ᠪᠦᠬᠡᠪᠠᠶᠠᠷ ᠭᠡᠷᠦᠯᠦᠨ ᠰᠤᠮᠤᠨ ᠳᠤ ᠬᠦᠷᠴᠦ ᠤᠳᠤᠬᠠᠨ ᠤ ᠭᠤᠤᠯᠳᠠᠯᠭ᠎ᠠ ᠲᠠᠢ ᠠᠵᠢᠯ ᠳᠤ ᠪᠤᠳᠠᠳᠠᠢ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/3/25
       3 ᠰᠠᠷ᠎ᠠ ᠶᠢᠨ 23 ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ ᠭᠡᠷᠦᠯᠦᠨ ᠰᠤᠮᠤᠨ ᠳᠤ ᠬᠦᠨᠵᠡᠭᠡᠶᠢᠷᠡᠨ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ᠂ ᠠᠶᠦᠯᠬᠦᠢ ᠦᠢᠯᠡᠳᠪᠦᠷᠢᠯᠡᠯ᠂ ᠰᠤᠮᠤ ᠪᠠᠯᠭᠠᠰᠦ ᠶᠢᠨ ᠬᠤᠭᠤᠴᠠᠭ᠎ᠠ ᠰᠤᠯᠢᠬᠤ ᠰᠤᠩᠭᠤᠭᠤᠯᠢ᠂ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠦᠵᠢᠯ ᠵᠡᠷᠭᠡ ᠤᠳᠤᠬᠠᠨ ᠤ ᠭᠤᠤᠯᠳᠠᠯᠭ᠎ᠠ ᠲᠠᠢ ᠠᠵᠢᠯ  ᠳᠤ ᠪᠤᠳᠠᠳᠠᠢ ᠪᠠᠶᠢᠴᠠᠭᠠᠨ ᠰᠤᠳᠤᠯᠤᠯᠳᠠ ᠬᠢᠪᠡ᠃        ᠪᠦᠬᠡᠪᠠᠶᠠᠷ ᠮᠠᠩᠯᠠᠢ ᠮᠠᠯᠵᠢᠯ ᠤᠨ ᠳᠤᠰᠬᠠᠢ ᠬᠤᠷᠰᠢᠶᠠᠵᠢᠯ ᠪᠠ ᠪᠠᠷᠭᠤ ᠳᠠᠯ᠎ᠠ ᠮᠠᠯᠵᠢᠯ ᠤᠨ ᠳᠤᠰᠬᠠᠢ ᠬᠤᠷᠰᠢᠶᠠᠵᠢᠯ ᠳᠤ ᠬᠦᠷᠴᠦ᠂ ᠠᠵᠦ ᠦᠢᠯᠡᠰ ᠤᠨ ᠬᠦᠭᠵᠢᠯᠳᠡ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠵᠡᠷᠭᠡ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ ᠦᠪᠡᠷᠲᠡᠭᠡᠨ ᠵᠠᠰᠠᠬᠤ ᠤᠷᠤᠨ ᠤ ᠭᠤᠷᠪᠠᠨ ᠵᠢᠯ ᠤᠨ ᠠᠵᠢᠯᠯᠠᠭᠠᠨ ᠤ ᠲᠦᠰᠦᠯ ᠤᠨ ᠳᠤᠭᠤᠷᠢᠨ ᠳᠤ᠂ ᠮᠠᠯᠴᠢᠳ ᠤᠨ ᠮᠡᠳᠡᠴᠡ ᠶᠢᠨ ᠨᠤᠷᠮ᠎ᠠ᠂ ᠤᠷᠤᠯᠴᠠᠬᠤ ᠬᠡᠮᠵᠢᠶ᠎ᠡ ᠪᠤᠯᠤᠨ ᠬᠤᠷᠰᠢᠶᠠᠵᠢᠯ  ᠳᠤ ᠬᠤᠪᠢ ᠤᠷᠤᠬᠤ ᠨᠤᠷᠮ᠎ᠠ ᠶᠢ ᠳᠡᠭᠡᠭᠰᠢᠯᠡᠬᠦᠯᠦᠨ᠂ ᠬᠤᠷᠰᠢᠶᠠᠵᠢᠯ ᠤᠨ ᠨᠤᠲᠤᠭ ᠪᠡᠯᠴᠢᠭᠡᠷ ᠢ ᠨᠡᠶᠢᠯᠡᠬᠦᠯᠬᠦ ᠠᠵᠢᠯ ᠢ ᠲᠦᠯᠬᠢᠨ ᠠᠬᠢᠭᠤᠯᠤᠨ᠎ᠠ︔ ᠳᠤᠷᠰᠢᠯᠭ᠎ᠠ ᠪᠠᠨ ᠳ᠋ᠦᠩᠨᠡᠵᠦ᠂ ᠦᠪᠡᠷ ᠢ ᠪᠠᠨ ᠰᠢᠨᠡᠴᠢᠯᠡᠵᠦ᠂ ᠬᠢᠯᠠᠰ ᠴᠡᠭ ᠢᠶᠠᠨ ᠳᠤᠪᠤᠶᠢᠯᠭᠠᠨ᠂ ᠦᠨᠦ ᠵᠢᠯ ᠤᠨ ᠡᠯ᠎ᠡ ᠭᠤᠤᠯᠳᠠᠯᠭ᠎ᠠ ᠲᠠᠢ ᠲᠦᠷᠦᠯ ᠵᠦᠢᠯ ᠢ ᠴᠢᠷᠮᠠᠶᠢᠨ ᠲᠦᠯᠬᠢᠨ ᠠᠬᠢᠭᠤᠯᠵᠦ᠂ ᠲᠤᠭᠳᠠᠴᠠ ᠶᠢᠨ ᠰᠢᠨ᠎ᠡ ᠶᠢ ᠡᠭᠦᠳᠬᠦ ᠳᠠᠯ᠎ᠠ ᠪᠠᠷ ᠰᠢᠨ᠎ᠡ ᠰᠢᠪᠳᠤᠯᠤᠯᠳᠠ ᠲᠠᠢ ᠪᠤᠯᠵᠦ᠂ ᠬᠤᠷᠰᠢᠶᠠᠵᠢᠯ ᠤᠨ ᠠᠵᠢᠯ  ᠤᠨ ᠳᠠᠬᠢᠨ ᠰᠢᠨ᠎ᠡ ᠳᠠᠪᠴᠠᠩ ᠳᠤ ᠭᠠᠷᠬᠤ ᠶᠢ ᠲᠦᠯᠬᠢᠨ ᠠᠬᠢᠭᠤᠯᠵᠦ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢᠨ ᠰᠢᠨ᠎ᠡ ᠲᠦᠷᠰᠦ ᠪᠠᠶᠢᠳᠠᠯ ᠢ ᠴᠢᠷᠮᠠᠶᠢᠨ ᠡᠭᠦᠳᠬᠦ ᠭᠡᠷᠡᠭᠳᠡᠢ ᠭᠡᠵᠡᠢ᠃        ᠰᠠᠷᠠᠭᠤᠯ ᠭᠠᠴᠠᠭᠠᠨ ᠤ ᠮᠠᠯᠴᠢᠨ ᠳ᠋ᠠᠰᠢᠰᠦ᠋ᠷᠦᠩ ᠤᠨ ᠭᠡᠷ ᠲᠤ ᠬᠦᠷᠴᠦ᠂ ᠲᠦᠯ ᠳᠤᠰᠴᠦ ᠪᠤᠶᠢᠵᠢᠭᠤᠯᠬᠤ ᠠᠵᠢᠯ ᠢ ᠨᠢ ᠤᠶᠢᠯᠠᠭᠠᠬᠤ ᠶᠢᠨ ᠬᠠᠮᠳᠦ᠂ ᠰᠤᠮᠤᠨ ᠠᠴᠠ ᠢᠳᠡᠪᠬᠢᠳᠠᠢ ᠬᠦᠴᠦᠨ ᠪᠦᠬᠦᠢ ᠠᠷᠭ᠎ᠠ ᠬᠡᠮᠵᠢᠶ᠎ᠡ ᠠᠪᠴᠦ᠂ ᠲᠦᠯ ᠳᠤᠰᠴᠦ ᠪᠤᠶᠢᠵᠢᠭᠤᠯᠬᠤ ᠬᠤᠭᠤᠴᠠᠭᠠᠨ ᠳᠠᠬᠢ ᠦᠢᠯᠡᠴᠢᠯᠡᠭᠡ ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ  ᠢᠶᠠᠨ ᠰᠠᠶᠢᠳᠦᠷ ᠬᠢᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠤᠷᠤᠰᠢᠵᠦ ᠪᠠᠶᠢᠭ᠎ᠠ ᠳᠤᠪᠤᠶᠢᠮ᠎ᠠ ᠬᠦᠴᠢᠷᠳᠡᠯ ᠢ ᠴᠠᠭ ᠲᠤᠬᠠᠢ ᠳᠤᠨᠢ ᠤᠶᠢᠯᠠᠭᠠᠨ᠂ ᠬᠠᠪᠤᠷ ᠤᠨ ᠤᠯᠠᠷᠢᠯ ᠤᠨ ᠲᠦᠯ ᠮᠠᠯ ᠤᠨ ᠬᠢᠵᠢᠭ ᠳᠡᠯᠭᠡᠷᠡᠬᠦ ᠠᠴᠠ ᠰᠡᠷᠭᠡᠶᠢᠯᠡᠨ᠂ ᠮᠠᠯᠵᠢᠬᠤ ᠦᠢᠯᠡᠳᠪᠦᠷᠢᠯᠡᠯ ᠤᠨ ᠠᠮᠦᠷ ᠲᠤᠭᠳᠠᠭᠤᠨ ᠪᠠᠶᠢᠬᠤ ᠶᠢ ᠪᠠᠳᠤᠯᠠᠬᠤ ᠭᠡᠷᠡᠭᠳᠡᠢ ᠭᠡᠵᠡᠢ᠃ ᠪᠠᠶᠢᠴᠠᠭᠠᠨ ᠰᠤᠳᠤᠯᠤᠯᠳᠠ ᠳᠤ᠂ ᠪᠦᠭᠡᠪᠠᠶᠠᠷ ᠭᠡᠷᠦᠯᠦᠨ ᠰᠤᠮᠤᠨ ᠤ ᠤᠳᠤᠬᠠᠨ ᠤ ᠭᠤᠤᠯᠳᠠᠯᠭ᠎ᠠ ᠲᠠᠢ ᠠᠵᠢᠯ ᠤᠨ ᠦᠷᠨᠢᠬᠦᠯᠦᠭᠰᠡᠨ ᠪᠠᠶᠢᠳᠠᠯ ᠢ ᠨᠠᠷᠢᠯᠢᠭ ᠤᠶᠢᠯᠠᠭᠠᠵᠦ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠪᠤᠯ ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠬᠦ ᠪᠤᠳᠠᠳᠦ ᠦᠢᠯᠡᠳᠦᠯᠭᠡ ᠪᠤᠯᠬᠤ ᠪᠦᠭᠡᠳ ᠬᠦᠳᠡᠭᠡ ᠳᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠮᠠᠯᠵᠢᠬᠤ ᠤᠷᠤᠨ ᠳᠤ ᠶᠠᠪᠤᠭᠳᠠᠭᠤᠯᠬᠤ ᠪᠤᠳᠠᠳᠦ ᠠᠷᠭ᠎ᠠ ᠵᠠᠮ ᠪᠤᠯᠤᠨ᠎ᠠ᠃ ᠭᠡᠷᠦᠯᠦᠨ ᠰᠤᠮᠤ ᠴᠢᠨᠠᠷ ᠰᠠᠶᠢᠳᠠᠢ ᠬᠦᠭᠵᠢᠯᠳᠡ ᠭᠡᠬᠦ ᠡᠨᠡᠬᠦ ᠭᠤᠤᠯ ᠰᠡᠳᠦᠪ ᠤᠨ ᠳᠤᠭᠤᠷᠢᠨ ᠳᠤ᠂ ᠨᠠᠮ ᠤᠨ ᠤᠯᠤᠰ ᠲᠦᠷᠦ ᠶᠢᠨ ᠪᠦᠲᠦᠭᠡᠨ ᠪᠠᠶᠢᠭᠤᠯᠤᠯᠳᠠ ᠪᠠᠷ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢ ᠬᠦᠳᠦᠯᠦᠨ ᠳᠠᠭᠠᠭᠤᠯᠵᠦ᠂ ᠠᠮᠢ ᠠᠬᠤᠢ ᠶᠢ ᠠᠵᠦ ᠦᠢᠯᠡᠰᠵᠢᠬᠦᠯᠬᠦ᠂ ᠠᠵᠦ ᠦᠢᠯᠡᠰ ᠢ ᠠᠮᠢ ᠠᠬᠤᠶᠢᠴᠢᠯᠠᠬᠤ ᠶᠢ ᠲᠦᠷᠭᠡᠳᠭᠡᠨ᠂ ᠦᠢᠯᠡᠳᠪᠦᠷᠢᠯᠡᠯ ᠡᠵᠡᠩᠨᠡᠯᠳᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠤᠯᠠᠨ ᠨᠡᠶᠢᠳᠡ ᠶᠢᠨ ᠦᠢᠯᠡᠴᠢᠯᠡᠭᠡᠨ ᠤ ᠳᠤᠯᠭᠠᠭᠤᠷᠢᠯᠠᠬᠤ ᠰᠢᠰᠲ᠋ᠧᠮ ᠪᠤᠯᠤᠨ ᠮᠠᠯᠴᠢᠳ ᠤᠨ ᠡᠷᠭᠡ ᠠᠰᠢᠭ ᠤᠨ ᠬᠤᠯᠪᠤᠭᠠᠳᠦ ᠲᠤᠭᠳᠠᠴᠠ ᠶᠢ ᠪᠠᠶᠢᠭᠤᠯᠤᠨ᠂ ᠰᠢᠨ᠎ᠡ ᠮᠡᠷᠭᠡᠵᠢᠯ ᠤᠨ ᠭᠡᠷᠡᠭᠯᠡᠭᠡᠨ᠂ ᠰᠤᠷᠠᠭ ᠵᠠᠩᠬᠢᠵᠢᠯᠳᠠ ᠶᠢ ᠤᠳᠤᠬᠢᠴᠢᠯᠠᠬᠤ ᠠᠷᠭ᠎ᠠ ᠪᠠᠷᠢᠯ ᠲᠠᠢ ᠨᠢᠠᠠᠳᠠ ᠤᠶᠠᠯᠳᠤᠭᠤᠯᠤᠨ᠂ ︽ᠨᠢᠭᠡ ᠳᠤᠰᠬᠤᠨ ᠳᠤ ᠨᠢᠭᠡ ᠤᠶᠤᠳᠠᠨ ᠡᠯᠰᠡᠬᠦ︾ ᠶᠢ ᠬᠦᠢᠴᠡᠳ ᠠᠰᠢᠭᠯᠠᠵᠦ᠂ ᠮᠠᠯᠵᠢᠬᠤ ᠤᠷᠤᠨ  ᠤ ᠨᠤᠭᠤᠭᠠᠷᠠᠭᠤᠯᠤᠯᠳᠠ ᠶᠢ ᠨᠡᠮᠡᠭᠳᠡᠬᠦᠯᠬᠦ᠂ ᠮᠠᠯ ᠠᠵᠦ ᠠᠬᠤᠢ ᠶᠢᠨ ᠦᠷ᠎ᠡ ᠠᠰᠢᠭ ᠢ ᠨᠡᠮᠡᠭᠳᠡᠬᠦᠯᠬᠦ ᠪᠠ ᠮᠠᠯᠴᠢᠳ ᠤᠨ ᠤᠷᠤᠯᠭ᠎ᠠ ᠶᠢ ᠨᠡᠮᠡᠭᠳᠡᠬᠦᠯᠬᠦ ᠠᠤᠭ᠎ᠠ ᠶᠡᠭᠡ ᠬᠠᠷᠠᠯᠳᠠ ᠶᠢ ᠪᠡᠶᠡᠯᠡᠬᠦᠯᠬᠦ ᠳᠤ ᠨᠡᠩ ᠪᠠᠳᠦ ᠪᠠᠬᠢ ᠠᠯᠬᠤᠭ᠎ᠠ ᠪᠠᠨ ᠡᠬᠢᠯᠡᠵᠦ ᠠᠯᠬᠤᠬᠤ ᠭᠡᠷᠡᠭᠳᠡᠢ ᠭᠡᠵᠡᠢ᠃        ᠪᠦᠬᠡᠪᠠᠶᠠᠷ ᠪᠠᠰᠠ᠂ ᠨᠠᠮ ᠤᠨ ᠳᠡᠤᠬᠡ ᠶᠢᠨ ᠰᠤᠷᠤᠯᠴᠠᠯᠭ᠎ᠠ ᠬᠦᠮᠦᠵᠢᠯ ᠤᠨ ᠬᠠᠷᠠᠯᠳᠠ ᠱᠠᠭᠠᠷᠳᠠᠯᠭ᠎ᠠ ᠶᠢ ᠤᠨᠤᠪᠴᠢᠳᠠᠢ ᠡᠵᠡᠮᠳᠡᠨ᠂ ᠦᠪᠡᠷ ᠤᠨ ᠤᠬᠠᠮᠰᠠᠷ ᠠᠴᠠ ᠪᠠᠨ ᠨᠠᠮ ᠤᠨ ᠳᠡᠤᠭᠡ ᠶᠢ ᠰᠤᠷᠤᠯᠴᠠᠵᠦ᠂ ᠪᠤᠳᠠᠳᠦ ᠶᠠᠪᠤᠳᠠᠯ ᠬᠢᠵᠦ᠂ ᠰᠢᠨ᠎ᠡ ᠪᠠᠶᠢᠳᠠᠯ ᠢ ᠡᠭᠦᠳᠬᠦ ᠶᠢ ᠬᠠᠷᠢᠯᠴᠠᠨ ᠬᠤᠯᠪᠤᠯᠳᠤᠭᠤᠯᠵᠦ᠂ ᠡᠯ᠎ᠡ ᠵᠦᠢᠯ ᠤᠨ ᠡᠭᠦᠷᠭᠡ ᠶᠢ ᠪᠤᠳᠠᠳᠠᠢ ᠳᠤ ᠨᠠᠶᠢᠳᠠᠪᠦᠷᠢᠵᠢᠭᠤᠯᠤᠨ᠎ᠠ᠃ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠤᠢ ᠪᠤᠯᠭᠠᠨ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠵᠦ᠂ ᠰᠠᠬᠢᠯᠭ᠎ᠠ ᠪᠠᠰᠦ ᠶᠤᠰᠤ ᠵᠢᠷᠤᠮ ᠢ ᠴᠢᠩᠳᠠᠯᠠᠨ᠂ ᠠᠷᠠᠳᠴᠢᠯᠠᠯ ᠢ ᠪᠠᠳᠠᠷᠠᠭᠤᠯᠤᠨ᠂ ᠬᠠᠤᠯᠢ ᠲᠤᠭᠳᠠᠭᠠᠯ ᠶᠤᠰᠤᠭᠠᠷ ᠶᠠᠪᠤᠳᠠᠯ ᠢ ᠬᠦᠢᠴᠡᠳᠭᠡᠵᠦ᠂ ᠰᠤᠮᠤᠨ ᠤ ᠤᠳᠤᠷᠢᠳᠬᠤ ᠪᠠᠭ ᠤᠨ ᠬᠤᠭᠤᠴᠠᠭ᠎ᠠ ᠰᠤᠯᠢᠬᠤ ᠠᠵᠢᠯ ᠤᠨ ᠡᠮᠬᠢ ᠲᠢᠭᠯᠢᠮ ᠲᠠᠢ ᠡᠷᠡᠬᠦᠯ ᠲᠤᠭᠳᠠᠭᠤᠨ ᠶᠠᠪᠤᠭᠳᠠᠬᠤ ᠶᠢ ᠪᠠᠳᠤᠯᠠᠬᠤ ᠭᠡᠷᠡᠭᠳᠡᠢ ᠭᠡᠵᠡᠢ᠃        ᠪᠦᠬᠡᠪᠠᠶᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠠᠶᠦᠯᠬᠦᠢ ᠦᠢᠯᠡᠳᠪᠦᠷᠢᠯᠡᠯ᠂ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠦᠷᠢᠮ᠂ ᠵᠠᠬᠢᠳᠠᠯ ᠰᠤᠷᠪᠤᠯᠵᠢᠯᠠᠭ᠎ᠠ ᠶᠢᠨ ᠲᠤᠭᠳᠠᠭᠤᠨ ᠢ ᠪᠠᠳᠤᠯᠠᠬᠤ ᠵᠡᠷᠭᠡ ᠠᠵᠢᠯ ᠳᠤ ᠪᠤᠳᠠᠳᠠᠢ ᠱᠠᠭᠠᠷᠳᠠᠯᠭ᠎ᠠ ᠳᠤᠷᠠᠳᠴᠠᠢ᠃                 ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号