ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯ ᠠᠮᠵᠢᠯᠳᠠ ᠲᠠᠢ ᠳᠡᠬᠦᠰᠪᠡ
ᠨᠡᠶᠢᠲᠡᠯᠡᠭᠰᠡᠨ ᠴᠠᠭ᠄
2021/3/5
       3 ᠰᠠᠷ᠎ᠠ ᠶᠢᠨ 4 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯ ᠡᠯ᠎ᠡ ᠵᠦᠪᠯᠡᠬᠦ ᠵᠦᠢᠯ ᠢᠶᠠᠨ ᠳᠠᠭᠤᠰᠬᠠᠵᠦ᠂ ᠦᠨᠳᠦᠰᠦᠳᠡᠨ ᠤ ᠰᠤᠶᠤᠯ ᠤᠨ ᠲᠦᠪ ᠤᠨ ᠨᠢᠭᠡᠳᠦᠭᠡᠷ ᠳᠠᠪᠬᠤᠷᠭ᠎ᠠ ᠶᠢᠨ ᠮᠡᠳᠡᠬᠦᠯᠦᠯᠳᠡ ᠶᠢᠨ ᠲᠢᠩᠬᠢᠮ ᠳᠤ ᠠᠮᠵᠢᠯᠳᠠ ᠲᠠᠢ ᠳᠡᠬᠦᠰᠪᠡ᠃
       ᠳᠡᠬᠦᠰᠬᠦ ᠬᠤᠷᠠᠯ ᠠᠴᠠ ᠡᠮᠦᠨ᠎ᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯ ᠭᠤᠷᠪᠠᠳᠤᠭᠠᠷ ᠤᠳᠠᠭᠠᠨ ᠤ ᠪᠦᠬᠦᠳᠡ ᠬᠤᠷᠠᠯ ᠬᠤᠷᠠᠯᠳᠤᠵᠦ᠂ ︽ᠰᠤᠩᠭᠤᠭᠤᠯᠢ ᠶᠢᠨ ᠠᠷᠭ᠎ᠠ︾᠂ ︽ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠦᠷᠦᠯ ᠵᠦᠢᠯ ᠢ ᠫᠢᠶᠤᠤ ᠦᠭᠴᠦ ᠲᠤᠭᠳᠠᠭᠠᠬᠤ ᠠᠷᠭ᠎ᠠ︾ ᠶᠢ ᠪᠠᠳᠤᠯᠠᠪᠠ︔ ᠶᠡᠭᠡ ᠬᠤᠷᠠᠯ ᠤᠨ ᠶᠡᠷᠦᠩᠭᠡᠢ ᠫᠢᠶᠤᠤ ᠬᠢᠨᠠᠭᠴᠢ᠂ ᠫᠢᠶᠤᠤ ᠬᠢᠨᠠᠭᠴᠢ ᠶᠢᠨ ᠨᠡᠷᠡᠰ ᠢ ᠪᠠᠳᠤᠯᠠᠪᠠ︔ ᠡᠬᠦᠨ ᠤ ᠬᠠᠮᠳᠦ ᠰᠤᠩᠭᠤᠭᠤᠯᠢ ᠶᠠᠪᠤᠭᠳᠠᠭᠤᠯᠪᠠ᠃        ᠶᠡᠭᠡ ᠬᠤᠷᠠᠯ ᠳᠤ᠂ ᠮᠧᠩ ᠲᠢᠶᠧ ᠬᠤᠩ ᠬᠤᠰᠢᠭᠤᠨ ᠤ ᠠᠷᠠᠳ ᠤᠨ ᠰᠢᠬᠦᠬᠦ ᠬᠤᠷᠢᠶᠠᠨ ᠤ ᠳᠠᠷᠤᠭ᠎ᠠ ᠪᠠᠷ ᠰᠤᠩᠭᠤᠭᠳᠠᠪᠠ᠃        ᠶᠡᠭᠡ ᠬᠤᠷᠠᠯ ᠳᠤ᠂ ᠦᠨᠳᠦᠰᠦᠨ ᠬᠠᠤᠯᠢ ᠳᠤ ᠳᠠᠩᠭᠠᠷᠢᠭᠯᠠᠬᠤ ᠶᠤᠰᠤᠯᠠᠯ ᠶᠠᠪᠤᠭᠳᠠᠭᠤᠯᠵᠦ᠂ ᠰᠢᠨ᠎ᠡ ᠪᠠᠷ ᠰᠤᠩᠭᠤᠭᠳᠠᠭᠰᠠᠳ ᠦᠨᠳᠦᠰᠦᠨ ᠬᠠᠤᠯᠢ ᠳᠤ ᠲᠦᠪ ᠬᠢᠴᠢᠶᠡᠩᠬᠦᠢ ᠪᠠᠷ ᠳᠠᠩᠭᠠᠷᠢᠭᠯᠠᠪᠠ᠃        ᠳᠡᠬᠦᠰᠬᠦ ᠬᠤᠷᠠᠯ ᠢ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠳᠡᠮᠡᠴᠡᠯ ᠡᠷᠬᠢᠯᠡᠪᠡ᠃ ᠶᠡᠭᠡ ᠬᠤᠷᠠᠯ ᠤᠨ ᠬᠦᠢᠴᠡᠳᠭᠡᠬᠦ ᠲᠡᠷᠢᠬᠦᠯᠡᠭᠴᠢ ᠪᠦᠬᠡᠪᠠᠶᠠᠷ᠂ ᠳᠡᠮᠡᠴᠡᠯ᠂ ᠶᠢᠨ ᠨᠠᠰᠤᠨ᠂ ᠯᠦ ᠴᠤᠸᠠᠨ ᠱᠧᠨ᠂ ᠠᠯᠳᠠᠠᠪᠠᠭᠠᠨ᠎ᠠ᠂ ᠸᠠᠩ ᠶᠢᠩ ᠬᠤ᠋᠂ ᠳ᠋ᠠᠢ ᠶᠢᠨ ᠴᠢᠤᠸᠠᠨ ᠲᠡᠷᠢᠬᠦᠯᠡᠭᠴᠢ  ᠶᠢᠨ ᠳᠠᠶᠢᠰᠠᠨ ᠤ ᠡᠮᠦᠨ᠎ᠡ ᠮᠦᠷ ᠲᠤ ᠰᠠᠭᠠᠳᠠᠪᠠ᠃ ᠴᠧᠨ ᠯᠦᠩ᠂ ᠮᠠ ᠳᠠᠶᠢᠪᠤᠩ᠂ ᠨᠠᠷᠠᠰᠦ᠂ ᠳ᠋ᠦᠩ ᡁᠢ ᠸᠧᠨ᠂ ᠶᠢᠨ ᠼᠠᠩ᠂ ᠯᠥᠸᠧ ᠴᠧᠩ ᠭᠤᠸᠠᠩ ᠵᠡᠷᠭᠡ ᠤᠳᠤᠷᠢᠳᠤᠯᠭ᠎ᠠ ᠪᠤᠯᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ  ᠤᠨ ᠪᠤᠰᠤᠳ ᠪᠦᠷᠢᠯᠳᠦᠬᠦᠨ᠂ ᠰᠢᠬᠦᠬᠦ ᠪᠠᠶᠢᠴᠠᠭᠠᠬᠤ ᠬᠤᠶᠠᠷ ᠬᠤᠷᠢᠶ᠎ᠠ ᠶᠢᠨ ᠬᠠᠷᠢᠭᠤᠴᠠᠯᠭᠠᠳᠠᠳ ᠲᠡᠷᠢᠬᠦᠯᠡᠭᠴᠢ ᠶᠢᠨ ᠳᠠᠶᠢᠰᠠᠨ ᠳᠤ ᠰᠠᠭᠠᠳᠠᠪᠠ᠃ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠭᠡᠰᠡᠭ ᠠᠬᠠᠮᠠᠳ ᠤᠳᠤᠷᠢᠳᠤᠯᠭ᠎ᠠ ᠤᠷᠢᠯᠭ᠎ᠠ ᠪᠠᠷ ᠬᠤᠷᠠᠯ ᠳᠤ ᠰᠤᠯᠠ ᠤᠷᠤᠯᠴᠠᠪᠠ᠃        ᠶᠡᠭᠡ ᠬᠤᠷᠠᠯ ᠳᠤ ᠤᠷᠤᠯᠴᠠᠬᠤ ᠶᠤᠰᠤᠳᠠᠢ ᠲᠦᠯᠦᠭᠡᠯᠡᠭᠴᠢ 127 ᠬᠦᠮᠦᠨ᠂ ᠪᠤᠳᠠᠳᠠᠢ ᠤᠷᠤᠯᠴᠠᠭᠰᠠᠨ ᠲᠦᠯᠦᠭᠡᠯᠡᠭᠴᠢ 115 ᠬᠦᠮᠦᠨ ᠪᠠᠶᠢᠵᠦ᠂ ᠬᠤᠷᠠᠯ ᠳᠤ ᠤᠷᠤᠯᠴᠠᠭᠰᠠᠨ ᠬᠦᠮᠦᠨ ᠤ ᠳᠤᠭ᠎ᠠ ᠬᠠᠤᠯᠢ ᠳᠤ ᠨᠡᠶᠢᠴᠡᠨ᠎ᠡ᠃
       ᠬᠤᠷᠠᠯ ᠠᠴᠠ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠦᠷᠦᠯ ᠵᠦᠢᠯ ᠢ ᠫᠢᠶᠤᠤ ᠦᠭᠴᠦ ᠲᠤᠭᠳᠠᠭᠠᠭᠰᠠᠨ ᠦᠷ᠎ᠡ ᠳ᠋ᠦᠩ ᠢ ᠨᠡᠶᠢᠳᠡᠯᠡᠪᠡ︔ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯ ᠤᠨ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ︾ ᠤᠨ ᠰᠢᠢᠳᠪᠦᠷᠢ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ ᠬᠦᠭᠵᠢᠯᠳᠡ ᠶᠢᠨ ᠠᠷᠪᠠᠨ ᠲᠦᠷᠪᠡᠳᠦᠭᠡᠷ ᠲᠠᠪᠤᠨ ᠵᠢᠯ ᠤᠨ ᠲᠦᠯᠦᠪᠵᠢᠬᠦᠯᠬᠡ ᠪᠤᠯᠤᠨ 2035 ᠤᠨ ᠤ ᠠᠯᠤᠰ ᠤᠨ ᠬᠠᠷᠠᠯᠳᠠ ᠶᠢᠨ ᠬᠦᠳᠦᠯᠪᠦᠷᠢ︾ ᠶᠢᠨ ᠰᠢᠢᠳᠪᠦᠷᠢ᠂ ︽ᠰᠢᠨ᠎ᠡ ᠪᠠᠷᠭᠤ ᠪᠠᠷᠠᠭᠤᠨ ᠬᠤᠰᠢᠭᠤᠨ ᠤ 2020 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠶᠢᠨ ᠭᠡᠷᠡᠭᠵᠢᠬᠦᠯᠦᠯᠳᠡ ᠶᠢᠨ ᠪᠠᠶᠢᠳᠠᠯ ᠵᠢᠴᠢ 2021 ᠤᠨ ᠤ ᠤᠯᠤᠰ ᠠᠷᠠᠳ ᠤᠨ ᠠᠵᠦ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ︾ ᠶᠢᠨ ᠰᠢᠢᠳᠪᠦᠷᠢ᠂ ︽ᠰᠢᠨ᠎ᠡ ᠪᠠᠷᠭᠤ ᠪᠠᠷᠠᠭᠤᠨ ᠬᠤᠰᠢᠭᠤᠨ ᠤ 2020 ᠤᠨ ᠤ ᠲᠦᠰᠦᠪ ᠬᠦᠢᠴᠡᠳᠭᠡᠭᠰᠡᠨ ᠪᠠᠶᠢᠳᠠᠯ ᠵᠢᠴᠢ 2021 ᠤᠨ ᠤ ᠲᠦᠰᠦᠪ︾ ᠤᠨ ᠰᠢᠢᠳᠪᠦᠷᠢ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠠᠵᠢᠯ ᠤᠨ ᠮᠡᠳᠡᠬᠦᠯᠦᠯᠳᠡ︾ ᠶᠢᠨ ᠰᠢᠢᠳᠪᠦᠷᠢ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠬᠦᠯᠦᠯᠳᠡ︾ ᠶᠢᠨ ᠰᠢᠢᠳᠪᠦᠷᠢ ᠶᠢ ᠪᠠᠳᠤᠯᠠᠪᠠ᠃        ᠳᠡᠮᠡᠴᠡᠯ ᠬᠤᠷᠠᠯ ᠳᠡᠬᠦᠰᠬᠦ ᠶᠠᠷᠢᠶᠠᠨ ᠳᠤ ᠪᠠᠨ᠂ ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠭᠡᠰᠢᠬᠦᠳ ᠪᠦᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠤᠯᠤᠰ ᠲᠦᠷᠦ ᠶᠢᠨ ᠪᠢᠯᠬᠠᠮ᠎ᠠ ᠬᠠᠯᠠᠭᠤᠨ ᠰᠡᠳᠬᠢᠯᠭᠡ ᠪᠤᠯᠤᠨ ᠴᠤᠭ ᠵᠢᠪᠬᠤᠭ᠎ᠠ ᠲᠠᠢ ᠤᠶᠤᠨ ᠰᠠᠨᠠᠭᠠᠨ ᠤ ᠲᠦᠷᠢ ᠲᠦᠷᠬᠦ ᠪᠠᠷ ᠢᠶᠠᠨ ᠠᠷᠠᠳᠴᠢᠯᠠᠯ ᠢ ᠬᠦᠢᠴᠡᠳ ᠪᠠᠳᠠᠷᠠᠭᠤᠯᠤᠨ᠂ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ᠰᠠᠨᠠᠯ ᠵᠦᠪᠯᠡᠯᠭᠡ ᠪᠠᠨ ᠳᠡᠪᠰᠢᠬᠦᠯᠦᠨ ᠠᠷᠭ᠎ᠠ ᠪᠤᠳᠤᠯᠭ᠎ᠠ ᠭᠠᠷᠭᠠᠵᠦ᠂ ᠬᠤᠰᠢᠭᠤᠨ ᠤ ᠵᠠᠰᠠᠭ ᠤᠨ ᠤᠷᠳᠤᠨ ᠤ ᠠᠵᠢᠯ ᠤᠨ ᠢᠯᠡᠳᠭᠡᠯ᠂ ︽ᠠᠷᠪᠠᠨ ᠲᠦᠷᠪᠡᠳᠦᠭᠡᠷ ᠳᠠᠪᠤᠨ ᠵᠢᠯ ᠤᠨ ᠲᠦᠯᠦᠪᠵᠢᠬᠦᠯᠬᠡ ᠪᠠ 2035 ᠤᠨ ᠤ ᠠᠯᠤᠰ ᠤᠨ ᠬᠠᠷᠠᠯᠳᠠ ᠶᠢᠨ ᠬᠦᠳᠦᠯᠪᠦᠷᠢ ᠪᠠ ᠪᠤᠰᠤᠳ ᠡᠯ᠎ᠡ ᠲᠦᠷᠦᠯ ᠤᠨ ᠮᠡᠳᠡᠬᠦᠯᠦᠯᠳᠡ ᠶᠢ ᠬᠢᠨᠠᠨ ᠪᠠᠳᠤᠯᠠᠵᠦ᠂ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠦᠷᠦᠯ ᠵᠦᠢᠯ ᠢ ᠠᠷᠠᠳ ᠤᠨ ᠲᠦᠯᠦᠭᠡᠯᠡᠭᠴᠢ ᠫᠢᠶᠤᠤ ᠦᠭᠴᠦ ᠲᠤᠭᠳᠠᠭᠠᠬᠤ ᠲᠦᠷᠢᠮ ᠢ ᠦᠷᠬᠦᠯᠵᠢᠯᠡᠨ ᠭᠡᠷᠡᠭᠵᠢᠬᠦᠯᠵᠦ᠂ ᠡᠯ᠎ᠡ ᠲᠦᠷᠦᠯ ᠤᠨ ᠰᠤᠩᠭᠤᠭᠤᠯᠢ ᠶᠢᠨ ᠡᠭᠦᠷᠭᠡ ᠶᠢ ᠬᠠᠤᠯᠢ ᠶᠤᠰᠤᠭᠠᠷ ᠪᠡᠶᠡᠯᠡᠬᠦᠯᠪᠡ᠃ ᠬᠤᠷᠠᠯ ᠲᠤᠩ ᠠᠮᠵᠢᠯᠳᠠ ᠲᠠᠢ ᠶᠠᠪᠤᠭᠳᠠᠵᠦ᠂ ᠨᠢᠭᠡ ᠤᠳᠠᠭᠠᠨ ᠤ ᠪᠦᠯᠬᠦᠮᠳᠡᠯ ᠠᠷᠠᠳᠴᠢᠯᠠᠯ᠂ ᠰᠤᠷᠳᠠᠯ ᠴᠢᠭᠡᠴᠢ ᠶᠡᠭᠡ ᠬᠤᠷᠠᠯ᠂ ᠨᠢᠭᠡ ᠤᠳᠠᠭᠠᠨ ᠤ ᠬᠠᠮᠳᠦ ᠶᠢᠨ ᠳᠠᠨᠢᠯᠳᠠ ᠶᠢ ᠨᠢᠠᠠᠳᠠᠷᠠᠭᠤᠯᠵᠦ᠂ ᠵᠤᠷᠢᠭ ᠢ ᠬᠦᠪᠴᠢᠯᠡᠭᠰᠡᠨ ᠶᠡᠭᠡ ᠬᠤᠷᠠᠯ᠂ ᠮᠦᠨ ᠴᠦ ᠨᠢᠭᠡ ᠤᠳᠠᠭᠠᠨ ᠤ ᠤᠷᠮ᠎ᠠ ᠶᠢ ᠬᠦᠭᠵᠢᠬᠡᠵᠦ᠂ ᠬᠦᠮᠦᠨ ᠢ ᠤᠷᠮᠠᠰᠢᠭᠤᠯᠤᠭᠰᠠᠨ ᠶᠡᠭᠡ ᠬᠤᠷᠠᠯ ᠪᠤᠯᠤᠭᠰᠠᠨ ᠪᠠᠶᠢᠨ᠎ᠠ ᠭᠡᠵᠡᠢ᠃
       ᠲᠡᠮᠡᠴᠡᠯ ᠵᠢᠭᠠᠨ ᠭᠠᠷᠭᠠᠬᠤ ᠳᠤ ᠪᠠᠨ᠂ 2021 ᠤᠨ ᠪᠤᠯ ᠳᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ 100 ᠵᠢᠯ ᠤᠨ ᠤᠢ᠂ ︽ᠠᠷᠪᠠᠨ ᠲᠦᠷᠪᠡᠳᠦᠭᠡᠷ ᠲᠠᠪᠤᠨ ᠵᠢᠯ︾ ᠤᠨ ᠲᠦᠯᠦᠪᠵᠢᠬᠦᠯᠭᠡ ᠶᠢ ᠭᠡᠷᠡᠭᠵᠢᠬᠦᠯᠵᠦ᠂ ᠨᠡᠶᠢᠬᠡᠮ ᠵᠢᠷᠤᠮ ᠤᠨ ᠤᠳᠤᠬᠢᠴᠢᠯᠠᠯᠳᠠ ᠶᠢᠨ ᠤᠯᠤᠰ ᠢ ᠪᠦᠬᠦ ᠳᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠬᠦᠯᠬᠦ ᠠᠩᠬᠠᠨ ᠤ ᠵᠢᠯ ᠪᠤᠯᠤᠨ᠎ᠠ᠂ ᠦᠨᠦ ᠵᠢᠯ ᠤᠨ ᠠᠵᠢᠯ ᠢ ᠰᠠᠶᠢᠳᠦᠷ ᠬᠢᠬᠦ ᠨᠢ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠴᠢᠨᠠᠷ ᠰᠠᠶᠢᠳᠠᠢ ᠬᠦᠭᠵᠢᠬᠦᠯᠬᠦ ᠭᠡᠬᠦ ᠡᠨᠡᠬᠦ ᠭᠤᠤᠯ ᠰᠡᠳᠦᠪ ᠤᠨ ᠳᠤᠭᠤᠷᠢᠨ ᠳᠤ᠂ ᠰᠢᠨ᠎ᠡ ᠬᠦᠭᠵᠢᠯᠳᠡ ᠶᠢᠨ ᠱᠠᠳᠤᠨ ᠳᠤ ᠰᠠᠭᠤᠷᠢᠯᠠᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ  ᠢ ᠳᠤᠤᠱᠯᠠᠭᠤᠯᠵᠦ᠂ ᠰᠢᠨ᠎ᠡ ᠬᠦᠭᠵᠢᠯᠳᠡ ᠶᠢᠨ ᠪᠠᠶᠢᠷᠢᠰᠢᠯ ᠢ ᠪᠤᠢ ᠪᠤᠯᠭᠠᠨ᠂ ᠡᠬᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠵᠦ᠂ ︽ᠠᠷᠪᠠᠨ ᠲᠦᠷᠪᠡᠳᠦᠭᠡᠷ ᠳᠠᠪᠤᠨ ᠵᠢᠯ︾ ᠤᠨ ᠲᠦᠯᠦᠪᠵᠢᠬᠦᠯᠭᠡ ᠶᠢᠨ ᠬᠤᠭᠤᠴᠠᠭᠠᠨ ᠳᠤ ᠪᠦᠬᠦ ᠬᠤᠰᠢᠭᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠶᠢᠨ ᠰᠠᠶᠢᠨ ᠰᠠᠶᠢᠬᠠᠨ ᠡᠬᠢᠯᠡᠯᠳᠡ ᠳᠤ ᠰᠢᠨ᠎ᠡ ᠬᠤᠪᠢ ᠨᠡᠮᠡᠷᠢ ᠦᠵᠡᠬᠦᠯᠬᠦ ᠶᠢᠨ ᠲᠦᠯᠦᠭᠡ᠂ ᠳᠡᠤᠬᠡ ᠶᠢᠨ ᠰᠢᠯᠭᠠᠯᠳᠠ ᠶᠢ ᠳᠠᠭᠠᠭᠠᠵᠦ ᠳᠡᠶᠢᠯᠬᠦ ᠪᠦᠭᠡᠳ ᠠᠷᠠᠳ ᠲᠦᠮᠡᠨ ᠳᠤ ᠳᠠᠭᠠᠰᠢᠶᠠᠭᠳᠠᠬᠤ ᠦᠷ᠎ᠡ ᠪᠦᠳᠦᠮᠵᠢ ᠶᠢ ᠴᠢᠷᠮᠠᠶᠢᠨ ᠡᠭᠦᠳᠦᠨ᠎ᠡ ᠭᠡᠵᠡᠢ᠃        ᠰᠦᠷ ᠵᠢᠪᠬᠤᠯᠠᠩᠳᠦ ᠤᠯᠤᠰ ᠤᠨ ᠰᠦᠯᠳᠡ ᠳᠠᠭᠤᠨ ᠤ ᠳᠤᠮᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯ ᠠᠮᠵᠢᠯᠳᠠ ᠲᠠᠢ ᠳᠡᠬᠦᠰᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号