ᠰᠤᠷᠪᠤᠯᠵᠢᠯᠠᠬᠴᠢ ᠤᠷᠴᠢᠮᠬᠠᠨ ᠰᠤᠷᠤᠬᠴᠢ ᠭᠡᠷ ᠤᠨ ᠠᠬᠠᠮᠠᠳ ᠤᠯᠠᠨ ᠤᠷᠤᠯᠴᠠᠭᠰᠠᠨ ᠨᠢᠭᠡᠨ ᠠᠵᠢᠯᠯᠠᠭ᠎ᠠ ᠶᠢ ᠰᠤᠷᠪᠤᠯᠵᠢᠯᠠᠬᠤ ᠪᠠᠷ ᠬᠦᠷᠦᠭᠰᠡᠨ ᠶᠤᠮ᠃ | ᠲᠤᠬᠠᠢ ᠶᠢᠨ ᠳᠠᠯᠠᠪᠠᠢ ᠶᠢᠨ ᠳᠠᠶᠢᠯᠪᠤᠷᠢᠯᠠᠬᠴᠢ ᠶᠢ ᠤᠯᠠᠨ ᠰᠤᠷᠤᠬᠴᠢ ᠢᠪ ᠰᠢᠬᠠᠯᠴᠠᠨ ᠬᠦᠷᠢᠶᠡᠯᠡᠵᠤ᠂ ᠳᠠᠶᠢᠯᠪᠤᠷᠢᠯᠠᠬᠴᠢ ᠬᠦᠳᠡᠯᠬᠦ ᠵᠠᠢ ᠦᠭᠡᠢ ᠪᠤᠯᠤᠬᠰᠠᠨ ᠳᠤ | ᠪᠠᠭᠰᠢ ᠨᠢ ᠬᠡᠳᠦᠨᠳᠡ ᠬᠤᠶᠢᠰᠢ ᠪᠠᠨ ᠤᠬᠤᠷᠢᠨ ᠵᠤᠬᠰᠤᠬᠤ ᠶᠢ ᠰᠠᠨᠠᠭᠤᠯᠤᠬᠰᠠᠨ ᠪᠤᠯᠪᠠᠴᠤ ᠬᠦᠳᠡᠯᠦᠭᠰᠡᠨ ᠰᠤᠷᠤᠬᠴᠢ ᠦᠭᠡᠢ᠃ ᠠᠷᠭ᠎ᠠ ᠪᠠᠷᠠᠬᠤ ᠳᠠᠭᠠᠨ ᠪᠠᠭᠰᠢ ᠨᠢ | ᠡᠮᠦᠨᠡᠰᠢ ᠤᠴᠢᠵᠤ᠂ ᠰᠤᠷᠤᠬᠴᠢᠳ ᠢ ᠭᠡᠳᠡᠷᠭᠦ ᠰᠢᠭ ᠵᠤᠭᠰᠤᠭᠠᠷᠠᠢ ᠭᠡᠵᠦ ᠢᠳᠬᠠᠬᠤ ᠶᠢᠨ ᠳᠠᠭᠠᠤ ᠰᠤᠷᠤᠬᠴᠢᠳ ᠢᠶᠠᠨ ᠬᠤᠶᠢᠰᠢ ᠳᠠᠳᠠᠵᠤ ᠪᠠᠶᠢᠪᠠ᠃ ᠡᠨᠡ ᠦᠶ᠎ᠡ ᠳᠤ | ᠨᠢᠭᠡᠨ ᠭᠡᠷ ᠤᠨ ᠠᠬᠠᠮᠠᠳ ᠴᠢᠷᠠᠢ ᠪᠠᠷᠦ᠋ᠢᠵᠤ ᠨᠢᠳᠤ ᠭᠦᠯᠢᠢᠯᠭᠡᠨ᠄ ︽ᠴᠢ ᠮᠢᠨᠤ ᠬᠡᠦᠬᠡᠳ ᠢ ᠶᠠᠭᠤ ᠭᠡᠵᠤ ᠳᠠᠳᠠᠵᠤ ᠪᠠᠶᠢᠬᠤ ᠪᠤᠢ︖︾ ᠭᠡᠵᠤ ᠠᠭᠰᠤᠮᠨᠠᠭᠰᠠᠨ ᠨᠢ | ᠨᠠᠳᠠ ᠳᠤ ᠪᠠᠶᠢᠨ ᠳᠠᠬᠢᠨ ᠪᠤᠳᠤᠬᠳᠠᠨ᠎ᠠ᠃ | ᠲᠡᠷᠡ ᠭᠡᠷ ᠤᠨ ᠠᠬᠠᠮᠠᠳ ᠤᠨ ᠬᠡᠯᠡᠭᠰᠡᠨ ᠢ ᠰᠤᠨᠤᠰᠤᠭᠠᠳ ᠬᠡᠦᠬᠡᠳ ᠨᠢ ᠶᠠᠭᠤ ᠭᠡᠵᠤ ᠪᠤᠳᠤᠬᠰᠠᠨ ᠪᠤᠯ ᠬᠡᠵᠦ ᠪᠢ ᠭᠠᠶᠢᠬᠠᠰᠢᠷᠠᠨᠠ᠃ ᠲᠡᠷᠡ ᠬᠡᠦᠬᠡᠳ | ᠴᠤᠬᠤᠮ ᠬᠡᠨ ᠤ ᠪᠤᠷᠤᠭᠤ ᠭᠡᠵᠤ ᠪᠤᠳᠤᠬᠰᠠᠨ ᠪᠤᠯ︖ ᠬᠤᠵᠢᠮ ᠪᠠᠭᠰᠢ ᠪᠠ ᠭᠡᠷ ᠤᠨ ᠠᠬᠠᠮᠠᠳ ᠤᠨ ᠠᠯᠢᠨ ᠤ ᠬᠢᠨᠢ ᠦᠭᠡ ᠶᠢ ᠰᠤᠨᠤᠰᠴᠤ᠂ ᠠᠯᠢᠨ ᠤ ᠬᠢᠨᠢ | ᠨᠦᠯᠦᠭᠡ ᠶᠢ ᠬᠦᠷᠳᠡᠳᠡᠭ ᠪᠤᠯ︖ ᠰᠢᠯᠭᠠᠯᠳᠠ ᠶᠢ ᠠᠷᠭᠠᠴᠠᠭᠠᠬᠤ ᠰᠤᠷᠭᠠᠨ ᠬᠦᠮᠦᠵᠢᠯ ᠤᠨ ᠳᠠᠷᠤᠯᠳᠠ ᠳᠤᠤᠷ᠎ᠠ ᠭᠡᠷ ᠪᠦᠯᠢ᠂ ᠰᠤᠷᠭᠠᠭᠤᠯᠢ ᠶᠢᠨ ᠰᠤᠷᠭᠠᠨ | ᠬᠦᠮᠦᠵᠢᠯ ᠨᠢ ᠪᠠᠷᠤᠭ ᠯᠡ ᠪᠦᠷ ᠤᠶᠤᠨ ᠮᠡᠳᠡᠯᠭᠡ ᠶᠢ ᠬᠦᠨᠳᠦᠳᠭᠡᠵᠤ᠂ ᠶᠤᠰᠤ ᠮᠤᠷᠠᠯ ᠤᠨ ᠬᠦᠮᠦᠵᠢᠯ ᠢ ᠬᠦᠩᠭᠡᠪᠴᠢᠯᠡᠵᠤ ᠪᠠᠶᠢᠨ᠎ᠠ᠃ ᠶᠠᠭ ᠡᠶᠢᠮᠦ ᠠᠴᠠ ᠵᠠᠷᠢᠮ | ᠬᠦᠮᠦᠰ ᠵᠠᠯᠠᠭᠤ ᠨᠢᠭᠡ ᠦᠶ᠎ᠡ ᠶᠢᠨ ᠬᠢᠨ ᠪᠤᠯ ᠤᠷᠤᠭᠤᠳᠠᠵᠤ ᠪᠠᠶᠢᠭ᠎ᠠ ᠨᠢᠭᠡ ᠦᠶ᠎ᠡ᠂ ᠬᠦᠨᠳᠦ ᠡᠭᠦᠷᠭᠡ ᠡᠭᠦᠷᠭᠡᠯᠡᠵᠤ ᠴᠢᠳᠠᠬᠤ ᠦᠭᠡᠢ ᠨᠢᠭᠡ ᠦᠶ᠎ᠡ ᠶᠢᠨ ᠬᠢᠨ ᠭᠡᠵᠤ | ᠶᠠᠷᠢᠵᠤ ᠪᠠᠶᠢᠳᠠᠭ᠃ | ᠪᠠᠭᠰᠢ ᠪᠠ ᠭᠡᠷ ᠤᠨ ᠠᠬᠠᠮᠠᠳ ᠪᠤᠯ ᠬᠡᠦᠬᠡᠳ ᠤᠨ ᠦᠰᠦᠨ ᠪᠤᠶᠢᠵᠢᠯᠳᠡ ᠶᠢᠨ ᠳᠤᠮᠳᠠᠬᠢ ᠮᠠᠰᠢ ᠴᠢᠬᠤᠯᠠ ᠬᠦᠮᠦᠰ ᠶᠤᠮ᠃ ᠳᠡᠳᠡ ᠬᠡᠦᠬᠡᠳ ᠢ ᠬᠦᠳᠦᠯᠦᠨ | ᠵᠢᠯᠤᠭᠤᠳᠴᠤ ᠶᠢᠷᠳᠢᠨᠴᠦ ᠶᠢ ᠳᠠᠨᠢᠭᠤᠯᠤᠨ᠂ ᠦᠵᠡᠯᠳᠡ ᠳᠠᠨᠢᠯᠳᠠ ᠶᠢ ᠨᠢ ᠬᠦᠮᠦᠵᠢᠭᠦᠯᠳᠡᠭ᠃ ᠮᠢᠨᠦ ᠦᠵᠡᠬᠦ ᠪᠠᠷ ᠮᠤᠷᠠᠯ ᠤᠨ ᠬᠦᠮᠦᠵᠢᠯ ᠳᠤ ᠭᠡᠷ ᠪᠦᠯᠢ ᠶᠢᠨ | ᠨᠦᠯᠦᠭᠡ ᠨᠡᠩ ᠢᠯᠡᠭᠦᠦ ᠦᠢᠯᠡᠳᠦᠯ ᠦᠵᠡᠭᠦᠯᠦᠨ᠎ᠡ᠃ ᠭᠡᠷ ᠤᠨ ᠠᠬᠠᠮᠠᠳ ᠪᠤᠯ ᠬᠡᠦᠬᠡᠳ ᠤᠨ ᠳᠠᠭᠤᠷᠢᠶᠠᠯ᠂ ᠳᠠᠭᠤᠷᠢᠶᠠᠯ ᠪᠤᠯᠤᠬᠰᠠᠳ ᠦᠭᠡ ᠶᠠᠷᠢᠶ᠎ᠠ ᠦᠢᠯᠡ | ᠠᠵᠢᠯᠯᠠᠭ᠎ᠠ ᠪᠠᠨ ᠠᠩᠬᠠᠷᠬᠤ ᠴᠢᠬᠤᠯᠠ ᠲᠠᠢ᠃ ᠠᠪᠤ ᠡᠵᠢ ᠨᠢ ᠪᠠᠭᠰᠢ ᠶᠢ ᠬᠦᠨᠳᠦᠳᠬᠡᠬᠦ ᠦᠭᠡᠢ ᠶᠤᠮ ᠪᠤᠯ ᠬᠡᠦᠬᠡᠳ ᠨᠢ ᠴᠤ ᠪᠠᠭᠰᠢ ᠪᠠᠨ ᠬᠦᠨᠳᠦᠯᠡᠬᠦ ᠦᠭᠡᠢ | ᠪᠤᠯᠤᠨ᠎ᠠ᠃ ᠪᠠᠭᠰᠢ ᠪᠠᠨ ᠬᠦᠨᠳᠦᠯᠡᠬᠦ ᠦᠭᠡᠢ ᠰᠤᠷᠤᠬᠴᠢ ᠬᠢᠴᠢᠶᠡᠯ ᠰᠤᠷᠤᠯᠭ᠎ᠠ ᠳᠠᠭᠠᠨ ᠰᠤᠨᠢᠷᠬᠠᠯ ᠪᠠᠭ᠎ᠠ᠂ ᠮᠡᠳᠡᠯᠭᠡ ᠶᠢᠨ ᠬᠢᠷᠢ ᠲᠦᠪᠰᠢᠨ ᠴᠦ ᠠᠨᠠᠢ ᠪᠤᠯᠵᠤ | ᠮᠡᠳᠡᠨ᠎ᠠ᠃ ᠶᠡᠭᠡ ᠮᠡᠳᠡᠯᠭᠡ ᠮᠡᠷᠭᠡᠵᠢᠯ ᠲᠠᠢ ᠪᠤᠯᠴᠢᠬᠠᠬᠤ ᠪᠠᠷ ᠪᠤᠳᠤᠬᠤ ᠳᠤ ᠪᠠᠭᠰᠢ ᠪᠠᠨ ᠬᠦᠨᠳᠦᠳᠭᠡᠳᠡᠭ ᠦᠭᠡᠢ ᠰᠤᠷᠤᠬᠴᠢ ᠦᠭᠡᠯᠠᠢ ᠪᠤᠯᠤᠭᠠᠳ ᠦᠷᠦᠭᠡᠯ | ᠪᠤᠰᠤᠳ ᠢ ᠨᠡᠩ ᠴᠦ ᠬᠦᠨᠳᠦᠳᠭᠡᠬᠦ ᠦᠭᠡᠢ ᠴᠤ ᠪᠠᠶᠢᠵᠤ ᠮᠡᠳᠡᠨ᠎ᠡ᠃ ᠡᠶᠢᠮᠦᠷᠬᠦᠦ ᠬᠦᠮᠦᠨ ᠶᠠᠮᠠᠷ ᠶᠡᠭᠡ ᠡᠷᠳᠡᠮ ᠮᠡᠳᠡᠯᠭᠡ ᠲᠠᠢ ᠪᠤᠯᠤᠬᠰᠠᠨ ᠴᠦ ᠨᠡᠶᠢᠬᠡᠮ | ᠨᠡᠶᠢᠲᠡ ᠶᠢᠨ ᠵᠢᠮᠡᠯᠡᠯ ᠳᠤ ᠤᠴᠠᠷᠠᠬᠤ ᠪᠤᠯᠤᠨ᠎ᠠ᠃ ᠶᠤᠰᠤ ᠮᠤᠷᠠᠯ ᠢᠶᠠᠷ ᠳᠤᠲᠠᠮᠠᠭ ᠬᠡᠦᠬᠡᠳ ᠪᠤᠷᠤᠭᠤ ᠵᠠᠮ ᠢᠶᠠᠷ ᠶᠠᠪᠤᠬᠤ ᠳᠤ ᠨᠡᠩ ᠴᠦ ᠠᠮᠠᠷᠬᠠᠨ ᠪᠠᠶᠢᠳᠠᠭ᠃ | ᠮᠠᠨ ᠤ ᠤᠯᠤᠰ ᠡᠷᠳᠡᠨ ᠠᠴᠠ ᠪᠠᠨ ᠶᠤᠰᠤ ᠰᠤᠷᠳᠠᠬᠤᠨ ᠢ ᠮᠠᠰᠢ ᠬᠦᠨᠳᠦᠳᠭᠡᠨ ᠦᠵᠡᠵᠤ᠂ ᠬᠦᠮᠦᠨ ᠢ ᠮᠠᠬᠳᠠᠬᠤ ᠦᠭᠡᠨ ᠳᠤ ᠬᠦᠷᠳᠡᠯ᠎ᠡ ᠮᠤᠷᠠᠯ | ᠴᠢᠳᠠᠪᠤᠷᠢ ᠬᠤᠤᠰᠯᠠᠬᠰᠠᠨ ᠭᠡᠵᠤ ᠴᠢᠳᠠᠪᠤᠷᠢ ᠶᠢᠨ ᠡᠮᠦᠨ᠎ᠡ ᠮᠤᠷᠠᠯ ᠢ ᠶᠠᠷᠢᠳᠠᠭ᠃ ᠮᠤᠩᠭᠤᠯ ᠦᠨᠳᠦᠰᠦᠳᠡᠨ ᠴᠦ ᠡᠷᠲᠡ ᠳᠡᠭᠡᠳᠦ ᠦᠶ᠎ᠡ ᠠᠴᠠ ᠪᠠᠨ ᠭᠡᠷ ᠤᠨ | ᠰᠤᠷᠭᠠᠯ ᠢ ᠬᠦᠨᠳᠦᠳᠭᠡᠵᠦ᠂ ᠰᠤᠷᠭᠠᠯ ᠰᠠᠶᠢᠲᠠᠢ ᠠᠶᠢᠯ ᠤᠨ ᠬᠡᠦᠬᠡᠳ ᠢᠶᠠᠷ ᠦᠯᠢᠭᠡᠷ ᠳᠠᠭᠤᠷᠢᠶᠠᠯ ᠪᠤᠯᠭᠠᠬᠰᠠᠭᠠᠷ ᠢᠷᠡᠵᠠᠢ᠃ ᠠᠵᠢᠯ ᠠᠮᠢᠳᠤᠷᠠᠯ ᠤᠨ ᠳᠤᠮᠳᠠ ᠬᠦᠮᠦᠰ | ᠤᠪᠤᠷ ᠤᠨ ᠬᠦᠴᠦᠨ ᠴᠢᠳᠠᠯ ᠢ ᠮᠠᠰᠢ ᠴᠢᠬᠤᠯᠠᠴᠢᠯᠠᠳᠠᠭ᠃ ᠶᠤᠰᠤ ᠮᠤᠷᠠᠯ ᠪᠤᠯ ᠳᠠᠷᠤᠢ ᠪᠢᠳᠡᠨ ᠤ ᠪᠤᠰᠤᠳ ᠲᠤ ᠬᠠᠨᠳᠤᠬᠤ ᠵᠦᠪ ᠤᠪᠤᠷ᠂ ᠢᠳᠡᠪᠬᠢ ᠤᠪᠤᠷ ᠭᠡᠵᠤ | ᠤᠢᠢᠯᠠᠭᠠᠵᠤ ᠪᠤᠯᠤᠨ᠎ᠠ᠃ | ᠬᠡᠦᠬᠡᠳ ᠤᠨ ᠶᠤᠰᠤ ᠮᠤᠷᠠᠯ ᠨᠢᠭᠡ ᠭᠡᠷ ᠪᠦᠯᠢ ᠶᠢᠨ ᠰᠤᠷᠭᠠᠯ ᠰᠤᠷᠳᠠᠯ ᠢ ᠢᠯᠡᠷᠡᠬᠦᠯᠵᠦ ᠪᠠᠶᠢᠬᠤ ᠪᠠᠷ ᠪᠠᠷᠠᠬᠤ ᠦᠭᠡᠢ᠂ ᠡᠨᠡ ᠬᠦ ᠭᠡᠷ ᠪᠦᠯᠢ ᠶᠢᠨ ᠬᠤᠵᠢᠮ | ᠢᠷᠡᠭᠡᠳᠦᠢ ᠲᠠᠢ ᠴᠤ ᠬᠤᠯᠪᠤᠭᠳᠠᠵᠤ ᠪᠠᠶᠢᠳᠠᠭ᠃ ᠰᠤᠷᠭᠠᠯ ᠰᠠᠶᠢᠳᠠᠢ ᠠᠶᠢᠯ ᠠᠴᠠ ᠮᠤᠷᠠᠯ ᠲᠠᠢ ᠬᠡᠦᠬᠡᠳ ᠬᠦᠮᠦᠵᠢᠭᠳᠡᠨ᠎ᠡ᠂ ᠭᠡᠷ ᠤᠨ ᠠᠬᠠᠮᠠᠳ ᠵᠢᠴᠢ ᠪᠠᠭᠰᠢ ᠨᠠᠷ | ᠬᠡᠦᠬᠡᠳ ᠤᠨ ᠶᠤᠰᠤ ᠮᠤᠷᠠᠯ ᠤᠨ ᠬᠦᠮᠦᠵᠢᠯ ᠢ ᠶᠠᠭᠠᠬᠢᠬᠰᠠᠨ ᠴᠤ ᠤᠮᠳᠤᠭᠠᠢᠢᠯᠠᠵᠤ ᠪᠤᠯᠬᠤ ᠦᠬᠡᠢ᠃ | | |