠬᠤ ᠵᠡᠷᠭᠡ ᠪᠠᠶᠢᠳᠠᠯ ᠢ ᠨᠠᠷᠢᠯᠢᠭ ᠠᠰᠠᠭᠤᠨ ᠯᠠᠪᠯᠠᠵᠤ᠂ ᠲᠥᠯ ᠲᠤᠰᠴᠤ ᠪᠣᠶᠢᠵᠢᠭᠤᠯᠬᠤ ᠪᠣᠯ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠢᠭᠡᠨ ᠲᠤᠮᠤ ᠶᠠᠪᠤᠳᠠᠯ ᠮᠥᠨ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠠᠯᠵᠢᠬᠤ ᠡᠷᠦᠬᠡ ᠳᠤ ᠲᠥᠯ ᠲᠤᠰᠴᠤ ᠪᠣᠶᠢᠵᠢᠭᠤᠯᠬᠤ᠂ ᠮᠠᠯ ᠤᠨ ᠬᠢᠵᠢᠭ ᠢ ᠰᠡᠷᠭᠡᠶᠢᠯᠡᠬᠦ ᠵᠡᠷᠭᠡ ᠲᠠᠯ᠎ᠠ ᠶᠢᠨ ᠦᠢᠯᠡᠴᠢᠯᠡᠭᠡ ᠬᠠᠩᠭᠠᠵᠤ᠂ ᠮᠠᠯᠵᠢᠬᠤ ᠦᠢᠯᠡᠳᠪᠦᠷᠢᠯᠡᠯ ᠤᠨ ᠡᠷᠡᠭᠦᠯ ᠲᠣᠭᠲᠠᠭᠤᠨ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠪᠡ᠃  
       ᠪᠦᠬᠡᠪᠠᠶᠠᠷ ᠪᠤᠶᠢᠷ ᠰᠤᠮᠤ ᠶᠢᠨ ᠠᠰᠤᠷᠤ ᠮᠠᠯᠵᠢᠯ ᠤᠨ ᠲᠤᠰᠬᠠᠢ ᠬᠤᠷᠰᠢᠶᠠᠵᠢᠯ᠂ ᠪᠤᠠᠠᠳᠠᠠᠭᠤᠯᠠ ᠰᠤᠮᠤ  ᠶᠢᠨ ᠪᠠᠶᠠᠵᠢᠯ ᠮᠠᠯᠵᠢᠯ ᠤᠨ ᠳᠤᠰᠬᠠᠢ ᠬᠤᠷᠰᠢᠶᠠᠵᠢᠯ ᠳᠤ ᠬᠦᠷᠴᠦ᠂ ᠠᠶᠤᠯᠭᠦᠢ ᠦᠢᠯᠡᠳᠪᠦᠷᠢᠯᠡᠯ᠂ ᠬᠤᠷᠰᠢᠶᠠᠵᠢᠯ ᠢ ᠵᠣᠬᠢᠶᠠᠨ ᠪᠠᠶᠢᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠵᠢᠯᠯᠠᠭᠠᠨ ᠵᠡᠷᠭᠡ ᠠᠵᠢᠯ ᠢ ᠲᠤᠬᠠᠢ  ᠶᠢᠨ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠵᠠᠢ  ᠲᠡᠷᠡ᠂ ᠠᠰᠤᠷᠤ ᠮᠠᠯᠵᠢᠯ ᠤᠨ ᠳᠤᠰᠬᠠᠢ ᠬᠤᠷᠰᠢᠶᠠᠵᠢᠯ ᠤᠨ ᠬᠠᠷᠢᠭᠤᠴᠠᠯᠭᠠᠲᠠᠨ ᠢᠥᠢ ᠱᠠᠨ ᠢ ᠤᠮᠠᠷᠠᠲᠤ ᠬᠢᠯᠢ ᠶᠢᠨ  ᠤᠯᠠᠭᠠᠨ ᠪᠠᠬᠢᠯᠡᠯᠲᠡ ᠶᠢᠨ ᠡᠷᠦᠭᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠶᠢᠴᠢᠨ ᠪᠠᠬᠢᠯᠡᠯᠲᠡ  ᠶᠢᠨ ᠴᠢᠳᠠᠮᠵᠢ ᠶᠢ ᠭᠦᠨᠵᠡᠭᠡᠢ ᠤᠷᠲᠤᠳᠬᠠᠵᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠠᠮᠢ ᠠᠬᠤᠢᠢᠵᠢᠯᠳᠠ᠂ ᠠᠮᠢ ᠠᠬᠤᠢ ᠶᠢᠨ ᠠᠵᠤ ᠦᠢᠯᠡᠰᠵᠢᠯᠲᠡ ᠶᠢ ᠪᠠᠷᠢᠮᠲᠠᠯᠠᠵᠤ᠂ ᠮᠠᠯᠴᠢᠳ ᠢᠶᠠᠨ ᠴᠢᠨᠡᠭᠡᠯᠢᠭᠵᠢᠯ ᠤᠨ ᠵᠠᠮ ᠢᠶᠠᠷ ᠳᠠᠶᠢᠴᠢᠯᠠᠨ ᠳᠠᠭᠠᠭᠤᠯᠬᠤ ᠶᠢ ᠬᠦᠰᠡᠪᠡ᠃
       ᠪᠠᠶᠢᠴᠠᠭᠠᠨ ᠰᠤᠳᠤᠯᠤᠯᠲᠠ ᠶᠢᠨ ᠳᠤᠮᠳᠠ᠂ ᠪᠦᠬᠡᠪᠠᠶᠠᠷ ᠪᠤᠶᠢᠷ᠂ ᠪᠤᠠᠠᠳᠠᠠᠭᠤᠯᠠ ᠬᠤᠶᠠᠷ ᠰᠤᠮᠤ ᠶᠢᠨ ᠣᠳᠣᠬᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠡᠯ᠎ᠡ ᠰᠤᠮᠤ ᠪᠠᠯᠭᠠᠰᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠰᠠᠶᠢᠲᠤᠷ ᠠᠳᠬᠤᠵᠤ᠂ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠬᠤ ᠠᠴᠠ ᠰᠡᠷᠭᠡᠶᠢᠯᠡᠬᠦ︾ ᠶᠢ ᠪᠠᠷᠢᠮᠲᠠᠯᠠᠬᠤ ᠶᠢᠨ ᠬᠠᠮᠲᠤ ᠮᠠᠯ ᠤᠨ ᠬᠢᠵᠢᠭ ᠢ ᠰᠡᠷᠭᠡᠶᠢᠯᠡᠬᠦ ᠪᠠ ᠲᠠᠯ᠎ᠠ ᠨᠤᠲᠤᠭ  ᠤᠨ ᠬᠤᠯᠤᠭᠠᠨ᠎ᠠ ᠤᠰᠠᠳᠬᠠᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
       ᠪᠦᠬᠡᠪᠠᠶᠠᠷ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ  ᠤᠨ ᠬᠢᠨᠠᠨ  ᠵᠦᠪᠯᠡᠯᠳᠡ ᠳᠤ ᠣᠷᠣᠯᠴᠠᠬᠤ ᠳᠠᠭᠠᠨ᠂ ᠥᠪᠥᠷ ᠮᠣᠩᠭᠤᠯ ᠤᠨ ᠠᠮᠢ ᠠᠬᠤᠢ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠵᠤ᠂ ᠡᠬᠡ ᠤᠯᠤᠰ ᠤᠨ ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠬᠡᠷᠡᠭᠲᠡᠢ᠃ ᠪᠢᠳᠡ ᠶᠡᠷᠦᠩᠬᠡᠢ ᠱᠦᠵᠢ ᠶᠢᠨ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠬᠦᠬᠡ ᠠᠭᠤᠯᠠ ᠬᠥᠬᠡᠮᠳᠦᠭ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠷᠢᠮᠳᠠᠯᠠᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠦ᠂ ᠪᠣᠬᠢᠷᠲᠤᠯ ᠦᠭᠡᠢ ᠬᠦᠭᠵᠢᠬᠦᠯᠬᠦ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠳᠦᠭᠡᠨ ᠪᠠᠶᠢᠭᠤᠯᠤᠯᠲᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠵᠤ᠂ ᠭᠤᠣᠯᠳᠠᠯᠭ᠎ᠠ ᠲᠠᠢ ᠲᠦᠷᠦᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠠᠵᠤ ᠦᠢᠯᠡᠰ ᠢ ᠪᠣᠶᠢᠵᠢᠭᠤᠯᠤᠨ ᠬᠥᠭᠵᠢᠭᠦᠯᠬᠦ ᠵᠡᠷᠭᠡ ᠠᠵᠢᠯ ᠢ ᠲᠦᠯᠬᠢᠨ ᠠᠬᠢᠭᠤᠯᠬᠤ ᠬᠡᠷᠡᠭᠲᠡᠢ᠃ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠡᠷᠴᠢᠮ ᠢ ᠴᠢᠩᠭᠠᠷᠠᠭᠤᠯᠵᠤ᠂ ᠬᠦᠭᠵᠢᠬᠦᠯᠬᠦ ᠪᠣᠯᠤᠨ ᠡᠨᠧᠷᠭᠢ ᠶᠢᠨ ᠬᠤᠷᠣᠭᠳᠠᠯ ᠤᠨ ᠬᠠᠷᠢᠴᠠᠭ᠎ᠠ ᠶᠢ ᠰᠠᠶᠢᠲᠤᠷ ᠨᠢᠭᠡᠳᠦᠯᠲᠡᠶ ᠲᠥᠯᠥᠪᠵᠢᠭᠦᠯᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠬᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠢ᠃
       ᠪᠦᠬᠡᠪᠠᠶᠠᠷ ᠪᠠᠰᠠ ᠠᠶᠤᠯᠭᠦᠢ ᠦᠢᠯᠡᠳᠪᠦᠷᠢᠯᠡᠯ᠂ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠰᠤᠮᠤ ᠪᠠᠯᠭᠠᠰᠦ ᠶᠢᠨ ᠬᠤᠭᠤᠴᠠᠭ᠎ᠠ ᠰᠣᠯᠢᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠲᠦᠯᠬᠢᠨ ᠠᠬᠢᠭᠤᠯᠬᠤ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠦᠷᠢᠮ ᠢ ᠬᠡᠷᠡᠭᠵᠢᠭᠦᠯᠬᠦ᠂ ᠠᠷᠠᠯᠵᠢᠶ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ᠂ ᠨᠤᠲᠤᠭ ᠪᠡᠯᠴᠢᠭᠡᠷ ᠣᠶᠢᠲᠤ ᠭᠠᠵᠠᠷ ᠢ ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠤᠨ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃        ᠪᠦᠬᠡᠪᠠᠶᠠᠷ ᠪᠠᠰᠠ ᠪᠤᠶᠢᠷ ᠨᠠᠭᠤᠷ ᠲᠤ ᠬᠦᠷᠴᠦ ᠨᠠᠭᠤᠷ ᠢ ᠳᠤᠭᠤᠷᠢᠨ ᠦᠵᠡᠪᠡ᠃                              ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号