ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠭᠤᠣᠯ ᠠᠵᠢᠯ ᠲᠠᠢ ᠪᠠᠨ ᠤᠶᠠᠯᠳᠤᠭᠤᠯᠤᠨ ᠢᠳᠡᠪᠬᠢᠲᠡᠢ  ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠢᠶᠠᠨ ᠳᠡᠪᠰᠢᠬᠦᠯᠦᠨ᠎ᠡ
ᠨᠡᠶᠢᠲᠡᠯᠡᠭᠰᠡᠨ ᠴᠠᠭ᠄
2021/3/3
       3 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠳᠥᠷᠪᠡᠨ ᠶᠠᠷᠢᠯᠴᠠᠬᠤ ᠳᠤᠭᠤᠶᠢᠯᠠᠩ  ᠳᠤ ᠬᠤᠪᠢᠶᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠮᠡᠳᠡᠭᠦᠯᠦᠯᠲᠡ ᠪᠠ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠶᠠᠷᠢᠯᠴᠠᠵᠤ᠂ ᠣᠯᠠᠨ ᠢᠶᠠᠷ ᠢᠶᠠᠨ ᠲᠥᠷᠥᠭᠳᠡᠯ ᠢᠶᠠᠨ ᠶᠠᠷᠢᠵᠤ᠂ ᠠᠷᠭ᠎ᠠ ᠤᠬᠠᠭᠠᠨ ᠭᠠᠷᠭᠠᠨ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠯᠡᠪᠡ᠃ ᠶᠢᠨ ᠨᠠᠰᠤᠨ᠂ ᠴᠧᠨ ᠱᠸᠤ ᡁᠢ᠂ ᠠᠯᠮᠠᠰ᠂ ᠪᠤᠤ ᠱᠦᠢ ᠬᠤᠸᠠ᠂ ᠰᠦ᠋ ᠹᠧᠩ ᠨᠢᠩ ᠤᠯᠤᠰ ᠲᠦᠷᠦ ᠶᠢᠨ ᠵᠥᠪᠯᠡᠯᠭᠡᠨ ᠤ ᠡᠯ᠎ᠡ ᠠᠳᠠᠯᠢ ᠪᠤᠰᠤ ᠡᠲᠡᠭᠡᠳ ᠤᠨ ᠳᠤᠭᠤᠶᠢᠯᠠᠩ ᠤᠨ ᠶᠠᠷᠢᠯᠴᠠᠭ᠎ᠠ ᠳᠤ ᠲᠤᠰ ᠲᠤᠰ ᠣᠷᠣᠯᠴᠠᠪᠠ᠃
       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠨᠠᠰᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠡᠲᠡᠭᠡᠳ ᠤᠨ ᠬᠢᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠡᠲᠡᠭᠡᠳ ᠤᠨ ᠶᠠᠷᠢᠯᠴᠠᠬᠤ ᠳᠤᠭᠤᠶᠢᠯᠠᠩ ᠤᠨ ᠶᠠᠷᠢᠯᠴᠠᠭ᠎ᠠ ᠳᠤ ᠤᠷᠤᠯᠴᠠᠬᠤ ᠳᠠᠭᠠᠨ᠂ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠵᠦ᠂ ᠢᠳᠡᠪᠬᠢᠲᠡᠶ ᠪᠠᠷ ᠠᠷᠭ᠎ᠠ ᠤᠬᠠᠭᠠᠨ ᠭᠠᠷᠭᠠᠵᠤ᠂ ᠦᠨᠡᠨ ᠬᠦ ᠠᠳᠬᠤᠨ ᠪᠣᠳᠠᠲᠠᠶ ᠪᠠᠷ ᠠᠵᠢᠯᠯᠠᠨ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠭᠦᠨᠵᠡᠭᠡᠶ ᠪᠠᠶᠢᠴᠠᠭᠠᠨ ᠰᠤᠳᠤᠯᠤᠯᠲᠠ ᠬᠢᠵᠦ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠬᠦ ᠶᠢ ᠵᠤᠷᠢᠭᠵᠢᠭᠤᠯᠤᠭᠰᠠᠨ ᠪᠠᠶᠢᠨ᠎ᠠ᠃ ᠶᠠᠷᠢᠯᠴᠠᠬᠤ ᠳᠤᠮᠳᠠ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ ᠠᠴᠠ᠂ ᠤᠯᠤᠰ ᠲᠦᠷᠦ ᠶᠢᠨ ᠵᠦᠪᠯᠡᠯᠭᠡᠨ ᠤ ᠠᠵᠢᠯ ᠤᠨ ᠮᠡᠳᠡᠬᠦᠯᠦᠯᠳᠡ ᠨᠢ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ  ᠪᠠᠷ ᠪᠤᠰᠤᠳᠴᠢ ᠪᠠᠷ ᠳ᠋ᠦᠩᠨᠡᠵᠦ᠂ ᠢᠷᠡᠭᠡᠳᠦᠶ ᠶᠢᠨ ᠠᠵᠢᠯ ᠢ ᠲᠦᠯᠦᠪᠵᠢᠬᠦᠯᠦᠨ᠂ ᠪᠣᠳᠠᠲᠠᠶ ᠶᠢ ᠡᠷᠬᠢᠮᠯᠡᠨ ᠠᠯᠤᠰ ᠬᠡᠲᠦ ᠶᠢ ᠪᠣᠳᠣᠯᠬᠢᠯᠠᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ ᠠᠵᠢᠯ ᠤᠨ ᠲᠣᠭᠤᠷᠢᠨ  ᠳᠤ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠲᠠᠢ ᠵᠡᠷᠭᠡᠪᠡᠷ ᠴᠢᠷᠮᠠᠶᠢᠨ ᠠᠵᠢᠯᠯᠠᠵᠦ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠᠷ ᠮᠠᠰᠢ ᠴᠢᠩᠭ᠎ᠠ᠃ ᠰᠠᠨᠠᠯ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠨᠢ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠥᠩᠭᠡᠷᠡᠭᠰᠡᠨ ᠨᠢᠭᠡ ᠵᠢᠯ ᠤᠨ ᠰᠠᠨᠠᠯ ᠳᠤᠷᠠᠳᠤᠯᠭ᠎ᠠ ᠶᠢᠨ ᠠᠵᠢᠯ  ᠤᠨ ᠪᠠᠶᠢᠳᠠᠯ ᠢ ᠪᠤᠰᠤᠳᠴᠢ ᠪᠠᠷ ᠲᠤᠰᠬᠠᠵᠤ᠂ ᠰᠠᠨᠠᠯ ᠳᠤᠷᠠᠳᠤᠯᠭ᠎ᠠ ᠶᠢᠨ ᠴᠢᠨᠠᠷ ᠴᠢᠨᠰᠠᠭ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠭᠦᠶᠴᠡᠳᠬᠡᠬᠦ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠦᠶᠴᠡᠳᠬᠡᠬᠦ ᠲᠠᠰ ᠳᠠᠷᠠᠭᠠᠯᠠᠯ ᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠤᠰᠢᠭᠤ ᠨᠠᠮ ᠤᠨ ᠬᠤᠷᠢᠶ᠎ᠠ᠂ ᠵᠠᠰᠠᠭ  ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠵᠢᠴᠢ ᠬᠠᠮᠢᠶ᠎ᠠ ᠪᠥᠬᠦᠶ ᠠᠵᠢᠯ  ᠢ ᠨᠠᠶᠢᠳᠠᠪᠤᠷᠢᠵᠢᠭᠤᠯᠬᠤ ᠳᠤ ᠢᠳᠡᠪᠬᠢᠲᠡᠶ ᠦᠶᠯᠡᠳᠦᠯ ᠦᠵᠡᠬᠦᠯᠦᠭᠰᠡᠨ ᠪᠠᠶᠢᠨ᠎ᠠ ᠭᠡᠵᠦ ᠰᠠᠨᠠᠯ ᠨᠢᠭᠡᠳᠡᠢ ᠦᠵᠡᠵᠡᠭᠡᠪᠡ᠃
       ᠤᠯᠤᠰ ᠲᠥᠷᠥ ᠶᠢᠨ ᠵᠥᠪᠯᠡᠯᠭᠡᠨ ᠤ ᠭᠡᠰᠢᠬᠦᠨ ᠶᠢᠨ ᠼᠠᠩ᠄ ᠳᠤᠰ ᠠᠵᠢᠯ ᠤᠨ ᠮᠡᠳᠡᠬᠦᠯᠦᠯᠳᠡ ᠳᠤ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ᠂ ᠰᠢᠨ᠎ᠡ ᠪᠠᠶᠢᠯᠳᠤᠬᠤ ᠪᠣᠳᠣᠯᠭ᠎ᠠ᠂ ᠰᠢᠨ᠎ᠡ ᠠᠷᠭ᠎ᠠ ᠬᠡᠮᠵᠢᠶ᠎ᠡ ᠶᠢ ᠢᠯᠡᠷᠡᠭᠦᠯᠵᠡᠶ᠂ ᠡᠨᠡ ᠪᠣᠯ ᠨᠢᠭᠡᠨ ᠳᠡᠭᠡᠳᠦ ᠬᠡᠮᠵᠢᠶᠡᠨ ᠤ᠂ ᠭᠦᠨᠴᠡ ᠲᠠᠢ᠂ ᠡᠷᠴᠢᠮ ᠲᠠᠢ ᠰᠠᠶᠢᠨ ᠮᠡᠳᠡᠬᠦᠯᠦᠯᠳᠡ ᠮᠥᠨ᠃ ᠮᠡᠳᠡᠭᠦᠯᠦᠯᠲᠡ ᠠᠴᠠ ᠦᠵᠡᠪᠡᠯ᠂ ᠥᠩᠭᠡᠷᠡᠭᠰᠡᠨ ᠨᠢᠭᠡ ᠵᠢᠯ ᠳᠤ ᠶᠡᠭᠡ ᠬᠡᠮᠵᠢᠶᠡᠨ ᠤ ᠠᠵᠢᠯ ᠬᠢᠵᠡᠶ᠂ ᠣᠨᠴᠠᠭᠠᠶᠢᠯᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ  ᠶᠢᠨ ᠴᠡᠭ ᠤᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠪᠣᠯᠤᠭᠰᠠᠨ ᠬᠤᠪᠢ ᠳᠤ᠂ ᠪᠢ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠦ᠂ ᠬᠤᠶᠢᠰᠢᠳᠠ ᠶᠢᠨ ᠠᠵᠢᠯ  ᠳᠠᠭᠠᠨ ᠢᠯᠡᠭᠦᠬᠡᠨ ᠠᠷᠭ᠎ᠠ ᠤᠬᠠᠭᠠᠨ ᠭᠠᠷᠭᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ᠃
       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠵᠤ ᠠᠬᠤᠶ ᠦᠶᠯᠡᠳᠪᠦᠷᠢ ᠬᠤᠳᠠᠯᠳᠤᠭᠠᠨ ᠤ ᠡᠲᠡᠭᠡᠳ᠂ ᠣᠨᠴᠠ ᠤᠷᠢᠭᠰᠠᠨ ᠠᠳᠠᠯᠢ ᠪᠤᠰᠤ ᠡᠲᠡᠭᠡᠳ ᠤᠨ ᠶᠠᠷᠢᠯᠴᠠᠬᠤ ᠳᠤᠭᠤᠶᠢᠯᠠᠩ ᠤᠨ ᠭᠡᠰᠢᠭᠦᠳ ᠠᠴᠠ᠂ ᠠᠵᠢᠯ ᠤᠨ ᠮᠡᠳᠡᠬᠦᠯᠦᠯᠳᠡ ᠳᠠᠬᠢ ᠠᠵᠢᠯ ᠤᠨ ᠳ᠋ᠦᠩᠨᠡᠯᠲᠡ ᠨᠢ ᠪᠥᠬᠦ ᠲᠠᠯ᠎ᠠ ᠶᠢᠨ ᠪᠥᠭᠡᠳ ᠪᠤᠰᠤᠳᠴᠢ ᠪᠠᠶᠢᠵᠤ᠂ ᠮᠡᠳᠡᠬᠦᠯᠦᠯᠳᠡ ᠨᠢ ᠠᠰᠠᠭᠤᠳᠠᠯ ᠢ ᠭᠦᠨᠵᠡᠭᠡᠶ ᠪᠥᠭᠡᠳ ᠨᠡᠪᠲᠡᠷᠬᠡᠶ ᠵᠠᠳᠠᠯᠵᠤ᠂ ᠬᠥᠮᠦᠰ ᠢ ᠵᠣᠷᠢᠭᠵᠢᠭᠤᠯᠤᠨ ᠤᠷᠤᠭᠰᠢᠯᠠᠭᠤᠯᠬᠤ᠂ ᠤᠷᠮᠠᠰᠢᠭᠤᠯᠬᠤ ᠪᠠ ᠬᠦᠴᠦᠨ ᠴᠢᠳᠠᠯ ᠢ ᠨᠢᠭᠲᠠᠷᠠᠭᠤᠯᠬᠤ ᠮᠡᠳᠡᠭᠦᠯᠦᠯᠲᠡ ᠪᠤᠯᠵᠦ ᠴᠢᠳᠠᠵᠠᠢ ᠭᠡᠵᠦ ᠰᠠᠨᠠᠯ ᠨᠢᠭᠡᠳᠡᠢ ᠦᠵᠡᠵᠡᠬᠡᠭᠰᠡᠨ ᠪᠠᠶᠢᠨ᠎ᠠ᠃ ᠭᠡᠰᠢᠭᠦᠳ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠨ᠂ ᠲᠤᠬᠠᠢ ᠶᠢᠨ ᠳᠠᠯᠠᠪᠤᠷ ᠤᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ  ᠶᠢᠨ ᠴᠡᠭ ᠤᠨ ᠪᠦᠲᠦᠭᠡᠨ ᠪᠠᠶᠢᠭᠤᠯᠤᠯᠲᠠ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠰᠠᠨᠠᠯ ᠰᠠᠨᠠᠭᠤᠯᠭ᠎ᠠ ᠳᠤᠷᠠᠳᠴᠠᠢ᠃
       ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠾᠧ ᠯᠢᠨ᠎ᠠ᠄ ᠮᠥᠩᠭᠦᠨ ᠭᠦᠶᠯᠭᠡᠭᠡᠨ ᠤ ᠰᠢᠰᠲ᠋ᠧᠮ ᠤᠨ ᠬᠦᠷᠢᠶᠡᠨ ᠳᠠᠬᠢ ᠭᠡᠰᠢᠭᠦᠨ ᠪᠣᠯᠤᠭᠰᠠᠨ ᠤ ᠬᠤᠪᠢ ᠳᠤ᠂ ᠪᠢ ᠨᠢᠭᠡᠨ ᠭᠡᠰᠢᠭᠦᠨ ᠤ ᠡᠭᠦᠷᠭᠡ ᠬᠠᠷᠢᠭᠤᠴᠠᠯᠭ᠎ᠠ ᠪᠠᠨ ᠰᠠᠶᠢᠲᠤᠷ ᠭᠦᠶᠴᠡᠳᠬᠡᠵᠦ᠂ ᠢᠳᠡᠪᠬᠢᠲᠡᠶ ᠪᠠᠷ ᠰᠠᠨᠠᠯ ᠰᠠᠨᠠᠭᠤᠯᠭ᠎ᠠ ᠳᠤᠷᠠᠳᠬᠤ ᠶᠢᠨ ᠬᠠᠮᠲᠤ ᠮᠠᠨ ᠤ ᠬᠤᠰᠢᠭᠤᠨ ᠤ ᠡᠯ᠎ᠡ ᠲᠥᠷᠥᠯ ᠤᠨ ᠠᠵᠢᠯ ᠢᠶᠠᠨ ᠥᠷᠨᠢᠭᠦᠯᠬᠦ ᠳᠤ ᠥᠪᠡᠷ ᠤᠨ ᠬᠦᠴᠦᠨ ᠴᠢᠳᠠᠯ ᠢᠶᠠᠨ ᠡᠷᠭᠦᠨ᠎ᠡ᠃
       ᠲᠠᠷᠢᠶᠠᠯᠠᠩ ᠮᠠᠯ ᠠᠵᠤ ᠠᠬᠤᠢ ᠤᠢ ᠰᠢᠭᠤᠢ ᠶᠢᠨ ᠡᠲᠡᠭᠡᠳ ᠤᠨ ᠶᠠᠷᠢᠯᠴᠠᠬᠤ ᠳᠤᠭᠤᠶᠢᠯᠠᠩ ᠳᠤ᠂ ᠭᠡᠰᠢᠭᠦᠳ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠮᠡᠳᠡᠭᠦᠯᠦᠯᠲᠡ ᠵᠢᠴᠢ ᠰᠠᠨᠠᠯ ᠳᠤᠷᠠᠳᠤᠯᠭ᠎ᠠ ᠶᠢᠨ ᠠᠵᠢᠯ  ᠤᠨ ᠪᠠᠶᠢᠳᠠᠯ ᠤᠨ ᠮᠡᠳᠡᠭᠦᠯᠦᠯᠲᠡ ᠶᠢᠨ ᠭᠤᠣᠯ ᠰᠡᠳᠦᠪ ᠨᠢ ᠢᠯᠡ ᠲᠣᠳᠣ᠂ ᠦᠨᠡᠨ ᠠᠴᠠ ᠵᠥᠪ ᠢ ᠡᠷᠢᠵᠦ᠂ ᠭᠤᠣᠯᠳᠠᠯᠭ᠎ᠠ ᠨᠢ ᠲᠤᠪᠤᠶᠢᠮ᠎ᠠ᠂ ᠬᠥᠮᠦᠰ ᠢ ᠵᠤᠷᠢᠭᠵᠢᠭᠤᠯᠤᠭᠰᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠮᠡᠳᠡᠭᠦᠯᠦᠯᠲᠡ ᠪᠤᠯᠵᠠᠢ᠂ ᠢᠯᠠᠩᠭᠤᠶ᠎ᠠ ᠰᠠᠨᠠᠯ ᠳᠤᠷᠠᠳᠤᠯᠭ᠎ᠠ ᠶᠢᠨ ᠠᠵᠢᠯ ᠤᠨ ᠬᠠᠷᠢᠭᠤ ᠥᠭᠴᠦ ᠰᠢᠢᠳᠪᠦᠷᠢᠯᠡᠭᠦᠯᠬᠦ ᠪᠠᠷ ᠲᠤᠰᠢᠶᠠᠭᠰᠠᠨ ᠠᠵᠢᠯ ᠢ ᠭᠦᠢᠴᠡᠳ ᠨᠤᠲᠠᠯᠠᠪᠠ᠃ ᠭᠡᠰᠢᠭᠦᠳ ᠪᠠᠰᠠ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠣᠭᠤᠷᠢᠨ ᠳᠤ᠂ ᠪᠣᠬᠢᠷᠲᠤᠯ ᠥᠬᠡᠶ ᠬᠦᠭᠵᠢᠬᠦᠯᠬᠦ ᠶᠢ ᠬᠠᠶᠢᠨ ᠰᠦᠪᠡᠭᠴᠢᠯᠡᠵᠦ᠂ ᠦᠨᠳᠦᠰᠦᠨ ᠱᠠᠲᠤᠨ ᠤ ᠮᠠᠯᠵᠢᠬᠤ ᠲᠠᠷᠢᠶᠠᠯᠠᠬᠤ ᠣᠷᠣᠨ ᠤ ᠴᠢᠳᠠᠪᠤᠷᠢᠲᠠᠨ ᠢ ᠬᠥᠮᠦᠵᠢᠭᠦᠯᠬᠦ ᠵᠡᠷᠭᠡ ᠲᠠᠯ᠎ᠠ ᠪᠠᠷ ᠲᠣᠰ ᠡᠲᠡᠭᠡᠳ ᠤᠨ ᠪᠣᠳᠠᠲᠤ ᠪᠠᠶᠢᠳᠠᠯ  ᠲᠠᠢ ᠪᠠᠨ ᠤᠶᠠᠯᠳᠤᠭᠤᠯᠤᠨ᠂ ᠮᠠᠰᠢ ᠣᠯᠠᠨ ᠪᠣᠳᠠᠲᠠᠶ ᠶᠢ ᠡᠷᠬᠢᠮᠯᠡᠭᠰᠡᠨ ᠠᠴᠢ ᠲᠤᠰᠠᠲᠠᠶ ᠰᠠᠨᠠᠯ ᠰᠠᠨᠠᠭᠤᠯᠭ᠎ᠠ ᠳᠤᠷᠠᠳᠴᠠᠶ᠃
       ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠴᠣᠯᠮᠣᠨ᠄ ᠨᠢᠳᠤᠨᠤᠨ ᠮᠢᠨᠦ ᠳᠡᠪᠰᠢᠭᠦᠯᠦᠭᠰᠡᠨ ᠰᠠᠨᠠᠯ ᠳᠤᠷᠠᠳᠤᠯᠭ᠎ᠠ ᠪᠣᠯ ᠦᠨᠳᠦᠰᠦᠨ ᠱᠠᠲᠤᠨ ᠤ ᠮᠠᠯ ᠠᠵᠤ ᠠᠬᠤᠶ ᠶᠢᠨ ᠠᠵᠢᠯ ᠤᠨ ᠥᠷᠲᠡᠭᠡ ᠶᠢᠨ ᠠᠵᠢᠯᠯᠠᠬᠤ ᠨᠥᠬᠦᠴᠡᠯ ᠢ ᠰᠢᠯᠢᠳᠡᠭᠵᠢᠭᠦᠯᠬᠦ ᠳᠤᠬᠠᠢ ᠰᠠᠨᠠᠯ ᠳᠤᠷᠠᠳᠤᠯᠭ᠎ᠠ ᠪᠤᠯᠤᠨ᠎ᠠ᠂ ᠡᠨᠡ ᠵᠢᠯ ᠪᠢᠳᠡ ᠮᠠᠨ ᠤ ᠰᠤᠮᠤ ᠶᠢᠨ ᠮᠠᠯ ᠠᠵᠤ ᠠᠬᠤᠶ ᠶᠢᠨ ᠠᠵᠢᠯ ᠤᠨ ᠥᠷᠲᠡᠭᠡ ᠨᠢᠭᠡᠪᠦᠷᠢ ᠳᠤ ᠰᠢᠨ᠎ᠡ ᠪᠠᠷ ᠰᠠᠭᠤᠷᠢ ᠲᠥᠬᠦᠭᠡᠷᠦᠮᠵᠢ ᠪᠠᠶᠢᠭᠤᠯᠬᠤ ᠭᠡᠵᠦ ᠪᠠᠶᠢᠬᠤ ᠶᠢ ᠣᠯᠵᠤ ᠮᠡᠳᠡᠪᠡ᠃ ᠡᠨᠡ ᠨᠢ ᠪᠢᠳᠡᠨ ᠤ ᠦᠨᠳᠦᠰᠦᠨ ᠱᠠᠲᠤᠨ ᠳᠤ ᠠᠵᠢᠯᠯᠠᠵᠤ ᠪᠠᠶᠢᠭ᠎ᠠ ᠮᠠᠯ ᠤᠨ ᠡᠮᠴᠢ  ᠳᠤ ᠠᠪᠴᠤ ᠬᠡᠯᠡᠪᠡᠯ ᠮᠠᠰᠢ ᠶᠡᠭᠡ ᠪᠤᠶᠠᠨ ᠭᠡᠰᠢᠭ ᠮᠦᠨ᠃ ᠬᠤᠵᠢᠮ ᠪᠢ ᠨᠠᠩ ᠶᠡᠭᠡ ᠴᠢᠷᠮᠠᠶᠢᠯᠭ᠎ᠠ ᠪᠠᠷ ᠰᠢᠯᠢᠳᠡᠭ ᠰᠠᠶᠢᠨ ᠰᠠᠨᠠᠯ ᠳᠤᠷᠠᠳᠤᠯᠭ᠎ᠠ ᠲᠤᠰᠢᠶᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ᠎ᠡ᠃
       ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠰᠤᠷᠭᠠᠨ ᠬᠥᠮᠦᠵᠢᠯ ᠤᠨ ᠡᠲᠡᠭᠡᠳ᠂ ᠰᠣᠶᠣᠯ ᠤᠷᠠᠯᠢᠭ ᠪᠡᠶ᠎ᠡ  ᠶᠢᠨ ᠲᠠᠮᠢᠷ ᠤᠨ ᠡᠲᠡᠭᠡᠳ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠡᠲᠡᠭᠡᠳ᠂ ᠦᠨᠳᠦᠰᠦᠲᠡᠨ ᠱᠠᠰᠢᠨ ᠰᠤᠷᠲᠠᠬᠤᠨ ᠤ ᠠᠰᠠᠷᠠᠮᠵᠢ ᠶᠢᠨ ᠡᠲᠡᠭᠡᠳ ᠤᠨ ᠶᠠᠷᠢᠯᠴᠠᠬᠤ ᠳᠤᠭᠤᠶᠢᠯᠠᠩ ᠳᠤ᠂ ᠤᠯᠤᠰ ᠲᠦᠷᠦ ᠶᠢᠨ ᠵᠦᠪᠯᠡᠯᠭᠡᠨ ᠤ ᠭᠡᠰᠢᠭᠦᠳ  ᠠᠴᠠ᠂  ᠳᠤᠰ ᠬᠤᠶᠠᠷ ᠬᠤᠪᠢ ᠠᠵᠢᠯ ᠤᠨ ᠮᠡᠳᠡᠭᠦᠯᠦᠯᠲᠡ ᠨᠢ ᠪᠣᠳᠠᠲᠠᠶ ᠶᠢ ᠡᠷᠬᠢᠮᠯᠡᠨ ᠲᠥᠪ ᠴᠢᠩᠭ᠎ᠠ ᠪᠠᠶᠢᠵᠤ᠂ 2020 ᠣᠨ ᠤ ᠠᠵᠢᠯ ᠤᠨ ᠳ᠋ᠦᠩᠨᠡᠯᠲᠡ ᠪᠠ ᠡᠷᠭᠢᠴᠡᠭᠦᠯᠦᠯ ᠨᠢ ᠪᠥᠬᠦ ᠲᠠᠯ᠎ᠠ ᠶᠢᠨ ᠪᠥᠭᠡᠳ ᠪᠤᠰᠤᠳᠴᠢ ᠪᠠᠶᠢᠵᠤ᠂ 2021 ᠣᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢᠨ ᠬᠠᠷᠠᠯᠲᠠ ᠡᠭᠦᠷᠭᠡ ᠶᠢᠨ ᠰᠡᠳᠬᠢᠮᠵᠢ  ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠡᠷᠴᠢᠮᠳᠠᠢ ᠪᠠᠶᠢᠵᠤ᠂ ᠠᠯᠤᠰ ᠬᠡᠲᠦ ᠶᠢᠨ ᠵᠣᠭᠰᠣᠴᠠ ᠲᠠᠢ᠂ ᠴᠢᠭᠯᠡᠯ ᠢ ᠬᠥᠲᠥᠯᠥᠨ ᠳᠠᠭᠠᠭᠤᠯᠤᠭᠰᠠᠨ ᠰᠠᠶᠢᠨ ᠮᠡᠳᠡᠭᠦᠯᠦᠯᠲᠡ ᠪᠣᠯᠵᠠᠶ ᠭᠡᠵᠦ ᠰᠠᠨᠠᠯ ᠨᠢᠭᠡᠲᠡᠶ ᠦᠵᠡᠵᠡᠭᠡᠪᠡ᠃ ᠭᠡᠰᠢᠭᠦᠳ ᠥᠪᠡᠷ ᠥᠪᠡᠷ ᠤᠨ ᠦᠵᠡᠯᠲᠡ ᠪᠠᠨ ᠶᠠᠷᠢᠵᠤ᠂ ᠮᠠᠨ ᠤ ᠬᠤᠰᠢᠭᠤᠨ ᠤ ᠠᠵᠤ ᠠᠬᠤᠶ ᠪᠠ ᠨᠡᠶᠢᠭᠡᠮ ᠤᠨ ᠬᠥᠭᠵᠢᠯᠲᠡ  ᠳᠤ ᠢᠳᠡᠪᠬᠢᠲᠡᠶ ᠪᠠᠷ ᠠᠷᠭ᠎ᠠ ᠤᠬᠠᠭᠠᠨ ᠢᠶᠠᠨ ᠳᠡᠪᠰᠢᠬᠦᠯᠦᠭᠰᠡᠨ ᠪᠠᠶᠢᠨ᠎ᠠ᠃
       ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠨᠠᠷᠮᠠᠢ᠄ ᠳᠤᠰ ᠬᠤᠶᠠᠷ ᠬᠤᠪᠢ ᠠᠵᠢᠯ ᠤᠨ ᠮᠡᠳᠡᠭᠦᠯᠦᠯᠲᠡ  ᠨᠢ ᠨᠢᠳᠤᠨᠤᠨ ᠤ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠪᠥᠬᠦ ᠲᠠᠯ᠎ᠠ ᠪᠠᠷ ᠪᠣᠳᠠᠲᠠᠶ ᠳ᠋ᠦᠩᠨᠡᠵᠦ᠂ 2021 ᠣᠨ ᠤ ᠠᠵᠢᠯ ᠢ ᠪᠠᠰᠠ ᠪᠠᠶᠢᠷᠢᠯᠠᠭᠤᠯᠵᠤ᠂ ᠠᠯᠤᠰ ᠤᠨ ᠲᠥᠰᠦᠪ ᠢ ᠵᠢᠷᠤᠭᠯᠠᠪᠠ᠃ ᠲᠤᠰ ᠤᠳᠠᠭᠠᠨ ᠤ ᠶᠡᠭᠡ ᠬᠤᠷᠠᠯ  ᠳᠤ ᠪᠢ ᠬᠤᠶᠠᠷ ᠬᠤᠪᠢ ᠰᠠᠨᠠᠯ ᠳᠤᠷᠠᠳᠤᠯᠭ᠎ᠠ ᠲᠤᠷᠠᠳᠤᠨ᠎ᠠ᠂ ᠨᠢᠭᠡ ᠬᠤᠪᠢ ᠰᠠᠨᠠᠯ ᠳᠤᠷᠠᠳᠤᠯᠭ᠎ᠠ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠨᠣᠮ ᠤᠨ ᠰᠠᠩ ᠢ ᠰᠢᠨ᠎ᠡ ᠪᠠᠷ ᠪᠠᠶᠢᠭᠤᠯᠬᠤ ᠲᠤᠬᠠᠢ ᠰᠠᠨᠠᠯ ᠳᠤᠷᠠᠳᠤᠯᠭ᠎ᠠ ᠪᠣᠯᠤᠨ᠎ᠠ᠃ ᠬᠡᠳᠦᠶᠢᠪᠡᠷ ᠣᠳᠣ ᠶᠢᠨ ᠪᠠᠶᠢᠭ᠎ᠠ ᠨᠣᠮ ᠤᠨ ᠰᠠᠩ ᠪᠠᠰᠠ ᠮᠠᠰᠢ ᠰᠠᠶᠢᠨ ᠪᠣᠯᠪᠠᠴᠤ᠂ ᠨᠣᠮ ᠤᠨ ᠰᠠᠩ ᠤᠨ ᠲᠠᠯᠠᠪᠠᠢ ᠪᠠᠭ᠎ᠠ᠂ ᠪᠣᠳᠠᠲᠠᠶ ᠴᠢᠳᠠᠮᠵᠢ ᠶᠢ ᠪᠠᠳᠠᠷᠠᠭᠤᠯᠬᠤ ᠲᠠᠯ᠎ᠠ ᠪᠠᠷ ᠪᠠᠰᠠ ᠮᠠᠰᠢ ᠶᠡᠭᠡ ᠬᠢᠵᠠᠭᠠᠷᠯᠠᠯ ᠲᠠᠢ᠃ ᠬᠤᠶᠠᠷ ᠲᠤ᠂ ᠦᠨᠳᠦᠰᠦᠨ ᠱᠠᠲᠤᠨ ᠤ ᠰᠣᠶᠣᠯ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ᠃                     ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号