ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠡᠬᠢᠯᠡᠪᠡ
ᠨᠡᠶᠢᠲᠡᠯᠡᠭᠰᠡᠨ ᠴᠠᠭ᠄
2021/3/4
       3 ᠰᠠᠷ᠎ᠠ ᠶᠢᠨ 3 ᠤ ᠡᠳᠦᠷ ᠤᠨ ᠦᠳᠡ ᠶᠢᠨ ᠡᠮᠦᠨ᠎ᠡ᠂ ᠣᠯᠠᠨ ᠤ ᠠᠩᠬᠠᠷᠤᠯ ᠢ ᠲᠠᠲᠠᠭᠰᠠᠨ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯ ᠡᠬᠢᠯᠡᠪᠡ᠃        ᠦᠳᠡ ᠶᠢᠨ ᠡᠮᠦᠨᠡᠬᠢ 9 ᠴᠠᠭ ᠲᠤ᠂ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ  ᠶᠢᠨ ᠮᠡᠳᠡᠭᠦᠯᠦᠯᠲᠡ ᠶᠢᠨ ᠲᠢᠩᠬᠢᠮ ᠳᠤ᠂ ᠶᠡᠭᠡ ᠬᠤᠷᠠᠯ ᠤᠨ ᠭᠦᠶᠴᠡᠳᠬᠡᠬᠦ ᠲᠡᠷᠢᠭᠦᠯᠡᠭᠴᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠳᠡᠮᠡᠴᠡᠯ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠲᠠᠪᠤᠳᠤᠭᠠᠷ ᠤᠳᠠᠭᠠᠨ ᠤ ᠬᠤᠷᠠᠯ ᠡᠬᠢᠯᠡᠭᠰᠡᠨ ᠢ ᠨᠡᠶᠢᠳᠡᠯᠡᠪᠡ᠃        ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠭᠦᠢᠴᠡᠳᠬᠡᠭᠴᠢ ᠲᠡᠷᠢᠭᠦᠯᠡᠭᠴᠢ ᠳᠡᠮᠡᠴᠡᠯ ᠬᠤᠷᠠᠯ ᠡᠷᠬᠢᠯᠡᠪᠡ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠪᠦᠬᠡᠪᠠᠶᠠᠷ᠂ ᠳᠡᠮᠡᠴᠡᠯ᠂ ᠶᠢᠨ ᠨᠠᠰᠤᠨ᠂ ᠸᠠᠩ ᠶᠢᠨ ᠾᠧ᠂ ᠠᠯᠳᠠᠨᠪᠠᠭᠠᠨ᠎ᠠ᠂ ᠸᠠᠩ ᠶᠢᠩ ᠬᠤ᠋᠂ ᠳ᠋ᠠᠢ ᠶᠢᠨ ᠴᠢᠤᠸᠠᠨ᠂ ᠤᠨᠳᠤᠷᠮ᠎ᠠ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠴᠧᠨ ᠯᠦᠩ᠂ ᠮᠠ ᠲᠠᠶᠢᠪᠤᠩ᠂ ᠨᠠᠷᠠᠰᠤ᠂ ᠳ᠋ᠦᠩ ᡁᠢ ᠸᠧᠨ᠂ ᠶᠢᠨ ᠼᠠᠩ᠂ ᠯᠦ ᠴᠤᠸᠠᠨ ᠱᠧᠨ᠂ ᠡᠷᠳᠡᠨᠢᠪᠦ᠋ᠬᠡ ᠵᠡᠷᠭᠡ ᠤᠳᠤᠷᠢᠳᠤᠯᠭ᠎ᠠ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠦᠷᠢᠯᠳᠦᠬᠦᠨ᠂ ᠰᠢᠭᠦᠬᠦ ᠪᠠᠶᠢᠴᠠᠭᠠᠬᠤ ᠬᠤᠶᠠᠷ ᠬᠤᠷᠢᠶᠠᠨ ᠤ ᠬᠠᠷᠢᠭᠤᠴᠠᠯᠭᠠᠲᠠᠨ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠬᠡᠰᠡᠭ ᠠᠬᠠᠮᠠᠳ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠪᠠ᠃        ᠲᠤᠰ ᠤᠳᠠᠭ᠎ᠠ ᠶᠢᠨ ᠶᠡᠭᠡ ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 127 ᠬᠦᠮᠦᠨ᠂ ᠪᠤᠳᠠᠳᠠᠢ ᠤᠷᠤᠯᠴᠠᠭᠰᠠᠨ ᠨᠢ 116 ᠲᠥᠯᠥᠭᠡᠯᠡᠭᠴᠢ ᠪᠠᠶᠢᠵᠦ᠂ ᠣᠷᠣᠯᠴᠠᠭᠰᠠᠨ ᠬᠥᠮᠦᠨ ᠤ ᠲᠤᠭ᠎ᠠ ᠬᠠᠤᠯᠢ ᠳᠤ ᠨᠡᠶᠢᠴᠡᠨ᠎ᠡ᠃
       ᠬᠠᠯᠠᠭᠤᠨ ᠠᠯᠠᠭ᠎ᠠ ᠲᠠᠰᠢᠯᠲᠠ ᠶᠢᠨ ᠳᠤᠮᠳᠠ ᠬᠤᠰᠢᠭᠤᠨ ᠳᠠᠷᠤᠭ᠎ᠠ ᠪᠦᠬᠡᠪᠠᠶᠠᠷ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠡ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯ ᠤᠨ ᠡᠷᠭᠢᠴᠡᠭᠦᠯᠦᠯ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠡᠭᠦᠷᠭᠡ᠂ 2021 ᠣᠨ ᠤ ᠠᠵᠢᠯ ᠤᠨ ᠲᠣᠬᠢᠷᠠᠭᠤᠯᠤᠯᠲᠠ ᠵᠡᠷᠭᠡ ᠭᠤᠷᠪᠠᠨ ᠬᠡᠰᠡᠭ ᠢᠶᠠᠷ ᠪᠦᠷᠢᠯᠳᠦᠵᠡᠢ᠃        2020 ᠤᠨ ᠤ ᠠᠵᠢᠯ ᠤᠨ ᠡᠷᠬᠢᠴᠡᠬᠦᠯᠦᠯ ᠪᠠ ︽ᠠᠷᠪᠠᠨ ᠭᠤᠷᠪᠠᠳᠤᠭᠠᠷ ᠳᠠᠪᠤᠨ ᠵᠢᠯ︾ ᠤᠨ ᠠᠵᠢᠯ ᠤᠨ ᠡᠷᠬᠢᠴᠡᠬᠦᠯᠦᠯ ᠠᠴᠠ ᠦᠵᠡᠪᠡᠯ᠂ 2020 ᠤᠨ ᠳᠤ᠂ ᠮᠠᠨ ᠤ ᠬᠤᠰᠢᠭᠤ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 59 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.3 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9.2 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 6.7 ᠳ᠋ᠦᠩᠰᠢᠭᠤᠷ ᠲᠥᠭᠦᠷᠢᠭ ᠪᠡᠶᠡᠯᠡᠬᠦᠯᠪᠡ︔ ᠬᠤᠲᠠ ᠪᠠᠯᠭᠠᠰᠤ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠤᠯᠬᠤ ᠣᠷᠣᠯᠭ᠎ᠠ ᠶᠢ ᠳᠤᠰ ᠳᠤᠰ 33090 ᠲᠥᠭᠦᠷᠢᠭ᠂ 25583 ᠲᠥᠭᠦᠷᠢᠭ ᠪᠡᠶᠡᠯᠡᠬᠦᠯᠪᠡ︔ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠢᠵᠠᠭᠠᠷᠯᠠᠬᠤ ᠴᠢᠨᠠᠷᠲᠠᠢ ᠬᠦᠢᠴᠡᠳᠭᠡᠬᠦ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃
               2020 ᠤᠨ ᠳᠤ᠂ ᠴᠢᠬᠤᠯᠠ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠯᠭ᠎ᠠ ᠵᠠᠯᠭ᠎ᠠ ᠪᠠᠷ ᠢᠯᠠᠯᠲᠠ ᠤᠯᠪᠠ︔ ᠡᠭᠦᠨ ᠳᠤ᠂ ᠪᠥᠬᠦ ᠬᠤᠰᠢᠭᠤᠨ ᠤ 391 ᠡᠷᠦᠬᠡ 1040 ᠨᠡᠷᠡᠰ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠪᠠ᠃ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ︔ ᠡᠭᠦᠨ ᠳᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠵᠡᠷᠭᠡ ᠠᠷᠠᠳ ᠲᠤ ᠬᠠᠷᠠᠭᠠᠯᠵᠠᠯ ᠦᠵᠡᠭᠦᠯᠦᠨ ᠮᠠᠯᠵᠢᠯ ᠢ ᠳᠡᠮᠵᠢᠬᠦ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠨᠤᠲᠤᠭ ᠪᠡᠯᠴᠢᠭᠡᠷ ᠤᠨ ᠤᠷᠭᠤᠮᠠᠯ  ᠤᠨ ᠪᠦᠷᠬᠦᠴᠡ 60.5% ᠳᠤ ᠬᠦᠷᠴᠦ᠂ ᠠᠮᠢ ᠠᠬᠤᠢ ᠶᠢᠨ ᠴᠢᠳᠠᠪᠬᠢ ᠢᠯᠡᠳᠲᠡ ᠰᠠᠶᠢᠵᠢᠷᠠᠪᠠ᠃ 5000 ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 5 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠪᠠ᠃ ᠬᠥᠭᠵᠢᠯᠲᠡ ᠶᠢᠨ ᠬᠦᠳᠡᠯᠭᠡᠬᠦ ᠬᠦᠴᠦᠨ ᠤ ᠡᠨᠧᠷᠭᠢ ᠲᠠᠰᠤᠷᠠᠯᠲᠠ ᠦᠭᠡᠢ ᠬᠤᠷᠠᠮᠳᠤᠪᠠ︔ ᠡᠭᠦᠨ ᠳᠤ᠂ ︽ᠮᠠᠩᠯᠠᠢ ᠵᠠᠭᠪᠤᠷ︾᠂ ︽ᠳᠣᠯᠣᠭᠠᠨ ᠲᠣᠰᠬᠤᠨ ᠤ ᠵᠠᠭᠪᠤᠷ︾ ᠢ ᠪᠤᠢ ᠪᠤᠯᠭᠠᠵᠦ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠰᠠᠶᠢᠨ ᠡᠬᠢᠯᠡᠯᠳᠡ ᠲᠠᠢ ᠪᠤᠯᠵᠦ᠂ ᠲᠤᠷᠰᠢᠯᠲᠠ ᠶᠢᠨ ᠭᠠᠴᠠᠭ᠎ᠠ ᠪᠤᠯᠬᠤ ᠮᠠᠩᠯᠠᠢ ᠮᠠᠯᠵᠢᠯ ᠤᠨ ᠲᠤᠰᠬᠠᠢ ᠬᠤᠷᠰᠢᠶᠠᠵᠢᠯ ᠤᠨ ᠴᠡᠪᠡᠷ ᠣᠷᠣᠯᠭ᠎ᠠ 376 ᠲᠦᠮᠡᠨ ᠲᠥᠭᠦᠷᠢᠭ ᠲᠤ ᠬᠦᠷᠴᠦ᠂ ᠭᠡᠰᠢᠭᠦᠳ ᠤᠨ ᠠᠰᠢᠭ ᠣᠷᠣᠯᠭ᠎ᠠ ᠬᠠᠮᠤᠭ ᠥᠨᠳᠥᠷ ᠲᠡᠭᠡᠨ 49 ᠲᠦᠮᠡᠨ ᠲᠥᠭᠦᠷᠢᠭ ᠲᠤ ᠬᠦᠷᠴᠦ᠂ ᠬᠤᠷᠰᠢᠶᠠᠵᠢᠯ ᠤᠨ ᠬᠥᠭᠵᠢᠯᠲᠡ ᠬᠡᠪᠴᠢᠶᠡᠵᠢᠨ ᠪᠠᠷᠢᠮᠵᠢᠶᠠᠵᠢᠬᠤ ᠪᠠ ᠡᠷᠴᠢᠮᠵᠢᠬᠦ ᠵᠠᠮ ᠳᠤ ᠤᠷᠤᠪᠠ᠃ ᠠᠷᠠᠳ ᠤᠨ ᠠᠮᠢᠳᠤᠷᠠᠯ ᠤᠨ ᠦᠢᠯᠡᠰ ᠲᠣᠭᠲᠠᠭᠤᠨ ᠢᠶᠠᠷ ᠬᠥᠭᠵᠢᠪᠡ᠃ ᠣᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠤ ᠠᠰᠢᠭ ᠲᠤᠰᠠ ᠶᠢᠨ ᠠᠰᠠᠭᠤᠳᠠᠯ ᠢ ᠴᠠᠭ ᠢᠮᠠᠭᠲᠠ ᠠᠩᠬᠠᠷᠴᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠦᠳᠡᠯᠮᠦᠷᠢᠯᠡᠬᠦ ᠠᠴᠠ ᠬᠥᠯᠥᠰᠥ ᠣᠯᠭᠤᠮᠵᠢ ᠲᠠᠢ᠂ ᠡᠪᠡᠳᠴᠢᠯᠡᠬᠦ ᠠᠴᠠ ᠦᠵᠡᠭᠦᠯᠬᠦ ᠭᠠᠵᠠᠷ ᠲᠠᠢ᠂ ᠦᠳᠡᠯᠬᠦ ᠠᠴᠠ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 11.4 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ  ᠶᠢᠨ 75.1% ᠶᠢ ᠡᠵᠡᠯᠡᠪᠡ᠃ ᠨᠡᠶᠢᠭᠡᠮ ᠤᠨ ᠵᠠᠰᠠᠯᠲᠠ ᠶᠢᠨ ᠰᠢᠨ᠎ᠡ ᠪᠦᠭᠡᠳ ᠰᠢᠯᠢᠳᠡᠭ ᠢ ᠡᠭᠦᠳᠪᠡ᠃ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠶᠡᠭᠡ  ᠪᠠᠷ ᠳᠡᠭᠡᠭᠰᠢᠯᠡᠪᠡ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ ᠪᠠᠷ 3.8%  ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 22.9 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 94 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠲᠠ ᠪᠠᠯᠭᠠᠰᠤ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠤᠯᠬᠤ ᠣᠷᠣᠯᠭ᠎ᠠ ᠳᠤᠰ ᠳᠤᠰ 6%᠂ 8.6% ᠪᠠᠷ ᠨᠡᠮᠡᠭᠳᠡᠪᠡ︔ ᠪᠠᠩᠬᠢ ᠶᠢᠨ ᠦᠢᠯᠡᠰ ᠤᠨ ᠡᠯ᠎ᠡ ᠵᠦᠢᠯ ᠤᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰᠪᠣᠷᠢ 20 ᠳ᠋ᠦᠩᠰᠢᠭᠤᠷ ᠲᠥᠭᠦᠷᠢᠭ ᠪᠠ 11 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠠᠵᠤ ᠦᠢᠯᠡᠰ ᠤᠨ ᠪᠦᠲᠦᠴᠡ 5.6᠄ 78.1᠄ 16.3 ᠪᠠᠶᠢᠭᠰᠠᠨ ᠠᠴᠠ ᠪᠠᠨ 27.3᠄ 55.2᠄ 17.5 ᠪᠣᠯᠤᠨ ᠰᠢᠯᠢᠳᠡᠭᠵᠢᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠬᠥᠭᠵᠢᠯᠲᠡ ᠶᠢᠨ ᠬᠦᠳᠡᠯᠭᠡᠬᠦ ᠬᠦᠴᠦᠨ ᠲᠣᠭᠲᠠᠭᠤᠨ ᠢᠶᠠᠷ ᠴᠢᠩᠭᠠᠷᠠᠪᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ᠂ ᠮᠠᠯ ᠤᠨ ᠡᠭᠦᠯᠳᠡᠷ ᠰᠠᠶᠢᠵᠢᠷᠠᠭᠤᠯᠬᠤ ᠨᠥᠬᠦᠪᠥᠷᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠠᠷᠠᠳ ᠲᠤ ᠬᠠᠷᠠᠭᠠᠯᠵᠠᠯ ᠦᠵᠡᠭᠦᠯᠦᠨ ᠮᠠᠯᠵᠢᠯ ᠢ ᠳᠡᠮᠵᠢᠬᠦ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ 40 ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠪᠠ ᠬᠤᠴᠠ ᠲᠡᠵᠢᠭᠡᠨ ᠦᠷᠡᠵᠢᠭᠦᠯᠬᠦ 13 ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠂ ᠡᠯ᠎ᠡ ᠲᠥᠷᠥᠯ ᠤᠨ ᠬᠤᠷᠰᠢᠶᠠᠵᠢᠯ ᠢ 177 ᠬᠥᠭᠵᠢᠭᠦᠯᠵᠦ᠂ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 113 ᠪᠠᠶᠢᠭᠤᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠡᠶᠢᠲᠡ 9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠡᠳᠡᠨ ᠣᠷᠣᠭᠤᠯᠪᠠ᠃ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ  ᠤᠨ ᠵᠢᠭᠤᠯᠴᠢᠯᠠᠯ ᠢ ᠶᠡᠬᠡᠪᠡᠷ ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 253 ᠲᠦᠮᠡᠨ ᠬᠥᠮᠦᠨ ᠤᠳᠠᠭ᠎ᠠ ᠬᠦᠯᠢᠶᠡᠨ ᠵᠤᠴᠢᠯᠠᠵᠦ᠂ 20 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠶᠢᠨ ᠦᠷ᠎ᠡ ᠠᠰᠢᠭ ᠠᠯᠬᠤᠮ ᠠᠯᠬᠤᠮ ᠢᠶᠠᠷ ᠢᠯᠡᠷᠬᠡᠢ ᠪᠤᠯᠪᠠ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠭᠡᠢ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 2.69 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 231 ᠡᠷᠦᠬᠡ ᠠᠮᠢ ᠠᠬᠤᠶ ᠶᠢᠨ ᠠᠷᠠᠳ ᠢ ᠨᠡᠭᠦᠯᠭᠡᠬᠦ᠂ 19 ᠲᠦᠮᠡᠨ ᠮᠥ ᠨᠠᠭᠤᠷ ᠲᠣᠭᠤᠷᠢᠭᠰᠠᠨ ᠡᠯᠡᠰᠦᠷᠬᠡᠭ ᠭᠠᠵᠠᠷ ᠢ ᠵᠠᠰᠠᠬᠤ ᠪᠠ 232 ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ 1 ᠪᠤᠵᠠᠷ ᠤᠰᠤ ᠰᠢᠶᠳᠪᠦᠷᠢᠯᠡᠬᠦ ᠦᠶᠯᠡᠳᠪᠦᠷᠢ᠂ 8 ᠬᠤᠭ ᠨᠣᠪᠰᠢ ᠶᠢ ᠠᠭᠤᠷᠰᠢᠭᠤᠯᠤᠨ ᠰᠢᠶᠳᠪᠦᠷᠢᠯᠡᠬᠦ ᠦᠶᠯᠡᠳᠪᠦᠷᠢ ᠶᠢ ᠪᠠᠶᠢᠭᠤᠯᠬᠤ ᠪᠠ 19 ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠨᠤᠷᠠᠭᠠᠬᠤ ᠡᠭᠦᠷᠭᠡ ᠶᠢ ᠪᠡᠶᠡᠯᠡᠭᠦᠯᠪᠡ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠦᠨ ᠬᠤᠪᠢᠷᠠᠵᠤ ᠪᠤᠢ᠃ ᠬᠤᠲᠠ ᠪᠠᠯᠭᠠᠰᠦ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢᠯᠠᠬᠤ᠂ ᠪᠦᠲᠦᠭᠡᠨ ᠪᠠᠶᠢᠭᠤᠯᠤᠯᠳᠠ ᠶᠢ ᠤᠳᠤᠬᠢᠴᠢᠯᠠᠬᠤ᠂ ᠬᠠᠮᠢᠶᠠᠷᠤᠯᠲᠠ ᠶᠢ ᠨᠠᠷᠢᠯᠢᠠᠠᠵᠢᠭᠤᠯᠬᠤ  ᠶᠢ ᠢᠳᠡᠪᠬᠢᠲᠡᠢ ᠲᠦᠯᠬᠢᠨ ᠠᠬᠢᠭᠤᠯᠵᠤ᠂ 6.8 ᠳ᠋ᠦᠩᠰᠢᠭᠤᠷ ᠲᠥᠭᠦᠷᠢᠭ ᠣᠷᠣᠭᠤᠯᠵᠤ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 1801 ᠭᠡᠷ ᠪᠠᠶᠢᠰᠢᠩ ᠢ ᠵᠠᠰᠠᠨ ᠰᠢᠨᠡᠳᠭᠡᠵᠦ᠂ 345 ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠭᠡᠵᠦ᠂ 294 ᠪᠣᠬᠢᠷᠲᠤᠯ ᠦᠭᠡᠢ ᠳᠤᠯᠠᠭᠠᠯᠠᠭ᠎ᠠ ᠶᠢᠨ ᠭᠡᠷ ᠪᠠᠷᠢᠵᠦ᠂ ᠣᠷᠣᠨ ᠰᠠᠭᠤᠴᠠ ᠶᠢᠨ ᠢᠨᠵᠧᠨᠧᠷᠢᠩ ᠢᠶᠠᠷ 287 ᠨᠡᠭᠦᠳᠡᠯ ᠮᠠᠯᠴᠢᠨ ᠢ ᠲᠥᠪᠬᠢᠨᠡᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠦᠬᠦ ᠲᠠᠯ᠎ᠠ ᠪᠠᠷ ᠰᠠᠶᠢᠵᠢᠷᠠᠪᠠ᠃ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠡᠳ᠋ ᠤᠨ ᠵᠠᠰᠠᠭ ᠤᠨ ᠣᠷᠣᠭᠤᠯᠤᠯᠲᠠ ᠦᠷᠬᠦᠯᠵᠢᠯᠡᠨ ᠨᠡᠮᠡᠭᠳᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ 51.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ 72% ᠢᠶᠠᠷ ᠨᠡᠮᠡᠭᠳᠡᠪᠡ᠃
       ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠠ 2035 ᠣᠨ ᠤ ᠠᠯᠤᠰ ᠤᠨ ᠬᠠᠷᠠᠯᠲᠠ ᠶᠢ ᠠᠵᠤ ᠠᠬᠤᠢ ᠶᠢᠨ ᠪᠣᠳᠠᠲᠤ ᠬᠦᠴᠦᠨ ᠤ ᠰᠢᠨ᠎ᠡ ᠦᠰᠦᠷᠦᠯᠲᠡ ᠶᠢ ᠪᠡᠶᠡᠯᠡᠬᠦᠯᠬᠦ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠰᠢᠨ᠎ᠡ ᠳᠠᠪᠰᠢᠯᠲᠠ ᠲᠠᠢ ᠪᠤᠯᠭᠠᠬᠤ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠰᠢᠨ᠎ᠡ ᠳᠡᠭᠡᠭᠰᠢᠯᠡᠯᠲᠡ ᠲᠠᠢ ᠪᠤᠯᠭᠠᠬᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠰᠢᠨ᠎ᠡ ᠲᠦᠪᠰᠢᠨ ᠳᠤ ᠬᠦᠷᠭᠡᠬᠦ᠂ ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠯᠬᠤᠮ ᠢ ᠠᠯᠬᠤᠬᠤ ᠵᠢᠴᠢ ᠨᠡᠶᠢᠭᠡᠮ ᠤᠨ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠶᠢ ᠤᠯᠬᠤ ᠵᠡᠷᠭᠡ ᠵᠢᠷᠭᠤᠭᠠᠨ ᠳᠠᠯ᠎ᠠ ᠠᠴᠠ ᠲᠤᠷᠠᠳᠴᠠᠢ᠃        2021 ᠣᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠣᠷᠮ᠎ᠠ ᠶᠢ 4.5% ᠳᠣᠲᠣᠷ᠎ᠠ ᠬᠢᠵᠠᠭᠠᠷᠯᠠᠨ᠎ᠠ︔ ᠨᠢᠭᠡᠴᠡ ᠶᠢᠨ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠡᠨᠧᠷᠭᠢ ᠶᠢᠨ ᠬᠤᠷᠣᠭᠳᠠᠯ ᠢ 2.75% ᠪᠠᠷ ᠪᠠᠭᠤᠷᠠᠭᠤᠯᠤᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠬᠤᠲᠠ ᠪᠠᠯᠭᠠᠰᠤ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ  ᠢᠶᠠᠷ ᠨᠡᠮᠡᠭᠳᠡᠭᠦᠯᠦᠨ᠎ᠡ︔ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠭᠡᠳᠦ ᠱᠠᠲᠤᠨ ᠠᠴᠠ ᠪᠠᠭᠤᠯᠭᠠᠭᠰᠠᠨ ᠭᠦᠶᠴᠡᠳᠬᠡᠬᠦ ᠲᠤᠭ᠎ᠠ ᠶᠢᠨ ᠡᠭᠦᠷᠭᠡ ᠶᠣᠰᠣᠭᠠᠷ ᠪᠡᠶᠡᠯᠡᠭᠦᠯᠦᠨ᠎ᠡ᠃        ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠵᠢᠷᠭᠤᠭᠠᠨ ᠳᠠᠯ᠎ᠠ ᠶᠢᠨ ᠠᠵᠢᠯ ᠢ ᠰᠠᠶᠢᠳᠦᠷ ᠠᠳᠬᠤᠬᠤ ᠭᠡᠷᠡᠭᠳᠡᠢ᠂ ᠳᠠᠷᠤᠢ ᠠᠮᠢ ᠠᠬᠤᠶ ᠶᠢᠨ ᠪᠣᠯᠪᠠᠰᠤᠨ ᠤ ᠲᠣᠭᠲᠠᠯ ᠬᠦᠴᠦᠨ ᠢ ᠪᠠᠲᠤᠯᠠᠵᠤ᠂ ᠴᠢᠨᠠᠷ ᠰᠠᠶᠢᠲᠠᠶ ᠬᠥᠭᠵᠢᠯᠲᠡ  ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠬᠦᠯᠦᠨ᠎ᠡ︔ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ᠂ ᠴᠢᠨᠠᠷ ᠰᠠᠶᠢᠲᠠᠢ ᠬᠥᠭᠵᠢᠯᠲᠡ ᠶᠢᠨ ᠳᠤᠲᠠᠭᠤᠳᠠᠯ ᠢ ᠨᠦᠬᠦᠪᠦᠷᠢᠯᠡᠬᠦ ᠶᠢ ᠲᠦᠷᠭᠡᠳᠬᠡᠨ᠎ᠡ︔ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ︔ ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠦᠨ᠎ᠡ︔ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠬᠠᠮᠲᠤ ᠪᠠᠷ ᠡᠳ᠋ᠯᠡᠭᠦᠯᠦᠨ᠎ᠡ︔ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠴᠢᠨᠠᠷ ᠰᠠᠶᠢᠲᠠᠶ ᠬᠥᠭᠵᠢᠯᠲᠡ ᠶᠢᠨ ᠤᠭ ᠥᠩᠭᠡ ᠶᠢ ᠡᠷᠡᠰ ᠲᠣᠳᠣ ᠪᠣᠯᠭᠠᠨ᠎ᠠ᠃        ᠬᠠᠤᠯᠢ ᠳᠤ ᠲᠣᠭᠲᠠᠭᠠᠭᠰᠠᠨ‌‍ᠶᠡᠭᠡ ᠬᠤᠷᠠᠯ ᠳᠤ ᠰᠤᠯᠠ ᠣᠷᠣᠯᠴᠠᠭᠰᠠᠳ ᠪᠠ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠳᠤ ᠣᠷᠣᠯᠴᠠᠭᠰᠠᠨ ᠤᠯᠤᠰ ᠲᠥᠷᠥ ᠶᠢᠨ ᠵᠥᠪᠯᠡᠯᠭᠡᠨ ᠤ ᠪᠥᠬᠦ ᠭᠡᠰᠢᠭᠦᠳ ᠬᠤᠷᠠᠯ ᠳᠤ ᠰᠤᠯᠠ ᠣᠷᠣᠯᠴᠠᠪᠠ᠃           ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号