ᠪᠦᠬᠡᠪᠠᠶᠠᠷ ᠠᠷᠤᠬᠠᠰᠢᠶᠠᠳᠦ ᠪᠠᠯᠭᠠᠰᠦ᠂ ᠷᠦᠩ ᠳ᠋ᠠ ᠠᠭᠤᠷᠬᠠᠢ ᠶᠢᠨ ᠦᠢᠯᠡᠰ ᠲᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/3/12
       3 ᠰᠠᠷ᠎ᠠ ᠶᠢᠨ 10 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ ᠠᠷᠤᠬᠠᠰᠢᠶᠠᠳᠦ ᠪᠠᠯᠭᠠᠰᠦ᠂ ᠷᠦᠩ ᠳ᠋ᠠ ᠠᠭᠤᠷᠬᠠᠢ ᠶᠢᠨ ᠦᠢᠯᠡᠰ ᠲᠤ ᠬᠦᠨᠵᠡᠭᠡᠶᠢᠷᠡᠨ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ᠂ ᠠᠵᠦ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠵᠡᠷᠭᠡ ᠠᠵᠢᠯ ᠤᠨ ᠲᠤᠬᠠᠢ ᠪᠤᠳᠠᠳᠦ ᠭᠠᠵᠠᠷ ᠲᠤ ᠨᠢ ᠬᠦᠷᠴᠦ ᠪᠠᠶᠢᠴᠠᠭᠠᠨ ᠰᠤᠳᠤᠯᠤᠯᠳᠠ ᠬᠢᠪᠡ᠃  
       ᠪᠦᠬᠡᠪᠠᠶᠠᠷ ᠤᠷᠢᠳ ᠬᠤᠵᠢᠳ ᠪᠠᠶᠠᠨᠵᠢᠷᠭᠠᠯ ᠤᠨ ᠡᠵᠡᠩᠨᠡᠵᠦ ᠪᠠᠶᠢᠭ᠎ᠠ ᠮᠠᠯᠵᠢᠯ ᠤᠨ ᠳᠤᠰᠬᠠᠢ ᠬᠤᠷᠰᠢᠶᠠᠵᠢᠯ ᠪᠣᠯᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠭᠠᠴᠠᠭ᠎ᠠ ᠪᠤᠯᠬᠤ ᠪᠠᠶ᠋ᠬᠠᠭᠤᠯᠠ ᠭᠠᠴᠠᠭ᠎ᠠ ᠳᠤ ᠬᠦᠷᠴᠦ᠂  ᠬᠤᠷᠰᠢᠶᠠᠵᠢᠯ ᠤᠨ ᠡᠵᠡᠩᠨᠡᠯᠲᠡ ᠶᠢᠨ ᠵᠠᠭᠪᠤᠷ᠂ ᠠᠵᠤ ᠦᠢᠯᠡᠰ ᠤᠨ ᠬᠥᠭᠵᠢᠯᠲᠡ᠂ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠵᠡᠷᠭᠡ ᠶᠢ ᠨᠠᠷᠢᠯᠢᠭ ᠤᠶᠢᠯᠠᠭᠠᠭᠰᠠᠨ ᠤ ᠳᠠᠷᠠᠭ᠎ᠠ᠂ ᠪᠦᠬᠡᠪᠠᠶᠠᠷ᠂ ᠲᠤᠰ ᠪᠡᠶ᠎ᠡ ᠶᠢᠨ ᠳᠠᠪᠠᠭᠤᠯᠢᠭ ᠢᠶᠠᠨ ᠨᠠᠷᠢᠨ ᠬᠢᠨᠠᠮᠠᠭᠠᠢ ᠵᠠᠳᠠᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠠᠮᠢ ᠠᠬᠤᠢ ᠶᠢ ᠠᠵᠤ ᠦᠢᠯᠡᠰᠵᠢᠭᠦᠯᠬᠦ᠂ ᠠᠵᠤ ᠦᠢᠯᠡᠰ ᠢ ᠠᠮᠢ ᠠᠬᠤᠢᠢᠵᠢᠭᠤᠯᠬᠤ ᠬᠥᠭᠵᠢᠯᠲᠡ ᠶᠢᠨ ᠠᠷᠭ᠎ᠠ ᠬᠡᠯᠪᠡᠷᠢ ᠶᠢ ᠪᠠᠷᠢᠮᠲᠠᠯᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠪᠠ᠃  
       ᠠᠷᠤᠬᠠᠰᠢᠶᠠᠳᠦ ᠪᠠᠯᠭᠠᠰᠤᠨ ᠳᠤ᠂ ᠪᠦᠬᠡᠪᠠᠶᠠᠷ ᠥᠩᠭᠡᠷᠡᠭᠰᠡᠨ ᠨᠢᠭᠡ ᠵᠢᠯ ᠤᠨ ᠠᠷᠤᠬᠠᠰᠢᠶᠠᠳᠦ ᠪᠠᠯᠭᠠᠰᠦ  ᠶᠢᠨ ᠠᠵᠢᠯ ᠤᠨ ᠦᠷ᠎ᠡ ᠪᠦᠳᠦᠮᠵᠢ ᠶᠢ ᠨᠤᠲᠠᠯᠠᠬᠤ ᠶᠢᠨ ᠬᠠᠮᠲᠤ᠂ ᠡᠨᠡ ᠰᠠᠶᠢᠬᠠᠨ ᠲᠠᠯ᠎ᠠ ᠨᠤᠲᠤᠭ ᠤᠨ ᠢᠶᠠᠨ ᠡᠪᠡᠰᠦ ᠮᠣᠳᠣ᠂ ᠠᠭᠤᠯᠠ ᠤᠰᠤ ᠶᠢ ᠰᠠᠶᠢᠲᠤᠷ ᠬᠠᠮᠠᠭᠠᠯᠠᠬᠤ ᠶᠢ ᠪᠠᠷᠢᠮᠳᠠᠯᠠᠨ᠂ ᠬᠢᠯᠢ ᠬᠢᠵᠠᠭᠠᠷ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠬᠤ ᠶᠢ ᠪᠦᠬᠦ ᠲᠠᠯ᠎ᠠ ᠪᠠᠷ ᠬᠠᠮᠠᠭᠠᠯᠠᠵᠤ᠂ ︽ᠤᠮᠠᠷᠠᠰᠢ ᠨᠡᠭᠡᠭᠡᠯᠲᠡ ᠬᠢᠬᠦ︾ ᠪᠠᠶᠢᠯᠳᠤᠬᠤ ᠪᠤᠳᠤᠯᠭ᠎ᠠ ᠶᠢ ᠬᠦᠴᠦᠯᠡᠨ ᠠᠬᠢᠭᠤᠯᠵᠤ᠂ ᠲᠦᠷᠦᠯ ᠵᠦᠢᠯ ᠢ ᠨᠠᠷᠢᠨ ᠬᠢᠨᠠᠮᠠᠭᠠᠢ ᠲᠦᠯᠦᠪᠵᠢᠬᠦᠯᠦᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠬᠡᠷᠡᠭᠲᠡᠢ ᠭᠡᠪᠠ᠃        ᠪᠦᠬᠡᠪᠠᠶᠠᠷ ᠴᠢᠬᠤᠯᠠᠴᠢᠯᠠᠭᠰᠠᠨ ᠨᠢ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ  ᠤᠨ ᠪᠦᠳᠦᠭᠡᠨ ᠪᠠᠶᠢᠭᠤᠯᠤᠯᠲᠠ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ ᠪᠣᠬᠢᠷᠲᠤᠯ ᠦᠭᠡᠢ ᠬᠦᠭᠵᠢᠬᠦᠯᠬᠦ  ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠪᠤᠳᠠᠳᠦ ᠦᠢᠯᠡᠳᠦᠯᠭᠡ ᠮᠥᠨ᠂ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠮᠠᠯᠵᠢᠬᠤ ᠣᠷᠣᠨ ᠳᠤ ᠪᠡᠶᠡᠯᠡᠭᠳᠡᠬᠦ ᠠᠷᠭ᠎ᠠ ᠵᠠᠮ ᠮᠥᠨ᠃ ᠠᠷᠤᠬᠠᠰᠢᠶᠠᠳᠦ ᠪᠠᠯᠭᠠᠰᠤ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠦᠶᠯᠡᠰ  ᠢ ᠠᠭᠤᠰᠤᠯᠴᠠᠭᠤᠯᠤᠨ ᠬᠥᠭᠵᠢᠭᠦᠯᠬᠦ᠂ ᠦᠶᠯᠡᠳᠪᠦᠷᠢᠯᠡᠯ ᠡᠵᠡᠩᠨᠡᠯᠲᠡ ᠶᠢᠨ ᠲᠦᠷᠢᠮ ᠤᠨ ᠰᠢᠨ᠎ᠡ ᠶᠢ ᠡᠭᠦᠳᠬᠦ᠂ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠠᠵᠢᠯ ᠢᠶᠠᠷ ᠭᠤᠤᠯᠳᠠᠯᠭ᠎ᠠ ᠪᠣᠯᠭᠠᠵᠤ᠂ ᠬᠠᠷᠠᠯᠲᠠ ᠪᠠᠨ ᠲᠣᠭᠲᠠᠭᠠᠨ ᠪᠥᠬᠦ ᠬᠦᠴᠦᠨ ᠢᠶᠠᠷ ᠢᠶᠠᠨ ᠠᠬᠢᠭᠤᠯᠵᠤ᠂ ᠨᠠᠩ ᠣᠷᠳᠣ ᠬᠤᠭᠤᠴᠠᠭᠠᠨ ᠤ ᠪᠦᠲᠦᠮᠵᠢᠲᠡᠶ ᠠᠰᠢᠭ ᠲᠤᠰᠠ  ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠵᠤ᠂ ᠠᠮᠢ ᠠᠬᠤᠶ᠂ ᠦᠶᠯᠡᠳᠪᠦᠷᠢᠯᠡᠯ᠂ ᠠᠮᠢᠳᠤᠷᠠᠯ ᠤᠨ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ᠂ ᠮᠠᠯᠵᠢᠬᠤ ᠣᠷᠣᠨ ᠤ ᠬᠥᠭᠵᠢᠯᠲᠡ ᠶᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠭᠦᠯᠵᠢᠯᠡᠬᠦᠶᠢᠴᠡ ᠪᠣᠯᠭᠠᠬᠤ ᠬᠡᠷᠡᠭᠲᠡᠶ ᠭᠡᠵᠡᠢ᠃
       ᠪᠦᠬᠡᠪᠠᠶᠠᠷ ᠪᠠᠰᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠰᠤᠮᠤ ᠪᠠᠯᠭᠠᠰᠦ ᠶᠢᠨ ᠬᠤᠭᠤᠴᠠᠭ᠎ᠠ ᠰᠣᠯᠢᠬᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ᠂ ᠨᠠᠮ  ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠠᠷᠠᠯᠵᠢᠶ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃
               ᠲᠤᠰ ᠤᠳᠠᠭᠠᠨ ᠤ ᠪᠠᠶᠢᠴᠠᠭᠠᠨ ᠰᠤᠳᠤᠯᠤᠯᠳᠠ ᠬᠢᠬᠦ ᠬᠤᠭᠤᠴᠠᠭᠠᠨ ᠳᠤ᠂ ᠪᠦᠬᠡᠪᠠᠶᠠᠷ ᠪᠠᠰᠠ ᠷᠦᠩ ᠳ᠋ᠠ ᠠᠭᠤᠷᠬᠠᠢ ᠶᠢᠨ ᠦᠢᠯᠡᠰ ᠲᠤ ᠬᠦᠷᠴᠦ᠂ ᠠᠵᠤ ᠠᠬᠤᠶᠢᠯᠠᠯ ᠤᠨ ᠠᠵᠢᠯᠯᠠᠭᠠᠨ ᠤ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠪᠠ᠃ ᠲᠡᠷᠡ᠂ ᠠᠵᠤ ᠠᠬᠤᠶᠢᠯᠠᠯ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠠᠳᠬᠤᠨ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠷᠴᠢᠨ ᠲᠣᠭᠤᠷᠢᠨ ᠤ ᠬᠠᠮᠠᠭᠠᠯᠠᠯᠲᠠ ᠪᠠ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠦᠶᠯᠡᠴᠢᠯᠡᠭᠡᠨ ᠤ ᠤᠬᠠᠮᠰᠠᠷ ᠢ ᠤᠯᠠᠮ ᠴᠢᠨᠠᠭᠰᠢᠳᠠ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠰᠢᠶᠳᠪᠦᠷᠢᠯᠡᠨ ᠥᠭᠴᠦ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ ᠭᠡᠵᠡᠢ᠃                                   ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号