3 ᠰᠠᠷ᠎ᠠ ᠶᠢᠨ 4 ᠤ ᠡᠳᠦᠷ᠂ ᠬᠤᠰᠢᠭᠤᠨ ᠤ ᠠᠷᠪᠠᠨ ᠳᠠᠪᠤᠳᠤᠭᠠᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠳᠠᠪᠤᠳᠤᠭᠠᠷ ᠤᠳᠠᠭᠠᠨ ᠤ ᠬᠤᠷᠠᠯ ᠳᠤ ᠤᠷᠤᠯᠴᠠᠭᠰᠠᠨ ᠠᠷᠠᠳ ᠤᠨ | ᠲᠦᠯᠦᠭᠡᠯᠡᠭᠴᠢᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠠᠷᠠᠳ ᠤᠨ ᠰᠢᠬᠦᠬᠦ ᠪᠠᠶᠢᠴᠠᠭᠠᠬᠤ ᠬᠤᠶᠠᠷ ᠬᠤᠷᠢᠶ᠎ᠠ ᠶᠢᠨ ᠠᠵᠢᠯ ᠤᠨ | ᠮᠡᠳᠡᠬᠦᠯᠦᠯᠳᠡ ᠶᠢ ᠦᠷᠬᠦᠯᠵᠢᠯᠡᠨ ᠶᠠᠷᠢᠯᠴᠠᠵᠦ ᠬᠢᠨᠠᠨ ᠵᠦᠪᠯᠡᠪᠠ︔ ︽ᠰᠤᠩᠭᠤᠭᠤᠯᠢ ᠶᠢᠨ ᠠᠷᠭ᠎ᠠ ︵ᠲᠦᠰᠦᠯ︶︾ ᠶᠢ | ᠬᠢᠨᠠᠨ ᠪᠠᠳᠤᠯᠠᠵᠦ᠂ ᠵᠢᠱᠢᠭᠳᠡᠭᠰᠡᠳ ᠤᠨ ᠨᠡᠷᠡᠰ ᠢ ᠶᠠᠷᠢᠯᠴᠠᠪᠠ︔ ︽ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ | ᠤᠨ ᠲᠦᠷᠦᠯ ᠵᠦᠢᠯ ᠢ ᠫᠢᠶᠤᠤ ᠦᠭᠴᠦ ᠲᠤᠭᠳᠠᠭᠠᠬᠤ ᠠᠷᠭ᠎ᠠ ︵ᠲᠦᠰᠦᠯ︶︾ ᠵᠢᠴᠢ ᠵᠢᠱᠢᠭᠳᠡᠭᠰᠡᠨ ᠲᠦᠷᠦᠯ ᠵᠦᠢᠯ | ᠤᠨ ᠪᠤᠳᠠᠳᠦ ᠪᠠᠶᠢᠳᠠᠯ ᠤᠨ ᠳᠤᠳᠤᠷᠬᠠᠶᠢᠯᠠᠯ ᠢ ᠬᠢᠨᠠᠨ ᠵᠦᠪᠯᠡᠵᠦ ᠪᠠᠳᠤᠯᠠᠪᠠ᠃ | | | | ᠳᠤᠭᠤᠶᠢᠯᠠᠩ ᠬᠤᠪᠢᠶᠠᠵᠦ ᠶᠠᠷᠢᠯᠴᠠᠬᠤ ᠳᠤᠮᠳᠠ᠂ ᠡᠯ᠎ᠡ ᠲᠦᠯᠦᠭᠡᠯᠡᠭᠴᠢᠳ ᠤᠨ ᠪᠦᠯᠬᠦᠮ ᠮᠠᠯᠵᠢᠬᠤ ᠤᠷᠤᠨ | ᠤ ᠤᠳᠤᠬᠢᠴᠢᠯᠠᠯᠳᠠ᠂ ᠠᠮᠢ ᠠᠬᠤᠢ ᠶᠢᠨ ᠬᠠᠮᠠᠭᠠᠯᠠᠯᠳᠠ᠂ ᠰᠠᠭᠤᠷᠢ ᠲᠦᠬᠦᠭᠡᠷᠦᠮᠵᠢ᠂ ᠠᠷᠠᠳ ᠤᠨ ᠠᠮᠢᠳᠤᠷᠠᠯ ᠤᠨ | ᠪᠠᠳᠤᠯᠠᠭ᠎ᠠ ᠵᠡᠷᠭᠡ ᠠᠵᠢᠯ ᠤᠨ ᠳᠤᠭᠤᠷᠢᠨ ᠳᠤ᠂ ᠡᠯ᠎ᠡ ᠲᠦᠷᠦᠯ ᠤᠨ ᠠᠵᠢᠯ ᠤᠨ ᠮᠡᠳᠡᠬᠦᠯᠦᠯᠳᠡ ᠲᠠᠢ | ᠤᠶᠠᠯᠳᠤᠭᠤᠯᠤᠨ ᠰᠠᠨᠠᠭ᠎ᠠ ᠪᠠᠨ ᠠᠭᠤᠵᠢᠷᠠᠳᠠᠯ᠎ᠠ ᠶᠠᠷᠢᠵᠦ᠂ ᠠᠷᠭ᠎ᠠ ᠤᠬᠠᠭᠠᠨ ᠭᠠᠷᠭᠠᠵᠦ᠂ ᠳᠤᠩ ᠬᠦᠭᠵᠢᠶᠡᠨᠳᠡᠢ | ᠶᠠᠪᠤᠭᠳᠠᠪᠠ᠃ | | | | ᠬᠦᠯᠦᠨ ᠪᠠᠯᠭᠠᠰᠦ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢ ᠳᠡᠮᠡᠴᠡᠬᠦ᠄ | ᠶᠡᠭᠡ ᠬᠤᠷᠠᠯ ᠤᠨ ᠳᠠᠷᠠᠭ᠎ᠠ᠂ ᠪᠢᠳᠡ ᠲᠡᠷᠡ ᠳᠠᠷᠤᠢ ᠳᠤᠨᠢ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠡᠯ᠎ᠡ | ᠬᠠᠷᠢᠶ᠎ᠠ ᠤᠷᠤᠨ ᠤ ᠮᠠᠯᠴᠢᠳ ᠲᠤ ᠤᠯᠠᠮᠵᠢᠯᠠᠨ ᠦᠭᠴᠦ᠂ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠦᠨᠡᠨᠬᠦ | ᠨᠢᠭᠡᠳᠦᠭᠡᠷ ᠹᠷᠤᠨᠲ ᠲᠤ ᠨᠠᠶᠢᠳᠠᠪᠦᠷᠢᠵᠢᠭᠤᠯᠤᠨ᠎ᠠ᠃ ᠡᠭᠦᠨ ᠤ ᠬᠠᠮᠳᠦ᠂ ︽ᠬᠤᠶᠠᠷ ᠬᠤᠷᠠᠯ︾ ᠳᠤ ᠲᠤᠭᠳᠠᠭᠠᠭᠰᠠᠨ ᠡᠯ᠎ᠡ | ᠲᠦᠷᠦᠯ ᠤᠨ ᠡᠭᠦᠷᠭᠡ ᠬᠠᠷᠠᠯᠳᠠ ᠶᠢᠨ ᠳᠤᠭᠤᠷᠢᠨ ᠳᠤ᠂ ᠤᠭ ᠰᠠᠨᠠᠭ᠎ᠠ ᠪᠠᠨ ᠦᠯᠦ ᠮᠠᠷᠳᠠᠨ᠂ ᠦᠷᠬᠦᠯᠵᠢᠯᠡᠨ | ᠡᠷᠡᠯᠭᠡᠭᠯᠡᠨ ᠤᠷᠤᠭᠰᠢᠯᠠᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ | ᠬᠦᠭᠵᠢᠯᠳᠡ ᠶᠢ ᠲᠦᠯᠬᠢᠨ ᠠᠬᠢᠭᠤᠯᠬᠤ ᠶᠢᠨ ᠲᠦᠯᠦᠭᠡ ᠬᠦᠴᠦ ᠪᠠᠨ ᠡᠷᠬᠦᠨ᠎ᠡ᠃ | | | | ᠳᠤᠭᠤᠶᠢᠯᠠᠩ ᠬᠤᠪᠢᠶᠠᠨ ᠶᠠᠷᠢᠯᠴᠠᠵᠦ ᠬᠢᠨᠠᠨ ᠵᠦᠪᠯᠡᠬᠦ ᠦᠶ᠎ᠡ ᠳᠤ᠂ ᠡᠯ᠎ᠡ ᠲᠦᠷᠦᠯ ᠤᠨ ᠠᠵᠢᠯ ᠤᠨ | ᠮᠡᠳᠡᠬᠦᠯᠦᠯᠳᠡ ᠨᠢ ᠮᠠᠨ ᠤ ᠬᠤᠰᠢᠭᠤᠨ ᠤ ᠬᠦᠭᠵᠢᠯᠳᠠ ᠶᠢᠨ ᠪᠤᠳᠠᠳᠦ ᠪᠠᠶᠢᠳᠠᠯ ᠳᠤ ᠨᠡᠶᠢᠴᠡᠵᠦ᠂ ᠰᠢᠨ᠎ᠡ ᠬᠦᠭᠵᠢᠯᠳᠡ | ᠶᠢᠨ ᠱᠠᠳᠤᠨ ᠳᠤ ᠰᠠᠭᠤᠷᠢᠯᠠᠨ᠂ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠲᠤᠤᠱᠯᠠᠭᠤᠯᠬᠤ᠂ ᠰᠢᠨ᠎ᠡ | ᠬᠦᠭᠵᠢᠯᠳᠡ ᠶᠢᠨ ᠪᠠᠶᠢᠷᠢᠰᠢᠯ ᠢ ᠪᠤᠢ ᠪᠤᠯᠭᠠᠬᠤ ᠱᠠᠭᠠᠷᠳᠠᠯᠭ᠎ᠠ ᠪᠠ ᠤᠷᠢᠳᠠᠯ ᠳᠤᠤᠷ᠎ᠠ᠂ ᠰᠦᠷᠯᠢᠭ ᠰᠠᠶᠢᠬᠠᠨ | ᠬᠦᠭᠵᠢᠯᠳᠡ ᠶᠢᠨ ᠪᠤᠷᠤ ᠲᠦᠯᠦᠪ ᠢ ᠵᠢᠷᠤᠭᠯᠠᠵᠦ᠂ ᠬᠦᠭᠵᠢᠯᠳᠠ ᠶᠢᠨ ᠴᠢᠭᠯᠡᠯ ᠪᠤᠯᠤᠨ ᠬᠠᠷᠠᠯᠳᠠ ᠡᠭᠦᠷᠭᠡ ᠨᠢ | ᠳᠤᠳᠤᠷᠬᠠᠢ᠂ ᠭᠤᠤᠯᠳᠠᠯᠭ᠎ᠠ ᠨᠢ ᠳᠤᠪᠤᠶᠢᠮ᠎ᠠ᠂ ᠠᠷᠭ᠎ᠠ ᠪᠤᠳᠤᠯᠭ᠎ᠠ ᠨᠢ ᠡᠷᠴᠢᠮ ᠲᠠᠢ ᠪᠠᠶᠢᠵᠦ᠂ ᠲᠤᠩ ᠴᠢᠩᠭ᠎ᠠ | ᠵᠢᠯᠤᠭᠤᠳᠤᠮᠵᠢ ᠶᠢᠨ ᠴᠢᠨᠠᠷ ᠪᠠ ᠴᠢᠭᠯᠡᠯᠳᠦ ᠴᠢᠨᠠᠷ ᠲᠠᠢ ᠪᠠᠶᠢᠵᠦ᠂ ᠴᠢᠨᠠᠷ ᠰᠠᠶᠢᠳᠠᠢ ᠬᠦᠭᠵᠢᠯᠳᠡ ᠶᠢ ᠪᠡᠶᠡᠯᠡᠬᠦᠯᠬᠦ ᠳᠤ | ᠬᠦᠴᠦᠳᠠᠢ ᠳᠤᠯᠬᠤ ᠴᠡᠭ ᠬᠠᠩᠭᠠᠵᠦ ᠦᠭᠪᠡ ᠭᠡᠵᠦ ᠠᠷᠠᠳ ᠤᠨ ᠲᠦᠯᠦᠭᠡᠯᠡᠭᠴᠢᠳ ᠦᠵᠡᠵᠡᠬᠡᠪᠡ᠃ ᠬᠦᠴᠦᠨ ᠢᠶᠠᠨ | ᠨᠢᠠᠠᠳᠠᠷᠠᠭᠤᠯᠤᠨ᠂ ᠳᠠᠪᠠᠵᠦ ᠭᠠᠷᠬᠤ ᠶᠢ ᠤᠷᠢᠶᠠᠯᠠᠬᠤ ᠢᠳᠡᠭᠡᠯ ᠵᠤᠷᠢᠭ ᠢᠶᠠᠷ᠂ ᠨᠡᠩ ᠦᠨᠳᠦᠷ ᠪᠠᠷᠢᠮᠵᠢᠶ᠎ᠠ᠂ ᠨᠡᠩ | ᠪᠤᠳᠠᠳᠠᠢ ᠠᠷᠭ᠎ᠠ ᠬᠡᠮᠵᠢᠶ᠎ᠡ᠂ ᠨᠡᠩ ᠶᠡᠭᠡ ᠬᠦᠴᠦᠯᠡᠴᠡ ᠪᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠡᠯ᠎ᠡ ᠲᠦᠷᠦᠯ | ᠤᠨ ᠠᠵᠢᠯ ᠤᠨ ᠳᠠᠬᠢᠨ ᠰᠢᠨ᠎ᠡ ᠳᠠᠪᠴᠠᠩ ᠳᠤ ᠭᠠᠷᠬᠤ ᠶᠢ ᠲᠦᠯᠬᠢᠨ ᠠᠬᠢᠭᠤᠯᠤᠶ᠎ᠠ ᠭᠡᠵᠦ ᠦᠪᠡᠷ ᠦᠪᠡᠷ ᠤᠨ | ᠰᠡᠳᠬᠢᠯᠭᠡ ᠪᠠᠨ ᠢᠯᠡᠳᠭᠡᠵᠡᠭᠡᠨᠡ᠃ | | | | | ᠤᠷᠴᠢᠭᠤᠯᠤᠭᠴᠢ᠄ ᠴᠡᠴᠡᠭ | | |