︽ᠬᠦᠯᠦᠨ ᠪᠤᠶᠢᠷ ᠬᠤᠲᠠ ᠶᠢᠨ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠬᠤᠲᠠ ᠶᠢᠨ ᠳᠡᠰ ᠤᠨ ᠨᠢᠬᠡᠳᠦᠯᠳᠡᠢ ᠲᠦᠯᠦᠪᠯᠡᠬᠦ ᠲᠦᠰᠦᠯ︾ ︵ᠬᠤᠶᠠᠷ︶
ᠨᠡᠶᠢᠲᠡᠯᠡᠭᠰᠡᠨ ᠴᠠᠭ᠄
2021/3/12
    ︵ᠭᠤᠷᠪᠠ︶ ᠨᠢᠭᠡᠳᠦᠯᠳᠡᠢ ᠪᠡᠯᠡ ᠮᠦᠩᠭᠦ ᠶᠢᠨ ᠬᠠᠮᠢᠶᠠᠷᠤᠯᠳᠠ      ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠲᠡᠳᠬᠦᠮᠵᠢ ᠶᠢᠨ ᠮᠦᠩᠭᠦ ᠳᠤ ᠪᠦᠬᠦ ᠬᠤᠲᠠ ᠶᠢᠨ ︽ᠨᠢᠭᠡᠳᠦᠯᠳᠡᠢ ᠬᠤᠷᠢᠶᠠᠵᠤ ᠨᠢᠭᠡᠳᠦᠯᠳᠡᠢ ᠵᠠᠷᠤᠬᠤ︾ ᠳᠦᠷᠢᠮ ᠢ ᠬᠡᠷᠡᠭᠵᠢᠬᠦᠯᠦᠨ᠎ᠡ᠃ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠲᠡᠳᠬᠦᠮᠵᠢ ᠶᠢᠨ ᠮᠦᠩᠭᠦ ᠶᠢ ᠲᠤᠰᠬᠠᠢ ᠬᠠᠮᠢᠶᠠᠷᠴᠤ᠂ ᠳᠠᠩᠰᠠ ᠶᠢ ᠰᠠᠯᠭᠠᠨ ᠲᠤᠭᠠᠴᠠᠭ᠎ᠠ ᠬᠢᠬᠦ᠂ ᠲᠤᠰᠬᠠᠢ ᠮᠦᠩᠭᠦ ᠶᠢ ᠲᠤᠰᠬᠠᠢ ᠬᠡᠷᠡᠭᠯᠡᠵᠦ᠂ ᠡᠵᠡᠯᠡᠨ ᠠᠪᠴᠤ ᠰᠢᠯᠵᠢᠭᠦᠯᠦᠨ ᠬᠡᠷᠡᠭᠯᠡᠵᠦ ᠪᠤᠯᠬᠤ ᠦᠭᠡᠢ᠃ ᠲᠦᠪ᠂ ᠦᠪᠡᠷᠲᠡᠭᠡᠨ ᠵᠠᠰᠠᠬᠤ ᠤᠷᠤᠨ ᠤ ᠡᠮᠴᠢᠯᠡᠬᠡᠨ ᠤ ᠳᠡᠳᠬᠦᠮᠵᠢ ᠶᠢᠨ ᠮᠦᠩᠭᠦ ᠶᠢ ᠰᠢᠭᠤᠳ ᠬᠦᠯᠦᠨ ᠪᠤᠶᠢᠷ ᠬᠤᠲᠠ ᠶᠢᠨ ᠡᠳ᠋ ᠤᠨ ᠵᠠᠰᠠᠭ ᠤᠨ ᠲᠤᠰᠬᠠᠢ ᠡᠷᠦᠬᠡ ᠶᠢᠨ ᠨᠢᠭᠡᠳᠦᠯᠳᠡᠢ ᠬᠠᠮᠢᠶᠠᠷᠤᠯᠳᠠ ᠳᠤ ᠤᠷᠤᠭᠤᠯᠤᠨ᠎ᠠ᠃ ᠬᠤᠲᠠ ᠪᠠ ᠬᠤᠰᠢᠭᠤ ᠬᠤᠳᠠ ᠲᠤᠭᠤᠷᠢᠭ ᠲᠤᠬᠠᠢ ᠶᠢᠨ ᠭᠠᠵᠠᠷ ᠤᠨ ᠪᠠᠶᠢᠩᠭᠤ ᠰᠠᠭᠤᠭ᠎ᠠ ᠬᠦᠮᠦᠨ ᠠᠮᠠ ᠪᠦᠷᠢ ᠳᠤ 12 ᠲᠦᠬᠦᠷᠢᠭ ᠠᠴᠠ ᠳᠤᠤᠷ᠎ᠠ ᠪᠤᠰᠤ ᠪᠠᠷᠢᠮᠵᠢᠶ᠎ᠠ ︵ᠬᠤᠲᠠ ᠶᠢᠨ ᠳᠡᠰ 4 ᠲᠦᠬᠦᠷᠢᠭ᠂ ᠬᠤᠰᠢᠭᠤ ᠬᠤᠲᠠ ᠲᠤᠭᠤᠷᠢᠭ 8 ᠲᠦᠬᠦᠷᠢᠭ︶ ᠪᠠᠷ ᠲᠦᠬᠦᠷᠵᠢᠭᠰᠡᠨ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠮᠦᠩᠭᠦ ᠤᠯᠭᠤᠵᠤ᠂ ᠬᠤᠲᠠ᠂ ᠬᠤᠰᠢᠭᠤᠨ ᠤ ᠡᠳ᠋ ᠤᠨ ᠵᠠᠰᠠᠭ ᠤᠨ ᠲᠦᠬᠦᠷᠵᠢᠭᠰᠡᠨ ᠳᠡᠳᠬᠦᠮᠵᠢ ᠶᠢᠨ ᠮᠦᠩᠭᠦ ᠶᠢ ᠬᠠᠮᠤᠭ ᠤᠷᠤᠢ ᠳᠤ ᠪᠠᠨ ᠵᠢᠯ ᠪᠦᠷᠢ ᠶᠢᠨ 9 ᠰᠠᠷ᠎ᠠ ᠶᠢᠨ ᠰᠡᠭᠦᠯᠴᠢ ᠠᠴᠠ ᠡᠮᠦᠨ᠎ᠡ ᠪᠤᠳᠠᠳᠠᠶᠢᠵᠢᠭᠤᠯᠬᠤ ᠶᠢᠨ ᠬᠠᠮᠳᠤ ᠬᠦᠯᠦᠨ ᠪᠤᠶᠢᠷ ᠬᠤᠲᠠ ᠶᠢᠨ ᠡᠮᠨᠡᠯᠭᠡ ᠶᠢᠨ ᠳᠠᠭᠠᠳᠬᠠᠯ ᠤᠨ ᠰᠠᠭᠤᠷᠢ ᠮᠦᠩᠭᠦ ᠶᠢᠨ ᠡᠳ᠋ ᠤᠨ ᠵᠠᠰᠠᠭ ᠤᠨ ᠲᠤᠰᠬᠠᠢ ᠡᠷᠦᠬᠡ ᠳᠤ ᠰᠠᠯᠭᠠᠨ ᠦᠭᠴᠦ᠂ ᠨᠢᠬᠡᠳᠦᠯᠳᠡᠢ ᠬᠠᠮᠢᠶᠠᠷᠬᠤ ᠪᠠ ᠲᠤᠬᠢᠷᠠᠭᠤᠯᠤᠨ ᠬᠡᠷᠡᠭᠯᠡᠨ᠎ᠡ᠃ ᠬᠤᠲᠠ ᠶᠢᠨ ᠳᠡᠰ ᠤᠨ ᠨᠢᠬᠡᠳᠦᠯᠳᠡᠢ ᠲᠦᠯᠦᠪᠯᠡᠬᠦ ᠠᠴᠠ ᠡᠮᠦᠨ᠎ᠡ ᠡᠳ᠋ ᠤᠨ ᠵᠠᠰᠠᠭ ᠤᠨ ᠰᠠᠯᠠᠭ᠎ᠠ ᠮᠦᠴᠢᠷ᠂ ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠦᠴᠢᠷ ᠡᠷᠬᠡᠪᠰᠢ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠮᠦᠩᠭᠦ ᠶᠢᠨ ᠵᠢᠯ ᠪᠦᠷᠢ ᠶᠢᠨ ᠶᠡᠷᠦᠩᠭᠡᠢ ᠦᠯᠡᠳᠡᠪᠦᠷᠢ ᠲᠤᠭ᠎ᠠ ᠪᠠᠷᠢᠮᠳᠠ ᠶᠢ ᠪᠠᠶᠢᠴᠠᠭᠠᠨ ᠤᠶᠢᠯᠠᠭᠠᠵᠤ᠂ ᠬᠢᠨᠠᠨ ᠪᠤᠳᠤᠬᠤ ᠰᠠᠯᠠᠭ᠎ᠠ ᠮᠦᠴᠢᠷ ᠪᠤᠶᠤ ᠭᠤᠷᠪᠠᠳᠡᠬᠢ ᠡᠲᠡᠭᠡᠳ ᠤᠨ ᠵᠠᠭᠤᠴᠢ ᠶᠢᠨ ᠪᠠᠶᠢᠭᠤᠯᠤᠮᠵᠢ ᠶᠢ ᠤᠷᠢᠵᠤ ᠪᠡᠯᠡ ᠮᠦᠩᠭᠦ ᠶᠢᠨ ᠬᠢᠨᠠᠨ ᠪᠤᠳᠤᠯᠳᠠ ᠬᠢᠯᠭᠡᠭᠦ ᠶᠢᠨ ᠬᠠᠮᠳᠤ 2020 ᠤᠨ ᠤ ᠰᠡᠭᠦᠯᠴᠢ ᠪᠠᠷ ᠪᠦᠬᠦᠨ ᠢ ᠬᠦᠯᠦᠨ ᠪᠤᠶᠢᠷ ᠬᠤᠳᠠ ᠶᠢᠨ ᠡᠮᠨᠡᠯᠬᠡ ᠶᠢᠨ ᠳᠠᠭᠠᠳᠬᠠᠯ ᠤᠨ ᠰᠠᠭᠤᠷᠢ ᠮᠦᠩᠭᠦᠨ ᠤ ᠡᠳ᠋ ᠤᠨ ᠵᠠᠰᠠᠭ ᠤᠨ ᠲᠤᠰᠬᠠᠢ ᠡᠷᠦᠬᠡ ᠶᠢᠨ ᠨᠢᠬᠡᠳᠦᠯᠳᠡᠢ ᠬᠠᠮᠢᠶᠠᠷᠤᠯᠳᠠ ᠳᠤ ᠲᠤᠰᠢᠶᠠᠨ ᠦᠭᠭᠦᠨ᠎ᠡ᠃      ᠡᠯ᠎ᠡ ᠭᠠᠵᠠᠷ ᠤᠨ ᠡᠮᠨᠡᠯᠬᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠲᠤᠬᠠᠶᠢᠯᠠᠭᠰᠠᠨ ᠠᠵᠢᠯ ᠤᠨ ᠲᠤᠬᠢᠷᠠᠭᠤᠯᠤᠯᠳᠠ ᠶᠢ ᠦᠨᠳᠦᠰᠦᠯᠡᠨ᠂ ᠠᠪᠤᠷᠠᠨ ᠲᠤᠰᠠᠯᠠᠯᠳᠠ ᠶᠢᠨ ᠮᠦᠩᠭᠦ ᠶᠢᠨ ᠲᠦᠯᠦᠪᠯᠡᠭᠡ ᠶᠢ ᠤᠯᠠᠷᠢᠯ ᠢᠶᠠᠷ ᠳᠡᠭᠡᠭᠰᠢ ᠮᠡᠳᠡᠬᠦᠯᠵᠦ᠂ ᠬᠤᠲᠠ ᠶᠢᠨ ᠡᠮᠨᠡᠯᠬᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠠᠴᠠ ᠬᠢᠨᠠᠨ ᠰᠢᠯᠭᠠᠵᠤ ᠬᠤᠷᠢᠶᠠᠩᠭᠤᠶᠢᠯᠠᠨ ᠡᠮᠬᠢᠳᠬᠡᠵᠦ᠂ ᠬᠦᠯᠦᠨ ᠪᠤᠶᠢᠷ ᠬᠤᠳᠠ ᠶᠢᠨ ᠡᠳ᠋ ᠤᠨ ᠵᠠᠰᠠᠭ ᠲᠤ ᠵᠤᠭᠤᠰ ᠬᠡᠷᠡᠭᠯᠡᠬᠦ ᠪᠠᠷ ᠭᠤᠶᠤᠴᠢᠯᠠᠯᠲᠠ ᠮᠡᠳᠡᠬᠦᠯᠦᠭᠰᠡᠨ ᠤ ᠳᠠᠷᠠᠭ᠎ᠠ᠂ ᠵᠤᠭᠤᠰ ᠤᠨ ᠵᠦᠢᠯ ᠢ ᠡᠯ᠎ᠡ ᠭᠠᠵᠠᠷ ᠤᠨ ᠡᠮᠨᠡᠯᠬᠡ ᠶᠢᠨ ᠳᠠᠭᠠᠳᠬᠠᠯ ᠤᠨ ᠰᠠᠭᠤᠷᠢ ᠮᠦᠩᠭᠦ ᠶᠢᠨ ᠲᠤᠰᠬᠠᠢ ᠡᠷᠦᠬᠡ ᠳᠤ ᠰᠠᠯᠭᠠᠨ ᠦᠭᠭᠦᠨ᠎ᠡ᠃      ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠪᠡᠯᠡ ᠮᠦᠩᠭᠦ ᠶᠢᠨ ᠵᠢᠯ ᠤᠨ ᠰᠡᠭᠦᠯᠴᠢ ᠶᠢᠨ ᠦᠯᠡᠳᠡᠪᠦᠷᠢ ᠨᠢ ᠳᠤᠰ ᠵᠢᠯ ᠤᠨ ᠪᠡᠯᠡᠳᠬᠡᠵᠦ ᠴᠤᠭᠯᠠᠭᠤᠯᠤᠭᠰᠠᠨ ᠪᠡᠯᠡ ᠮᠦᠩᠭᠦ ᠶᠢᠨ ᠶᠡᠷᠦᠩᠭᠡᠢ ᠨᠤᠷᠮ᠎ᠠ ᠶᠢᠨ 15% ᠠᠴᠠ ᠬᠡᠲᠦᠷᠡᠵᠦ ᠪᠤᠯᠬᠤ ᠦᠭᠡᠢ᠂ ᠦᠯᠡᠳᠡᠪᠦᠷᠢ ᠮᠦᠩᠭᠦ ᠶᠢ ᠳᠠᠷᠠᠭ᠎ᠠ ᠵᠢᠯ ᠳᠤ ᠰᠢᠯᠵᠢᠬᠦᠯᠵᠦ ᠦᠷᠭᠦᠯᠵᠢᠯᠡᠨ ᠬᠡᠷᠡᠭᠯᠡᠨ᠎ᠠ᠃     ︵ᠳᠦᠷᠪᠡ︶ ᠨᠢᠭᠡᠳᠦᠯᠳᠡᠢ ᠡᠷᠬᠢᠯᠡᠨ ᠭᠦᠢᠴᠡᠳᠬᠡᠬᠦ ᠦᠢᠯᠡᠴᠢᠯᠡᠭᠡ      ᠡᠯ᠎ᠡ ᠬᠤᠰᠢᠭᠤ ᠬᠤᠳᠠ ᠲᠤᠭᠤᠷᠢᠭ ᠤᠨ ᠡᠮᠨᠡᠯᠭᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠬᠠᠷᠢᠶ᠎ᠠ ᠭᠠᠵᠠᠷ ᠤᠨ ᠢᠶᠠᠨ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠡᠷᠬᠢᠯᠡᠨ ᠭᠦᠢᠴᠡᠳᠭᠡᠬᠦ ᠠᠵᠢᠯ ᠬᠡᠷᠡᠭ ᠢ ᠬᠠᠷᠢᠭᠤᠴᠠᠵᠤ᠂ ᠲᠤᠭᠳᠠᠭᠰᠠᠨ ᠴᠡᠭ ᠤᠨ ᠡᠮᠴᠢᠯᠡᠬᠡᠨ ᠤ ᠪᠠᠶᠢᠭᠤᠯᠤᠮᠵᠢ ᠶᠢᠨ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠰᠦᠢᠳᠬᠡᠯ ᠤᠨ ᠲᠦᠯᠦᠪᠦᠷᠢ ᠳᠤ ᠬᠡᠯᠡᠯᠴᠡᠭᠡᠷ ᠤᠨ ᠬᠠᠮᠢᠶᠠᠷᠤᠯᠳᠠ ᠬᠡᠷᠡᠭᠵᠢᠬᠦᠯᠦᠨ᠎ᠡ᠃ ᠨᠢᠭᠡᠳᠦᠯᠳᠡᠢ ᠲᠦᠯᠦᠪᠯᠡᠬᠦ ᠤᠷᠤᠨ ᠬᠡᠪᠴᠢᠶᠡᠨ ᠳᠤᠳᠤᠷ᠎ᠠ ᠡᠪᠡᠳᠴᠢᠨ ᠦᠵᠡᠬᠦᠯᠵᠦ ᠡᠮᠴᠢᠯᠡᠬᠦᠯᠬᠦ ᠳᠤ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠰᠦᠢᠳᠬᠡᠯ ᠢ ᠴᠠᠭ ᠳᠠᠷᠤᠢ ᠳᠤ ᠨᠢ ᠳ᠋ᠦᠩᠨᠡᠨ ᠪᠤᠳᠤᠬᠤ ᠶᠢ ᠬᠡᠷᠡᠭᠵᠢᠬᠦᠯᠵᠦ᠂ ᠠᠪᠤᠷᠠᠨ ᠲᠤᠰᠠᠯᠠᠯᠳᠠ ᠬᠦᠷᠲᠡᠭᠰᠡᠳ ᠤᠨ ᠡᠮᠴᠢᠯᠡᠭᠦᠯᠦᠭᠰᠡᠨ ᠡᠮᠴᠢᠯᠡᠬᠡᠨ ᠤ ᠰᠦᠢᠳᠬᠡᠯ ᠢ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠠᠴᠠ ᠤᠷᠤᠯᠠᠨ ᠲᠦᠯᠦᠵᠤ᠂ ᠠᠪᠤᠷᠠᠨ ᠲᠤᠰᠠᠯᠠᠯᠳᠠ ᠬᠦᠷᠲᠡᠭᠰᠡᠳ ᠦᠪᠡᠷ ᠢᠶᠠᠨ ᠳᠤᠰᠢᠶᠠᠬᠤ ᠶᠤᠰᠤᠳᠠᠢ ᠰᠦᠢᠳᠬᠡᠯ ᠢᠶᠠᠨ ᠯᠡ ᠲᠤᠰᠢᠶᠠᠵᠤ᠂ ᠠᠪᠤᠷᠠᠨ ᠲᠤᠰᠠᠯᠠᠯᠳᠠ ᠬᠦᠷᠲᠡᠭᠰᠡᠳ ᠤᠨ ᠡᠪᠡᠳᠴᠢᠨ ᠦᠵᠡᠬᠦᠯᠵᠦ ᠡᠮᠴᠢᠯᠡᠬᠦᠯᠬᠦ ᠳᠤ ᠳᠦᠬᠦᠮ ᠦᠵᠡᠬᠦᠯᠦᠨ᠎ᠡ᠃ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠪᠡᠯᠡ ᠮᠦᠩᠭᠦ ᠶᠢ ᠤᠷᠢᠳᠴᠢᠯᠠᠨ ᠲᠦᠯᠦᠬᠦ ᠳᠦᠷᠢᠮ ᠢ ᠠᠭᠠᠵᠢᠮ ᠢᠶᠠᠷ ᠪᠠᠶᠢᠭᠤᠯᠵᠤ᠂ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠶᠢᠨ ᠤᠷᠤᠯᠠᠨ ᠳᠦᠯᠦᠬᠦ ᠳᠠᠷᠤᠭᠠᠰᠤ ᠶᠢ ᠬᠦᠩᠭᠡᠷᠡᠭᠦᠯᠦᠨ᠎ᠡ᠃ ᠡᠮᠴᠢᠯᠡᠬᠡᠨ ᠤ ᠠᠪᠤᠷᠠᠨ ᠳᠤᠰᠠᠯᠠᠯᠳᠠ ᠪᠠ ᠦᠨᠳᠦᠰᠦᠨ ᠡᠮᠨᠡᠯᠬᠡ ᠶᠢᠨ ᠳᠠᠭᠠᠳᠬᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠶᠡᠭᠡ ᠡᠪᠡᠳᠴᠢᠨ ᠤ ᠳᠠᠭᠠᠳᠬᠠᠯ ᠤᠨ ᠬᠠᠷᠢᠯᠴᠠᠨ ᠬᠤᠯᠪᠤᠭᠠᠯᠠᠵᠤ ᠬᠠᠷᠢᠯᠴᠠᠨ ᠬᠦᠷᠲᠡᠬᠦ᠂ ᠢᠯᠡ ᠲᠤᠳᠦ᠂ ᠮᠡᠳᠡᠭᠡ ᠵᠠᠩᠭᠢ ᠶᠢᠨ ᠰᠤᠯᠢᠯᠴᠠᠭ᠎ᠠ ᠶᠢ ᠠᠬᠢᠭᠤᠯᠵᠤ᠂ ︽ᠨᠢᠭᠡ ᠦᠷᠲᠡᠭᠡ ᠮᠠᠶ᠋ᠢᠭ︾ ᠤᠨ ᠳ᠋ᠦᠩᠨᠡᠨ ᠪᠤᠳᠤᠯᠳᠠ ᠶᠢ ᠪᠡᠶᠡᠯᠡᠬᠦᠯᠦᠨ᠎ᠡ᠃ ᠦᠨᠳᠦᠰᠦᠨ ᠡᠮᠨᠡᠯᠭᠡ ᠶᠢᠨ ᠳᠠᠭᠠᠳᠬᠠᠯ ᠢ ᠤᠨᠳᠤᠤ ᠭᠠᠵᠠᠷ ᠲᠤ ᠡᠮᠴᠢᠯᠡᠬᠦᠯᠪᠡᠯ ᠰᠢᠭᠤᠳ ᠳ᠋ᠦᠩᠨᠡᠨ ᠪᠤᠳᠤᠬᠤ ᠠᠵᠢᠯ ᠲᠠᠢ ᠤᠶᠠᠯᠳᠤᠭᠤᠯᠤᠨ᠂ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠤᠨᠳᠤᠤ ᠭᠠᠵᠠᠷ ᠲᠤ ᠡᠮᠴᠢᠯᠡᠬᠦᠯᠬᠦ ᠬᠠᠮᠢᠶᠠᠷᠤᠯᠳᠠ ᠶᠢᠨ ᠲᠤᠭᠳᠠᠯᠴᠠᠭ᠎ᠠ ᠶᠢ ᠳᠡᠬᠦᠯᠳᠡᠷᠵᠢᠭᠦᠯᠦᠨ᠎ᠡ᠃ ᠡᠮᠨᠡᠯᠬᠡ ᠶᠢᠨ ᠳᠠᠭᠠᠳᠬᠠᠯ ᠤᠨ ᠡᠷᠬᠢᠯᠡᠨ ᠭᠦᠢᠴᠡᠳᠬᠡᠬᠦ ᠪᠠᠶᠢᠭᠤᠯᠤᠮᠵᠢ ᠶᠢᠨ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠦᠢᠯᠡᠴᠢᠯᠡᠬᠡᠨ ᠤ ᠴᠤᠩᠬᠤᠪᠴᠢ ᠪᠠᠶᠢᠭᠤᠯᠵᠤ᠂ ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠤᠨ ᠤᠨᠳᠤᠤ ᠭᠠᠵᠠᠷ ᠡᠮᠴᠢᠯᠡᠬᠦᠯᠬᠦ ᠳᠤ ᠡᠬᠦᠰᠦᠭᠰᠡᠨ ᠰᠦᠢᠳᠬᠡᠯ ᠢ ᠲᠤᠭᠳᠠᠭᠰᠠᠨ ᠴᠠᠭ ᠤᠨ ᠬᠢᠵᠠᠭᠠᠷ ᠳᠤᠳᠤᠷ᠎ᠠ ᠳ᠋ᠦᠩᠨᠡᠨ ᠪᠤᠳᠤᠨ᠎ᠠ᠃ ᠳᠠᠭᠠᠳᠬᠠᠯ ᠳᠤ ᠤᠷᠤᠯᠴᠠᠭᠰᠠᠨ ᠪᠠᠶᠢᠳᠠᠯ ᠢ ᠬᠠᠪᠰᠤᠷᠤᠨ ᠳᠡᠳᠬᠦᠭᠰᠡᠨ ᠳᠠᠩᠰᠠ ᠶᠢᠨ ᠲᠤᠭ᠎ᠠ ᠪᠠᠷᠢᠮᠳᠠ ᠶᠢᠨ ᠪᠦᠷᠢᠳᠬᠡᠯ᠂ ᠲᠤᠭ᠎ᠠ ᠪᠠᠷᠢᠮᠳᠠ ᠶᠢ ᠮᠡᠳᠡᠬᠦᠯᠦᠨ ᠬᠦᠷᠭᠡᠬᠦ᠂ ᠲᠦᠷᠦ ᠶᠢᠨ ᠪᠤᠳᠤᠯᠭ᠎ᠠ ᠶᠢᠨ ᠤᠬᠠᠭᠤᠯᠤᠯ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠵᠢᠷᠤᠮᠵᠢᠭᠤᠯᠬᠤ ᠵᠡᠷᠬᠡ ᠠᠵᠢᠯ ᠢ ᠰᠠᠶᠢᠳᠤᠷ ᠬᠢᠨ᠎ᠡ᠃     ︵ᠲᠠᠪᠤ︶ ᠨᠢᠬᠡᠳᠦᠯᠳᠡᠢ ᠮᠡᠳᠡᠭᠡ ᠵᠠᠩᠭᠢ ᠶᠢᠨ ᠰᠢᠰᠲ᠋ᠧᠮ      ᠪᠦᠬᠦ ᠬᠤᠲᠠ ᠶᠢᠨ ᠡᠮᠨᠡᠯᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠬᠠᠮᠢᠶᠠᠷᠤᠯᠳᠠ ᠶᠢᠨ ᠰᠢᠰᠲ᠋ᠧᠮ ᠢ ᠨᠢᠬᠡᠳᠦᠯᠳᠡᠢ ᠬᠡᠷᠡᠭᠯᠡᠵᠦ᠂ ᠦᠨᠳᠦᠰᠦᠨ ᠡᠮᠨᠡᠯᠭᠡ ᠶᠢᠨ ᠳᠠᠭᠠᠳᠬᠠᠯ᠂ ᠶᠡᠭᠡ ᠡᠪᠡᠳᠴᠢᠨ ᠤ ᠳᠠᠭᠠᠳᠬᠠᠯ᠂ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠭᠤᠷᠪᠠᠯᠠᠭᠰᠠᠨ ᠪᠠᠲᠤᠯᠠᠭ᠎ᠠ ᠶᠢᠨ ︽ᠨᠢᠭᠡ ᠦᠷᠲᠡᠭᠡ ᠮᠠᠶ᠋ᠢᠭ ᠤᠨ ᠦᠢᠯᠡᠴᠢᠯᠡᠭᠡ᠂ ᠨᠢᠭᠡ ᠳᠠᠩᠰᠠ ᠶᠢᠨ ᠳᠦᠷᠢᠮ ᠢᠶᠠᠷ ᠳ᠋ᠦᠩᠨᠡᠨ ᠪᠤᠳᠤᠬᠤ᠂ ᠨᠢᠭᠡ ᠴᠤᠩᠬᠤᠪᠴᠢ ᠪᠠᠷ ᠭᠦᠢᠴᠡᠳᠬᠡᠬᠦ︾ ᠶᠢ ᠪᠡᠶᠡᠯᠡᠬᠦᠯᠦᠨ᠎ᠡ᠃      ᠲᠠᠪᠤ᠂ ᠬᠤᠯᠪᠤᠭᠳᠠᠯ ᠪᠦᠬᠦᠢ ᠱᠠᠭᠠᠷᠳᠠᠯᠭ᠎ᠠ      ︵ᠨᠢᠭᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ ᠡᠯ᠎ᠡ ᠭᠠᠵᠠᠷ ᠤᠨ ᠬᠤᠯᠪᠤᠭᠳᠠᠯ ᠪᠦᠬᠦᠢ ᠰᠠᠯᠠᠭ᠎ᠠ ᠮᠦᠴᠢᠷ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠬᠤᠳᠠ ᠶᠢᠨ ᠳᠡᠰ ᠤᠨ ᠨᠢᠭᠡᠳᠦᠯᠳᠡᠢ ᠲᠦᠯᠦᠪᠯᠡᠬᠦ ᠠᠵᠢᠯ ᠢ ᠳᠡᠭᠡᠳᠤ ᠬᠡᠮᠵᠢᠶ᠎ᠡ ᠪᠠᠷ ᠬᠦᠨᠳᠦᠳᠬᠡᠵᠦ᠂ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠬᠤᠷᠢᠭ᠎ᠠ ᠱᠤᠭᠤᠮ ᠤᠨ ᠦᠨᠳᠦᠰᠦ ᠠᠴᠠ ᠨᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠡᠪᠡᠳᠴᠢᠨ ᠠᠴᠠ ᠪᠤᠯᠵᠤ ᠶᠠᠳᠠᠭᠤᠷᠠᠬᠤ᠂ ᠡᠪᠡᠳᠴᠢᠨ ᠠᠴᠠ ᠪᠤᠯᠵᠤ ᠳᠠᠬᠢᠨ ᠶᠠᠳᠠᠭᠤᠷᠠᠬᠤ ᠶᠢ ᠬᠠᠮᠤᠭ ᠶᠡᠭᠡ ᠬᠡᠮᠵᠢᠶ᠎ᠡ ᠪᠠᠷ ᠬᠢᠵᠠᠭᠠᠷᠯᠠᠨ᠎ᠠ᠃ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠡᠬᠦᠷᠬᠡᠯᠡᠨ᠂ ᠰᠠᠶᠢᠳᠤᠷ ᠬᠠᠮᠳᠤᠷᠠᠨ ᠠᠵᠢᠯᠯᠠᠵᠤ᠂ ᠨᠢᠭᠲᠠ ᠬᠠᠮᠵᠢᠯᠴᠠᠨ᠂ ᠬᠠᠮᠳᠤᠪᠠᠷ ᠰᠠᠶᠢᠳᠤᠷ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠡᠮᠴᠢᠯᠡᠬᠡᠨ ᠤ ᠬᠢᠷᠢ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠬᠦᠯᠦᠨ᠎ᠡ᠃ ᠡᠮᠴᠢᠯᠡᠬᠡᠨ ᠤ ᠠᠪᠤᠷᠠᠨ ᠳᠤᠰᠠᠯᠠᠬᠤ ᠠᠵᠢᠯ ᠢ ᠡᠯ᠎ᠡ ᠱᠠᠲᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤᠤᠷ᠎ᠠ᠂ ᠡᠮᠨᠡᠯᠭᠡ ᠶᠢᠨ ᠳᠠᠭᠠᠳᠬᠠᠯ᠂ ᠡᠳ᠋ ᠤᠨ ᠵᠠᠰᠠᠭ᠂ ᠠᠷᠠᠳ ᠤᠨ ᠶᠠᠪᠤᠳᠠᠯ᠂ ᠡᠷᠡᠭᠦᠯ ᠮᠡᠨᠳᠤ ᠶᠢᠨ ᠵᠦᠪᠯᠡᠯ᠂ ᠵᠡᠮᠳᠡᠭᠴᠦᠳ ᠤᠨ ᠬᠤᠯᠪᠤᠭ᠎ᠠ ᠵᠡᠷᠭᠡ ᠰᠠᠯᠠᠭ᠎ᠠ ᠮᠦᠴᠢᠷ ᠠᠴᠠ ᠬᠠᠮᠳᠤᠷᠠᠨ ᠵᠤᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ︵ᠬᠤᠶᠠᠷ︶ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠎ᠠ      ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠦᠴᠢᠷ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠳᠦᠷᠢᠮ ᠢ ᠵᠤᠬᠢᠶᠠᠨ ᠪᠠᠶᠢᠭᠤᠯᠤᠨ ᠬᠡᠷᠡᠭᠵᠢᠬᠦᠯᠬᠦ᠂ ᠦᠢᠯᠡᠴᠢᠯᠡᠭᠡ ᠬᠠᠮᠢᠶᠠᠷᠤᠯᠳᠠ ᠵᠡᠷᠬᠡ ᠠᠵᠢᠯ ᠢ ᠬᠠᠷᠢᠭᠤᠴᠠᠵᠤ᠂ ︽ᠲᠠᠪᠤᠨ ᠨᠢᠬᠡᠳᠦᠯᠳᠡᠢ︾ ᠳᠦᠷᠢᠮ ᠤᠨ ᠱᠠᠭᠠᠷᠳᠠᠯᠭ᠎ᠠ ᠶᠢ ᠦᠨᠳᠦᠰᠦᠯᠡᠨ᠂ ᠤᠷᠤᠯᠴᠠᠵᠤ ᠪᠤᠯᠬᠤ ᠬᠦᠮᠦᠰ ᠢ ᠪᠦᠬᠦᠨ ᠢ ᠤᠷᠤᠯᠴᠠᠭᠤᠯᠬᠤ ᠶᠢ ᠪᠠᠲᠤᠯᠠᠨ᠎ᠠ︔ ᠡᠯ᠎ᠡ ᠵᠦᠢᠯ ᠤᠨ ᠡᠮᠴᠢᠯᠡᠬᠡᠨ ᠤ ᠠᠪᠤᠷᠠᠨ ᠲᠤᠰᠠᠯᠠᠬᠤ ᠳᠦᠷᠦ ᠶᠢᠨ ᠪᠤᠳᠤᠯᠭ᠎ᠠ ᠶᠢ ᠲᠤᠭᠲᠠᠭᠰᠠᠨ ᠪᠠᠷᠢᠮᠵᠢᠶ᠎ᠠ ᠪᠠᠷ ᠨᠠᠶᠢᠳᠠᠪᠤᠷᠢᠵᠢᠭᠤᠯᠵᠤ᠂ ᠡᠮᠴᠢᠯᠡᠬᠡᠨ ᠤ ᠠᠪᠤᠷᠠᠨ ᠲᠤᠰᠠᠯᠠᠯᠳᠠ ᠬᠦᠷᠲᠡᠭᠰᠡᠳ ᠲᠤ ᠳᠠᠷᠤᠢ ᠲᠦᠷᠭᠡᠨ ᠬᠠᠷᠠᠭᠠᠯᠵᠠᠯ ᠬᠦᠷᠲᠡᠬᠡᠬᠦ ᠶᠢ ᠪᠠᠲᠤᠯᠠᠨ᠎ᠠ︔ ᠲᠤᠭᠳᠠᠭᠰᠠᠨ ᠡᠮᠴᠢᠯᠡᠬᠡᠨ ᠤ ᠪᠠᠶᠢᠭᠤᠯᠤᠮᠵᠢ ᠳᠤ ︽ᠨᠢᠭᠡ ᠦᠷᠲᠡᠭᠡ ᠮᠠᠶ᠋ᠢᠭ︾ ᠤᠨ ᠳ᠋ᠦᠩᠨᠡᠨ ᠪᠤᠳᠤᠬᠤ ᠦᠢᠯᠡᠴᠢᠯᠡᠬᠡᠨ ᠤ ᠴᠤᠩᠬᠤᠪᠴᠢ ᠪᠠᠶᠢᠭᠤᠯᠬᠤ ᠶᠢ ᠵᠢᠯᠤᠭᠤᠳᠴᠤ᠂ ᠲᠤᠭᠲᠠᠭᠰᠠᠨ ᠡᠮᠴᠢᠯᠡᠬᠡᠨ ᠤ ᠦᠢᠯᠡᠴᠢᠯᠡᠬᠡᠨ ᠤ ᠪᠠᠶᠢᠭᠤᠯᠤᠮᠵᠢ ᠶᠢᠨ ᠡᠮᠴᠢᠯᠡᠬᠡᠨ ᠤ ᠠᠪᠤᠷᠠᠨ ᠲᠤᠰᠠᠯᠠᠬᠤ ᠰᠦᠢᠳᠬᠡᠯ ᠤᠨ ᠳᠦᠯᠦᠪᠦᠷᠢ ᠶᠢ ᠭᠡᠷ᠎ᠡ ᠶᠢᠨ ᠬᠠᠮᠢᠶᠠᠷᠤᠯᠳᠠ ᠳᠤ ᠬᠠᠮᠤᠷᠤᠨ ᠤᠷᠤᠭᠤᠯᠤᠨ᠎ᠠ︔ ᠴᠤᠩᠬᠤᠪᠴᠢ ᠶᠢᠨ ᠦᠢᠯᠡᠴᠢᠯᠡᠭᠡ ᠶᠢ ᠵᠢᠷᠤᠮᠵᠢᠭᠤᠯᠵᠤ᠂ ᠦᠢᠯᠡᠴᠢᠯᠡᠬᠡᠨ ᠤ ᠴᠢᠳᠠᠪᠤᠷᠢ ᠪᠠ ᠦᠢᠯᠡᠴᠢᠯᠡᠬᠡᠨ ᠤ ᠬᠢᠷᠢ ᠲᠦᠪᠰᠢᠨ ᠢᠶᠠᠨ ᠲᠠᠰᠤᠷᠠᠯᠳᠠ ᠦᠭᠡᠢ ᠳᠡᠭᠡᠭᠰᠢᠯᠡᠬᠦᠯᠦᠨ᠎ᠡ᠃      ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠶᠠᠳᠠᠭᠤ ᠶᠢ ᠳᠡᠳᠬᠦᠬᠦ ᠠᠯᠪᠠᠨ ᠭᠡᠷ᠂ ᠵᠡᠮᠳᠡᠭᠴᠦᠳ ᠤᠨ ᠬᠤᠯᠪᠤᠭ᠎ᠠ ᠠᠴᠠ ᠡᠮᠴᠢᠯᠡᠭᠡᠨ ᠤ ᠠᠪᠤᠷᠠᠨ ᠲᠤᠰᠠᠯᠠᠯᠳᠠ ᠬᠦᠷᠲᠡᠭᠰᠡᠳ ᠤᠨ ᠬᠢᠷᠢ ᠬᠡᠮ ᠢ ᠮᠠᠭᠠᠳᠯᠠᠨ ᠲᠤᠭᠲᠠᠭᠠᠬᠤ ᠶᠢ ᠬᠠᠷᠢᠭᠤᠴᠠᠵᠤ᠂ ᠬᠠᠮᠲᠤᠪᠠᠷ ᠡᠳ᠋ᠯᠡᠬᠦ ᠲᠤᠭᠲᠠᠯᠴᠠᠭ᠎ᠠ ᠶᠢ ᠪᠠᠶᠢᠭᠤᠯᠵᠤ᠂ ᠮᠠᠭᠠᠳᠯᠠᠨ ᠲᠤᠭᠲᠠᠭᠠᠭᠰᠠᠨ ᠮᠡᠳᠡᠭᠡ ᠵᠠᠩᠭᠢ ᠶᠢ ᠠᠳᠠᠯᠢ ᠳᠡᠰ ᠤᠨ ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠦᠴᠢᠷ ᠲᠠᠢ ᠬᠠᠮᠳᠤᠪᠠᠷ ᠬᠡᠷᠡᠭᠯᠡᠨ᠎ᠡ᠃ ᠳᠠᠭᠠᠳᠬᠠᠯ ᠳᠤ ᠤᠷᠤᠯᠴᠠᠭᠰᠠᠨ ᠲᠤᠭ᠎ᠠ ᠪᠠᠷᠢᠮᠳᠠ ᠶᠢᠨ ᠬᠠᠷᠢᠴᠠᠭᠤᠯᠤᠯ ᠢᠶᠠᠷ ᠳᠠᠮᠵᠢᠨ᠂ ᠳᠠᠭᠠᠳᠬᠠᠯ ᠳᠤ ᠤᠷᠤᠯᠴᠠᠭᠰᠠᠨ ᠪᠠᠶᠢᠳᠠᠯ ᠢ ᠳᠤᠳᠤᠷᠬᠠᠶᠢᠯᠠᠵᠤ᠂ ᠡᠮᠨᠡᠯᠬᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠬᠦᠮᠦᠰ ᠤᠨ ᠢᠯᠡᠷᠬᠡᠶᠢᠯᠡᠯ ᠢ ᠰᠠᠶᠢᠳᠤᠷ ᠬᠢᠵᠤ᠂ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠳᠠᠭᠠᠳᠬᠠᠯ ᠳᠤ ᠤᠷᠤᠯᠴᠠᠭᠰᠠᠨ ᠳᠡᠳᠬᠦᠮᠵᠢ᠂ ᠬᠠᠷᠠᠭᠠᠯᠵᠠᠯ ᠢ ᠳᠠᠪᠬᠤᠴᠠᠭᠤᠯᠵᠤ᠂ ᠤᠷᠬᠢᠭᠳᠠᠭᠤᠯᠬᠤ ᠦᠬᠡᠢ ᠪᠠᠶᠢᠬᠤ ᠶᠢ ᠪᠠᠲᠤᠯᠠᠨ᠎ᠠ᠃      ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠪᠡᠯᠡ ᠮᠦᠩᠭᠦ ᠶᠢ ᠴᠤᠭᠯᠠᠭᠤᠯᠬᠤ᠂ ᠬᠠᠮᠢᠶᠠᠷᠬᠤ᠂ ᠰᠠᠯᠭᠠᠨ ᠦᠭᠬᠦ ᠶᠢ ᠬᠠᠷᠢᠭᠤᠴᠠᠬᠤ ᠶᠢᠨ ᠬᠠᠮᠳᠤ ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠦᠴᠢᠷ ᠲᠠᠢ ᠬᠠᠮᠲᠤ ᠪᠠᠷ ᠪᠡᠯᠡ ᠮᠦᠩᠭᠦ ᠶᠢᠨ ᠬᠡᠷᠡᠭᠯᠡᠯᠳᠡ ᠶᠢᠨ ᠪᠠᠶᠢᠳᠠᠯ ᠳᠤ ᠪᠠᠶᠢᠴᠠᠭᠠᠯᠳᠠ ᠪᠠ ᠠᠵᠢᠯ ᠤᠨ ᠪᠦᠲᠦᠮᠵᠢ ᠶᠢᠨ ᠰᠢᠯᠭᠠᠨ ᠬᠢᠨᠠᠯᠳᠠ ᠬᠠᠮᠢᠶᠠᠷᠤᠯᠳᠠ ᠶᠢᠨ ᠠᠵᠢᠯ ᠶᠠᠪᠤᠭᠤᠯᠵᠤ᠂ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠭᠤᠶᠤᠴᠢᠯᠠᠭᠰᠠᠨ ᠡᠮᠴᠢᠯᠡᠬᠡᠨ ᠤ ᠳᠡᠳᠬᠦᠮᠵᠢ ᠶᠢᠨ ᠮᠦᠩᠭᠦ ᠶᠢ ᠰᠢᠨᠵᠢᠯᠡᠬᠦ ᠤᠬᠠᠭᠠᠨᠴᠢ ᠪᠠᠷ ᠬᠡᠮᠵᠢᠨ ᠪᠤᠳᠤᠭᠰᠠᠨ ᠬᠡᠷᠡᠭᠴᠡᠭᠡ ᠶᠢ ᠦᠨᠳᠦᠰᠦᠯᠡᠵᠦ᠂ ᠡᠮᠴᠢᠯᠡᠬᠡᠨ ᠤ ᠠᠪᠤᠷᠠᠨ ᠲᠤᠰᠠᠯᠠᠯᠲᠠ ᠶᠢᠨ ᠮᠦᠩᠭᠦ ᠶᠢ ᠤᠨ ᠤ ᠡᠳ᠋ ᠤᠨ ᠵᠠᠰᠠᠭ ᠤᠨ ᠲᠦᠰᠦᠪ ᠲᠤ ᠤᠷᠤᠭᠤᠯᠵᠤ᠂ ᠲᠤᠬᠢᠷᠠᠭᠤᠯᠤᠭᠰᠠᠨ ᠪᠡᠯᠡ ᠮᠦᠩᠭᠦ ᠶᠢ ᠭᠦᠢᠴᠡᠳ ᠨᠤᠷᠮ᠎ᠠ ᠪᠠᠷ ᠴᠠᠭ ᠳᠠᠷᠤᠢ ᠳᠤ ᠨᠢ ᠪᠠᠭᠤᠯᠭᠠᠨ ᠦᠭᠬᠦ ᠶᠢ ᠪᠠᠲᠤᠯᠠᠨ᠎ᠠ᠃ ᠡᠷᠡᠬᠦᠯ ᠬᠠᠮᠠᠭᠠᠯᠠᠯ ᠡᠷᠡᠬᠦᠯ ᠮᠡᠨᠳᠤ ᠶᠢᠨ ᠰᠠᠯᠠᠭ᠎ᠠ ᠮᠦᠴᠢᠷ ᠡᠮᠴᠢᠯᠡᠬᠡᠨ ᠤ ᠪᠠᠶᠢᠭᠤᠯᠤᠮᠵᠢ ᠶᠢᠨ ᠡᠬᠢ ᠪᠠᠶᠠᠯᠢᠭ ᠤᠨ ᠲᠤᠬᠢᠷᠠᠭᠤᠯᠤᠯᠳᠠ ᠶᠢ ᠲᠡᠭᠦᠯᠳᠡᠷᠵᠢᠬᠦᠯᠬᠦ ᠶᠢ ᠬᠠᠷᠢᠭᠤᠴᠠᠵᠤ᠂ ᠡᠯ᠎ᠡ ᠱᠠᠳᠤᠨ ᠤ ᠡᠮᠴᠢᠯᠡᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠡᠮᠴᠢᠯᠡᠬᠡᠨ ᠤ ᠦᠢᠯᠡᠴᠢᠯᠡᠬᠦ ᠠᠵᠢᠯᠯᠠᠭ᠎ᠠ ᠶᠢ ᠵᠢᠷᠤᠮᠵᠢᠭᠤᠯᠵᠤ᠂ ᠵᠦᠢ ᠵᠤᠬᠢᠰᠳᠠᠢ ᠪᠤᠰᠤ ᠡᠮᠴᠢᠯᠡᠬᠡᠨ ᠤ ᠠᠵᠢᠯᠯᠠᠭ᠎ᠠ ᠪᠠ ᠰᠦᠢᠳᠬᠡᠯ ᠢ ᠰᠡᠷᠬᠡᠶᠢᠯᠡᠨ ᠡᠵᠡᠮᠳᠡᠵᠤ᠂ ᠡᠮᠴᠢᠯᠡᠬᠡᠨ ᠤ ᠪᠠᠶᠢᠭᠤᠯᠤᠮᠵᠢ ᠪᠠ ᠲᠡᠭᠦᠨ ᠤ ᠡᠮᠴᠢᠯᠡᠬᠡᠨ ᠤ ᠠᠵᠢᠯᠳᠠᠳ ᠤᠨ ᠤᠨᠤᠰᠢᠯᠠᠨ ᠡᠮᠴᠢᠯᠡᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭᠯᠠᠨ ᠵᠤᠬᠢᠶᠠᠵᠤ᠂ ᠠᠪᠤᠷᠠᠨ ᠲᠤᠰᠠᠯᠠᠯᠳᠠ ᠬᠦᠷᠲᠡᠭᠰᠡᠳ ᠲᠤ ᠬᠠᠭᠤᠷᠮᠠᠭ ᠡᠮᠴᠢᠯᠡᠬᠡᠨ ᠤ ᠤᠨᠤᠰᠢ ᠶᠢᠨ ᠭᠡᠷᠡᠴᠢ ᠪᠢᠴᠢᠭ ᠬᠠᠩᠭᠠᠵᠤ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠳᠡᠳᠬᠦᠮᠵᠢ ᠶᠢᠨ ᠮᠦᠩᠭᠦ ᠶᠢ ᠮᠡᠬᠡᠯᠡᠨ ᠠᠪᠤᠭᠰᠠᠳ ᠢ ᠴᠢᠩᠭ᠎ᠠ ᠰᠢᠢᠳᠬᠡᠵᠦ᠂ ᠬᠠᠤᠯᠢ ᠵᠦᠷᠢᠴᠡᠭᠰᠡᠨ ᠲᠤᠬᠠᠢ ᠶᠢᠨ ᠬᠦᠮᠦᠨ ᠠᠴᠠ ᠬᠠᠤᠯᠢ ᠶᠤᠰᠤᠭᠠᠷ ᠬᠠᠷᠢᠭᠤᠴᠠᠯᠭ᠎ᠠ ᠨᠡᠬᠡᠮᠵᠢᠯᠡᠨ᠎ᠡ᠃      ᠬᠢᠨᠠᠨ ᠪᠠᠶᠢᠴᠠᠭᠠᠬᠤ᠂ ᠬᠢᠨᠠᠨ ᠪᠤᠳᠤᠬᠤ ᠵᠡᠷᠭᠡ ᠰᠠᠯᠠᠭ᠎ᠠ ᠮᠦᠴᠢᠷ ᠠᠴᠠ ᠡᠮᠴᠢᠯᠡᠭᠡᠨ ᠤ ᠠᠪᠤᠷᠠᠨ ᠲᠤᠰᠠᠯᠠᠯᠳᠠ ᠶᠢᠨ ᠪᠡᠯᠡ ᠮᠦᠩᠭᠦ ᠳᠤ ᠬᠢᠨᠠᠯᠳᠠ ᠳᠠᠯᠪᠢᠵᠤ ᠪᠠᠶᠢᠴᠠᠭᠠᠬᠤ ᠶᠢ ᠬᠠᠷᠢᠭᠤᠴᠠᠵᠤ᠂ ᠰᠢᠬᠠᠨ ᠡᠵᠡᠯᠡᠬᠦ᠂ ᠰᠢᠯᠵᠢᠭᠦᠯᠦᠨ ᠬᠡᠷᠡᠭᠯᠡᠬᠦ᠂ ᠮᠡᠬᠡᠯᠡᠨ ᠠᠪᠬᠤ ᠵᠡᠷᠭᠡ ᠰᠠᠬᠢᠯᠭ᠎ᠠ ᠪᠠᠲᠤ ᠶᠢ ᠵᠦᠷᠢᠴᠡᠵᠦ ᠬᠠᠤᠯᠢ ᠠᠴᠠ ᠵᠦᠷᠢᠴᠡᠭᠰᠡᠨ ᠠᠵᠢᠯᠯᠠᠭ᠎ᠠ ᠡᠭᠦᠰᠬᠦ ᠶᠢ ᠰᠡᠷᠬᠡᠶᠢᠯᠡᠵᠦ᠂ ᠳᠦᠷᠢᠮ ᠠᠴᠠ ᠵᠦᠷᠢᠴᠡᠭᠰᠡᠨ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠨ᠎ᠡ᠃      ︵ᠭᠤᠷᠪᠠ︶ ᠠᠵᠢᠯ ᠤᠨ ᠲᠣᠭᠲᠠᠴᠠ ᠶᠢ ᠪᠥᠷᠢᠨᠰᠢᠬᠦᠯᠥᠨ᠎ᠡ     ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠪᠤᠷᠠᠨ ᠲᠤᠰᠠᠯᠠᠬᠤ ᠡᠲᠡᠭᠡᠳ ᠤᠨ ᠲᠤᠭ᠎ᠠ ᠬᠡᠮᠵᠢᠶ᠎ᠡ᠂ ᠡᠪᠡᠳᠴᠢᠯᠡᠭᠰᠡᠨ ᠨᠣᠷᠮ᠎ᠠ᠂ ᠠᠪᠤᠷᠠᠨ ᠲᠤᠰᠠᠯᠠᠬᠤ ᠪᠠᠷᠢᠮᠵᠢᠶ᠎ᠠ᠂ ᠡᠮ ᠡᠮᠨᠡᠯᠭᠡ ᠶᠢᠨ ᠵᠠᠷᠤᠳᠠᠯ ᠤᠨ ᠨᠡᠮᠡᠭᠳᠡᠭᠰᠡᠨ ᠪᠠᠶᠢᠳᠠᠯ ᠵᠢᠴᠢ ᠦᠨᠳᠦᠰᠦᠨ ᠡᠮᠨᠡᠯᠭᠡ ᠶᠢᠨ ᠳᠠᠭᠠᠳᠬᠠᠯ᠂ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠳᠠᠭᠠᠳᠬᠠᠯ ᠤᠨ ᠲᠠᠩᠰᠠ ᠳᠠᠶᠢᠯᠬᠤ ᠬᠢᠷᠢ ᠲᠦᠪᠰᠢᠨ ᠢ ᠦᠨᠳᠦᠰᠦᠯᠡᠨ᠂ ᠡᠮᠴᠢᠯᠡᠬᠡᠨ ᠤ ᠠᠪᠤᠷᠠᠨ ᠲᠤᠰᠠᠯᠠᠬᠤ ᠪᠠᠯᠠ ᠮᠥᠩᠭᠦ ᠶᠢᠨ ᠬᠡᠷᠡᠭᠴᠡᠭᠡ ᠱᠠᠭᠠᠷᠳᠠᠯᠭ᠎ᠠ ᠶᠢ ᠰᠢᠨᠵᠢᠯᠡᠬᠦ ᠤᠬᠠᠭᠠᠨᠴᠢ ᠪᠠᠷ ᠲᠥᠰᠦᠭᠡᠯᠡᠨ ᠪᠤᠳᠤᠵᠤ᠂ ᠣᠯᠠᠨ ᠠᠷᠭ᠎ᠠ ᠵᠠᠮ ᠢᠶᠠᠷ ᠪᠠᠯᠠ ᠴᠤᠭᠯᠠᠭᠤᠯᠬᠤ ᠲᠣᠭᠲᠠᠴᠠ ᠶᠢ ᠪᠦᠷᠢᠨᠰᠢᠬᠦᠯᠵᠦ᠂ ᠡᠳ᠋ ᠤᠨ ᠵᠠᠰᠠᠭ ᠤᠨ ᠣᠷᠣᠭᠤᠯᠤᠯᠲᠠ ᠶᠢ ᠨᠡᠮᠡᠭᠳᠡᠭᠦᠯᠦᠨ᠂ ᠨᠡᠶᠢᠭᠡᠮ ᠠᠴᠠ ᠬᠠᠨᠳᠢᠪᠯᠠᠬᠤ ᠶᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠴᠤ ᠪᠠᠶᠢᠭᠠᠳ ᠵᠠᠰᠠᠭ ᠤᠨ ᠣᠷᠳᠣᠨ ᠢᠶᠠᠷ ᠤᠳᠤᠷᠢᠳᠤᠭᠤᠯᠤᠭᠰᠠᠨ᠂ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠢᠶᠠᠷ ᠲᠦᠷᠦᠬᠦᠯᠡᠬᠦᠯᠦᠭᠰᠡᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠬᠠᠮᠵᠢᠯᠴᠠᠭᠰᠠᠨ᠂ ᠨᠡᠶᠢᠭᠡᠮ ᠤᠨ ᠬᠦᠴᠦᠨ ᠣᠷᠣᠯᠴᠠᠭᠰᠠᠨ ᠡᠮᠴᠢᠯᠡᠬᠡᠨ ᠤ ᠠᠪᠤᠷᠠᠨ ᠲᠤᠰᠠᠯᠠᠬᠤ ᠠᠵᠢᠯ ᠤᠨ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠳᠡᠬᠦᠯᠳᠡᠷᠵᠢᠭᠦᠯᠦᠨ᠎ᠡ᠃ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠡᠮᠴᠢᠯᠡᠬᠡᠨ ᠤ ᠠᠪᠤᠷᠠᠨ ᠲᠤᠰᠠᠯᠠᠯᠲᠠ ᠶᠢ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠡᠮᠴᠢᠯᠡᠬᠡᠨ ᠤ ᠠᠪᠤᠷᠠᠨ ᠲᠤᠰᠠᠯᠠᠯᠲᠠ ᠶᠢᠨ ᠲᠡᠳᠬᠦᠮᠵᠢ ᠶᠢᠨ ᠮᠥᠩᠭᠦ ᠶᠢ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠲᠤᠭ᠎ᠠ ᠶᠣᠰᠣᠭᠠᠷ ᠰᠠᠯᠭᠠᠨ ᠦᠭᠬᠦ ᠬᠡᠷᠡᠭᠲᠡᠶ᠃ ᠬᠤᠰᠢᠭᠤ ᠬᠤᠲᠠ ᠲᠣᠭᠤᠷᠢᠭ ᠤᠨ ᠡᠮᠴᠢᠯᠡᠭᠡᠨ ᠤ ᠠᠪᠤᠷᠠᠨ ᠲᠤᠰᠠᠯᠠᠯᠲᠠ ᠶᠢᠨ ᠢᠵᠢ ᠪᠥᠷᠢᠳᠦᠭᠦᠯᠦᠭᠰᠡᠨ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ ᠢ ᠬᠤᠰᠢᠭᠤ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠣᠨ ᠤ ᠰᠢᠯᠭᠠᠨ ᠬᠢᠨᠠᠬᠤ ᠬᠠᠷᠠᠯᠳᠠ ᠳᠤ ᠤᠷᠤᠭᠤᠯᠤᠨ᠎ᠠ᠃     ᠠᠵᠢᠯ ᠤᠨ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠡᠳ᠋ ᠤᠨ ᠵᠠᠰᠠᠭ ᠤᠨ ᠰᠠᠯᠠᠭ᠎ᠠ ᠮᠥᠴᠢᠷ᠂ ᠡᠮ ᠡᠮᠨᠡᠯᠭᠡ ᠶᠢᠨ ᠳᠠᠭᠠᠳᠬᠠᠯ ᠤᠨ ᠰᠠᠯᠠᠭ᠎ᠠ ᠮᠥᠴᠢᠷ ᠱᠠᠭᠠᠷᠳᠠᠯᠭ᠎ᠠ ᠶᠣᠰᠣᠭᠠᠷ ᠠᠮᠵᠢᠯᠲᠠ ᠪᠦᠲᠦᠮᠵᠢ ᠶᠢᠨ ᠬᠠᠷᠠᠯᠲᠠ ᠪᠠᠨ ᠲᠣᠭᠲᠠᠭᠠᠬᠤ ᠶᠢᠨ ᠬᠠᠮᠲᠤ ᠠᠮᠵᠢᠯᠲᠠ ᠪᠦᠲᠦᠮᠵᠢ ᠶᠢ ᠬᠢᠨᠠᠨ ᠡᠵᠡᠮᠳᠡᠬᠦ᠂ ᠥᠪᠡᠰᠦᠪᠡᠨ ᠦᠨᠡᠯᠡᠬᠦ ᠪᠠ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠵᠦ᠂ ᠡᠮᠴᠢᠯᠡᠬᠡᠨ ᠤ ᠠᠪᠤᠷᠠᠨ ᠲᠤᠰᠠᠯᠠᠯᠲᠠ ᠶᠢᠨ ᠪᠠᠲᠤᠯᠠᠭ᠎ᠠ ᠶᠢᠨ ᠴᠢᠳᠠᠮᠵᠢ ᠶᠢ ᠦᠨᠡᠨ ᠬᠦ ᠪᠠᠳᠠᠷᠠᠭᠤᠯᠵᠤ᠂ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠬᠦᠯᠦᠨ᠎ᠡ᠃     ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠮᠴᠢᠯᠡᠬᠡᠨ ᠤ ᠠᠪᠤᠷᠠᠨ ᠲᠤᠰᠠᠯᠠᠯᠲᠠ ᠶᠢ ᠦᠨᠳᠦᠰᠦᠨ ᠡᠮᠨᠡᠯᠭᠡ ᠶᠢᠨ ᠳᠠᠭᠠᠳᠬᠠᠯ ᠤᠨ ᠡᠮᠴᠢᠯᠡᠭᠡᠨ ᠤ ᠪᠠᠶᠢᠭᠤᠯᠤᠮᠵᠢ ᠶᠢᠨ ᠲᠣᠭᠲᠠᠭᠰᠠᠨ ᠬᠡᠯᠡᠯᠴᠡᠭᠡᠷ ᠤᠨ ᠬᠠᠮᠢᠶᠠᠷᠤᠯᠲᠠ ᠳᠤ ᠣᠷᠣᠭᠤᠯᠵᠤ᠂ ᠦᠢᠯᠡᠴᠢᠯᠡᠬᠡᠨ ᠤ ᠠᠭᠤᠯᠭ᠎ᠠ᠂ ᠦᠢᠯᠡᠴᠢᠯᠡᠬᠡᠨ ᠤ ᠶᠠᠰᠤ ᠴᠢᠨᠠᠷ᠂ ᠵᠠᠷᠤᠳᠠᠯ ᠢ ᠳ᠋ᠦᠩᠨᠡᠨ ᠪᠤᠳᠤᠬᠤ ᠵᠢᠴᠢ ᠬᠤᠶᠠᠷ ᠲᠠᠯ᠎ᠠ ᠶᠢᠨ ᠬᠠᠷᠢᠭᠤᠴᠠᠯᠭ᠎ᠠ ᠡᠭᠦᠷᠭᠡ ᠶᠢ ᠳᠤᠳᠤᠷᠬᠠᠶᠢᠯᠠᠨ ᠲᠣᠭᠲᠠᠭᠠᠵᠤ᠂ ᠦᠢᠯᠡᠴᠢᠯᠡᠬᠡᠨ ᠤ ᠵᠢᠷᠤᠮᠵᠢᠯ ᠢ ᠳᠤᠭᠲᠠᠭᠠᠵᠤ᠂ ᠡᠳ᠋ ᠤᠨ ᠵᠠᠰᠠᠭ ᠤᠨ ᠰᠠᠯᠠᠭ᠎ᠠ ᠮᠦᠴᠢᠷ᠂ ᠡᠮᠨᠡᠯᠬᠡ ᠶᠢᠨ ᠳᠠᠭᠠᠳᠬᠠᠯ ᠤᠨ ᠰᠠᠯᠠᠭ᠎ᠠ ᠮᠦᠴᠢᠷ᠂ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠠᠴᠠ ᠡᠮᠴᠢᠯᠡᠬᠡᠨ ᠤ ᠦᠢᠯᠡᠴᠢᠯᠡᠬᠡᠨ ᠤ ᠠᠵᠢᠯᠯᠠᠭ᠎ᠠ ᠶᠢᠨ ᠶᠠᠰᠤ ᠴᠢᠨᠠᠷ ᠤᠨ ᠬᠢᠨᠠᠯᠳᠠ ᠬᠠᠮᠢᠶᠠᠷᠤᠯᠲᠠ ᠶᠢ ᠰᠠᠶᠢᠲᠤᠷ ᠬᠢᠵᠤ᠂ ᠵᠦᠢ ᠵᠤᠬᠢᠰ ᠦᠭᠡᠢ ᠡᠮᠴᠢᠯᠡᠬᠡᠨ ᠤ ᠠᠵᠢᠯᠯᠠᠭ᠎ᠠ ᠪᠠ ᠰᠦᠢᠳᠬᠡᠯ ᠢ ᠰᠡᠷᠬᠡᠶᠢᠯᠡᠨ ᠡᠵᠡᠮᠳᠡᠨ᠎ᠡ᠃ ᠲᠤᠭᠳᠠᠭᠠᠯ ᠪᠤᠰᠤ ᠪᠠᠷ ᠡᠮ ᠬᠡᠷᠡᠭᠯᠡᠬᠦ᠂ ᠣᠨᠣᠰᠢᠯᠠᠨ ᠡᠮᠴᠢᠯᠡᠬᠦ ᠵᠢᠴᠢ ᠲᠤᠭᠳᠠᠭᠠᠯ ᠪᠤᠰᠤ ᠪᠠᠷ ᠡᠮᠴᠢᠯᠡᠬᠡᠨ ᠤ ᠦᠢᠯᠡᠴᠢᠯᠡᠭᠡ ᠬᠠᠩᠭᠠᠭᠰᠠᠨ ᠠᠴᠠ ᠪᠤᠯᠤᠭᠰᠠᠨ ᠵᠠᠷᠤᠳᠠᠯ ᠢ ᠡᠮᠴᠢᠯᠡᠬᠡᠨ ᠤ ᠠᠪᠤᠷᠠᠨ ᠲᠤᠰᠠᠯᠠᠯᠳᠠ ᠶᠢᠨ ᠰᠠᠭᠤᠷᠢ ᠮᠦᠩᠭᠦ ᠠᠴᠠ ᠲᠠᠰᠤᠯᠤᠨ ᠪᠣᠳᠣᠬᠤ ᠦᠭᠡᠢ᠃ ᠶᠠᠮᠠᠷᠪᠠ ᠪᠠᠶᠢᠭᠤᠯᠤᠮᠵᠢ ᠪᠠ ᠬᠤᠪᠢ ᠬᠥᠮᠦᠨ ᠠᠪᠤᠷᠠᠨ ᠲᠤᠰᠠᠯᠠᠯᠳᠠ ᠶᠢᠨ ᠰᠠᠭᠤᠷᠢ ᠮᠥᠩᠭᠦ ᠳᠣᠲᠣᠷ᠎ᠠ ᠠᠴᠠ ᠠᠵᠢᠯ ᠤᠨ ᠵᠠᠷᠤᠳᠠᠯ ᠭᠠᠷᠭᠠᠬᠤ ᠪᠤᠶᠤ ᠪᠤᠰᠤᠳ ᠵᠦᠢᠯ ᠳᠤ ᠨᠡᠭᠦᠯᠭᠡᠨ ᠬᠡᠷᠡᠭᠯᠡᠵᠦ ᠪᠣᠯᠬᠤ ᠦᠭᠡᠢ᠂ ᠰᠠᠬᠢᠯᠭ᠎ᠠ ᠪᠠᠲᠤ ᠶᠢ ᠵᠥᠷᠢᠴᠡᠵᠦ᠂ ᠳᠦᠷᠢᠮ ᠲᠤᠭᠳᠠᠭᠠᠯ ᠢ ᠵᠦᠷᠢᠴᠡᠵᠦ᠂ ᠬᠠᠤᠯᠢ ᠴᠠᠭᠠᠵᠠ ᠶᠢ ᠵᠥᠷᠢᠴᠡᠭᠰᠡᠨ ᠦᠢᠯᠡ ᠠᠵᠢᠯᠯᠠᠭ᠎ᠠ ᠳᠤ ᠲᠤᠬᠠᠢ ᠶᠢᠨ ᠬᠥᠮᠦᠨ ᠪᠠ ᠬᠤᠯᠪᠣᠭᠳᠠᠯ ᠪᠦᠬᠦᠢ ᠬᠠᠷᠢᠭᠤᠴᠠᠯᠭᠠᠲᠠᠨ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠴᠠᠭᠠᠵᠠ ᠶᠢᠨ ᠪᠠᠶᠢᠭᠤᠯᠭ᠎ᠠ ᠠᠴᠠ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠨᠡᠶᠢᠬᠡᠮ ᠤᠨ ᠬᠦᠴᠦᠨ ᠢ ᠵᠣᠯᠭᠠᠭᠤᠯᠬᠤ ᠶᠢ ᠴᠢᠬᠤᠯᠠᠴᠢᠯᠠᠨ᠎ᠠ᠃ ᠡᠮ ᠡᠮᠨᠡᠯᠭᠡ ᠶᠢᠨ ᠠᠪᠤᠷᠠᠨ ᠲᠤᠰᠠᠯᠠᠯᠲᠠ ᠬᠢᠭᠡᠳ ᠨᠡᠶᠢᠭᠡᠮ ᠤᠨ ᠬᠦᠴᠦᠨ ᠤ ᠣᠷᠣᠯᠴᠠᠭ᠎ᠠ ᠶᠢ ᠵᠣᠯᠭᠠᠭᠤᠯᠬᠤ ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠦᠴᠦᠨ ᠤ ᠣᠷᠣᠯᠴᠠᠬᠤ ᠶᠢ ᠵᠣᠯᠭᠠᠭᠤᠯᠬᠤ ᠲᠣᠭᠲᠠᠴᠠ ᠶᠢ ᠪᠦᠷᠢᠨᠰᠢᠬᠦᠯᠵᠦ᠂ ᠤᠯᠤᠰ ᠤᠨ ᠬᠤᠯᠪᠣᠭᠳᠠᠯ ᠪᠦᠬᠦᠢ ᠡᠳ᠋ ᠤᠨ ᠵᠠᠰᠠᠭ ᠤᠨ ᠭᠠᠶᠢᠯᠢ ᠶᠢᠨ ᠬᠠᠷᠠᠭᠠᠯᠵᠠᠯ᠂ ᠵᠠᠷᠤᠳᠠᠯ ᠢ ᠬᠠᠰᠤᠵᠤ ᠬᠡᠯᠲᠦᠷᠢᠭᠦᠯᠬᠦ ᠵᠡᠷᠭᠡ ᠲᠦᠷᠦ ᠶᠢᠨ ᠪᠤᠳᠤᠯᠭ᠎ᠠ ᠶᠢᠨ ᠲᠣᠭᠲᠠᠭᠠᠯ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠬᠦᠴᠦᠨ ᠤ ᠪᠡᠯᠡ ᠮᠥᠩᠭᠦ ᠡᠳ᠋ ᠪᠣᠳᠠᠰ ᠬᠠᠨᠳᠢᠪᠯᠠᠬᠤ ᠶᠢ ᠡᠮᠴᠢᠯᠡᠬᠡᠨ ᠤ ᠠᠪᠤᠷᠠᠨ ᠲᠤᠰᠠᠯᠠᠯᠲᠠ ᠢᠯᠠᠩᠭᠤᠶ᠎ᠠ ᠣᠨᠴᠠ ᠬᠦᠨᠳᠦ ᠶᠡᠭᠡ ᠡᠪᠡᠳᠴᠢᠨ ᠤ ᠡᠮᠴᠢᠯᠡᠬᠡᠨ ᠤ ᠠᠪᠤᠷᠠᠨ ᠲᠤᠰᠠᠯᠠᠯᠲᠠ ᠳᠤ ᠢᠳᠡᠪᠬᠢᠲᠡᠢ ᠤᠷᠤᠯᠴᠠᠭᠤᠯᠬᠤ ᠶᠢ ᠲᠡᠮᠵᠢᠵᠦ ᠪᠠᠶᠢᠭᠠᠳ᠂ ᠡᠮᠴᠢᠯᠡᠬᠡᠨ ᠤ ᠠᠪᠤᠷᠠᠨ ᠲᠤᠰᠠᠯᠠᠯᠲᠠ ᠶᠢᠨ ᠪᠦᠲᠦᠮᠵᠢᠲᠡᠢ ᠨᠦᠬᠦᠪᠦᠷᠢ ᠪᠤᠯᠭᠠᠨ ᠪᠦᠷᠢᠯᠳᠦᠬᠦᠯᠦᠨ᠎ᠡ᠃ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠠᠪᠴᠠᠩ ᠢ ᠪᠠᠶᠢᠭᠤᠯᠵᠤ᠂ ᠠᠪᠤᠷᠠᠨ ᠲᠤᠰᠠᠯᠠᠬᠤ ᠳᠤ ᠬᠡᠷᠡᠭᠴᠡᠭᠡ ᠲᠠᠢ ᠮᠡᠳᠡᠭᠡ ᠵᠠᠩᠭᠢ ᠶᠢ ᠴᠠᠭ ᠲᠤᠬᠠᠶ ᠳᠤᠨᠢ ᠬᠠᠩᠭᠠᠵᠤ᠂ ᠨᠡᠶᠢᠭᠡᠮ ᠤᠨ ᠬᠦᠴᠦᠨ ᠤ ᠡᠮ ᠡᠮᠨᠡᠯᠭᠡ ᠶᠢᠨ ᠠᠪᠤᠷᠠᠨ ᠲᠤᠰᠠᠯᠠᠯᠲᠠ ᠳᠤ ᠣᠷᠣᠯᠴᠠᠬᠤ ᠳᠤ ᠨᠥᠬᠦᠴᠡᠯ ᠪᠦᠷᠢᠯᠳᠦᠭᠦᠯᠵᠦ᠂ ᠳᠦᠬᠦᠮ ᠲᠦᠳᠡ ᠨᠦᠬᠦᠴᠡᠯ ᠬᠠᠩᠭᠠᠨ᠂ ᠠᠵᠢᠯ ᠤᠨ ᠨᠡᠶᠢᠯᠡᠭ ᠬᠦᠴᠦᠨ ᠢ ᠪᠤᠢ ᠪᠤᠯᠭᠠᠨ᠎ᠠ᠃       ︵ᠲᠥᠷᠪᠡ︶ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ      ︽ᠲᠠᠪᠤ ᠶᠢ ᠨᠢᠭᠡᠳᠦᠯᠲᠡᠶ ᠪᠠᠶᠢᠯᠭᠠᠬᠤ︾ ᠱᠠᠭᠠᠷᠳᠠᠯᠭ᠎ᠠ ᠶᠢᠨ ᠲᠣᠭᠤᠷᠢᠨ ᠳᠤ᠂ ᠡᠮᠴᠢᠯᠡᠭᠡᠨ ᠤ ᠠᠪᠤᠷᠠᠨ ᠲᠤᠰᠠᠯᠠᠬᠤ ᠡᠯ᠎ᠡ ᠵᠦᠢᠯ ᠤᠨ ᠠᠵᠢᠯ ᠢ ᠢᠳᠡᠪᠬᠢᠲᠡᠶ ᠰᠠᠶᠢᠲᠤᠷ ᠬᠢᠵᠦ᠂ ᠠᠪᠤᠷᠠᠨ ᠲᠤᠰᠠᠯᠠᠬᠤ ᠡᠲᠡᠭᠡᠳ ᠢ ᠮᠠᠭᠠᠳᠯᠠᠨ ᠲᠣᠭᠲᠠᠭᠠᠬᠤ ᠳᠤ ᠣᠷᠬᠢᠭᠳᠠᠭᠤᠯᠬᠤ ᠥᠬᠡᠶ᠂ ᠳᠠᠪᠬᠤᠴᠠᠭᠤᠯᠬᠤ ᠦᠭᠡᠢ᠂ ᠪᠠᠯᠠ ᠮᠥᠩᠭᠦ ᠶᠢᠨ ᠬᠠᠮᠢᠶᠠᠷᠤᠯᠲᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ᠂ ᠬᠠᠷᠠᠭᠠᠯᠵᠠᠯ ᠢ ᠥᠨᠳᠥᠷ ᠪᠦᠲᠦᠮᠵᠢᠲᠡᠶ ᠳᠥᠭᠦᠮ ᠳᠥᠲᠡ ᠬᠦᠷᠲᠡᠭᠡᠵᠦ᠂ ᠳᠥᠯᠥᠬᠦ ᠲᠤᠭ᠎ᠠ ᠪᠠᠷᠢᠮᠲᠠ ᠶᠢ ᠣᠨᠣᠪᠴᠢᠲᠠᠶ ᠪᠥᠭᠡᠳ ᠨᠠᠷᠢᠨ ᠪᠣᠳᠠᠲᠠᠶ ᠪᠠᠶᠢᠯᠭᠠᠬᠤ ᠬᠡᠷᠡᠭᠲᠡᠶ᠃ ᠤᠯᠤᠰ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠢ ᠡᠯ᠎ᠡ ᠱᠠᠲᠤᠨ ᠤ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠭᠤᠯᠭ᠎ᠠ ᠳᠤ ᠣᠷᠣᠭᠤᠯᠵᠤ᠂ ᠮᠠᠨ ᠤ ᠬᠤᠲᠠ ᠶᠢᠨ ᠡᠮᠴᠢᠯᠡᠬᠡᠨ ᠤ ᠠᠪᠤᠷᠠᠨ ᠲᠤᠰᠠᠯᠠᠬᠤ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃      ᠲᠣᠰ ᠲᠥᠰᠦᠯ ᠢ 2021 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠥᠯᠥᠨ ᠪᠤᠶᠢᠷ ᠬᠤᠲᠠ ᠶᠢᠨ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠬᠠᠷᠢᠭᠤᠴᠠᠨ ᠲᠠᠶᠢᠯᠪᠤᠷᠢᠯᠠᠨ᠎ᠠ᠃ ︽ᠡᠮᠴᠢᠯᠡᠭᠡᠨ ᠤ ᠠᠪᠤᠷᠠᠨ ᠲᠤᠰᠠᠯᠠᠬᠤ ᠲᠦᠷᠢᠮ ᠢ ᠠᠯᠬᠤᠮ ᠴᠢᠨᠠᠭᠰᠢᠳᠠ ᠲᠡᠭᠦᠯᠳᠡᠷᠵᠢᠭᠦᠯᠵᠦ ᠣᠨᠴᠠ ᠬᠦᠨᠳᠦ ᠶᠡᠭᠡ ᠡᠪᠡᠳᠴᠢᠨ ᠤ ᠡᠮᠴᠢᠯᠡᠭᠡᠨ ᠤ ᠠᠪᠤᠷᠠᠨ ᠲᠤᠰᠠᠯᠠᠬᠤ ᠠᠵᠢᠯ ᠢ ᠪᠥᠬᠦ ᠲᠠᠯ᠎ᠠ ᠪᠠᠷ ᠥᠷᠨᠢᠭᠦᠯᠬᠦ ᠲᠤᠬᠠᠶ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠲᠠᠷᠬᠠᠭᠠᠬᠤ ᠲᠤᠬᠠᠶ ᠬᠥᠯᠥᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ ︵ᠬᠦᠯᠦᠨ ᠵᠠᠰᠠᠭ ᠠᠯᠪᠠᠨ ᠲᠠᠷᠬᠠᠭᠠᠭᠰᠠᠨ ﹇2016﹈ 81 ᠳ᠋ᠤᠭᠡᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ ᠡᠭᠦᠨ ᠠᠴᠠ ᠡᠮᠦᠨᠡᠬᠢ ᠪᠢᠴᠢᠭ ᠮᠠᠲ᠋ᠧᠷᠢᠶᠠᠯ ᠨᠢ ᠲᠤᠰ ᠡᠬᠡ ᠪᠢᠴᠢᠭ ᠲᠠᠢ ᠨᠢᠭᠡᠳᠦᠯ ᠦᠭᠡᠶ ᠪᠠᠶᠢᠪᠠᠯ᠂ ᠲᠤᠰ ᠡᠬᠡ ᠪᠢᠴᠢᠭ ᠢᠶᠠᠷ ᠪᠠᠷᠢᠮᠵᠢᠶ᠎ᠠ ᠪᠣᠯᠭᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号