ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠠᠮᠵᠢᠯᠲᠠ ᠲᠠᠢ ᠲᠡᠭᠦᠰᠪᠡ
ᠨᠡᠶᠢᠲᠡᠯᠡᠭᠰᠡᠨ ᠴᠠᠭ᠄
2021/3/4
       3 ᠰᠠᠷ᠎ᠠ ᠶᠢᠨ 3 ᠤ ᠡᠳᠦᠷ ᠤᠨ ᠦᠳᠡ ᠶᠢᠨ ᠬᠤᠶᠢᠨ᠎ᠠ᠂ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠡᠯ᠎ᠡ ᠵᠥᠪᠯᠡᠬᠦ ᠵᠦᠶᠯ ᠢᠶᠠᠨ ᠲᠡᠭᠦᠰ ᠠᠮᠵᠢᠯᠲᠠ ᠲᠠᠢ ᠵᠦᠪᠯᠡᠵᠦ ᠳᠠᠭᠤᠰᠬᠠᠵᠤ᠂ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠭᠦᠯᠦᠯᠲᠡ ᠶᠢᠨ ᠲᠢᠩᠬᠢᠮ ᠳᠤ ᠠᠮᠵᠢᠯᠲᠠ ᠲᠠᠢ ᠲᠡᠭᠦᠰᠪᠡ᠃
       ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠢᠨ ᠨᠠᠰᠤᠨ᠂ ᠳᠡᠳ᠋ ᠲᠡᠷᠢᠭᠦᠯᠡᠭᠴᠢ ᠴᠧᠨ ᠱᠸᠤ ᡁᠢ᠂ ᠠᠯᠮᠠᠰ᠂ ᠪᠤᠤ ᠱᠦᠶ ᠬᠤᠸᠠ᠂ ᠰᠦ᠋ ᠹᠧᠩ ᠨᠢᠩ ᠲᠡᠷᠢᠭᠦᠯᠡᠭᠴᠢᠳ ᠤᠨ ᠲᠠᠶᠢᠰᠠᠨ ᠤ ᠡᠮᠦᠨ᠎ᠡ ᠮᠥᠷ  ᠲᠤ ᠰᠠᠭᠠᠲᠠᠪᠠ᠃        ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠳᠡᠮᠡᠴᠡᠯ ᠵᠡᠷᠭᠡ ᠨᠠᠮ ᠵᠠᠰᠠᠭ ᠴᠡᠷᠢᠭ ᠤᠨ ᠤᠳᠤᠷᠢᠳᠤᠯᠭ᠎ᠠ᠂ ᠰᠢᠬᠦᠬᠦ ᠪᠠᠶᠢᠴᠠᠭᠠᠬᠤ ᠬᠤᠶᠠᠷ ᠬᠤᠷᠢᠶᠠᠨ ᠤ ᠳᠠᠷᠤᠭ᠎ᠠ ᠬᠤᠷᠠᠯ ᠳᠤ ᠣᠷᠣᠯᠴᠠᠵᠤ ᠪᠠᠶᠠᠷ ᠬᠦᠷᠭᠡᠭᠰᠡᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠪᠠ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠬᠤᠭᠤᠴᠠᠭ᠎ᠠ ᠪᠦᠷᠢ ᠶᠢᠨ ᠠᠬᠠᠮᠠᠳ ᠤᠳᠤᠷᠢᠳᠤᠯᠭ᠎ᠠ᠂ ᠮᠠᠨ ᠤ ᠬᠤᠰᠢᠭᠤᠨ ᠳᠤ ᠰᠠᠭᠤᠭ᠎ᠠ ᠬᠥᠯᠥᠨ ᠪᠣᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠤᠷᠢᠯᠭ᠎ᠠ ᠪᠠᠷ ᠬᠤᠷᠠᠯ ᠳᠤ ᠰᠤᠯᠠ ᠣᠷᠣᠯᠴᠠᠵᠠᠶ᠃ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠴᠧᠨ ᠱᠧᠤ ᡁᠢ ᠲᠡᠭᠦᠰᠬᠦ ᠬᠤᠷᠠᠯ ᠢ ᠡᠷᠭᠢᠯᠡᠪᠡ᠃
       ᠬᠤᠷᠠᠯ ᠠᠴᠠ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠰᠠᠨᠠᠯ ᠳᠤᠷᠠᠳᠤᠯᠭ᠎ᠠ ᠶᠢᠨ ᠵᠥᠪᠯᠡᠯ ᠤᠨ ᠠᠷᠪᠠᠨ ᠳᠥᠷᠪᠡᠳᠦᠭᠡᠷ ᠬᠤᠭᠤᠴᠠᠭᠠᠨ ᠤ ᠲᠠᠪᠤᠳᠤᠭᠠᠷ ᠤᠳᠠᠭᠠᠨ ᠤ ᠬᠤᠷᠠᠯ ᠤᠨ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ᠂ ᠤᠯᠤᠰ ᠲᠦᠷᠦ ᠶᠢᠨ ᠵᠥᠪᠯᠡᠯᠭᠡᠨ ᠤ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠤᠳᠠᠭᠠᠨ ᠤ ᠬᠤᠷᠠᠯ ᠤᠨ ᠤᠯᠤᠰ ᠲᠦᠷᠦ ᠶᠢᠨ ᠰᠢᠢᠳᠪᠦᠷᠢ ᠶᠢ ᠬᠢᠨᠠᠨ ᠵᠥᠪᠯᠡᠵᠦ ᠪᠠᠲᠤᠯᠠᠪᠠ᠃
        ᠶᠢᠨ ᠨᠠᠰᠤᠨ᠂ ᠬᠤᠷᠠᠯ ᠤᠨ ᠬᠤᠭᠤᠴᠠᠭᠠᠨ ᠳᠤ᠂ ᠭᠡᠰᠢᠭᠦᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠪᠠᠲᠤ ᠴᠢᠩᠭ᠎ᠠ ᠡᠭᠦᠷᠭᠡᠲᠦ ᠰᠡᠳᠬᠢᠯᠭᠡ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠳᠤᠤᠱᠯᠠᠭᠤᠯᠤᠨ ᠨᠠᠶᠢᠳᠠᠪᠤᠷᠢᠵᠢᠭᠤᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠬᠤ ᠦᠷ᠎ᠡ ᠪᠦᠲᠦᠭᠡᠯ ᠢ ᠪᠠᠬᠢᠵᠢᠬᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠯᠬᠢᠨ ᠠᠬᠢᠭᠤᠯᠬᠤ᠂ ᠰᠢᠨ᠎ᠡ ᠴᠠᠭ ᠦᠶ᠎ᠡ ᠳᠤ ᠠᠷᠠᠳ ᠤᠨ ᠤᠯᠤᠰ ᠲᠦᠷᠦ  ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠠᠵᠢᠯ ᠳᠤ ᠠᠩᠬᠠᠷᠤᠯ ᠢᠶᠠᠨ ᠲᠦᠪᠯᠡᠷᠡᠬᠦᠯᠦᠨ᠂ ᠭᠦᠨᠵᠡᠭᠡᠢ ᠵᠥᠪᠯᠡᠯᠭᠡ ᠬᠢᠵᠦ ᠲᠦᠷᠦ ᠶᠢᠨ ᠬᠡᠷᠡᠭ ᠢ ᠵᠥᠪᠯᠡᠨ᠂ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠳᠡᠪᠰᠢᠬᠦᠯᠵᠦ᠂ ᠦᠵᠡᠯᠲᠡ ᠲᠠᠨᠢᠯᠲᠠ ᠲᠠᠢ᠂ ᠦᠨ᠎ᠡ ᠦᠷᠲᠡᠭ ᠲᠠᠢ ᠮᠠᠰᠢ ᠤᠯᠠᠨ ᠰᠠᠨᠠᠯ ᠰᠠᠨᠠᠭᠤᠯᠭ᠎ᠠ ᠳᠤᠷᠠᠳᠤᠨ ᠭᠠᠷᠭᠠᠪᠠ᠃ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠤᠨ ᠭᠤᠤᠯᠳᠠᠯᠭ᠎ᠠ ᠶᠢᠨ ᠲᠣᠭᠤᠷᠢᠨ  ᠳᠤ ᠶᠡᠭᠡ ᠲᠠᠯ᠎ᠠ ᠳᠤ ᠦᠶᠯᠡᠴᠢᠯᠡᠬᠦ ᠴᠥᠬᠦᠷᠡᠰᠢ ᠥᠬᠡᠶ ᠬᠥᠭᠡᠭᠡᠴᠡᠯᠳᠦᠯ ᠢ ᠭᠦᠶᠴᠡᠳ ᠢᠯᠡᠷᠡᠭᠦᠯᠵᠦ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠲᠤᠰᠬᠠᠶ ᠵᠥᠪᠯᠡᠬᠦ ᠪᠠᠶᠢᠭᠤᠯᠤᠮᠵᠢ ᠪᠣᠯᠤᠭᠰᠠᠨ ᠤ ᠬᠤᠪᠢ ᠳᠤ᠂ ᠥᠪᠡᠷᠮᠢᠴᠡ ᠳᠠᠪᠠᠭᠤᠯᠢᠭ ᠵᠢᠴᠢ ᠴᠢᠬᠤᠯᠠ ᠦᠶᠯᠡᠳᠦᠯ ᠢ ᠪᠠᠳᠠᠷᠠᠭᠤᠯᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠶᠢ ᠬᠠᠯᠠᠮᠵᠢᠯᠠᠬᠤ᠂ ᠣᠯᠠᠨ ᠲᠦᠮᠡᠨ ᠲᠠᠢ ᠰᠡᠳᠬᠢᠯ ᠵᠢᠷᠦᠬᠡ  ᠪᠠᠨ ᠬᠤᠯᠪᠣᠬᠤ᠂ ᠠᠷᠠᠳ ᠤᠨ ᠠᠮᠢᠳᠤᠷᠠᠯ ᠢ ᠴᠢᠬᠤᠯᠠᠴᠢᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ ᠠᠮᠢᠳᠤᠯᠢᠭ  ᠢᠶᠠᠷ ᠢᠯᠡᠷᠡᠭᠦᠯᠪᠡ᠃ ᠬᠤᠷᠠᠯ ᠤᠨ ᠰᠤᠷᠲᠠᠯ ᠴᠢᠬᠡᠴᠢ ᠣᠪᠣᠷ ᠲᠥᠪ᠂ ᠪᠣᠳᠠᠲᠠᠢ ᠶᠢ ᠡᠷᠬᠢᠮᠯᠡᠨ ᠥᠨᠳᠥᠷ ᠪᠦᠲᠦᠮᠵᠢᠲᠡᠢ ᠪᠠᠶᠢᠵᠦ᠂ ᠨᠢᠭᠡᠨ ᠤᠳᠠᠭᠠᠨ ᠤ ᠠᠷᠠᠳᠴᠢᠯᠠᠯ ᠢ ᠪᠠᠳᠠᠷᠠᠭᠤᠯᠵᠦ᠂ ᠪᠦᠯᠬᠦᠮᠳᠡᠨ ᠲᠡᠮᠡᠴᠡᠭᠰᠡᠨ ᠶᠡᠭᠡ ᠬᠤᠷᠠᠯ ᠮᠥᠨ᠂ ᠨᠢᠭᠡᠨ ᠤᠳᠠᠭᠠᠨ ᠤ ᠬᠦᠴᠢᠷ ᠪᠡᠷᠬᠡ ᠶᠢ ᠳᠤᠭᠤᠯᠤᠨ᠂ ᠬᠥᠭᠵᠢᠯᠲᠡ ᠶᠢ ᠠᠬᠢᠭᠤᠯᠤᠭᠰᠠᠨ ᠶᠡᠭᠡ ᠬᠤᠷᠠᠯ ᠮᠥᠨ᠂ ᠨᠡᠩ ᠴᠤ ᠨᠢᠭᠡᠨ ᠤᠳᠠᠭᠠᠨ ᠤ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠵᠦ᠂ ᠰᠢᠨ᠎ᠡ ᠡᠭᠦᠷᠭᠡ ᠶᠢ ᠡᠭᠦᠷᠭᠡᠯᠡᠨ᠂ ᠰᠢᠨ᠎ᠡ ᠵᠢᠷᠤᠭ ᠲᠥᠰᠦᠪ ᠢ ᠬᠠᠮᠲᠤ ᠪᠠᠷ ᠵᠢᠷᠤᠭᠯᠠᠵᠦ᠂ ᠰᠢᠨ᠎ᠡ ᠵᠢᠳᠬᠦᠯ ᠴᠢᠷᠮᠠᠶᠢᠯᠭ᠎ᠠ ᠶᠢ ᠪᠡᠶᠡᠯᠡᠭᠦᠯᠦᠭᠰᠡᠨ ᠶᠡᠭᠡ ᠬᠤᠷᠠᠯ ᠪᠤᠯᠤᠨ᠎ᠠ ᠭᠡᠵᠡᠢ᠃
        ᠶᠢᠨ ᠨᠠᠰᠤᠨ ᠴᠢᠬᠤᠯᠠᠴᠢᠯᠠᠬᠤ ᠳᠠᠭᠠᠨ᠂ 2021 ᠣᠨ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠪᠤᠯᠬᠤ ᠪᠦᠭᠡᠳ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠡᠬᠢᠯᠡᠯᠲᠡ ᠶᠢᠨ ᠵᠢᠯ ᠪᠣᠯᠤᠨ᠎ᠠ᠂ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠨᠢᠭᠡᠨᠲᠡ ᠡᠬᠢᠯᠡᠭᠰᠡᠨ ᠪᠠᠶᠢᠨ᠎ᠠ᠃ ᠡᠨᠡ ᠵᠢᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠭᠡᠯ ᠢ ᠪᠠᠬᠢᠵᠢᠭᠦᠯᠬᠦ᠂ ᠲᠠᠬᠢᠨ ᠶᠠᠳᠠᠭᠤᠷᠠᠬᠤ ᠪᠤᠶᠤ ᠶᠠᠳᠠᠭᠤᠷᠠᠬᠤ ᠠᠴᠠ ᠰᠡᠷᠭᠡᠶᠢᠯᠡᠬᠦ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠡᠭᠦᠷᠭᠡ ᠮᠥᠨ ᠬᠦ ᠬᠦᠨᠳᠦ ᠭᠡᠴᠡᠬᠦᠦ ᠪᠥᠭᠡᠳ ᠪᠡᠷᠬᠡ ᠬᠠᠲᠠᠭᠤᠵᠢᠯᠲᠠᠢ ᠪᠠᠶᠢᠨ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠬᠢᠨ ᠢᠮᠠᠭᠲᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠣᠯᠤᠨ ᠳᠡᠯᠡᠬᠡᠢ ᠨᠡᠶᠢᠳᠡ ᠶᠢᠨ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠶᠢ ᠬᠡᠬᠦᠳᠡᠭ ᠴᠡᠭᠡᠵᠢᠨ ᠳᠡᠭᠡᠨ ᠪᠠᠭᠲᠠᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ︽ᠭᠤᠣᠯ ᠲᠡᠩᠭᠡᠯᠢᠭ ᠭᠤᠣᠯ ᠱᠤᠭᠤᠮ ᠪᠣᠯᠤᠨ ᠭᠤᠣᠯ ᠭᠤᠭᠴᠤᠭ᠎ᠠ︾ ᠶᠢ ᠪᠠᠲᠤ ᠡᠵᠡᠮᠳᠡᠵᠦ᠂ ᠲᠤᠰ ᠤᠳᠠᠭ᠎ᠠ ᠶᠢᠨ ᠬᠤᠷᠠᠯ ᠢᠶᠠᠷ ᠰᠢᠨ᠎ᠡ ᠭᠠᠷᠤᠭ᠎ᠠ ᠪᠣᠯᠭᠠᠵᠤ᠂ ᠥᠷᠭᠡᠨ ᠤᠯᠠᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠢ ᠪᠦᠯᠬᠦᠮᠳᠡᠭᠦᠯᠦᠨ ᠳᠠᠭᠠᠭᠤᠯᠵᠤ ᠬᠥᠭᠵᠢᠯᠲᠡ ᠶᠢᠨ ᠢᠲᠡᠭᠡᠯ ᠵᠣᠷᠢᠭ ᠢᠶᠠᠨ ᠪᠠᠲᠤᠳᠬᠠᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠴᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠪᠣᠳᠠᠲᠤ ᠠᠵᠢᠯᠯᠠᠭ᠎ᠠ ᠪᠣᠯᠤᠨ ᠲᠤᠰᠢᠶᠠᠯ ᠢᠶᠠᠨ ᠭᠦᠢᠴᠡᠳᠬᠡᠭᠰᠡᠨ ᠦᠷ᠎ᠡ ᠪᠦᠲᠦᠮᠵᠢ ᠪᠠᠷ ᠢᠶᠠᠨ ᠨᠠᠮ ᠪᠣᠯᠤᠨ ᠠᠷᠠᠳ ᠤᠯᠠᠨ ᠳᠤ ᠬᠠᠨᠤᠮᠵᠢᠲᠠᠢ ᠬᠠᠷᠢᠭᠤᠯᠳᠠ ᠦᠭᠬᠦᠨ᠎ᠡ ᠭᠡᠵᠡᠢ᠃         ᠶᠢᠨ ᠨᠠᠰᠤᠨ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠢᠮᠠᠭᠲᠠ ᠪᠠᠷᠢᠮᠳᠠᠯᠠᠨ᠂ ᠤᠯᠤᠰ ᠲᠦᠷᠦ  ᠶᠢᠨ ᠵᠣᠭᠰᠣᠴᠠ ᠶᠢ ᠳᠡᠭᠡᠭᠰᠢᠯᠡᠭᠦᠯᠵᠦ᠂ ᠪᠦᠯᠬᠦᠮᠳᠡᠨ ᠲᠡᠮᠡᠴᠡᠬᠦ ᠦᠵᠡᠯ ᠰᠠᠨᠠᠭᠠᠨ ᠤ ᠰᠠᠭᠤᠷᠢ ᠶᠢ ᠤᠯᠠᠮ ᠴᠢᠨᠠᠭᠰᠢᠳᠠ ᠪᠠᠬᠢᠵᠢᠭᠦᠯᠬᠦ ᠬᠡᠷᠡᠭᠲᠡᠢ︔ ᠶᠡᠭᠡ ᠲᠠᠯ᠎ᠠ ᠳᠤ ᠦᠢᠯᠡᠴᠢᠯᠡᠬᠦ᠂ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠬᠤ ᠶᠢ ᠢᠮᠠᠭᠲᠠ ᠪᠠᠷᠢᠮᠳᠠᠯᠠᠨ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠤᠯᠠᠮ ᠴᠢᠨᠠᠭᠰᠢᠳᠠ ᠠᠬᠢᠭᠤᠯᠬᠤ ᠬᠡᠷᠡᠭᠲᠡᠢ︔ ᠠᠷᠠᠳ ᠤᠨ ᠲᠥᠯᠥᠭᠡ ᠭᠡᠬᠦ ᠬᠠᠶᠢᠷ᠎ᠠ ᠰᠡᠳᠬᠢᠯᠭᠡ ᠶᠢ ᠢᠮᠠᠭᠲᠠ ᠪᠠᠷᠢᠮᠳᠠᠯᠠᠨ᠂ ᠬᠠᠷᠢᠭᠤᠴᠠᠯᠭ᠎ᠠ ᠡᠭᠦᠷᠭᠡᠯᠡᠯ  ᠢ ᠴᠢᠩᠭᠠᠳᠬᠠᠵᠤ᠂ ᠭᠡᠰᠢᠭᠦᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠴᠢᠨᠠᠭᠰᠢᠳᠠ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠵᠠᠢ᠃        ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠨ ᠤ ᠳᠤᠮᠳᠠ ᠠᠮᠵᠢᠯᠲᠠ ᠲᠠᠢ ᠲᠡᠭᠦᠰᠪᠡ᠃                  ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号