ᠬᠤᠰᠢᠭᠤᠨ ᠤ ᠴᠠᠭ ᠠᠭᠤᠷ ᠤᠨ ᠳᠤᠪᠴᠢᠶ᠎ᠠ ᠨᠢᠭᠡᠳᠦᠭᠡᠷ ᠳᠤᠮᠳᠠᠳᠦ ᠰᠤᠷᠭᠠᠭᠤᠯᠢ ᠶᠢᠨ ᠰᠤᠷᠤᠭᠴᠢᠳ ᠲᠤ ᠴᠠᠭ ᠠᠭᠤᠷ ᠤᠨ ᠮᠡᠳᠡᠯᠭᠡ ᠶᠢᠨ ︽ᠨᠢᠭᠤᠴᠠ︾ ᠶᠢ ᠳᠠᠶᠢᠯᠪᠦᠷᠢᠯᠡᠵᠦ ᠦᠭᠪᠡ
ᠨᠡᠶᠢᠲᠡᠯᠡᠭᠰᠡᠨ ᠴᠠᠭ᠄
2021/3/23
       3 ᠰᠠᠷ᠎ᠠ ᠶᠢᠨ 23 ᠤ ᠡᠳᠦᠷ ᠪᠤᠯ 61 ᠳ᠋ᠤᠭᠡᠷ ᠳᠡᠯᠡᠬᠡᠢ ᠶᠢᠨ ᠴᠠᠭ ᠠᠭᠤᠷ ᠤᠨ ᠡᠳᠦᠷ ᠪᠤᠯᠤᠨ᠎ᠠ᠂ ᠰᠤᠷᠤᠭᠴᠢᠳ ᠤᠨ ᠬᠠᠶᠢᠨ ᠰᠦᠪᠡᠭᠴᠢᠯᠡᠬᠦ ᠬᠦᠰᠡᠯ ᠪᠠ ᠮᠡᠳᠡᠯᠬᠡ ᠬᠦᠭᠡᠭᠡᠴᠡᠯᠳᠦᠬᠦ ᠬᠦᠰᠡᠯ ᠢ ᠬᠠᠩᠭᠠᠵᠦ᠂ ᠴᠠᠭ ᠠᠭᠤᠷ ᠤᠨ ᠮᠡᠳᠡᠯᠭᠡ ᠶᠢᠨ ︽ᠨᠢᠭᠤᠴᠠ︾ ᠶᠢ ᠳᠠᠶᠢᠯᠪᠦᠷᠢᠯᠠᠬᠤ ᠶᠢᠨ ᠲᠦᠯᠦᠭᠡ᠂ 3 ᠰᠠᠷ᠎ᠠ ᠶᠢᠨ 22 ᠤᠨ ᠡᠳᠦᠷ᠂ ᠬᠤᠰᠢᠭᠤᠨ ᠤ ᠴᠠᠭ ᠠᠭᠤᠷ ᠤᠨ ᠳᠤᠪᠴᠢᠶ᠎ᠠ ᠬᠤᠰᠢᠭᠤᠨ ᠤ ᠨᠢᠭᠡᠳᠦᠭᠡᠷ ᠳᠤᠮᠳᠠᠳᠦ ᠰᠤᠷᠭᠠᠭᠤᠯᠢ ᠳᠤ ︽ᠳᠠᠯᠠᠢ ᠳᠠᠩᠬᠢᠰ᠂ ᠪᠢᠳᠡᠨ ᠤ ᠠᠭᠤᠷ ᠠᠮᠢᠰᠬᠤᠯ ᠪᠤᠯᠤᠨ ᠴᠠᠭ ᠠᠭᠤᠷ︾ ᠭᠡᠬᠦ ᠭᠤᠤᠯ ᠰᠡᠳᠦᠪᠳᠦ ᠴᠠᠭ ᠠᠭᠤᠷ ᠤᠨ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠰᠢᠷᠢᠰ ᠠᠵᠢᠯᠯᠠᠭ᠎ᠠ ᠦᠷᠨᠢᠬᠦᠯᠵᠦ᠂ ᠰᠤᠷᠤᠭᠴᠢᠳ ᠲᠤ ᠴᠠᠭ ᠠᠭᠤᠷ ᠤᠨ ᠰᠢᠨᠵᠢᠯᠡᠬᠦ ᠤᠬᠠᠭᠠᠨ ᠮᠡᠳᠡᠯᠭᠡ ᠪᠤᠯᠤᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠵᠦ᠂ ᠰᠤᠷᠤᠭᠴᠢᠳ ᠲᠤ ᠨᠡᠩ ᠤᠯᠠᠨ ︽ᠬᠢᠴᠢᠶᠡᠯ ᠤᠨ ᠭᠠᠳᠠᠨᠠᠬᠢ ᠮᠡᠳᠡᠯᠭᠡ︾ ᠤᠯᠭᠤᠭᠰᠠᠨ ᠪᠠᠶᠢᠨ᠎ᠠ᠃
       ᠬᠤᠰᠢᠭᠤᠨ ᠤ ᠴᠠᠭ ᠠᠭᠤᠷ ᠤᠨ ᠳᠤᠪᠴᠢᠶ᠎ᠠ ᠲᠦᠴᠢᠭᠡᠳ ᠰᠤᠷᠤᠭᠴᠢᠳ ᠲᠤ ᠳᠤᠰᠬᠠᠶᠢᠯᠠᠨ ᠴᠠᠭ ᠠᠭᠤᠷ  ᠤᠨ ᠰᠢᠨᠵᠢᠯᠡᠬᠦ ᠤᠬᠠᠭᠠᠨ ᠲᠦᠭᠡᠮᠡᠯᠵᠢᠬᠦᠯᠬᠦ ᠤᠬᠠᠭᠤᠯᠭ᠎ᠠ ᠶᠢᠨ ᠫᠷᠤᠭ᠍ᠷᠠᠮ ᠦᠵᠡᠬᠦᠯᠵᠦ᠂ ᠴᠠᠭ ᠠᠭᠤᠷ ᠤᠨ ᠳᠤᠭ᠎ᠠ ᠪᠠᠷᠢᠮᠳᠠ ᠶᠢ ᠬᠤᠷᠢᠶᠠᠨ ᠴᠤᠭᠯᠠᠭᠤᠯᠬᠤ ᠪᠠ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠢᠯᠡᠳᠬᠦ ᠶᠠᠪᠤᠴᠠ ᠵᠡᠷᠭᠡ ᠶᠢ ᠳᠠᠶᠢᠯᠪᠦᠷᠢᠯᠠᠨ ᠦᠭᠪᠡ᠃ ᠰᠤᠷᠤᠭᠴᠢᠳ ᠦᠪᠡᠷ ᠢᠶᠠᠨ ᠭᠠᠷ ᠬᠦᠳᠡᠯᠭᠡᠨ ᠠᠮᠢ ᠠᠬᠤᠶᠢᠴᠢ ᠵᠢᠵᠢᠭ ᠴᠠᠭ ᠠᠭᠤᠷ ᠤᠨ ᠦᠷᠲᠡᠭᠡ ᠬᠢᠬᠦ ᠰᠡᠯᠪᠢᠭ ᠳᠤᠨᠤᠭ ᠪᠦᠷᠢ ᠶᠢ ᠤᠭᠰᠠᠷᠠᠵᠦ᠂ ᠴᠠᠭ ᠠᠭᠤᠷ ᠤᠨ ᠬᠡᠮᠵᠢᠬᠦᠷ ᠪᠠᠭᠠᠵᠢ ᠶᠢᠨ ᠴᠢᠳᠠᠪᠬᠢ ᠪᠤᠯᠤᠨ ᠦᠢᠯᠡᠳᠦᠯ ᠢ ᠤᠶᠢᠯᠠᠭᠠᠵᠦ᠂ ᠦᠵᠡᠵᠦ ᠰᠤᠨᠤᠰᠬᠤ ᠪᠠ ᠤᠷᠤᠯᠳᠤᠬᠤ ᠶᠢᠨ ᠬᠠᠮᠳᠦ ᠴᠠᠭ ᠠᠭᠤᠷ  ᠤᠨ ᠮᠡᠳᠡᠯᠭᠡ ᠶᠢᠨ ︽ᠨᠢᠭᠤᠴᠠ︾ ᠶᠢ ᠬᠠᠶᠢᠨ ᠰᠦᠪᠡᠭᠴᠢᠯᠡᠭᠰᠡᠨ ᠪᠠᠶᠢᠨ᠎ᠠ᠃
       ᠴᠠᠭ ᠠᠭᠤᠷ ᠤᠨ ᠪᠠᠭᠰᠢ ᠶᠢᠨ ᠳᠠᠭᠠᠭᠤᠯᠭ᠎ᠠ ᠳᠤᠤᠷ᠎ᠠ᠂ ᠰᠤᠷᠤᠭᠴᠢᠳ ᠴᠠᠭ ᠠᠭᠤᠷ ᠤᠨ ᠠᠵᠢᠭᠯᠠᠯᠳᠠ  ᠶᠢᠨ ᠭᠠᠵᠠᠷ ᠲᠤ ᠬᠦᠷᠴᠦ᠂ ᠰᠤᠷᠤᠭᠴᠢᠳ ᠲᠤ ᠴᠠᠭ ᠠᠭᠤᠷ ᠤᠨ ᠬᠡᠮᠵᠢᠬᠦᠷ ᠪᠠᠭᠠᠵᠢ ᠪᠤᠯᠭᠠᠨ ᠤ ᠦᠢᠯᠡᠳᠦᠯ ᠴᠢᠳᠠᠪᠬᠢ ᠶᠢ ᠨᠠᠷᠢᠯᠢᠭ ᠳᠠᠶᠢᠯᠪᠦᠷᠢᠯᠠᠨ ᠦᠭᠴᠦ᠂ ᠰᠤᠷᠤᠭᠴᠢᠳ ᠴᠠᠭ ᠠᠭᠤᠷ ᠤᠨ ᠳᠤᠭ᠎ᠠ ᠪᠠᠷᠢᠮᠳᠠ ᠶᠢ ᠬᠤᠷᠢᠶᠠᠨ ᠴᠤᠭᠯᠠᠭᠤᠯᠬᠤ ᠶᠠᠪᠤᠴᠠ ᠶᠢ ᠪᠡᠶᠡᠴᠢᠯᠡᠨ ᠤᠶᠢᠯᠠᠭᠠᠵᠦ᠂ ᠴᠠᠭ ᠠᠭᠤᠷ ᠤᠨ ᠮᠡᠳᠡᠯᠭᠡ ᠶᠢ ᠨᠡᠮᠡᠭᠳᠡᠬᠦᠯᠦᠨ᠂ ᠬᠠᠷᠠᠭ᠎ᠠ ᠪᠠᠨ ᠦᠷᠭᠡᠳᠭᠡᠭᠰᠡᠨ ᠢᠶᠠᠷ ᠪᠠᠷᠠᠬᠤ ᠦᠬᠡᠢ᠂ ᠴᠠᠭ ᠠᠭᠤᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠮᠵᠢᠶᠡᠯᠡᠰᠢ ᠦᠬᠡᠢ ᠷᠢᠳᠢ ᠰᠢᠳᠢ ᠶᠢ ᠪᠡᠶ᠎ᠡ ᠪᠠᠷ ᠢᠶᠠᠨ ᠮᠡᠳᠡᠷᠡᠭᠰᠡᠨ ᠪᠠᠶᠢᠨ᠎ᠠ᠃
                     ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号