ᠪᠦᠬᠦ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠳᠦᠷᠢᠮ ᠢ ᠠᠯᠬᠤᠮ ᠴᠢᠨᠠᠭᠰᠢᠳᠠ | ᠳᠡᠬᠦᠯᠳᠡᠷᠵᠢᠭᠦᠯᠬᠦ ᠪᠠ ᠵᠢᠷᠤᠮᠵᠢᠭᠤᠯᠬᠤ ᠶᠢᠨ ᠲᠤᠰᠠᠳᠠ᠂ ᠰᠢᠨ᠎ᠡ ᠴᠠᠭ ᠦᠶ᠎ᠡ ᠶᠢᠨ ᠡᠮᠴᠢᠯᠡᠭᠡᠨ ᠤ ᠪᠠᠲᠤᠯᠠᠭ᠎ᠠ ᠶᠢᠨ | ᠳᠦᠷᠢᠮ ᠤᠨ ᠲᠤᠭᠲᠠᠯᠴᠠᠭ᠎ᠠ ᠶᠢᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠤ᠂ ᠡᠮᠴᠢᠯᠡᠬᠡᠨ ᠤ ᠠᠪᠤᠷᠠᠨ | ᠲᠤᠰᠠᠯᠠᠯᠳᠠ ᠶᠢᠨ ᠨᠢᠭᠡᠳᠦᠯᠳᠡᠢ ᠲᠦᠯᠦᠪᠯᠡᠬᠦ ᠳᠡᠰ ᠳᠠᠪᠬᠤᠷᠭ᠎ᠠ ᠶᠢ ᠦᠨᠳᠦᠰᠦᠨ ᠡᠮᠨᠡᠯᠭᠡ ᠶᠢᠨ ᠳᠠᠭᠠᠳᠬᠠᠯ ᠤᠨ | ᠨᠢᠬᠡᠳᠦᠯᠳᠡᠢ ᠲᠦᠯᠦᠪᠯᠡᠬᠦ ᠳᠡᠰ ᠳᠠᠪᠬᠤᠷᠭ᠎ᠠ ᠲᠠᠢ ᠬᠠᠷᠢᠯᠴᠠᠨ ᠵᠤᠬᠢᠴᠠᠭᠤᠯᠵᠤ᠂ ᠠᠪᠤᠷᠠᠨ ᠲᠤᠰᠠᠯᠠᠯᠳᠠ ᠶᠢᠨ ᠪᠡᠯᠡ | ᠮᠦᠩᠭᠦ ᠶᠢᠨ ᠬᠡᠷᠡᠭᠯᠡᠬᠡᠨ ᠤ ᠦᠷ᠎ᠡ ᠪᠦᠲᠦᠮᠵᠢ ᠶᠢ ᠰᠠᠶᠢᠵᠢᠷᠠᠭᠤᠯᠵᠤ᠂ ᠡᠮᠴᠢᠯᠡᠬᠡᠨ ᠤ ᠠᠪᠤᠷᠠᠨ ᠲᠤᠰᠠᠯᠠᠯᠳᠠ ᠶᠢᠨ | ᠡᠷᠬᠢᠯᠡᠨ ᠬᠦᠢᠴᠡᠳᠬᠡᠬᠦ ᠬᠢᠷᠢ ᠲᠦᠪᠰᠢᠨ ᠪᠠ ᠦᠢᠯᠡᠴᠢᠯᠡᠬᠡᠨ ᠤ ᠴᠢᠳᠠᠪᠤᠷᠢ ᠶᠢ ᠳᠡᠭᠡᠭᠰᠢᠯᠡᠬᠦᠯᠵᠦ᠂ ᠡᠮᠴᠢᠯᠡᠬᠡᠨ ᠤ | ᠠᠪᠤᠷᠠᠨ ᠲᠤᠰᠠᠯᠠᠯᠳᠠ ᠶᠢᠨ ᠬᠤᠲᠠ ᠶᠢᠨ ᠳᠡᠰ ᠤᠨ ᠨᠢᠭᠡᠳᠦᠯᠳᠡᠢ ᠲᠦᠯᠦᠪᠯᠡᠬᠦ ᠶᠢ ᠪᠦᠬᠦ ᠲᠠᠯ᠎ᠠ ᠪᠠᠷ ᠠᠬᠢᠭᠤᠯᠵᠤ᠂ ︽ | ᠨᠡᠶᠢᠬᠡᠮ ᠤᠨ ᠠᠪᠤᠷᠠᠨ ᠲᠤᠰᠠᠯᠠᠯᠳᠠ ᠶᠢᠨ ᠳᠦᠷ ᠬᠡᠷᠡᠭᠵᠢᠭᠦᠯᠬᠦ ᠠᠷᠭ᠎ᠠ︾ ︽ᠳᠤᠮᠳᠠᠳᠤ ᠤᠯᠤᠰ ᠤᠨ ᠡᠪ ᠬᠠᠮᠳᠤ | ᠨᠠᠮ ᠤᠨ ᠲᠦᠪ ᠬᠤᠷᠢᠶᠠᠨ ᠤ ᠡᠮᠴᠢᠯᠡᠬᠡᠨ ᠤ ᠪᠠᠲᠤᠯᠠᠭ᠎ᠠ ᠶᠢᠨ ᠳᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠬᠦ | ᠰᠠᠨᠠᠯ︾ ︽ᠬᠤᠲᠠ ᠪᠠᠯᠭᠠᠰᠤᠨ ᠤ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠰᠠᠭᠤᠷᠢ ᠮᠦᠩᠭᠦ ᠶᠢᠨ | ᠬᠠᠮᠢᠶᠠᠷᠤᠯᠳᠠ ᠶᠢᠨ ᠠᠷᠭ᠎ᠠ︾ ︽ᠠᠷᠠᠳ ᠤᠨ ᠶᠠᠪᠤᠳᠠᠯ ᠤᠨ ᠶᠠᠮᠤᠨ ᠵᠡᠷᠬᠡ ᠰᠠᠯᠠᠭ᠎ᠠ ᠮᠦᠴᠢᠷ ᠤᠨ ᠡᠮᠴᠢᠯᠡᠭᠡᠨ ᠤ | ᠠᠪᠤᠷᠠᠨ ᠲᠤᠰᠠᠯᠠᠯᠳᠠ ᠶᠢᠨ ᠳᠦᠷᠢᠮ ᠢ ᠠᠯᠬᠤᠮ ᠴᠢᠨᠠᠭᠰᠢᠳᠠ ᠲᠡᠭᠦᠯᠳᠡᠷᠵᠢᠭᠦᠯᠵᠦ ᠤᠨᠴᠠ ᠬᠦᠨᠳᠤ ᠶᠡᠭᠡ | ᠡᠪᠡᠳᠴᠢᠨ ᠤ ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠢ ᠪᠦᠬᠦ ᠲᠠᠯ᠎ᠠ ᠪᠠᠷ ᠦᠷᠨᠢᠭᠦᠯᠬᠦ ᠰᠠᠨᠠᠯ ᠢ ᠳᠠᠮᠵᠢᠭᠤᠯᠤᠨ | ᠨᠡᠶᠢᠲᠡᠯᠡᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠭᠢᠮ ᠤᠨ ᠮᠡᠳᠡᠭᠳᠡᠯ︾ ᠵᠡᠷᠬᠡ | ᠱᠠᠭᠠᠷᠳᠠᠯᠭ᠎ᠠ ᠶᠢ ᠦᠨᠳᠦᠰᠦᠯᠡᠨ᠂ ᠲᠤᠰ ᠬᠡᠷᠡᠭᠵᠢᠭᠦᠯᠬᠦ ᠲᠦᠰᠦᠯ ᠢ ᠲᠤᠭᠲᠠᠭᠠᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠵᠢᠯᠤᠭᠤᠳᠤᠮᠵᠢ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠤᠯᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠦᠷᠪᠡᠳᠦᠭᠡᠷ᠂ ᠳᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠤᠯ | ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠪᠠᠷᠢᠮᠳᠠᠯᠠᠵᠤ᠂ ︽ᠳᠤᠮᠳᠠᠳᠤ ᠤᠯᠤᠰ ᠤᠨ ᠡᠪ ᠬᠠᠮᠳᠤ ᠨᠠᠮ ᠤᠨ | ᠲᠦᠪ ᠬᠤᠷᠢᠶᠠᠨ ᠤ ᠡᠮᠴᠢᠯᠡᠬᠡᠨ ᠤ ᠪᠠᠳᠤᠯᠠᠭ᠎ᠠ ᠶᠢᠨ ᠳᠦᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠰᠠᠨᠠᠯ︾ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠦᠬᠦ ᠠᠷᠠᠳ ᠢ ᠬᠠᠮᠤᠷᠴᠤ᠂ ᠬᠤᠲᠠ ᠪᠠᠯᠭᠠᠰᠤ ᠶᠢ ᠨᠢᠭᠡᠳᠦᠯᠳᠡᠢ | ᠲᠦᠯᠦᠪᠯᠡᠭᠰᠡᠨ᠂ ᠡᠷᠬᠡ ᠬᠠᠷᠢᠭᠤᠴᠠᠯᠭ᠎ᠠ ᠳᠤᠳᠤᠷᠬᠠᠢ᠂ ᠪᠠᠳᠤᠯᠠᠭ᠎ᠠ ᠵᠤᠬᠢᠰᠲᠠᠢ᠂ ᠦᠷᠬᠦᠯᠵᠢᠯᠡᠬᠦ᠋ᠢᠴᠡ ᠤᠯᠠᠨ ᠳᠡᠰ | ᠳᠠᠪᠬᠤᠷᠭᠠᠲᠤ ᠡᠮᠴᠢᠯᠡᠬᠡᠨ ᠤ ᠪᠠᠲᠤᠯᠠᠭ᠎ᠠ ᠶᠢᠨ ᠲᠤᠭᠲᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠶᠠᠳᠠᠭᠤ | ᠬᠦᠴᠢᠷᠳᠡᠯᠳᠡᠢ ᠤᠯᠠᠨ ᠳᠦᠮᠡᠨ ᠤ ᠰᠠᠭᠤᠷᠢ ᠴᠢᠨᠠᠷ᠂ ᠳᠠᠭᠠᠭᠠᠨ ᠪᠠᠲᠤᠯᠠᠬᠤ ᠴᠢᠨᠠᠷ ᠤᠨ ᠪᠠᠲᠤᠯᠠᠭ᠎ᠠ ᠶᠢ | ᠰᠠᠶᠢᠵᠢᠷᠠᠭᠤᠯᠵᠤ᠂ ᠤᠯᠠᠨ ᠳᠦᠮᠡᠨ ᠤ ᠡᠮᠴᠢᠯᠡᠬᠡᠨ ᠤ ᠪᠠᠲᠤᠯᠠᠭ᠎ᠠ ᠶᠢᠨ ᠬᠦᠷᠲᠡᠮᠵᠢ ᠶᠢᠨ ᠲᠦᠷᠦᠭᠳᠡᠯ᠂ ᠵᠤᠯ | ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠳᠦᠷᠦᠭᠳᠡᠯ ᠢ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃ | ᠬᠤᠶᠠᠷ᠂ ᠦᠨᠳᠦᠰᠦᠨ ᠵᠠᠷᠴᠢᠮ | ︵1︶ ᠡᠮᠴᠢᠯᠡᠬᠡᠨ ᠤ ᠠᠪᠤᠷᠠᠨ ᠲᠤᠰᠠᠯᠠᠬᠤ ᠬᠢᠷᠢ ᠲᠦᠪᠰᠢᠨ ᠨᠢ ᠠᠵᠤ ᠠᠬᠤᠢ ᠨᠡᠶᠢᠬᠡᠮ ᠤᠨ | ᠬᠦᠭᠵᠢᠯᠳᠡ ᠶᠢᠨ ᠬᠢᠷᠢ ᠲᠦᠪᠰᠢᠨ ᠲᠠᠢ ᠬᠠᠷᠢᠯᠴᠠᠨ ᠵᠤᠬᠢᠴᠠᠬᠤ ᠬᠡᠷᠡᠭᠳᠡᠢ᠃ | ︵2︶ ᠡᠮᠴᠢᠯᠡᠭᠡᠨ ᠤ ᠠᠪᠤᠷᠠᠨ ᠲᠤᠰᠠᠯᠠᠯᠳᠠ ᠨᠢ ᠦᠨᠳᠦᠰᠦᠨ ᠡᠮᠨᠡᠯᠭᠡ ᠶᠢᠨ ᠳᠠᠭᠠᠳᠬᠠᠯ᠂ ᠶᠡᠭᠡ | ᠡᠪᠡᠳᠴᠢᠨ ᠤ ᠳᠠᠭᠠᠳᠬᠠᠯ ᠲᠠᠢ ᠬᠠᠷᠢᠯᠴᠠᠨ ᠵᠤᠯᠭᠠᠯᠴᠠᠬᠤ ᠬᠡᠷᠡᠭᠳᠡᠢ᠃ | ︵3︶ ᠵᠠᠰᠠᠭ ᠤᠨ ᠤᠷᠳᠤᠨ ᠤ ᠠᠪᠤᠷᠠᠨ ᠳᠤᠰᠠᠯᠠᠯᠳᠠ ᠪᠠ ᠨᠢᠭᠦᠯᠡᠰᠦᠩᠭᠦᠢ ᠶᠢᠨ ᠠᠪᠤᠷᠠᠨ ᠲᠤᠰᠠᠯᠠᠯᠳᠠ᠂ | ᠨᠡᠶᠢᠬᠡᠮ ᠤᠨ ᠤᠷᠤᠯᠴᠠᠭ᠎ᠠ ᠶᠢ ᠬᠠᠷᠢᠯᠴᠠᠨ ᠤᠶᠠᠯᠳᠤᠭᠤᠯᠬᠤ ᠬᠡᠷᠡᠭᠳᠡᠢ᠃ | ︵4︶ ᠡᠬᠢ ᠪᠠᠶᠠᠯᠢᠭ ᠢ ᠨᠢᠭᠡᠳᠦᠯᠳᠡᠢ ᠲᠦᠯᠦᠪᠯᠡᠵᠦ᠂ ᠭᠤᠤᠯᠳᠠᠯᠭ᠎ᠠ ᠶᠢ ᠳᠤᠪᠤᠶᠢᠯᠭᠠᠵᠤ᠂ ᠲᠦᠷᠦᠯ | ᠬᠤᠪᠢᠶᠠᠨ ᠠᠪᠤᠷᠠᠨ ᠲᠤᠰᠠᠯᠠᠨ᠎ᠠ᠃ | ︵5︶ ᠢᠯᠡ ᠲᠤᠳᠦ᠂ ᠡᠷᠬᠡ ᠲᠡᠭᠰᠢ ᠲᠦᠪ ᠭᠤᠤᠯᠴᠢ᠂ ᠦᠨᠳᠦᠷ ᠪᠦᠲᠦᠮᠵᠢᠳᠡᠢ ᠳᠦᠬᠦᠮ ᠲᠦᠳᠡ᠃ | ᠭᠤᠷᠪᠠ᠂ ᠬᠠᠷᠠᠯᠳᠠ ᠡᠭᠦᠷᠭᠡ | ᠡᠮᠴᠢᠯᠡᠬᠡᠨ ᠤ ᠠᠪᠤᠷᠠᠨ ᠲᠤᠰᠠᠯᠠᠯᠲᠠ ᠶᠢᠨ ᠬᠦᠯᠦᠨ ᠪᠤᠶᠢᠷ ᠬᠤᠲᠠ ᠶᠢᠨ ᠳᠡᠰ ᠤᠨ ᠨᠢᠬᠡᠳᠦᠯᠳᠡᠢ | ᠲᠦᠯᠦᠪᠯᠡᠬᠦ ᠶᠢ ᠪᠡᠶᠡᠯᠡᠬᠦᠯᠬᠦ ᠳᠤ᠂ ᠨᠢᠬᠡᠳᠦᠯᠳᠡᠢ ᠠᠪᠤᠷᠠᠨ ᠲᠤᠰᠠᠯᠠᠬᠤ ᠡᠲᠡᠭᠡᠳ᠂ ᠨᠢᠬᠡᠳᠦᠯᠳᠡᠢ ᠬᠠᠷᠠᠭᠠᠯᠵᠠᠯ ᠤᠨ | ᠲᠦᠷᠦ ᠶᠢᠨ ᠪᠤᠳᠤᠯᠭ᠎ᠠ᠂ ᠨᠢᠬᠡᠳᠦᠯᠳᠡᠢ ᠪᠡᠯᠡ ᠮᠦᠩᠭᠦ ᠶᠢᠨ ᠬᠠᠮᠢᠶᠠᠷᠤᠯᠳᠠ᠂ ᠨᠢᠬᠡᠳᠦᠯᠳᠡᠢ ᠡᠷᠬᠢᠯᠡᠨ ᠭᠦᠢᠴᠡᠳᠬᠡᠬᠦ | ᠦᠢᠯᠡᠴᠢᠯᠡᠭᠡ᠂ ᠨᠢᠭᠡᠳᠦᠯᠳᠡᠢ ᠮᠡᠳᠡᠭᠡ ᠵᠠᠩᠭᠢ ᠶᠢᠨ ᠰᠢᠰᠲ᠋ᠧᠮ ᠤᠨ ︽ᠲᠠᠪᠤᠨ ᠨᠢᠭᠡᠳᠦᠯᠳᠡᠢ︾ ᠳᠦᠷᠢᠮ ᠢ | ᠬᠡᠷᠡᠭᠵᠢᠭᠦᠯᠵᠦ᠂ ᠪᠦᠬᠦ ᠬᠤᠲᠠ ᠶᠢᠨ ᠡᠮᠴᠢᠯᠡᠬᠡᠨ ᠤ ᠠᠪᠤᠷᠠᠨ ᠳᠤᠰᠠᠯᠠᠯᠲᠠ ᠬᠦᠷᠲᠡᠭᠰᠡᠳ ᠲᠤ ᠲᠦᠪ ᠭᠤᠤᠯᠴᠢ | ᠡᠷᠬᠡ ᠲᠡᠭᠰᠢ ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠡᠬᠦ ᠶᠢ ᠪᠠᠲᠤᠯᠠᠨ᠎ᠠ᠃ | ᠳᠦᠷᠪᠡ᠂ ᠨᠢᠬᠡᠳᠦᠯᠳᠡᠢ ᠲᠦᠯᠦᠪᠯᠡᠬᠦ ᠠᠭᠤᠯᠭ᠎ᠠ | ︵ᠨᠢᠭᠡ︶ ᠨᠢᠬᠡᠳᠦᠯᠳᠡᠢ ᠠᠪᠤᠷᠠᠨ ᠲᠤᠰᠠᠯᠠᠬᠤ ᠡᠲᠡᠭᠡᠳ | ᠡᠮᠴᠢᠯᠡᠭᠡᠨ ᠤ ᠠᠪᠤᠷᠠᠨ ᠲᠤᠰᠠᠯᠠᠬᠤ ᠡᠲᠡᠭᠡᠳ᠄ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠬᠦᠷᠲᠡᠭᠰᠡᠳ᠂ ᠤᠨᠴᠠ ᠬᠦᠴᠢᠷᠳᠡᠯᠳᠡᠢ ᠠᠰᠠᠷᠠᠨ ᠲᠡᠳᠬᠦᠭᠦᠯᠦᠭᠰᠡᠳ᠂ ᠳᠠᠩᠰᠠᠯᠠᠵᠤ ᠺᠠᠷᠳ᠋ᠯᠠᠭᠰᠠᠨ ᠶᠠᠳᠠᠭᠤ | ᠬᠦᠴᠢᠷᠳᠡᠯᠳᠡᠢ ᠬᠦᠮᠦᠨ ᠠᠮᠠ᠂ ᠳᠤᠤᠷ᠎ᠠ ᠤᠷᠤᠯᠭᠠᠳᠤ ᠠᠪᠤᠷᠠᠨ ᠲᠤᠰᠠᠯᠠᠯᠳᠠ ᠬᠦᠷᠲᠡᠭᠰᠡᠳ᠂ ᠡᠪᠡᠳᠴᠢᠨ ᠢᠶᠠᠷ | ᠶᠠᠳᠠᠭᠤᠷᠠᠭᠰᠠᠨ ᠠᠪᠤᠷᠠᠨ ᠳᠤᠰᠠᠯᠠᠬᠤ ᠡᠲᠡᠭᠡᠳ᠂ ᠬᠦᠨᠳᠤ ᠳᠡᠰ ᠤᠨ ᠵᠡᠮᠳᠡᠭᠴᠦᠳ᠂ ᠬᠤᠲᠠ ᠶᠢᠨ ᠠᠷᠠᠳ ᠤᠨ | ᠵᠠᠰᠠᠭ ᠤᠨ ᠤᠷᠳᠤᠨ ᠤ ᠲᠤᠭᠳᠠᠭᠠᠭᠰᠠᠨ ᠪᠤᠰᠤᠳ ᠤᠨᠴᠠ ᠬᠦᠴᠢᠷᠳᠡᠯᠳᠡᠢ ᠬᠦᠮᠦᠰ᠃ | ᠳᠡᠭᠡᠷ᠎ᠡ ᠳᠤᠷᠠᠳᠤᠭᠰᠠᠨ ᠠᠪᠤᠷᠠᠨ ᠲᠤᠰᠠᠯᠠᠬᠤ ᠡᠲᠡᠭᠡᠳ ᠳᠤᠳᠤᠷ᠎ᠠ᠂ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠭᠰᠡᠳ ᠪᠠ ᠤᠨᠴᠠ ᠬᠦᠴᠢᠷᠳᠡᠯᠳᠡᠢ ᠠᠰᠠᠷᠠᠨ ᠲᠡᠳᠬᠦᠬᠦᠯᠦᠭᠰᠡᠳ ᠪᠤᠯ ᠡᠮᠴᠢᠯᠡᠭᠡᠨ ᠤ ᠠᠪᠤᠷᠠᠨ | ᠲᠤᠰᠠᠯᠠᠯᠳᠠ ᠶᠢᠨ ᠭᠤᠤᠯᠳᠠᠯᠭ᠎ᠠ ᠲᠠᠢ ᠠᠪᠤᠷᠠᠨ ᠳᠤᠰᠠᠯᠠᠬᠤ ᠡᠲᠡᠭᠡᠳ ᠪᠤᠯᠤᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠭᠰᠡᠳ᠂ ᠤᠨᠴᠠ ᠬᠦᠴᠢᠷᠳᠡᠯᠳᠡᠢ ᠠᠰᠠᠷᠠᠨ ᠳᠡᠳᠬᠦᠬᠦᠯᠦᠭᠰᠡᠳ ᠢ ᠠᠷᠠᠳ ᠤᠨ ᠶᠠᠪᠤᠳᠠᠯ ᠤᠨ | ᠰᠠᠯᠠᠭ᠎ᠠ ᠮᠦᠴᠢᠷ ᠠᠴᠠ ᠮᠠᠭᠠᠳᠯᠠᠨ ᠲᠤᠭᠲᠠᠭᠠᠵᠤ︔ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ | ᠠᠮᠠ ᠶᠢ ᠶᠠᠳᠠᠭᠤ ᠶᠢ ᠳᠡᠳᠬᠦᠬᠦ ᠠᠯᠪᠠᠨ ᠭᠡᠷ ᠠᠴᠠ ᠮᠠᠭᠠᠳᠯᠠᠨ ᠲᠤᠭᠲᠠᠭᠠᠵᠤ︔ ᠬᠦᠨᠳᠤ ᠳᠡᠰ ᠤᠨ ᠵᠡᠮᠳᠡᠭᠴᠦᠳ ᠢ | ᠵᠡᠮᠳᠡᠭᠴᠦᠳ ᠤᠨ ᠬᠤᠯᠪᠤᠭ᠎ᠠ ᠠᠴᠠ ᠮᠠᠭᠠᠳᠯᠠᠨ ᠲᠤᠭᠲᠠᠭᠠᠵᠤ︔ ᠳᠤᠤᠷ᠎ᠠ ᠤᠷᠤᠯᠭᠠᠳᠤ ᠠᠪᠤᠷᠠᠨ ᠲᠤᠰᠠᠯᠠᠬᠤ | ᠡᠲᠡᠭᠡᠳ᠂ ᠡᠪᠡᠳᠴᠢᠨ ᠢᠶᠠᠷ ᠶᠠᠳᠠᠭᠤᠷᠠᠭᠰᠠᠨ ᠠᠪᠤᠷᠠᠨ ᠲᠤᠰᠠᠯᠠᠬᠤ ᠡᠳᠡᠬᠡᠳ ᠤᠨ ᠮᠠᠭᠠᠳᠯᠠᠨ ᠲᠤᠭᠲᠠᠭᠠᠬᠤ ᠰᠠᠯᠠᠭ᠎ᠠ | ᠮᠦᠴᠢᠷ ᠪᠠ ᠮᠠᠭᠠᠳᠯᠠᠨ ᠲᠤᠭᠲᠠᠭᠠᠬᠤ ᠪᠠᠷᠢᠮᠵᠢᠶ᠎ᠠ ᠶᠢ ᠲᠤᠭᠳᠠᠭᠠᠭᠰᠠᠨ ᠤ ᠳᠠᠷᠠᠭ᠎ᠠ᠂ ᠱᠠᠭᠠᠷᠳᠠᠯᠭ᠎ᠠ ᠶᠤᠰᠤᠭᠠᠷ | ᠬᠤᠯᠪᠤᠭᠳᠠᠯ ᠪᠦᠬᠦᠢ ᠰᠠᠯᠠᠭ᠎ᠠ ᠮᠦᠴᠢᠷ ᠠᠴᠠ ᠮᠠᠭᠠᠳᠯᠠᠨ ᠲᠤᠭᠳᠠᠭᠠᠨ᠎ᠠ᠃ | ︵ᠬᠤᠶᠠᠷ︶ ᠨᠢᠬᠡᠳᠦᠯᠳᠡᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ | ᠬᠤᠲᠠ ᠪᠠᠯᠭᠠᠰᠤᠨ ᠤ ᠡᠮᠴᠢᠯᠡᠭᠡᠨ ᠤ ᠠᠪᠤᠷᠠᠨ ᠲᠤᠰᠠᠯᠠᠯᠳᠠ ᠳᠤ ᠭᠤᠤᠯᠳᠠᠭᠤ ᠬᠠᠪᠰᠤᠷᠤᠨ ᠳᠡᠳᠬᠦᠵᠦ | ᠳᠠᠭᠠᠳᠬᠠᠯ ᠳᠤ ᠤᠷᠤᠯᠴᠠᠭᠤᠯᠬᠤ᠂ ᠡᠭᠦᠳᠡᠨ ᠡᠮᠴᠢᠯᠡᠭᠡ ᠪᠠ ᠡᠮᠨᠡᠯᠭᠡ ᠳᠤ ᠰᠠᠭᠤᠬᠤ ᠡᠮᠴᠢᠯᠡᠭᠡ ᠶᠢ | ᠤᠶᠠᠯᠳᠤᠭᠤᠯᠤᠭᠰᠠᠨ ᠠᠪᠤᠷᠠᠨ ᠳᠤᠰᠠᠯᠬᠠᠤ ᠠᠷᠭ᠎ᠠ ᠬᠡᠯᠪᠡᠷᠢ ᠶᠢ ᠠᠪᠳᠠᠭ᠃ ᠠᠪᠤᠷᠠᠨ ᠲᠤᠰᠠᠯᠠᠬᠤ ᠪᠠᠷᠢᠮᠵᠢᠶ᠎ᠠ ᠪᠠ | ᠠᠪᠤᠷᠠᠨ ᠲᠤᠰᠠᠯᠠᠬᠤ ᠬᠠᠷᠢᠴᠠᠯ ᠢ ᠠᠵᠤ ᠠᠬᠤᠢ ᠨᠡᠶᠢᠭᠡᠮ ᠤᠨ ᠬᠦᠭᠵᠢᠯᠳᠡ ᠪᠠ ᠡᠮᠴᠢᠯᠡᠭᠡᠨ ᠤ ᠠᠪᠤᠷᠠᠨ ᠳᠤᠰᠠᠯᠠᠬᠤ | ᠪᠡᠯᠡ ᠮᠦᠩᠭᠦ ᠶᠢᠨ ᠴᠤᠭᠯᠠᠭᠤᠯᠤᠭᠰᠠᠨ ᠪᠠᠶᠢᠳᠠᠯ ᠢ ᠦᠨᠳᠦᠰᠦᠯᠡᠨ ᠡᠮᠨᠡᠯᠭᠡ ᠶᠢᠨ ᠳᠠᠭᠠᠳᠬᠠᠯ ᠤᠨ ᠰᠠᠯᠠᠭ᠎ᠠ | ᠮᠦᠴᠢᠷ ᠠᠴᠠ ᠴᠠᠭ ᠲᠤᠬᠠᠢ ᠳᠤ ᠨᠢ ᠲᠤᠬᠢᠷᠠᠭᠤᠯᠤᠯᠳᠠ ᠬᠢᠨ᠎ᠡ᠃ ᠡᠮᠴᠢᠯᠡᠭᠡᠨ ᠤ ᠠᠪᠤᠷᠠᠨ ᠳᠤᠰᠠᠯᠠᠯᠳᠠ ᠶᠢᠨ ᠡᠮ | ᠬᠡᠷᠡᠭᠯᠡᠬᠦ ᠬᠦᠷᠢᠶ᠎ᠠ ᠬᠡᠪᠴᠢᠶ᠎ᠠ᠂ ᠤᠨᠤᠰᠢᠯᠠᠬᠤ ᠲᠦᠷᠦᠯ ᠵᠦᠢᠯ ᠵᠡᠷᠬᠡ ᠳᠤ ᠵᠠᠷᠴᠢᠮ ᠳᠡᠭᠡᠷ᠎ᠡ ᠪᠠᠨ ᠦᠨᠳᠦᠰᠦᠨ | ᠡᠮᠨᠡᠯᠭᠡ ᠶᠢᠨ ᠳᠠᠭᠠᠳᠬᠠᠯ ᠪᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠶᠡᠭᠡ ᠡᠪᠡᠳᠴᠢᠨ ᠤ ᠳᠠᠭᠠᠳᠬᠠᠯ ᠤᠨ | ᠬᠤᠯᠪᠤᠭᠳᠠᠯ ᠪᠦᠬᠦᠢ ᠲᠤᠭᠲᠠᠭᠠᠯ ᠢ ᠯᠠᠪᠯᠠᠨ ᠬᠡᠷᠡᠭᠵᠢᠭᠦᠯᠦᠨ᠎ᠡ᠃ ᠪᠠᠲᠤᠯᠠᠭ᠎ᠠ ᠶᠢᠨ ᠠᠭᠤᠯᠭ᠎ᠠ ᠶᠢ ᠨᠢᠬᠡᠳᠦᠯᠳᠡᠢ | ᠲᠦᠯᠦᠪᠯᠡᠵᠦ ᠨᠡᠶᠢᠳᠡᠮ ᠳᠤᠨᠢ ᠳᠤᠰᠠᠯᠠᠬᠤ ᠶᠢ ᠬᠡᠷᠡᠭᠵᠢᠬᠦᠯᠵᠦ᠂ ᠲᠤᠰ ᠵᠢᠯ ᠤᠨ ᠡᠭᠦᠳᠡᠨ ᠡᠮᠴᠢᠯᠡᠬᠡᠨ ᠤ ᠠᠪᠤᠷᠠᠨ | ᠳᠤᠰᠠᠯᠠᠬᠤ ᠮᠦᠩᠭᠦ ᠶᠢᠨ ᠲᠤᠭ᠎ᠠ ᠨᠢ ᠤᠨ ᠤ ᠬᠠᠮᠤᠭ ᠳᠡᠭᠡᠳᠤ ᠬᠢᠵᠠᠭᠠᠷ ᠱᠤᠭᠤᠮ ᠠᠴᠠ ᠳᠠᠪᠠᠭᠰᠠᠨ ᠮᠦᠷᠳᠡᠬᠡᠨ | ᠬᠤᠪᠢ ᠬᠦᠮᠦᠨ ᠤ ᠳᠠᠷᠤᠭᠠᠰᠤ ᠮᠦᠨ ᠯᠠ ᠨᠡᠯᠢᠶᠡᠳ ᠬᠦᠨᠳᠤ ᠪᠤᠯ᠂ ᠡᠭᠦᠳᠡᠨ ᠡᠮᠨᠡᠯᠭᠡ ᠪᠠ ᠡᠮᠨᠡᠯᠬᠡ ᠳᠤ ᠰᠠᠭᠤᠬᠤ | ᠡᠮᠴᠢᠯᠡᠬᠡᠨ ᠤ ᠠᠪᠤᠷᠠᠨ ᠳᠤᠰᠠᠯᠠᠯᠳᠠ ᠶᠢᠨ ᠬᠠᠮᠤᠭ ᠳᠡᠭᠡᠳᠤ ᠬᠢᠵᠠᠭᠠᠷ ᠱᠤᠭᠤᠮ ᠤᠨ ᠨᠡᠶᠢᠯᠡᠪᠦᠷᠢ ᠶᠢ ᠪᠤᠳᠤᠭᠠᠳ | ᠠᠪᠤᠷᠠᠨ ᠲᠤᠰᠠᠯᠠᠯᠳᠠ ᠤᠯᠭᠤᠨ᠎ᠠ᠂ ᠬᠡᠪᠡᠴᠤ ᠲᠤᠬᠠᠢ ᠶᠢᠨ ᠵᠢᠯ ᠤᠨ ᠨᠡᠶᠢᠲᠡ ᠠᠪᠤᠷᠠᠨ ᠲᠤᠰᠠᠯᠠᠯᠳᠠ ᠶᠢᠨ | ᠮᠦᠩᠭᠦ ᠶᠢᠨ ᠲᠤᠭ᠎ᠠ ᠨᠢ ᠡᠭᠦᠳᠡᠨ ᠡᠮᠨᠡᠯᠬᠡ ᠪᠠ ᠡᠮᠨᠡᠯᠬᠡ ᠳᠤ ᠰᠠᠭᠤᠬᠤ ᠠᠪᠤᠷᠠᠨ ᠲᠤᠰᠠᠯᠠᠯᠳᠠ ᠶᠢᠨ ᠬᠠᠮᠤᠭ ᠳᠡᠭᠡᠳᠤ | ᠬᠢᠵᠠᠭᠠᠷ ᠱᠤᠭᠤᠮ ᠤᠨ ᠨᠡᠶᠢᠯᠡᠪᠦᠷᠢ ᠠᠴᠠ ᠳᠠᠪᠠᠵᠤ ᠪᠤᠯᠬᠤ ᠦᠬᠡᠢ᠃ | ᠬᠠᠪᠰᠤᠷᠤᠨ ᠳᠡᠳᠬᠦᠵᠤ ᠳᠠᠭᠠᠳᠬᠠᠯ ᠳᠤ ᠤᠷᠤᠯᠴᠠᠭᠤᠯᠤᠨ᠎ᠠ᠃ ᠠᠪᠤᠷᠠᠨ ᠲᠤᠰᠠᠯᠠᠬᠤ ᠡᠳᠡᠬᠡᠳ ᠬᠤᠲᠠ | ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠳᠠᠭᠠᠳᠬᠠᠯ ᠳᠤ ᠤᠷᠤᠯᠴᠠᠪᠠᠯ ᠬᠤᠪᠢ ᠬᠦᠮᠦᠨ ᠤ | ᠰᠦᠢᠳᠬᠡᠯ ᠳᠤᠰᠢᠶᠠᠬᠤ ᠬᠡᠰᠡᠭ ᠲᠤ ᠨᠦᠬᠦᠪᠦᠷᠢ ᠤᠯᠭᠤᠨ᠎ᠠ᠃ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ | ᠬᠦᠷᠲᠡᠭᠰᠡᠳ᠂ ᠬᠦᠨᠳᠤ ᠵᠡᠮᠳᠡᠭᠴᠦᠳ᠂ ᠳᠤᠤᠷ᠎ᠠ ᠤᠷᠤᠯᠭᠠᠳᠤ ᠬᠡᠷ ᠪᠦᠯᠢ ᠶᠢᠨ ᠵᠢᠷᠠᠨ ᠨᠠᠰᠤᠨ ᠠᠴᠠ ᠳᠡᠭᠡᠭᠰᠢᠬᠢ | ᠨᠠᠰᠤᠳᠠᠶᠢᠴᠤᠳ ᠪᠠ ᠨᠠᠰᠤᠨ ᠳᠤ ᠦᠯᠦ ᠬᠦᠷᠦᠭᠰᠡᠳ᠂ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ | ᠠᠮᠠ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠳᠠᠭᠠᠳᠬᠠᠯ ᠳᠤ ᠤᠷᠤᠯᠴᠠᠪᠠᠯ᠂ | ᠬᠤᠪᠢ ᠬᠦᠮᠦᠨ ᠤ ᠳᠤᠰᠢᠶᠠᠬᠤ ᠰᠦᠢᠳᠬᠡᠯ ᠤᠨ ᠬᠡᠰᠡᠭ ᠲᠤ ᠲᠤᠭᠳᠠᠮᠠᠯ ᠨᠤᠷᠮ᠎ᠠ ᠶᠢᠨ ᠲᠤᠰᠠᠯᠠᠮᠵᠢ ᠤᠯᠭᠤᠨ᠎ᠠ᠃ | ᠤᠨᠴᠠ ᠬᠦᠴᠢᠷᠳᠡᠯᠳᠡᠢ ᠠᠰᠠᠷᠠᠨ ᠲᠡᠳᠬᠦᠭᠦᠯᠦᠭᠰᠡᠳ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ | ᠡᠮᠨᠡᠯᠬᠡ ᠶᠢᠨ ᠳᠠᠭᠠᠳᠬᠠᠯ ᠳᠤ ᠤᠷᠤᠯᠴᠠᠪᠠᠯ ᠬᠤᠪᠢ ᠬᠦᠮᠦᠨ ᠤ ᠳᠤᠰᠢᠶᠠᠬᠤ ᠰᠦᠢᠳᠬᠡᠯ ᠤᠨ ᠬᠡᠰᠡᠭ ᠲᠤ ᠭᠦᠢᠴᠡᠳ | ᠨᠤᠷᠮ᠎ᠠ ᠶᠢᠨ ᠲᠤᠰᠠᠯᠠᠮᠵᠢ ᠤᠯᠭᠤᠨ᠎ᠠ᠃ ᠦᠨᠳᠦᠰᠦᠨ ᠡᠮᠨᠡᠯᠬᠡ ᠶᠢᠨ ᠳᠠᠭᠠᠳᠬᠠᠯ ᠳᠤ ᠤᠷᠤᠯᠴᠠᠭᠰᠠᠨ ᠦᠬᠡᠢ | ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠲᠤ ᠳᠠᠭᠠᠳᠬᠠᠯ ᠤᠨ ᠳᠤᠰᠠᠯᠠᠮᠵᠢ ᠤᠯᠭᠤᠬᠤ ᠶᠢ ᠬᠡᠷᠡᠭᠵᠢᠭᠦᠯᠬᠦ | ᠦᠬᠡᠢ᠃ | ᠡᠭᠦᠳᠡᠨ ᠡᠮᠨᠡᠯᠬᠡ ᠶᠢᠨ ᠠᠪᠤᠷᠠᠨ ᠳᠤᠰᠠᠯᠠᠯᠳᠠ᠃ ᠡᠬᠦᠳᠡᠨ ᠡᠮᠨᠡᠯᠭᠡ ᠶᠢᠨ ᠠᠪᠤᠷᠠᠨ ᠲᠤᠰᠠᠯᠠᠯᠳᠠ ᠶᠢ | ᠬᠦᠷᠲᠡᠭᠰᠡᠳ ᠪᠤᠯ ᠤᠳᠠᠭᠠᠨ ᠴᠢᠨᠠᠷᠳᠠᠢ ᠡᠪᠡᠳᠴᠢᠨ ᠳᠤ ᠨᠡᠷᠪᠡᠭᠳᠡᠵᠦ ᠤᠷᠲᠤ ᠬᠤᠭᠤᠴᠠᠭ᠎ᠠ ᠡᠮ ᠤᠤᠭᠤᠬᠤ | ᠴᠢᠬᠤᠯᠠᠳᠠᠢ ᠪᠤᠶᠤ ᠤᠨᠴᠠ ᠬᠦᠨᠳᠤ ᠶᠡᠭᠡ ᠡᠪᠡᠳᠴᠢᠯᠡᠵᠦ ᠤᠷᠲᠤ ᠬᠤᠭᠤᠴᠠᠭ᠎ᠠ ᠡᠭᠦᠳᠡᠨ ᠡᠮᠨᠡᠯᠭᠡ ᠳᠤ ᠡᠮᠴᠢᠯᠡᠭᠦᠯᠬᠦ | ᠴᠢᠬᠤᠯᠠᠳᠠᠢ ᠠᠴᠠ ᠦᠪᠡᠷᠲᠡᠭᠡᠨ ᠡᠭᠦᠷᠬᠡᠯᠡᠬᠦ ᠰᠦᠢᠳᠬᠡᠯ ᠨᠡᠯᠢᠶᠡᠳ ᠦᠨᠳᠦᠷ ᠪᠤᠯᠤᠭᠰᠠᠨ ᠠᠪᠤᠷᠠᠨ ᠳᠤᠰᠠᠯᠠᠬᠤ | ᠡᠳᠡᠭᠡᠳ ᠪᠤᠯᠤᠨ᠎ᠠ᠃ ᠤᠨᠴᠠ ᠬᠦᠴᠢᠷᠳᠡᠯᠳᠡᠢ ᠠᠰᠠᠷᠠᠨ ᠲᠡᠳᠬᠦᠭᠦᠯᠦᠭᠰᠡᠳ ᠤᠨ ᠬᠤᠪᠢ ᠬᠦᠮᠦᠨ ᠤ ᠦᠪᠡᠷ ᠢᠶᠠᠨ | ᠲᠤᠰᠢᠶᠠᠬᠤ ᠳᠦᠷᠢᠮ ᠳᠤ ᠲᠤᠭᠲᠠᠭᠠᠭᠰᠠᠨ ᠰᠦᠢᠳᠬᠡᠯ ᠢ ᠪᠦᠬᠦ ᠬᠠᠷᠢᠴᠠᠯ ᠢᠶᠠᠷ ᠠᠪᠤᠷᠠᠨ ᠲᠤᠰᠠᠯᠠᠨ᠎ᠠ᠃ ᠨᠠᠭᠠᠲᠤ | ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠳᠤᠲᠤᠷᠠᠬᠢ ᠡᠮᠨᠡᠯᠭᠡ ᠶᠢᠨ ᠳᠠᠭᠠᠳᠬᠠᠯ ᠤᠨ ᠤᠨᠴᠠᠭᠠᠢ | ᠤᠳᠠᠭᠠᠨ ᠴᠢᠨᠠᠷᠳᠠᠢ ᠡᠪᠡᠳᠴᠢᠳᠠᠨ ᠤ ᠬᠤᠪᠢ ᠬᠦᠮᠦᠨ ᠤ ᠦᠪᠡᠷᠲᠡᠭᠡᠨ ᠲᠤᠰᠢᠶᠠᠬᠤ ᠳᠦᠷᠢᠮ ᠳᠤ ᠲᠤᠭᠲᠠᠭᠠᠭᠰᠠᠨ | ᠰᠦᠢᠳᠬᠡᠯ ᠢ 70% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠤᠨ ᠤ ᠠᠪᠤᠷᠠᠨ ᠲᠤᠰᠠᠯᠠᠬᠤ ᠬᠢᠵᠠᠭᠠᠷᠯᠠᠭᠰᠠᠨ | ᠨᠤᠷᠮ᠎ᠠ ᠨᠢᠭᠡ ᠳᠦᠮᠡᠨ ᠲᠦᠬᠦᠷᠢᠭ᠃ | ᠡᠮᠴᠢᠯᠡᠬᠦ ᠠᠷᠭ᠎ᠠ ᠵᠠᠮ ᠢ ᠳᠤᠳᠤᠷᠬᠠᠶᠢᠯᠠᠭᠰᠠᠨ ᠪᠠ ᠡᠬᠦᠳᠡᠨ ᠡᠮᠨᠡᠯᠬᠡ ᠪᠠᠷ ᠡᠮᠴᠢᠯᠡᠵᠦ ᠪᠤᠯᠬᠤ ᠤᠳᠠᠭᠠᠨ | ᠴᠢᠨᠠᠷᠳᠠᠢ ᠡᠪᠡᠳᠴᠢᠨ ᠤ ᠲᠦᠷᠦᠯ ᠵᠦᠢᠯ ᠳᠤ᠂ ᠳᠠᠩ ᠡᠪᠡᠳᠴᠢᠨ ᠤ ᠲᠦᠷᠦᠯ ᠢᠶᠠᠷ ᠰᠦᠢᠳᠬᠡᠯ ᠳᠤᠰᠢᠶᠠᠬᠤ ᠠᠷᠭ᠎ᠠ | ᠬᠡᠯᠪᠡᠷᠢ ᠪᠠᠷ ᠡᠭᠦᠳᠡᠨ ᠡᠮᠨᠡᠯᠭᠡ ᠳᠤ ᠡᠮᠴᠢᠯᠡᠭᠦᠯᠬᠦ ᠠᠪᠤᠷᠠᠨ ᠲᠤᠰᠠᠯᠠᠯᠳᠠ ᠦᠷᠨᠢᠭᠦᠯᠵᠦ ᠪᠤᠯᠤᠨ᠎ᠠ᠃ ᠰᠡᠭᠦᠯᠴᠢ ᠶᠢᠨ | ᠬᠤᠭᠤᠴᠠᠭᠠᠨ ᠤ ᠪᠦᠭᠡᠷ᠎ᠡ ᠶᠢᠨ ᠡᠪᠡᠳᠴᠢᠨ ᠳᠤ ᠨᠡᠷᠪᠡᠭᠳᠡᠵᠦ ᠡᠬᠦᠳᠡᠨ ᠡᠮᠨᠡᠯᠭᠡ ᠳᠤ ᠡᠮᠴᠢᠯᠡᠬᠦᠯᠦᠭᠰᠡᠨ ᠮᠦᠷᠲᠡᠭᠡᠨ | ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮᠨᠡᠯᠬᠡ ᠶᠢᠨ ᠳᠠᠭᠠᠳᠬᠠᠯ ᠳᠤ ᠤᠷᠤᠯᠴᠠᠭᠰᠠᠨ | ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠢ ᠪᠤᠯ᠂ ᠰᠠᠷ᠎ᠠ ᠪᠦᠷᠢ ᠮᠢᠩᠭᠠᠨ ᠳᠦᠬᠦᠷᠢᠭ ᠤᠨ ᠲᠤᠭᠳᠠᠮᠠᠯ | ᠬᠠᠷᠢᠴᠠᠯ ᠢᠶᠠᠷ ᠠᠪᠤᠷᠠᠨ ᠲᠤᠰᠠᠯᠠᠨ᠎ᠠ᠃ | ᠡᠮᠨᠡᠯᠬᠡ ᠳᠤ ᠰᠠᠭᠤᠬᠤ ᠠᠪᠤᠷᠠᠨ ᠲᠤᠰᠠᠯᠠᠯᠳᠠ᠃ ᠠᠪᠤᠷᠠᠨ ᠲᠤᠰᠠᠯᠠᠯᠳᠠ ᠬᠦᠷᠲᠡᠭᠰᠡᠳ ᠦᠨᠳᠦᠰᠦᠨ | ᠡᠮᠨᠡᠯᠬᠡ ᠶᠢᠨ ᠳᠠᠭᠠᠳᠬᠠᠯ᠂ ᠶᠡᠭᠡ ᠡᠪᠡᠳᠴᠢᠨ ᠤ ᠳᠠᠭᠠᠳᠬᠠᠯ ᠳᠤ ᠤᠷᠤᠯᠴᠠᠵᠤ ᠰᠦᠢᠳᠬᠡᠯ ᠳᠤᠰᠢᠶᠠᠭᠰᠠᠨ ᠤ ᠳᠠᠷᠠᠭ᠎ᠠ᠂ | ᠬᠤᠪᠢ ᠬᠦᠮᠦᠨ ᠤ ᠡᠬᠦᠷᠬᠡᠯᠡᠬᠦ ᠲᠦᠷᠦ ᠶᠢᠨ ᠪᠤᠳᠤᠯᠭ᠎ᠠ ᠶᠢᠨ ᠲᠤᠭᠳᠠᠭᠠᠯ ᠳᠤ ᠨᠡᠶᠢᠴᠡᠬᠦ ᠰᠦᠢᠳᠬᠡᠯ ᠳᠤ ᠠᠪᠤᠷᠠᠨ | ᠳᠤᠰᠠᠯᠠᠯᠳᠠ ᠤᠯᠭᠤᠨ᠎ᠠ᠃ | ᠤᠨᠴᠠ ᠬᠦᠨᠳᠤ ᠶᠡᠭᠡ ᠡᠪᠡᠳᠴᠢᠨ᠄ ᠦᠨᠳᠦᠰᠦᠨ ᠡᠮᠨᠡᠯᠭᠡ ᠶᠢᠨ ᠳᠠᠭᠠᠳᠬᠠᠯ᠂ ᠶᠡᠭᠡ ᠡᠪᠡᠳᠴᠢᠨ ᠤ | ᠳᠠᠭᠠᠳᠬᠠᠯ ᠤᠨ ᠪᠠᠲᠤᠯᠠᠭ᠎ᠠ ᠬᠦᠷᠲᠡᠭᠰᠡᠨ ᠤ ᠳᠠᠷᠠᠭ᠎ᠠ᠂ ᠬᠤᠪᠢ ᠬᠦᠮᠦᠨ ᠤ ᠤᠨ ᠤ ᠲᠤᠭᠲᠠᠭᠠᠯ ᠳᠤ ᠨᠡᠶᠢᠴᠡᠬᠦ | ᠳᠤᠰᠢᠶᠠᠬᠤ ᠶᠤᠰᠤᠳᠠᠢ ᠰᠦᠢᠳᠬᠡᠯ ᠨᠡᠶᠢᠳᠡ 2 ᠲᠦᠮᠡᠨ ᠳᠦᠬᠦᠷᠢᠭ ᠠᠴᠠ ᠬᠡᠲᠦᠷᠡᠭᠰᠡᠨ ᠠᠪᠤᠷᠠᠨ ᠲᠤᠰᠠᠯᠠᠯᠳᠠ | ᠬᠦᠷᠳᠡᠬᠦ ᠡᠲᠡᠭᠡᠳ ᠢ ᠵᠢᠭᠠᠨ᠎ᠠ ︵2 ᠲᠦᠮᠡᠨ ᠲᠦᠬᠦᠷᠢᠭ ᠪᠠᠭᠲᠠᠨ᠎ᠠ︶᠃ ᠨᠠᠭᠠᠲᠤ ᠵᠠᠬ᠎ᠠ ᠶᠢᠨ ᠠᠮᠢᠳᠤᠷᠠᠯ ᠤᠨ | ᠪᠠᠲᠤᠯᠠᠭ᠎ᠠ ᠬᠦᠷᠲᠡᠭᠰᠡᠳ ᠪᠠ ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠦᠷᠦ ᠶᠢᠨ | ᠪᠤᠳᠤᠯᠭ᠎ᠠ ᠶᠢᠨ ᠬᠡᠪᠴᠢᠶᠠᠨ ᠳᠤᠳᠤᠷ᠎ᠠ ᠦᠪᠡᠷ ᠢᠶᠠᠨ ᠲᠤᠰᠢᠶᠠᠬᠤ ᠰᠦᠢᠳᠬᠡᠯ ᠨᠢ 2 ᠲᠦᠮᠡᠨ ᠳᠦᠬᠦᠷᠢᠭ ᠤᠨ | ᠳᠤᠲᠤᠷᠠᠬᠢ ︵2 ᠲᠦᠮᠡᠨ ᠳᠦᠬᠦᠷᠢᠭ ᠪᠠᠭᠲᠠᠨ᠎ᠠ︶ ᠬᠡᠰᠡᠭ ᠢ 70% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ | 2 ᠲᠦᠮᠡᠨ ᠳᠦᠬᠦᠷᠢᠭ ᠠᠴᠠ ᠳᠡᠭᠡᠭᠰᠢᠬᠢ ᠬᠡᠰᠡᠭ ᠢ 75% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠤᠨ ᠤ | ᠠᠪᠤᠷᠠᠨ ᠲᠤᠰᠠᠯᠠᠯᠳᠠ ᠶᠢᠨ ᠬᠢᠵᠠᠭᠠᠷᠯᠠᠭᠰᠠᠨ ᠨᠤᠷᠮ᠎ᠠ 2 ᠲᠦᠮᠡᠨ ᠲᠦᠬᠦᠷᠢᠭ᠃ ᠤᠨᠴᠠ ᠬᠦᠴᠢᠷᠳᠡᠯᠳᠡᠢ ᠠᠰᠠᠷᠠᠨ | ᠲᠡᠳᠬᠦᠭᠦᠯᠦᠭᠰᠡᠳ ᠤᠨ ᠬᠤᠪᠢ ᠬᠦᠮᠦᠨ ᠤ ᠦᠪᠡᠷ ᠢᠶᠠᠨ ᠲᠤᠰᠢᠶᠠᠬᠤ ᠲᠤᠭᠳᠠᠭᠠᠯ ᠳᠤ ᠨᠡᠶᠢᠴᠡᠬᠦ ᠰᠦᠢᠳᠬᠡᠯ ᠳᠤ | ᠪᠦᠬᠦ ᠬᠠᠷᠢᠴᠠᠯ ᠤᠨ ᠠᠪᠤᠷᠠᠨ ᠲᠤᠰᠠᠯᠠᠯᠳᠠ ᠤᠯᠭᠤᠨ᠎ᠠ᠃ ᠳᠤᠤᠷ᠎ᠠ ᠤᠷᠤᠯᠭᠠᠳᠤ ᠡᠮᠴᠢᠯᠡᠬᠡᠨ ᠤ ᠠᠪᠤᠷᠠᠨ ᠲᠤᠰᠠᠯᠠᠯᠳᠠ | ᠬᠦᠷᠲᠡᠭᠰᠡᠳ ᠤᠨ ᠬᠤᠪᠢ ᠬᠦᠮᠦᠨ ᠤ ᠤᠨ ᠤ ᠦᠪᠡᠷ ᠢᠶᠠᠨ ᠳᠤᠰᠢᠶᠠᠬᠤ ᠲᠤᠭᠳᠠᠭᠠᠯ ᠳᠤ ᠨᠡᠶᠢᠴᠡᠬᠦ ᠶᠡᠷᠦᠩᠭᠡᠢ | ᠰᠦᠢᠳᠬᠡᠯ 1 ᠲᠦᠮᠡᠨ ᠳᠦᠬᠦᠷᠢᠭ ᠠᠴᠠ ᠳᠡᠭᠡᠭᠰᠢ ᠬᠡᠰᠡᠭ ᠢ 50% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ | ᠤᠨ ᠤ ᠠᠪᠤᠷᠠᠨ ᠲᠤᠰᠠᠯᠠᠯᠳᠠ ᠶᠢᠨ ᠬᠢᠵᠠᠭᠠᠷᠯᠠᠭᠰᠠᠨ ᠨᠤᠷᠮ᠎ᠠ 1 ᠲᠦᠮᠡᠨ ᠳᠦᠬᠦᠷᠢᠭ᠃ ᠡᠪᠡᠳᠴᠢᠨ ᠢᠶᠠᠷ | ᠶᠠᠳᠠᠭᠤᠷᠠᠭᠰᠠᠨ ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠤᠨ ᠬᠤᠪᠢ ᠬᠦᠮᠦᠨ ᠤ ᠤᠨ ᠤ ᠦᠪᠡᠷ ᠢᠶᠠᠨ | ᠲᠤᠰᠢᠶᠠᠬᠤ ᠲᠤᠭᠲᠠᠭᠠᠯ ᠳᠤ ᠨᠡᠶᠢᠴᠡᠬᠦ ᠶᠡᠷᠦᠩᠭᠡᠢ ᠰᠦᠢᠳᠬᠡᠯ 1 ᠲᠦᠮᠡᠨ ᠲᠦᠭᠦᠷᠢᠭ ᠠᠴᠠ ᠳᠡᠭᠡᠭᠰᠢᠬᠢ ᠬᠡᠰᠡᠭ ᠢ | 40% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠤᠨ ᠤ ᠠᠪᠤᠷᠠᠨ ᠲᠤᠰᠠᠯᠠᠯᠳᠠ ᠶᠢᠨ ᠬᠢᠵᠠᠭᠠᠷᠯᠠᠭᠰᠠᠨ ᠨᠤᠷᠮ᠎ᠠ 1 | ᠲᠦᠮᠡᠨ ᠲᠦᠬᠦᠷᠢᠭ᠃ ᠤᠨᠴᠠ ᠬᠦᠨᠳᠤ ᠶᠡᠭᠡ ᠡᠪᠡᠳᠴᠢᠨ ᠤ ᠠᠪᠤᠷᠠᠨ ᠲᠤᠰᠠᠯᠠᠯᠳᠠ ᠳᠤ ᠨᠡᠶᠢᠴᠡᠬᠦ ᠪᠠᠭᠠᠴᠤᠳ | ᠬᠡᠤᠬᠡᠳ ᠤᠨ ᠤᠨ ᠤ ᠠᠪᠤᠷᠠᠨ ᠲᠤᠰᠠᠯᠠᠯᠳᠠ ᠶᠢᠨ ᠬᠢᠵᠠᠭᠠᠷᠯᠠᠭᠰᠠᠨ ᠨᠤᠷᠮ᠎ᠠ ᠶᠢ ᠳᠡᠭᠡᠷ᠎ᠡ ᠳᠤᠷᠠᠳᠤᠭᠰᠠᠨ ᠪᠠᠷᠢᠮᠵᠢᠶ᠎ᠠ | ᠰᠠᠭᠤᠷᠢ ᠳᠡᠭᠡᠷ᠎ᠡ 10% ᠳᠡᠭᠡᠭᠰᠢᠯᠡᠬᠦᠯᠦᠨ᠎ᠡ᠃ | ᠤᠨᠴᠠ ᠬᠦᠨᠳᠤ ᠶᠡᠭᠡ ᠪᠤᠰᠤ ᠡᠪᠡᠳᠴᠢᠨ᠄ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠬᠦᠷᠲᠡᠭᠰᠡᠳ ᠪᠠ | ᠳᠠᠩᠰᠠᠯᠠᠵᠤ ᠺᠠᠷᠳ᠋ᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠦᠪᠡᠷ ᠢᠶᠠᠨ ᠲᠤᠰᠢᠶᠠᠬᠤ ᠲᠤᠭᠲᠠᠭᠠᠯ ᠳᠤ | ᠨᠡᠶᠢᠴᠡᠬᠦ ᠰᠦᠢᠳᠬᠡᠯ ᠢ 70% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠤᠨ ᠤ ᠠᠪᠤᠷᠠᠨ ᠲᠤᠰᠠᠯᠠᠯᠳᠠ ᠶᠢᠨ | ᠬᠢᠵᠠᠭᠠᠷᠯᠠᠭᠰᠠᠨ ᠨᠤᠷᠮ᠎ᠠ 1 ᠲᠦᠮᠡᠨ ᠲᠦᠬᠦᠷᠢᠭ᠃ ᠤᠨᠴᠠ ᠬᠦᠴᠢᠷᠳᠡᠯᠳᠡᠢ ᠠᠰᠠᠷᠠᠨ ᠲᠡᠳᠬᠦᠭᠦᠯᠦᠭᠰᠡᠳ ᠤᠨ | ᠬᠤᠪᠢ ᠬᠦᠮᠦᠨ ᠤ ᠦᠪᠡᠷ ᠢᠶᠠᠨ ᠲᠤᠰᠢᠶᠠᠬᠤ ᠲᠤᠭᠲᠠᠭᠠᠯ ᠳᠤ ᠨᠡᠶᠢᠴᠡᠬᠦ ᠰᠦᠢᠳᠬᠡᠯ ᠳᠤ ᠪᠦᠬᠦ ᠬᠠᠷᠢᠴᠠᠯ ᠢᠶᠠᠷ | ᠠᠪᠤᠷᠠᠨ ᠲᠤᠰᠠᠯᠠᠯᠳᠠ ᠤᠯᠭᠤᠨ᠎ᠠ᠃ ᠳᠤᠤᠷ᠎ᠠ ᠤᠷᠤᠯᠭᠠᠳᠤ ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠤᠨ | ᠬᠤᠪᠢ ᠬᠦᠮᠦᠨ ᠤ ᠦᠪᠡᠷ ᠢᠶᠠᠨ ᠲᠤᠰᠢᠶᠠᠬᠤ ᠲᠤᠭᠲᠠᠭᠠᠯ ᠳᠤ ᠨᠡᠶᠢᠴᠡᠬᠦ ᠰᠦᠢᠳᠬᠡᠯ 1 ᠲᠦᠮᠡᠨ ᠲᠦᠬᠦᠷᠢᠭ ᠠᠴᠠ | ᠳᠡᠭᠡᠭᠰᠢᠬᠢ ᠬᠡᠰᠡᠭ ᠢ 50% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠤᠨ ᠤ ᠠᠪᠤᠷᠠᠨ ᠲᠤᠰᠠᠯᠠᠯᠳᠠ ᠶᠢᠨ | ᠬᠢᠵᠠᠭᠠᠷᠯᠠᠭᠰᠠᠨ ᠨᠤᠷᠮ᠎ᠠ 5000 ᠲᠦᠬᠦᠷᠢᠭ᠃ ᠡᠪᠡᠳᠴᠢᠨ ᠢᠶᠠᠷ ᠶᠠᠳᠠᠭᠤᠷᠠᠭᠰᠠᠳ ᠤᠨ ᠬᠤᠪᠢ ᠬᠦᠮᠦᠨ ᠤ | ᠦᠪᠡᠷ ᠢᠶᠠᠨ ᠲᠤᠰᠢᠶᠠᠬᠤ ᠲᠤᠭᠲᠠᠭᠠᠯ ᠳᠤ ᠨᠡᠶᠢᠴᠡᠬᠦ ᠰᠦᠢᠳᠬᠡᠯ 1 ᠲᠦᠮᠡᠨ ᠲᠦᠬᠦᠷᠢᠭ ᠠᠴᠠ ᠳᠡᠭᠡᠭᠰᠢᠬᠢ ᠬᠡᠰᠡᠭ ᠢ | 40% ᠶᠢᠨ ᠬᠠᠷᠢᠴᠠᠯ ᠢᠶᠠᠷ ᠠᠪᠤᠷᠠᠨ ᠲᠤᠰᠠᠯᠠᠵᠤ᠂ ᠤᠨ ᠤ ᠠᠪᠤᠷᠠᠨ ᠲᠤᠰᠠᠯᠠᠯᠳᠠ ᠶᠢᠨ ᠬᠢᠵᠠᠭᠠᠷᠯᠠᠭᠰᠠᠨ ᠨᠤᠷᠮ᠎ᠠ | 5000 ᠲᠦᠬᠦᠷᠢᠭ᠃ ᠳᠡᠭᠡᠷ᠎ᠡ ᠳᠤᠷᠠᠳᠤᠭᠰᠠᠨ ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠳᠤᠲᠤᠷᠠᠬᠢ | ᠬᠦᠨᠳᠤ ᠵᠡᠮᠳᠡᠭ ᠬᠡᠤᠬᠡᠳ ᠪᠠᠭᠠᠴᠤᠳ ᠤᠨ ᠤᠨ ᠤ ᠠᠪᠤᠷᠠᠨ ᠲᠤᠰᠠᠯᠠᠯᠳᠠ ᠶᠢᠨ ᠬᠢᠵᠠᠭᠠᠷᠯᠠᠭᠰᠠᠨ ᠨᠤᠷᠮ᠎ᠠ ᠶᠢ ᠳᠡᠭᠡᠷ᠎ᠡ | ᠦᠭᠦᠯᠡᠭᠰᠡᠨ ᠪᠠᠷᠢᠮᠵᠢᠶ᠎ᠠ ᠰᠠᠭᠤᠷᠢ ᠳᠡᠭᠡᠷ᠎ᠡ 10% ᠳᠡᠭᠡᠭᠰᠢᠯᠡᠬᠦᠯᠦᠨ᠎ᠡ᠃ | ᠲᠦᠷ ᠴᠠᠭ ᠤᠨ ᠡᠮᠴᠢᠯᠡᠬᠡᠨ ᠤ ᠠᠪᠤᠷᠠᠨ ᠲᠤᠰᠠᠯᠠᠯᠳᠠ᠃ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠲᠤᠰ | ᠵᠢᠯ ᠤᠨ ᠦᠯᠡᠳᠡᠪᠦᠷᠢ ᠪᠡᠯᠡ ᠮᠦᠩᠭᠦ ᠨᠢ ᠲᠤᠰ ᠵᠢᠯ ᠤᠨ ᠪᠡᠯᠡ ᠴᠤᠭᠯᠠᠭᠤᠯᠤᠭᠰᠠᠨ ᠶᠡᠷᠦᠩᠭᠡᠢ ᠨᠤᠷᠮ᠎ᠠ ᠠᠴᠠ | 15% ᠪᠠᠷ ᠶᠡᠭᠡ ᠦᠶᠡᠰ᠂ ᠬᠤᠶᠠᠳᠡᠬᠢ ᠤᠳᠠᠭᠠᠨ ᠤ ᠡᠮᠴᠢᠯᠡᠬᠡᠨ ᠤ ᠠᠪᠤᠷᠠᠨ ᠲᠤᠰᠠᠯᠠᠯᠳᠠ ᠶᠢ ᠡᠬᠢᠯᠡᠨ | ᠬᠡᠷᠡᠭᠵᠢᠬᠦᠯᠦᠨ᠎ᠡ᠃ ᠠᠪᠤᠷᠠᠨ ᠲᠤᠰᠠᠯᠠᠯᠳᠠ ᠬᠦᠷᠲᠡᠭᠰᠡᠳ ᠪᠤᠯᠤᠨ ᠪᠠᠷᠢᠮᠵᠢᠶ᠎ᠠ ᠶᠢ ᠬᠤᠲᠠ ᠶᠢᠨ ᠳᠡᠰ ᠤᠨ | ᠡᠮᠴᠢᠯᠡᠬᠡᠨ ᠤ ᠰᠠᠯᠠᠭ᠎ᠠ ᠮᠦᠴᠢᠷ ᠠᠴᠠ ᠰᠠᠭᠤᠷᠢ ᠮᠦᠩᠭᠦ ᠶᠢᠨ ᠦᠯᠡᠳᠡᠪᠦᠷᠢ ᠪᠠ ᠠᠪᠤᠷᠠᠨ ᠲᠤᠰᠠᠯᠠᠭᠰᠠᠨ ᠪᠠᠶᠢᠳᠠᠯ ᠢ | ᠦᠨᠳᠦᠰᠦᠯᠡᠨ᠂ ᠰᠢᠨᠵᠢᠯᠡᠬᠦ ᠤᠬᠠᠭᠠᠨᠴᠢ ᠪᠠᠷ ᠬᠡᠮᠵᠢᠨ ᠪᠤᠳᠤᠭᠰᠠᠨ ᠤ ᠳᠠᠷᠠᠭ᠎ᠠ ᠵᠤᠬᠢᠶᠠᠨ ᠪᠠᠶᠢᠭᠤᠯᠵᠤ | ᠬᠡᠷᠡᠭᠵᠢᠬᠦᠯᠦᠨ᠎ᠡ᠃ ᠬᠤᠶᠠᠳᠡᠬᠢ ᠤᠳᠠᠭᠠᠨ ᠤ ᠠᠪᠤᠷᠠᠨ ᠲᠤᠰᠠᠯᠠᠯᠳᠠ ᠳᠤ ᠡᠮᠴᠢᠯᠡᠬᠡᠨ ᠤ ᠠᠪᠤᠷᠠᠨ ᠲᠤᠰᠠᠯᠠᠯᠳᠠ ᠶᠢᠨ | ᠦᠨᠳᠦᠰᠦ ᠠᠴᠠ ᠨᠢ ᠪᠠᠲᠤᠯᠠᠬᠤ ᠴᠢᠳᠠᠮᠵᠢ ᠶᠢ ᠬᠦᠢᠴᠡᠳ ᠪᠠᠳᠠᠷᠠᠭᠤᠯᠵᠤ᠂ ᠦᠨᠳᠦᠰᠦᠨ ᠡᠮᠨᠡᠯᠬᠡ ᠶᠢᠨ | ᠳᠠᠭᠠᠳᠬᠠᠯ ᠤᠨ ᠡᠮ ᠬᠡᠷᠡᠭᠯᠡᠯᠳᠡ᠂ ᠤᠨᠤᠰᠢᠯᠠᠬᠤ ᠲᠦᠷᠦᠯ ᠵᠦᠢᠯ᠂ ᠤᠨ ᠤ ᠨᠤᠷᠮ᠎ᠠ ᠶᠢᠨ ᠬᠢᠵᠠᠭᠠᠷᠯᠠᠯ ᠢ ᠬᠦᠷᠲᠡᠬᠦ | ᠦᠬᠡᠢ ᠪᠠᠶᠢᠵᠤ ᠪᠤᠯᠤᠨ᠎ᠠ᠃ ᠠᠪᠤᠷᠠᠨ ᠲᠤᠰᠠᠯᠠᠯᠳᠠ ᠬᠦᠷᠲᠡᠭᠰᠡᠳ ᠤᠨ ᠰᠠᠭᠤᠭ᠎ᠠ ᠰᠢᠶᠠᠩ ᠪᠠᠯᠭᠠᠰᠤ᠂ ᠨᠡᠶᠢᠭᠡᠮ | ᠲᠤᠭᠤᠷᠢᠭ ᠠᠴᠠ ᠡᠷᠦᠬᠡ ᠳᠤ ᠤᠷᠤᠵᠤ ᠪᠠᠶᠢᠴᠠᠭᠠᠯᠳᠠ ᠬᠢᠬᠦ᠂ ᠬᠢᠨᠠᠬᠤ᠂ ᠬᠤᠰᠢᠭᠤ ᠬᠤᠲᠠ ᠲᠤᠭᠤᠷᠢᠭ ᠤᠨ | ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠦᠴᠢᠷ ᠠᠴᠠ ᠠᠩᠬ᠎ᠠ ᠬᠢᠨᠠᠵᠤ᠂ ᠬᠤᠲᠠ ᠶᠢᠨ ᠳᠡᠰ ᠤᠨ ᠡᠮᠨᠡᠯᠬᠡ ᠶᠢᠨ | ᠳᠠᠭᠠᠳᠬᠠᠯ ᠤᠨ ᠰᠠᠯᠠᠭ᠎ᠠ ᠮᠦᠴᠢᠷ ᠲᠤ ᠮᠡᠳᠡᠬᠦᠯᠵᠦ ᠳᠠᠬᠢᠨ ᠬᠢᠨᠠᠯᠳᠠ ᠬᠢᠵᠤ᠂ ︽ᠨᠢᠭᠡ ᠨᠢᠭᠡ ᠤᠴᠢᠷ ᠢᠶᠠᠷ ᠵᠦᠪᠯᠡᠬᠦ︾ | ᠠᠷᠭ᠎ᠠ ᠬᠡᠯᠪᠡᠷᠢ ᠪᠠᠷ᠂ ᠬᠤᠶᠠᠳᠡᠬᠢ ᠤᠳᠠᠭᠠᠨ ᠤ ᠠᠪᠤᠷᠠᠨ ᠲᠤᠰᠠᠯᠠᠯᠳᠠ ᠤᠯᠭᠤᠨ᠎ᠠ᠃ ᠦᠨᠳᠦᠰᠦᠨ ᠡᠮᠨᠡᠯᠬᠡ ᠶᠢᠨ | ᠳᠠᠭᠠᠳᠬᠠᠯ ᠳᠤ ᠤᠷᠤᠯᠴᠠᠭ᠎ᠠ ᠦᠬᠡᠢ ᠪᠠᠶᠢᠭ᠎ᠠ ᠠᠪᠤᠷᠠᠨ ᠲᠤᠰᠠᠯᠠᠯᠳᠠ ᠬᠦᠷᠲᠡᠭᠰᠡᠳ ᠲᠤ ᠴᠢᠬᠤᠯᠠᠳᠠᠢ ᠦᠶ᠎ᠡ ᠳᠤ ︽ | ᠨᠢᠭᠡ ᠨᠢᠭᠡ ᠤᠴᠢᠷ ᠢᠶᠠᠷ ᠵᠦᠪᠯᠡᠬᠦ︾ ᠠᠷᠭ᠎ᠠ ᠪᠠᠷᠢᠯ ᠢ ᠠᠰᠢᠭᠯᠠᠨ᠂ ᠪᠠᠶᠢᠳᠠᠯ ᠢ ᠨᠢ ᠬᠠᠷᠠᠭᠠᠯᠵᠠᠨ ᠠᠪᠤᠷᠠᠨ | ᠲᠤᠰᠠᠯᠠᠯᠳᠠ ᠤᠯᠭᠤᠨ᠎ᠠ᠃ | ᠡᠪᠡᠳᠴᠢᠨ ᠡᠮᠭᠡᠭ ᠤᠨ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠯᠳᠠ ᠶᠢ ᠪᠦᠷᠢᠨᠰᠢᠬᠦᠯᠦᠨ᠎ᠡ᠃ | ᠭᠡᠨᠡᠳᠲᠡ ᠶᠢᠨ ᠡᠭᠦᠰᠦᠭᠰᠡᠨ ᠬᠢᠵᠢᠭ ᠤᠨ ᠪᠠᠶᠢᠳᠠᠯ ᠵᠡᠷᠭᠡ ᠪᠠᠴᠢᠮ ᠪᠠᠶᠢᠳᠠᠯ ᠲᠤᠯᠭᠠᠷᠠᠬᠤ ᠦᠶᠡᠰ᠂ ᠦᠨᠳᠦᠰᠦᠨ | ᠡᠮᠨᠡᠯᠬᠡ ᠶᠢᠨ ᠳᠠᠭᠠᠳᠬᠠᠯ᠂ ᠶᠡᠭᠡ ᠡᠪᠡᠳᠴᠢᠨ ᠤ ᠳᠠᠭᠠᠳᠬᠠᠯ ᠵᠡᠷᠭᠡ ᠪᠤᠰᠤᠳ ᠡᠮᠴᠢᠯᠡᠬᠡᠨ ᠤ ᠪᠠᠲᠤᠯᠠᠭ᠎ᠠ ᠶᠢᠨ | ᠳᠦᠷᠢᠮ᠂ ᠨᠡᠶᠢᠬᠡᠮ ᠤᠨ ᠠᠪᠤᠷᠠᠨ ᠲᠤᠰᠠᠯᠠᠯᠳᠠ ᠶᠢᠨ ᠳᠦᠷᠢᠮ ᠲᠠᠢ ᠵᠤᠯᠭᠠᠭᠤᠯᠬᠤ ᠶᠢ ᠴᠢᠩᠭᠠᠳᠬᠠᠨ᠎ᠠ᠃ ᠡᠮᠴᠢᠯᠡᠬᠡᠨ ᠤ | ᠪᠠᠶᠢᠭᠤᠯᠤᠮᠵᠢ ᠠᠴᠠ ᠤᠷᠢᠳᠠᠪᠠᠷ ᠡᠮᠨᠡᠨ ᠵᠠᠰᠠᠵᠤ᠂ ᠳᠠᠷᠠᠭ᠎ᠠ ᠨᠢ ᠰᠦᠢᠳᠬᠡᠯ ᠬᠤᠷᠢᠶᠠᠬᠤ ᠶᠢ ᠪᠠᠲᠤᠯᠠᠵᠤ᠂ ᠶᠠᠳᠠᠭᠤ | ᠬᠦᠴᠢᠷᠳᠡᠯᠳᠡᠢ ᠡᠪᠡᠳᠴᠢᠳᠡᠳ ᠤᠨ ᠰᠦᠢᠳᠬᠡᠯ ᠤᠨ ᠠᠰᠠᠭᠤᠳᠠᠯ ᠠᠴᠠ ᠪᠤᠯᠵᠤ ᠡᠮᠴᠢᠯᠡᠬᠦᠯᠬᠦ ᠪᠠᠨ ᠨᠦᠯᠦᠭᠡᠯᠡᠬᠦ | ᠦᠭᠡᠢ ᠪᠠᠶᠢᠬᠤ ᠶᠢ ᠪᠠᠲᠤᠯᠠᠨ᠎ᠠ᠃ | | |