ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠭᠤᠤᠯ ᠬᠠᠷᠠᠯᠲᠠ ᠡᠭᠦᠷᠭᠡ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠬᠤᠰᠢᠭᠤᠨ ᠤ ᠬᠡᠯᠪᠡᠷᠢ ᠶᠢ | ᠬᠤᠪᠢᠷᠠᠭᠤᠯᠤᠨ ᠳᠠᠪᠠᠯᠲᠠ ᠭᠠᠷᠭᠠᠬᠤ ᠶᠢ ᠲᠦᠷᠭᠡᠳᠬᠡᠵᠦ᠂ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ | ᠪᠠᠶᠢᠯᠳᠤᠬᠤ ᠪᠣᠳᠣᠯᠭ᠎ᠠ ᠶᠢᠨ ᠴᠢᠬᠤᠯᠠ ᠠᠵᠠ ᠲᠣᠬᠢᠶᠠᠯᠳᠤ ᠬᠤᠭᠤᠴᠠᠭ᠎ᠠ ᠪᠣᠯᠤᠨ᠎ᠠ᠃ ᠶᠡᠷᠦᠩᠭᠡᠢ ᠳᠤᠨᠢ ᠠᠪᠴᠦ | ᠬᠡᠯᠡᠪᠡᠯ᠂ ᠠᠵᠠ ᠳᠤᠬᠢᠶᠠᠯ ᠦᠷᠢᠰᠦᠯᠳᠦᠭᠡᠨ ᠠᠴᠠ ᠶᠡᠭᠡ ᠪᠠᠶᠢᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠠᠴᠠ ᠪᠢᠳᠡᠨ ᠳᠤ ᠢᠷᠡᠭᠡᠳᠦᠢ ᠶᠢᠨ ᠲᠠᠪᠤᠨ ᠵᠢᠯ ᠵᠢᠴᠢ 2035 | ᠣᠨ ᠤ ᠠᠤᠭ᠎ᠠ ᠲᠥᠰᠦᠪ ᠢ ᠵᠢᠷᠤᠭᠯᠠᠵᠤ᠂ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠪᠡ᠃ ᠣᠯᠠᠨ | ᠤᠯᠤᠰ ᠤᠨ ᠲᠠᠯ᠎ᠠ ᠠᠴᠠ ᠵᠠᠳᠠᠯᠪᠠᠯ᠂ ᠡᠩᠬᠡ ᠲᠠᠶᠢᠪᠤᠩ ᠪᠠ ᠬᠥᠭᠵᠢᠯᠲᠡ ᠶᠢᠨ ᠴᠠᠭ ᠦᠶ᠎ᠡ ᠶᠢᠨ ᠭᠤᠣᠯ ᠰᠡᠳᠦᠪ | ᠬᠤᠪᠢᠷᠠᠭ᠎ᠠ ᠦᠭᠡᠢ᠂ ᠳᠡᠯᠡᠬᠡᠢ ᠶᠢᠨ ᠠᠵᠤ ᠠᠬᠤᠢ ᠭᠦᠨᠵᠡᠭᠡᠢ ᠲᠤᠬᠢᠷᠠᠭᠤᠯᠤᠯᠳᠠ ᠶᠢᠨ ᠳᠤᠮᠳᠠ ᠨᠤᠭᠤᠷᠠᠯ ᠪᠦᠳᠦᠷᠢᠯ | ᠲᠠᠢ ᠪᠠᠷ ᠰᠡᠷᠭᠦᠵᠦ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠠ ᠠᠵᠤ | ᠦᠢᠯᠡᠰ ᠤᠨ ᠬᠤᠪᠢᠰᠤᠯᠲᠠ ᠳᠤ ᠬᠦᠴᠦᠨ ᠴᠢᠳᠠᠯ ᠨᠦᠬᠡᠴᠡᠯᠡᠵᠦ᠂ ᠰᠢᠨ᠎ᠡ ᠠᠵᠤ ᠦᠢᠯᠡᠰ᠂ ᠰᠢᠨ᠎ᠡ ᠡᠵᠡᠩᠨᠡᠯᠲᠡ ᠶᠢᠨ | ᠬᠡᠯᠪᠡᠷᠢ ᠪᠠ ᠰᠢᠨ᠎ᠡ ᠵᠠᠭᠪᠤᠷ ᠢ ᠪᠣᠶᠢᠵᠢᠭᠤᠯᠤᠨ᠂ ᠬᠥᠭᠵᠢᠯᠲᠡ ᠶᠢᠨ ᠣᠷᠣᠨ ᠵᠠᠢ ᠨᠡᠩ ᠶᠡᠭᠡ᠂ ᠬᠥᠭᠵᠢᠯᠲᠡ ᠶᠢᠨ | ᠬᠦᠷᠢᠶ᠎ᠡ ᠨᠡᠩ ᠥᠷᠭᠡᠨ ᠠᠭᠤᠳᠠᠮ ᠪᠣᠯᠤᠨ᠎ᠠ᠃ ᠤᠯᠤᠰ ᠤᠨ ᠲᠠᠯ᠎ᠠ ᠠᠴᠠ ᠵᠠᠳᠠᠯᠪᠠᠯ᠂ ᠪᠥᠬᠦ ᠤᠯᠤᠰ ᠤᠨ ᠠᠵᠤ ᠠᠬᠤᠶ | ᠶᠢᠨ ᠬᠥᠭᠵᠢᠯᠲᠡ ᠬᠤᠷᠳᠤᠴᠠ ᠶᠢᠨ ᠬᠤᠪᠢᠷᠠᠯᠲᠠ᠂ ᠪᠦᠲᠦᠴᠡ ᠶᠢᠨ ᠰᠢᠯᠢᠳᠡᠭᠵᠢᠯᠲᠡ ᠪᠠ ᠬᠥᠳᠡᠯᠭᠡᠬᠦ ᠬᠦᠴᠦᠨ ᠤ | ᠰᠣᠯᠢᠭᠳᠠᠯ ᠤᠨ ᠰᠢᠨ᠎ᠡ ᠬᠡᠪ ᠪᠠᠶᠢᠳᠠᠯ ᠳᠤ ᠣᠷᠣᠵᠤ᠂ ᠬᠡᠳᠦᠶᠢᠪᠡᠷ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠳᠤ ᠨᠦᠯᠦᠭᠡᠯᠡᠭᠳᠡᠭᠰᠡᠨ ᠪᠣᠯᠪᠠᠴᠤ ᠠᠵᠤ ᠠᠬᠤᠶ ᠶᠢᠨ ᠣᠷᠳᠣ ᠬᠤᠭᠤᠴᠠᠭ᠎ᠠ ᠪᠠᠷ ᠰᠠᠶᠢᠵᠢᠷᠠᠬᠤ | ᠦᠨᠳᠦᠰᠦᠨ ᠪᠠᠶᠢᠳᠠᠯ ᠬᠤᠪᠢᠷᠬᠠᠰᠠᠨ ᠥᠬᠡᠶ᠃ ᠬᠤᠰᠢᠭᠤᠨ ᠤ ᠲᠠᠯ᠎ᠠ ᠠᠴᠠ ᠵᠠᠳᠠᠯᠪᠠᠯ᠂ ︽ᠠᠷᠪᠠᠨ ᠭᠤᠷᠪᠠᠳᠤᠭᠠᠷ | ᠲᠠᠪᠤᠨ ᠵᠢᠯ︾ ᠤᠨ ᠲᠦᠯᠦᠪᠵᠢᠭᠦᠯᠭᠡ ᠶᠢᠨ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠪᠠᠷ | ᠳᠠᠮᠵᠢᠨ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠢᠯᠡᠳᠲᠡ ᠴᠢᠩᠭᠠᠷᠠᠵᠤ᠂ ᠲᠥᠷᠦ ᠶᠢᠨ | ᠪᠣᠳᠣᠯᠭ᠎ᠠ ᠶᠢᠨ ᠠᠰᠢᠭ ᠲᠤᠰᠠ᠂ ᠥᠭᠡᠷᠡᠴᠢᠯᠡᠯᠲᠡ ᠶᠢᠨ ᠠᠰᠢᠭ ᠲᠤᠰᠠ᠂ ᠠᠮᠢ ᠠᠬᠤᠢ ᠶᠢᠨ ᠠᠰᠢᠭ ᠲᠤᠰᠠ ᠪᠠ | ᠨᠡᠭᠡᠭᠡᠯᠲᠡ ᠶᠢᠨ ᠠᠰᠢᠭ ᠲᠤᠰᠠ ᠴᠤ ᠳᠠᠪᠬᠤᠴᠠᠨ ᠢᠯᠡᠷᠡᠵᠦ ᠪᠤᠢ᠂ ᠡᠳᠡᠭᠡᠷ ᠢᠳᠡᠪᠬᠢ ᠬᠦᠴᠦᠨ ᠵᠦᠢᠯ ᠢᠷᠡᠭᠡᠳᠦᠢ | ᠶᠢᠨ ᠲᠠᠪᠤᠨ ᠵᠢᠯ ᠤᠨ ᠬᠥᠭᠵᠢᠯᠲᠡ ᠳᠤ ᠠᠰᠢᠭᠲᠠᠢ ᠨᠥᠬᠦᠴᠡᠯ ᠢ ᠡᠭᠦᠳᠦᠨ ᠥᠭᠴᠦ᠂ ᠤᠳᠠᠭᠠᠨ ᠳᠠᠭᠠᠭᠠᠮᠠᠭᠠᠢ | ᠬᠦᠳᠡᠯᠭᠡᠬᠦ ᠬᠦᠴᠦᠨ ᠬᠠᠩᠭᠠᠬᠤ ᠪᠣᠯᠤᠨ᠎ᠠ᠃ | ︽ᠤᠯᠤᠰ ᠠᠷᠠᠳ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ | ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠳᠤᠮᠳᠠᠳᠤ ᠤᠯᠤᠰ | ᠤᠨ ᠡᠪ ᠬᠠᠮᠲᠤ ᠨᠠᠮ ᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠤᠷᠢᠶ᠎ᠠ ᠶᠢᠨ ᠰᠠᠨᠠᠭᠤᠯᠭ᠎ᠠ︾ ᠶᠢ ᠦᠨᠳᠦᠰᠦᠯᠡᠨ᠂ | ᠬᠤᠰᠢᠭᠤᠨ ᠤ ᠵᠠᠰᠠᠭ ᠤᠨ ᠣᠷᠳᠣᠨ ︽ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠠᠷᠠᠳ ᠤᠨ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ | ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠶᠡᠭᠡ ᠬᠤᠷᠠᠯ ᠳᠤ ᠬᠢᠨᠠᠨ | ᠵᠥᠪᠯᠡᠭᠦᠯᠬᠦ ᠪᠠᠷ ᠳᠡᠪᠰᠢᠭᠦᠯᠪᠡ᠃ ︽ᠬᠥᠲᠥᠯᠪᠦᠷᠢ ︵ᠲᠥᠰᠦᠯ︶︾ ᠳᠤ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ᠂ | ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠬᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ | ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠪᠠ ᠰᠢᠰᠲ᠋ᠧᠮ ᠤᠨ ᠦᠵᠡᠯᠲᠡ ᠶᠢ ᠪᠠᠷᠢᠮᠲᠠᠯᠠᠬᠤ ᠵᠡᠷᠭᠡ ᠲᠠᠯ᠎ᠠ | ᠠᠴᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠲᠡᠮᠡᠴᠡᠬᠦ ᠬᠠᠷᠠᠯᠲᠠ | ᠶᠢᠨ ᠦᠨᠳᠦᠰᠦᠨ ᠵᠢᠷᠤᠮᠯᠠᠯ ᠢ ᠭᠦᠨᠵᠡᠭᠡᠶ ᠲᠣᠳᠣᠷᠬᠠᠶᠢᠯᠠᠨ ᠥᠭᠦᠯᠡᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ | ᠪᠣᠬᠢᠷᠲᠤᠯ ᠥᠬᠡᠶ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ | ᠢᠶᠠᠷ ᠡᠷᠡᠰ ᠭᠤᠶᠢᠪᠢᠰᠢ ᠥᠬᠡᠶ ᠵᠠᠮᠨᠠᠬᠤ ᠱᠠᠭᠠᠷᠳᠠᠯᠭ᠎ᠠ ᠶᠢ ᠲᠣᠳᠣᠷᠬᠠᠶᠢᠯᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠦᠯᠦᠪᠵᠢᠭᠦᠯᠭᠡ ᠶᠢᠨ ᠬᠤᠭᠤᠴᠠᠭᠠᠨ ᠳᠠᠬᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ | ᠶᠢᠨ ᠭᠤᠤᠯ ᠬᠠᠷᠠᠯᠲᠠ ᠪᠠ 2035 ᠣᠨ ᠤ ᠠᠯᠤᠰ ᠤᠨ ᠬᠠᠷᠠᠯᠲᠠ ᠶᠢ ᠳᠤᠷᠠᠳᠪᠠ᠂ ᠠᠳᠡ ᠭᠤᠤᠯᠳᠠᠭᠤ | ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠶᠢᠨ ᠲᠤᠬᠠᠢ ᠲᠣᠪᠴᠢ ᠮᠡᠳᠡᠭᠦᠯᠦᠯᠲᠡ ᠬᠢᠶ᠎ᠡ᠃ | — — ᠠᠵᠤ ᠠᠬᠤᠢ ᠶᠢᠨ ᠪᠣᠳᠠᠲᠤ ᠬᠦᠴᠦᠨ ᠤ ᠰᠢᠨ᠎ᠡ ᠦᠰᠦᠷᠦᠯᠲᠡ ᠶᠢ ᠪᠡᠶᠡᠯᠡᠭᠦᠯᠦᠨ᠎ᠡ᠃ ᠣᠷᠣᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠵᠢᠯ ᠳᠤᠮᠳᠠᠴᠢ ᠨᠡᠮᠡᠭᠳᠡᠯ ᠤᠨ ᠬᠤᠷᠳᠤᠴᠠ ᠪᠦᠬᠦ | ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠵᠤ᠂ ᠠᠵᠤ ᠠᠬᠤᠢ ᠶᠢᠨ ᠪᠣᠳᠠᠲᠤ ᠬᠦᠴᠦᠨ᠂ | ᠥᠷᠢᠰᠦᠯᠳᠦᠬᠦ ᠬᠦᠴᠦᠨ ᠪᠠ ᠨᠥᠯᠥᠭᠡᠯᠡᠬᠦ ᠬᠦᠴᠦᠨ ᠢᠯᠡᠳᠲᠡ ᠴᠢᠩᠭᠠᠷᠠᠨ᠎ᠠ᠃ ᠠᠵᠤ ᠦᠢᠯᠡᠰ ᠤᠨ ᠪᠦᠲᠦᠴᠡ | ᠤᠯᠠᠮ ᠰᠢᠯᠢᠳᠡᠭᠵᠢᠵᠦ᠂ ᠮᠠᠯ ᠠᠵᠤ ᠠᠬᠤᠢ᠂ ᠥᠩᠭᠡᠲᠦ ᠲᠡᠮᠦᠷᠯᠢᠭ ᠤᠨ ᠠᠵᠤ ᠦᠢᠯᠡᠰ᠂ ᠰᠣᠶᠣᠯ ᠵᠢᠭᠤᠯᠴᠢᠯᠠᠯ ᠤᠨ | ᠦᠢᠯᠡᠰ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠭᠤᠣᠯᠳᠠᠯᠭ᠎ᠠ ᠲᠠᠢ ᠠᠵᠤ ᠦᠢᠯᠡᠰ ᠢ ᠳᠤᠮᠳᠠ | ᠳᠡᠭᠡᠳᠦ ᠲᠡᠰ ᠤᠨ ᠬᠢᠷᠢ ᠲᠦᠪᠰᠢᠨ ᠳᠤ ᠬᠦᠷᠭᠡᠨ᠎ᠡ᠃ | — — ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠰᠢᠨ᠎ᠡ ᠳᠠᠪᠰᠢᠯᠲᠠ ᠲᠠᠢ ᠪᠣᠯᠭᠠᠨ᠎ᠠ᠃ | ᠠᠭᠤᠯᠠ ᠤᠰᠤ ᠣᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠤᠨ ᠵᠠᠰᠠᠯᠲᠠ ᠶᠢᠨ ᠰᠢᠰᠲ᠋ᠧᠮ | ᠤᠯᠠᠮ ᠨᠢᠭᠡ ᠠᠯᠬᠤᠮ ᠲᠡᠭᠦᠯᠳᠡᠷᠵᠢᠵᠦ᠂ ᠬᠥᠯᠥᠨ ᠪᠣᠶᠢᠷ ᠤᠨ ᠴᠢᠬᠤᠯᠠ ᠠᠮᠢ ᠠᠬᠤᠢ ᠶᠢᠨ ᠲᠤᠯᠭᠠᠭᠤᠷᠢᠯᠠᠬᠤ ᠣᠷᠣᠨ | ᠤ ᠦᠷ᠎ᠡ ᠪᠦᠲᠦᠮᠵᠢ ᠢᠯᠡᠳᠲᠡ ᠪᠣᠯᠵᠤ᠂ ᠡᠬᠡ ᠤᠯᠤᠰ ᠤᠨ ᠤᠮᠠᠷᠠᠲᠤ ᠬᠢᠯᠢ ᠶᠢᠨ ᠪᠣᠬᠢᠷᠲᠤᠯ ᠦᠭᠡᠢ ᠬᠠᠯᠬᠠᠪᠴᠢ | ᠪᠠᠬᠢᠵᠢᠨ᠂ ᠠᠮᠢ ᠠᠬᠤᠢ ᠶᠢᠨ ᠠᠵᠤ ᠦᠢᠯᠡᠰᠵᠢᠬᠦ᠂ ᠠᠵᠤ ᠦᠢᠯᠡᠰ ᠤᠨ ᠠᠮᠢ ᠠᠬᠤᠶᠢᠵᠢᠬᠤ ᠠᠬᠢᠴᠠ ᠤᠯᠠᠮ ᠨᠢᠭᠡ | ᠠᠯᠬᠤᠮ ᠲᠦᠷᠭᠡᠳᠴᠦ᠂ ᠬᠤᠲᠠ ᠬᠥᠳᠡᠭᠡ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠪᠦᠬᠦ ᠲᠠᠯ᠎ᠠ ᠪᠠᠷ | ᠰᠠᠶᠢᠵᠢᠷᠠᠨ᠂ ᠨᠠᠭᠤᠷ ᠴᠥᠭᠦᠷᠥᠮ ᠭᠤᠣᠯ ᠮᠥᠷᠡᠨ ᠨᠤᠭᠤ ᠭᠠᠵᠠᠷ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ | ᠰᠢᠰᠲ᠋ᠧᠮ ᠢ ᠬᠠᠮᠠᠭᠠᠯᠠᠨ ᠰᠡᠷᠭᠦᠭᠡᠵᠦ᠂ ᠲᠩᠷᠢ ᠨᠢ ᠨᠠᠩ ᠴᠡᠯᠮᠡᠭ᠂ ᠠᠭᠤᠯᠠ ᠨᠢ ᠨᠠᠩ ᠬᠥᠬᠡ᠂ ᠤᠰᠤ ᠨᠢ ᠨᠠᠩ | ᠲᠤᠩᠭᠠᠯᠠᠭ᠂ ᠠᠮᠢ ᠠᠬᠤᠢ ᠣᠷᠴᠢᠨ ᠲᠣᠭᠤᠷᠢᠨ ᠨᠠᠩ ᠰᠠᠶᠢᠨ ᠰᠠᠶᠢᠬᠠᠨ ᠪᠣᠯᠬᠤ ᠶᠢ ᠪᠡᠶᠡᠯᠡᠭᠦᠯᠦᠨ᠎ᠡ᠃ | — — ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠰᠢᠨ᠎ᠡ ᠳᠡᠭᠡᠭᠰᠢᠯᠡᠯᠲᠡ ᠲᠠᠢ ᠪᠣᠯᠭᠠᠨ᠎ᠠ᠃ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠶᠠᠰᠤ ᠴᠢᠨᠠᠷ ᠤᠯᠠᠮ ᠴᠢᠨᠠᠭᠰᠢᠳᠠ ᠳᠡᠭᠡᠭᠰᠢᠯᠡᠵᠦ᠂ ᠬᠤᠲᠠ | ᠪᠠᠯᠭᠠᠰᠤ ᠶᠢᠨ ᠴᠢᠳᠠᠪᠬᠢ ᠪᠠ ᠣᠷᠣᠨ ᠵᠠᠢ ᠶᠢᠨ ᠪᠠᠶᠢᠷᠢᠰᠢᠭᠤᠯᠤᠯᠲᠠ ᠲᠠᠰᠤᠷᠠᠯᠲᠠ ᠦᠭᠡᠢ ᠰᠢᠯᠢᠳᠡᠭᠵᠢᠨ᠂ ᠬᠤᠲᠠ | ᠪᠠᠯᠭᠠᠰᠤ ᠶᠢᠨ ᠰᠠᠭᠤᠷᠢ ᠲᠥᠬᠦᠭᠡᠷᠦᠮᠵᠢ ᠨᠠᠩ ᠲᠡᠭᠦᠯᠳᠡᠷᠵᠢᠵᠦ᠂ ᠬᠤᠲᠠ ᠪᠠᠯᠭᠠᠰᠤ ᠶᠢᠨ ᠴᠢᠳᠠᠪᠬᠢ ᠴᠢᠨᠠᠷ ᠴᠢᠨᠰᠠᠭ᠎ᠠ | ᠢᠯᠡᠳᠲᠡ ᠰᠠᠶᠢᠵᠢᠷᠠᠨ᠂ ᠬᠤᠲᠠ ᠪᠠᠯᠭᠠᠰᠤ ᠶᠢᠨ ᠬᠠᠮᠢᠶᠠᠷᠤᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠵᠦ᠂ | ᠤᠶᠤᠨᠲᠤ ᠬᠤᠲᠠ᠂ ᠰᠣᠶᠣᠯ ᠢᠷᠭᠡᠨᠰᠢᠯ ᠤᠨ ᠬᠤᠲᠠ ᠪᠠ ᠪᠣᠬᠢᠷᠲᠤᠯ ᠦᠭᠡᠢ ᠬᠤᠲᠠ ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢᠳᠡᠪᠬᠢᠲᠡᠢ ᠠᠬᠢᠯᠲᠠ | ᠲᠠᠢ ᠪᠣᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠨ᠂ ᠮᠠᠯᠵᠢᠬᠤ | ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢᠯᠡᠳᠲᠡ ᠰᠠᠶᠢᠵᠢᠷᠠᠯᠲᠠ ᠲᠠᠢ ᠪᠣᠯᠣᠨ᠎ᠠ᠃ | — — ᠠᠷᠠᠳ ᠤᠨ ᠠᠮᠢᠳᠤᠷᠠᠯ ᠤᠨ ᠪᠤᠶᠠᠨ ᠬᠡᠰᠢᠭ ᠢ ᠰᠢᠨ᠎ᠡ ᠲᠦᠪᠰᠢᠨ ᠳᠤ ᠬᠦᠷᠭᠡᠨ᠎ᠡ᠃ ᠨᠡᠩ | ᠭᠦᠢᠴᠡᠳ ᠨᠡᠩ ᠴᠢᠨᠠᠷ ᠰᠠᠶᠢᠲᠠᠢ ᠠᠵᠢᠯ ᠣᠯᠭᠤᠯᠲᠠ ᠶᠢ ᠪᠡᠶᠡᠯᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ | ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠢ ᠶᠢᠨ ᠨᠡᠮᠡᠭᠳᠡᠯ ᠲᠠᠢ ᠦᠨᠳᠦᠰᠦᠨ ᠳᠡᠭᠡᠨ ᠠᠯᠬᠤᠭ᠎ᠠ ᠨᠢᠭᠡᠲᠡᠢ | ᠪᠣᠯᠭᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠢ ᠬᠠᠮᠤᠷᠤᠭᠰᠠᠨ ᠤᠯᠠᠨ ᠨᠡᠶᠢᠲᠡ ᠶᠢᠨ ᠦᠢᠯᠡᠴᠢᠯᠡᠭᠡᠨ ᠤ | ᠰᠢᠰᠲ᠋ᠧᠮ ᠪᠣᠯᠤᠨ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠨᠡᠩ ᠲᠡᠭᠦᠯᠳᠡᠷᠵᠢᠨ᠂ ᠴᠢᠨᠠᠷ ᠰᠠᠶᠢᠲᠠᠢ ᠪᠦᠭᠡᠳ | ᠲᠡᠩᠴᠡᠭᠦᠷᠢᠲᠡᠢ ᠤᠳᠤᠬᠢᠴᠢᠯᠠᠯᠳᠠ ᠶᠢᠨ ᠰᠤᠷᠭᠠᠨ ᠬᠥᠮᠦᠵᠢᠯ ᠤᠨ ᠰᠢᠰᠲ᠋ᠧᠮ ᠪᠣᠯᠤᠨ ᠳᠥᠭᠦᠮ ᠳᠥᠲᠡ ᠪᠦᠭᠡᠳ | ᠥᠨᠳᠥᠷ ᠪᠦᠲᠦᠮᠵᠢᠲᠡᠢ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠦᠨᠳᠦᠰᠦᠨ ᠳᠡᠭᠡᠨ | ᠪᠤᠢ ᠪᠣᠯᠵᠤ᠂ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠦᠷ᠎ᠡ ᠪᠦᠲᠦᠮᠵᠢ ᠢᠯᠡᠳᠲᠡ ᠪᠣᠯᠵᠤ᠂ ᠣᠷᠣᠨ ᠪᠦᠰᠡ ᠶᠢᠨ ᠤᠨᠴᠠᠯᠢᠬᠳᠤ ᠰᠣᠶᠣᠯ ᠢ ᠤᠯᠠᠮ ᠨᠢᠭᠡ | ᠠᠯᠬᠤᠮ ᠢᠯᠡᠷᠡᠭᠦᠯᠵᠦ᠂ ᠨᠡᠶᠢᠭᠡᠮ ᠤᠨ ᠦᠢᠯᠡᠰ ᠤᠨ ᠣᠷᠣᠨ ᠪᠦᠰᠡ ᠶᠢᠨ ᠬᠥᠭᠵᠢᠯᠲᠡ ᠶᠢ ᠬᠦᠳᠦᠯᠦᠨ ᠳᠠᠭᠠᠭᠤᠯᠬᠤ | ᠦᠢᠯᠡᠳᠦᠯ ᠡᠳᠦᠷ ᠢᠷᠡᠬᠦᠶ᠎ᠡ ᠴᠢᠩᠭᠠᠷᠠᠨ᠎ᠠ᠃ | — — ᠥᠭᠡᠷᠡᠴᠢᠯᠡᠯᠲᠡ ᠨᠡᠭᠡᠭᠡᠯᠲᠡ ᠶᠢᠨ ᠰᠢᠨ᠎ᠡ ᠠᠯᠬᠤᠮ ᠢ ᠠᠯᠬᠤᠨ᠎ᠠ᠃ ᠭᠤᠣᠯᠳᠠᠯᠭ᠎ᠠ ᠲᠠᠢ ᠬᠦᠷᠢᠶ᠎ᠡ | ᠴᠠᠷᠠᠭ᠎ᠠ ᠪᠠ ᠵᠠᠩᠭᠢᠯᠠᠭ᠎ᠠ ᠶᠢᠨ ᠭᠤᠭᠴᠣᠭᠠᠨ ᠤ ᠥᠭᠡᠷᠡᠴᠢᠯᠡᠯᠲᠡ ᠳᠤ ᠪᠣᠳᠠᠲᠤ ᠴᠢᠨᠠᠷᠲᠠᠢ ᠦᠷ᠎ᠡ ᠪᠦᠲᠦᠮᠵᠢ ᠣᠯᠵᠤ᠂ | ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠨᠡᠶᠢᠭᠡᠮ ᠵᠢᠷᠤᠮ ᠤᠨ | ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠨᠠᠩ ᠲᠡᠭᠦᠯᠳᠡᠷᠵᠢᠨ᠂ ᠥᠭᠡᠷᠡᠴᠢᠯᠡᠯᠲᠡ ᠶᠢᠨ ᠠᠰᠢᠭ ᠲᠤᠰᠠ | ᠶᠢ ᠭᠦᠢᠴᠡᠳ ᠪᠠᠳᠠᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠠᠮᠢᠵᠢᠷᠠᠯ ᠤᠨ ᠬᠦᠴᠦᠨ ᠲᠠᠢ | ᠪᠣᠯᠭᠠᠨ᠎ᠠ᠃ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠪᠥᠬᠦ ᠲᠠᠯ᠎ᠠ ᠪᠠᠷ ᠳᠡᠭᠡᠭᠰᠢᠯᠡᠨ᠂ ᠨᠠᠩ ᠶᠡᠭᠡ ᠬᠡᠪᠴᠢᠶ᠎ᠡ᠂ | ᠨᠠᠩ ᠥᠷᠭᠡᠨ ᠬᠦᠷᠢᠶ᠎ᠡ ᠴᠠᠷᠠᠭ᠎ᠠ ᠪᠠ ᠨᠠᠩ ᠭᠦᠨ ᠳᠠᠪᠬᠤᠷᠭ᠎ᠠ ᠶᠢᠨ ᠦᠷᠭᠡᠨ ᠬᠡᠪᠴᠢᠶᠡᠨ ᠤ ᠪᠣᠭᠤᠮᠲᠠ ᠶᠢᠨ ᠠᠵᠤ | ᠠᠬᠤᠶ ᠶᠢᠨ ᠬᠥᠭᠵᠢᠯᠲᠡ ᠶᠢ ᠠᠬᠢᠭᠤᠯᠵᠤ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠠᠵᠤ ᠠᠬᠤᠶ ᠶᠢᠨ | ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠨᠡᠭᠡᠭᠡᠯᠲᠡᠲᠦ ᠬᠡᠯᠪᠡᠷᠢ ᠶᠢᠨ ᠠᠵᠤ ᠠᠬᠤᠶ | ᠶᠢᠨ ᠳᠠᠪᠠᠯᠲᠠ ᠶᠢᠨ ᠴᠢᠨᠠᠷᠲᠠᠶ ᠳᠠᠪᠰᠢᠯᠲᠠ ᠶᠢ ᠪᠡᠶᠡᠯᠡᠭᠦᠯᠦᠨ᠎ᠡ᠃ | — — ᠨᠡᠶᠢᠭᠡᠮ ᠤᠨ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠶᠢ ᠣᠯᠣᠨ᠎ᠠ᠃ ᠨᠠᠮ ᠤᠨ ᠬᠤᠷᠢᠶ᠎ᠠ | ᠤᠳᠤᠷᠢᠳᠬᠤ᠂ ᠵᠠᠰᠠᠭ ᠤᠨ ᠣᠷᠳᠣᠨ ᠢᠶᠠᠷ ᠭᠤᠤᠯᠯᠠᠬᠤ᠂ ᠨᠡᠶᠢᠭᠡᠮ ᠢᠶᠠᠷ ᠢᠶᠠᠨ ᠬᠠᠮᠵᠢᠯᠴᠠᠬᠤ᠂ ᠤᠯᠠᠨ ᠨᠡᠶᠢᠲᠡ ᠪᠠᠷ | ᠢᠶᠠᠨ ᠤᠷᠤᠯᠴᠠᠬᠤ᠂ ᠬᠠᠤᠯᠢᠵᠢᠯ ᠤᠨ ᠪᠠᠲᠤᠯᠠᠭ᠎ᠠ ᠲᠠᠢ ᠨᠡᠶᠢᠭᠡᠮ ᠤᠨ ᠵᠠᠰᠠᠯᠲᠠ ᠶᠢᠨ ᠰᠢᠰᠲ᠋ᠧᠮ ᠳᠠᠰᠤᠷᠠᠯᠳᠠ ᠦᠭᠡᠢ | ᠲᠡᠭᠦᠯᠳᠡᠷᠵᠢᠵᠦ᠂ ᠨᠡᠶᠢᠭᠡᠮ ᠵᠢᠷᠤᠮ ᠤᠨ ᠠᠷᠠᠳᠴᠢᠯᠠᠯ ᠬᠠᠤᠯᠢᠵᠢᠯ ᠨᠡᠩ ᠪᠦᠷᠢᠨᠰᠢᠨ᠂ ᠨᠡᠶᠢᠭᠡᠮ ᠤᠨ ᠲᠥᠪ ᠭᠤᠣᠯᠴᠢ | ᠰᠢᠳᠤᠷᠭᠤ ᠶᠣᠰᠣ ᠤᠯᠠᠮ ᠨᠢᠭᠡ ᠠᠯᠬᠤᠮ ᠢᠯᠡᠷᠡᠵᠦ᠂ ᠦᠨᠳᠦᠰᠦᠨ ᠱᠠᠲᠤᠨ ᠤ ᠵᠠᠰᠠᠯᠲᠠ ᠶᠢᠨ ᠲᠦᠪᠰᠢᠨ | ᠮᠡᠳᠡᠭᠳᠡᠮ᠎ᠡ ᠳᠡᠭᠡᠭᠰᠢᠯᠡᠨ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ | ᠲᠣᠭᠲᠠᠴᠠ ᠳᠠᠰᠤᠷᠠᠯᠳᠠ ᠦᠭᠡᠢ ᠲᠡᠭᠦᠯᠳᠡᠷᠵᠢᠵᠦ᠂ ᠤᠯᠠᠨ ᠨᠡᠶᠢᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ | ᠢ ᠠᠷᠭᠠᠴᠠᠬᠤ ᠴᠢᠳᠠᠪᠤᠷᠢ ᠮᠡᠳᠡᠭᠳᠡᠮ᠎ᠡ ᠴᠢᠩᠭᠠᠷᠠᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠲᠦᠪᠰᠢᠨ ᠮᠡᠳᠡᠭᠳᠡᠮ᠎ᠡ | ᠳᠡᠭᠡᠭᠰᠢᠯᠡᠵᠦ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠤᠯᠠᠮ ᠬᠦᠴᠦᠲᠡᠢ ᠪᠤᠯᠵᠦ᠂ ᠨᠡᠶᠢᠭᠡᠮ ᠤᠨ ᠡᠮᠬᠢ | ᠳᠢᠭᠯᠢᠮ ᠤᠯᠠᠮ ᠠᠮᠤᠷ ᠲᠣᠭᠲᠠᠭᠤᠨ ᠪᠤᠯᠵᠤ᠂ ᠨᠡᠶᠢᠭᠡᠮ ᠤᠨ ᠵᠠᠰᠠᠯᠲᠠ ᠶᠢᠨ ᠲᠦᠪᠰᠢᠨ ᠢ ᠰᠢᠨ᠎ᠡ ᠳᠡᠭᠲᠡᠷ ᠲᠤ | ᠭᠠᠷᠭᠠᠨ᠎ᠠ᠃ | ᠭᠤᠷᠪᠠ᠂ 2021 ᠣᠨ ᠤ ᠠᠵᠢᠯ ᠤᠨ ᠲᠣᠬᠢᠷᠠᠭᠤᠯᠤᠯᠲᠠ | 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠬᠦ | ᠡᠬᠢᠯᠡᠯᠲᠡ ᠶᠢᠨ ᠵᠢᠯ ᠪᠣᠯᠬᠤ ᠪᠦᠭᠡᠳ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠠᠶᠢᠭᠤᠯᠬᠤ | ᠡᠬᠢᠯᠡᠯᠲᠡ ᠶᠢᠨ ᠵᠢᠯ ᠪᠣᠯᠣᠨ᠎ᠠ᠂ ᠨᠡᠩ ᠴᠤ ᠮᠠᠨ ᠤ ᠬᠤᠰᠢᠭᠤᠨ ᠤ ᠬᠡᠯᠪᠡᠷᠢ ᠶᠢ ᠬᠤᠪᠢᠷᠠᠭᠤᠯᠤᠨ ᠬᠦᠭᠵᠢᠭᠦᠯᠬᠦ ᠶᠢ | ᠲᠦᠷᠭᠡᠳᠬᠡᠬᠦ ᠵᠠᠩᠭᠢᠯᠠᠭ᠎ᠠ ᠶᠢᠨ ᠵᠢᠯ ᠪᠣᠯᠤᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠨᠥᠯᠥᠭᠡ ᠠᠴᠠ ᠪᠣᠯᠵᠣ᠂ ᠠᠵᠤ ᠠᠬᠤᠶ ᠶᠢᠨ ᠨᠡᠮᠡᠭᠳᠡᠯ ᠤᠨ ᠲᠣᠭᠲᠠᠪᠤᠷᠢ ᠥᠬᠡᠶ ᠴᠢᠨᠠᠷ ᠨᠡᠮᠡᠭᠳᠡᠵᠦ᠂ ᠲᠤᠯᠭᠠᠷᠠᠵᠤ | ᠪᠠᠶᠢᠭ᠎ᠠ ᠪᠠᠶᠢᠳᠠᠯ ᠨᠠᠩ ᠬᠦᠨᠳᠦ ᠨᠣᠴᠢᠲᠠᠶ ᠪᠣᠯᠣᠭᠰᠠᠨ ᠪᠠᠶᠢᠨ᠎ᠠ᠂ ᠡᠶᠢᠮᠦ ᠠᠴᠠ ᠪᠢᠳᠡ ᠬᠥᠭᠵᠢᠯᠲᠡ ᠶᠢᠨ ᠢᠲᠡᠭᠡᠯ ᠢ | ᠤᠯᠠᠮ ᠨᠡᠮᠡᠭᠳᠡᠭᠦᠯᠵᠦ᠂ ᠡᠯ᠎ᠡ ᠲᠠᠯ᠎ᠠ ᠶᠢᠨ ᠥᠷᠢᠰᠥᠯᠳᠦᠭᠡᠨ ᠢ ᠢᠳᠡᠪᠬᠢᠲᠡᠶ ᠠᠷᠭᠠᠴᠠᠬᠤ ᠬᠡᠷᠡᠭᠲᠡᠢ᠃ | ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠪᠣᠯᠤᠨ ᠶᠡᠷᠦᠩᠬᠡᠶ | ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠴᠣᠬᠤᠯᠠᠪᠤᠷᠢ ᠵᠢᠭᠠᠪᠤᠷᠢ ᠶᠢᠨ | ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ᠂ ᠬᠥᠯᠥᠨ ᠪᠣᠶᠢᠷ ᠬᠤᠲᠠ ᠶᠢᠨ | ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠨ ᠭᠤᠷᠪᠠᠳᠤᠭᠠᠷ ᠤᠳᠠᠭᠠᠨ ᠤ ᠪᠦᠭᠦᠳᠡ ᠬᠤᠷᠠᠯ᠂ | ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠶᠢᠰᠦᠳᠦᠭᠡᠷ ᠤᠳᠠᠭᠠᠨ ᠤ ᠪᠥᠬᠦᠳᠡ | ᠬᠤᠷᠠᠯ ᠵᠢᠴᠢ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠪᠠᠷᠢᠮᠲᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠦᠯᠦᠪᠵᠢᠭᠦᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ | ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠮᠢ ᠠᠬᠤᠢ ᠶᠢᠨ | ᠪᠣᠯᠪᠠᠰᠤᠨ ᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠤᠨ᠂ ᠬᠡᠯᠪᠡᠷᠢ | ᠶᠢ ᠬᠤᠪᠢᠷᠠᠭᠤᠯᠤᠨ ᠳᠡᠰ ᠳᠡᠪᠰᠢᠭᠦᠯᠬᠦ ᠶᠢ ᠬᠦᠴᠦᠯᠡᠨ ᠠᠬᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠬᠤ ᠪᠠᠷ ᠬᠦᠴᠦᠯᠡᠵᠦ᠂ ᠦᠵᠡᠰᠬᠦᠯᠡᠩᠲᠦ ᠰᠠᠶᠢᠬᠠᠨ ᠪᠠᠶᠠᠨ ᠲᠠᠩᠰᠤᠭ ᠡᠶ᠎ᠡ ᠵᠣᠬᠢᠴᠠᠩᠭᠤᠶ ᠠᠮᠤᠷ | ᠠᠮᠤᠭᠤᠯᠠᠩ ᠬᠥᠯᠥᠨ ᠪᠣᠶᠢᠷ ᠢ ᠪᠦᠲᠦᠭᠡᠨ ᠪᠠᠶᠢᠭᠤᠯᠬᠤ ᠠᠵᠢᠯ ᠤᠨ ᠳᠤᠮᠳᠠ ᠰᠢᠨ᠎ᠡ ᠪᠠᠷᠭᠤ ᠪᠠᠷᠠᠭᠤᠨ ᠬᠤᠰᠢᠭᠤᠨ | ᠤ ᠴᠤᠭ ᠵᠢᠪᠬᠤᠭ᠎ᠠ ᠶᠢ ᠪᠠᠳᠠᠷᠠᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ | ᠶᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ | ᠤᠨ ᠣᠶ ᠶᠢ ᠪᠠᠶᠠᠷᠯᠠᠨ ᠤᠭᠲᠤᠶ᠎ᠠ᠃ | ᠡᠨᠡ ᠵᠢᠯ ᠤᠨ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ | ᠬᠠᠷᠠᠯᠲᠠ ᠪᠣᠯ᠄ ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3% ᠣᠷᠴᠢᠮ ᠨᠡᠮᠡᠭᠳᠡᠭᠦᠯᠦᠨ᠎ᠡ︔ | ᠬᠤᠲᠠ ᠪᠠᠯᠭᠠᠰᠤ ᠶᠢᠨ ᠠᠵᠢᠯ ᠠᠯᠳᠠᠭᠰᠠᠳ ᠤᠨ ᠨᠣᠷᠮ᠎ᠠ ᠶᠢ 4.5% ᠳᠣᠲᠣᠷ᠎ᠠ ᠬᠢᠵᠠᠭᠠᠷᠯᠠᠨ᠎ᠠ︔ ᠨᠢᠭᠡᠴᠡ ᠶᠢᠨ | ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠤᠨ ᠡᠨᠧᠷᠭᠢ ᠶᠢᠨ ᠬᠤᠷᠣᠭᠳᠠᠯ ᠢ 2.75% ᠪᠠᠷ | ᠪᠠᠭᠤᠷᠠᠭᠤᠯᠤᠨ᠎ᠠ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠬᠤᠲᠠ ᠪᠠᠯᠭᠠᠰᠤ ᠪᠠ ᠮᠠᠯᠵᠢᠬᠤ ᠣᠷᠣᠨ ᠤ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠣᠭᠲᠠᠭᠤᠨ | ᠢᠶᠠᠷ ᠨᠡᠮᠡᠭᠳᠡᠭᠦᠯᠦᠨ᠎ᠡ︔ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠳᠡᠭᠡᠳᠦ | ᠱᠠᠲᠤᠨ ᠠᠴᠠ ᠪᠠᠭᠤᠯᠭᠠᠭᠰᠠᠨ ᠭᠦᠶᠴᠡᠳᠬᠡᠬᠦ ᠲᠤᠭ᠎ᠠ ᠶᠢᠨ ᠡᠭᠦᠷᠭᠡ ᠶᠣᠰᠣᠭᠠᠷ ᠪᠡᠶᠡᠯᠡᠭᠦᠯᠦᠨ᠎ᠡ᠃ | ᠳᠡᠭᠡᠷᠡᠬᠢ ᠬᠠᠷᠠᠯᠲᠠ ᠶᠢ ᠪᠡᠶᠡᠯᠡᠭᠦᠯᠬᠦ ᠳᠤ᠂ ᠳᠣᠣᠷᠠᠬᠢ ᠵᠢᠷᠭᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ | ᠰᠠᠶᠢᠲᠤᠷ ᠠᠳᠬᠤᠬᠤ ᠬᠡᠷᠡᠭᠲᠡᠢ᠄ | ︵ᠨᠢᠭᠡ︶ ᠠᠮᠢ ᠠᠬᠤᠶ ᠶᠢᠨ ᠪᠣᠯᠪᠠᠰᠤᠨ ᠤ ᠲᠣᠭᠲᠠᠯ ᠬᠦᠴᠦᠨ ᠢ ᠪᠠᠲᠤᠯᠠᠵᠤ᠂ ᠴᠢᠨᠠᠷ ᠰᠠᠶᠢᠲᠠᠶ | ᠬᠥᠭᠵᠢᠯᠲᠡ ᠶᠢᠨ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠢᠮᠠᠭᠲᠠ ᠪᠠᠲᠤᠯᠠᠵᠤ᠂ | ᠬᠥᠭᠵᠢᠯᠲᠡ ᠪᠣᠯᠤᠨ ᠬᠠᠮᠠᠭᠠᠯᠠᠯᠲᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠣᠷᠴᠢᠨ ᠲᠣᠭᠤᠷᠢᠨ ᠤ ᠦᠷ᠎ᠡ | ᠠᠰᠢᠭ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠤᠨ ᠳᠤᠮᠳᠠ ᠬᠥᠳᠡᠯᠦᠩᠭᠦᠢ ᠲᠡᠩᠴᠡᠭᠦᠷᠢ | ᠶᠢ ᠡᠷᠢᠯᠬᠢᠯᠡᠵᠦ᠂ ᠠᠮᠢ ᠠᠬᠤᠢ ᠣᠷᠴᠢᠨ ᠲᠣᠭᠤᠷᠢᠨ ᠤ ᠥᠨᠳᠥᠷ ᠲᠦᠪᠰᠢᠨ ᠪᠦᠬᠦᠢ ᠬᠠᠮᠠᠭᠠᠯᠠᠯᠲᠠ ᠪᠠᠷ ᠠᠵᠤ | ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ ᠠᠮᠢ ᠠᠬᠤᠶ ᠪᠠᠷ ᠬᠤᠰᠢᠭᠤ ᠪᠠᠨ ᠪᠠᠶᠢᠭᠤᠯᠬᠤ᠂ | ᠪᠣᠬᠢᠷᠲᠤᠯ ᠥᠬᠡᠶ ᠬᠡᠷ ᠣᠷᠣᠨ ᠢ ᠪᠥᠲᠥᠭᠡᠨ ᠪᠠᠶᠢᠭᠤᠯᠬᠤ ᠶᠢ ᠪᠠᠷᠢᠮᠲᠠᠯᠠᠨ᠂ ︽ᠠᠮᠢ ᠠᠬᠤᠶ ᠶᠢᠨ ᠪᠣᠯᠪᠠᠰᠤᠨ ᠤ | ᠪᠠᠶᠢᠭᠤᠯᠤᠯᠲᠠ ᠶᠢᠨ ᠰᠢᠨ᠎ᠡ ᠳᠠᠪᠰᠢᠯᠲᠠ ᠶᠢ ᠪᠡᠶᠡᠯᠡᠭᠦᠯᠬᠦ︾ ᠬᠠᠷᠠᠯᠲᠠ ᠶᠢ ᠪᠣᠳᠣᠯᠬᠢᠯᠠᠵᠤ᠂ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠣᠬᠢᠷᠲᠤᠯ ᠥᠬᠡᠶ ᠪᠠᠷ ᠬᠡᠯᠪᠡᠷᠢ ᠶᠢ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠤᠨ᠎ᠠ᠃ | ︽ᠭᠤᠷᠪᠠᠨ ᠱᠤᠭᠤᠮ ᠨᠢᠭᠡ ᠬᠠᠭᠤᠳᠠᠰᠤ︾ ᠪᠠᠷ ᠭᠤᠣᠯ ᠪᠣᠯᠭᠠᠭᠰᠠᠨ ᠠᠮᠢ ᠠᠬᠤᠢ ᠣᠷᠴᠢᠨ ᠲᠣᠭᠤᠷᠢᠨ ᠤ | ᠬᠠᠮᠢᠶᠠᠷᠤᠨ ᠡᠵᠡᠮᠳᠡᠬᠦ ᠰᠢᠰᠲ᠋ᠧᠮ ᠢ ᠪᠠᠶᠢᠭᠤᠯᠤᠨ᠂ ᠬᠥᠯᠥᠨ ᠪᠣᠶᠢᠷ ᠤᠨ ᠤᠯᠤᠰ ᠤᠨ ᠴᠡᠴᠡᠷᠯᠢᠭ ᠢ ᠡᠭᠦᠳᠦᠨ | ᠪᠠᠶᠢᠭᠤᠯᠬᠤ ᠳᠤ ᠢᠳᠡᠪᠬᠢᠲᠡᠢ ᠣᠷᠣᠯᠴᠠᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ | ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠤ | ᠵᠠᠰᠠᠯᠲᠠ ᠶᠢᠨ ᠣᠳᠣᠬᠢᠴᠢᠯᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠠᠭᠤᠯᠠ ᠤᠰᠤ ᠣᠢ ᠮᠣᠳᠣ ᠭᠠᠵᠠᠷ | ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠢ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ᠂ | ᠪᠦᠬᠦᠯᠢ ᠴᠣᠭᠴᠠ ᠪᠠᠷ ᠨᠢ ᠵᠠᠰᠠᠬᠤ ᠶᠢ ᠴᠢᠩᠭᠠᠳᠬᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ | ᠱᠠᠩᠨᠠᠯ᠂ ᠮᠠᠯᠵᠢᠬᠤ ᠶᠢ ᠵᠣᠭᠰᠣᠭᠠᠵᠤ ᠡᠪᠡᠰᠦ ᠪᠡᠯᠴᠢᠭᠡᠷ ᠢ ᠰᠡᠷᠭᠦᠭᠡᠬᠦ᠂ ᠲᠣᠭᠤᠷᠢᠭ ᠬᠤᠪᠢᠶᠠᠨ ᠰᠡᠯᠭᠦᠨ ᠮᠠᠯᠵᠢᠬᠤ᠂ | ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠥᠷᠦ ᠶᠢᠨ ᠪᠣᠳᠣᠯᠭ᠎ᠠ ᠶᠢ ᠦᠷᠭᠦᠯᠵᠢᠯᠡᠨ | ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠢ ᠵᠣᠬᠢᠰᠲᠠᠢ ᠠᠰᠢᠭᠯᠠᠬᠤ ᠵᠢᠴᠢ ᠮᠠᠯ ᠪᠡᠯᠴᠢᠭᠡᠷ ᠢ ᠲᠡᠩᠴᠡᠭᠦᠷᠢᠲᠡᠢ | ᠪᠠᠶᠢᠯᠭᠠᠬᠤ ᠠᠵᠢᠯ ᠤᠨ ᠦᠷ᠎ᠡ ᠪᠦᠲᠦᠮᠵᠢ ᠶᠢ ᠨᠠᠷᠢᠯᠢᠭ ᠣᠨᠣᠪᠴᠢᠲᠠᠢ ᠬᠢᠨᠠᠨ ᠬᠡᠮᠵᠢᠬᠦ ᠶᠢ ᠴᠢᠩᠭᠠᠳᠬᠠᠵᠤ᠂ | ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠬᠦ ᠠᠵᠢᠯᠯᠠᠭ᠎ᠠ ᠶᠢ ᠴᠢᠩᠭ᠎ᠠ ᠴᠠᠭᠠᠵᠠᠯᠠᠨ᠂ ᠣᠷᠴᠢᠨ ᠲᠣᠭᠤᠷᠢᠨ ᠢ | ᠵᠠᠰᠠᠨ ᠰᠡᠷᠭᠦᠭᠡᠬᠦ ᠴᠢᠳᠠᠪᠤᠷᠢ ᠶᠢ ᠳᠡᠭᠡᠭᠰᠢᠯᠡᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠦᠷᠭᠦᠯᠵᠢᠯᠡᠨ | ᠰᠠᠶᠢᠵᠢᠷᠠᠬᠤ ᠶᠢ ᠪᠠᠲᠤᠯᠠᠨ᠎ᠠ᠃ ᠪᠠᠷᠭᠤ ᠵᠡᠭᠡᠷ᠎ᠡ ᠶᠢᠨ ᠦᠪᠡᠷᠲᠡᠭᠡᠨ ᠵᠠᠰᠠᠬᠤ ᠣᠷᠣᠨ ᠤ ᠳᠡᠰ ᠤᠨ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ ᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠡᠭᠡᠷ᠎ᠡ ᠶᠢᠨ ᠠᠮᠢᠲᠠᠨ ᠢ | ᠬᠠᠮᠠᠭᠠᠯᠠᠬᠤ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠵᠢᠴᠢ ᠨᠤᠲᠤᠭ ᠪᠡᠯᠴᠢᠭᠡᠷ ᠤᠨ ᠠᠮᠢ | ᠠᠬᠤᠶ ᠶᠢᠨ ᠰᠢᠰᠲ᠋ᠧᠮ ᠤᠨ ᠳᠣᠲᠣᠭᠠᠳᠤ ᠴᠢᠳᠠᠮᠵᠢ ᠶᠢ ᠲᠡᠭᠦᠯᠳᠡᠷᠵᠢᠭᠦᠯᠬᠦ ᠶᠢ ᠭᠦᠢᠴᠡᠳ ᠪᠠᠳᠠᠷᠠᠭᠤᠯᠤᠨ᠎ᠠ᠃ | ᠠᠭᠤᠷᠬᠠᠶ ᠶᠢᠨ ᠠᠵᠤ ᠠᠬᠤᠶᠢᠯᠠᠯ ᠤᠨ ᠪᠣᠬᠢᠷᠲᠤᠯ ᠤᠨ ᠲᠦᠬᠦᠭᠡᠷᠦᠮᠵᠢ ᠶᠢᠨ ᠠᠵᠢᠯᠯᠠᠭᠠᠨ ᠢ ᠬᠢᠨᠠᠨ ᠬᠠᠮᠢᠶᠠᠷᠬᠤ | ᠲᠣᠭᠲᠠᠴᠠ ᠶᠢ ᠲᠡᠭᠦᠯᠳᠡᠷᠵᠢᠭᠦᠯᠵᠦ᠂ ︽ᠨᠠᠳᠠ ᠪᠠᠷ ᠣᠷᠴᠢᠨ ᠲᠣᠭᠤᠷᠢᠨ ᠢ ᠬᠠᠮᠠᠭᠠᠯᠠᠭᠤᠯᠬᠤ︾ ᠪᠠᠶᠢᠭᠰᠠᠨ ᠠᠴᠠ ︽ᠪᠢ | ᠣᠷᠴᠢᠨ ᠲᠣᠭᠤᠷᠢᠨ ᠢ ᠬᠠᠮᠠᠭᠠᠯᠠᠬᠤ︾ ᠦᠨᠳᠦᠰᠦᠨ ᠴᠢᠨᠠᠷᠲᠠᠶ ᠬᠤᠪᠢᠷᠠᠯᠲᠠ ᠭᠠᠷᠭᠠᠬᠤ ᠶᠢ ᠪᠡᠶᠡᠯᠡᠭᠦᠯᠦᠨ᠎ᠡ᠃ | ︽ᠠᠭᠠᠷ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ᠂ ᠨᠡᠭᠦᠷᠡᠰᠦᠲᠥ᠋ᠷᠥᠭᠴᠢ ᠶᠢ ᠪᠠᠭᠠᠰᠬᠠᠬᠤ᠂ ᠠᠮᠢ ᠠᠬᠤᠢ ᠶᠢ | ᠴᠢᠩᠭᠠᠳᠬᠠᠬᠤ᠂ ᠤᠰᠤ ᠶᠢ ᠨᠡᠮᠡᠭᠳᠡᠭᠦᠯᠬᠦ᠂ ᠬᠥᠷᠥᠰᠥ ᠰᠢᠷᠣᠢ ᠶᠢ ᠪᠠᠬᠢᠵᠢᠭᠦᠯᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ︾ | ᠠᠯᠢ ᠣᠯᠠᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠯᠢ ᠣᠯᠠᠨ ᠢᠨᠵᠧᠨᠧᠷᠢᠩ ᠢ ᠡᠬᠢᠯᠡᠭᠦᠯᠦᠨ | ᠬᠡᠷᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠵᠤ᠂ ᠤᠯᠠᠨ | ᠲᠦᠮᠡᠨ ᠢ ᠠᠭᠤᠯᠠ ᠲᠠᠢ᠂ ᠤᠰᠤ ᠲᠠᠢ᠂ ᠭᠤᠶᠤ ᠰᠠᠶᠢᠬᠠᠨ ᠠᠮᠢ ᠠᠬᠤᠢ ᠣᠷᠴᠢᠨ ᠲᠣᠭᠤᠷᠢᠨ ᠳᠤ ᠰᠠᠶᠢᠬᠠᠨ | ᠠᠮᠢᠳᠤᠷᠠᠭᠤᠯᠤᠨ᠎ᠠ᠃ | ︵ᠬᠤᠶᠠᠷ︶ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠢᠯᠠᠯᠲᠠ ᠣᠯᠵᠤ᠂ ᠴᠢᠨᠠᠷ ᠰᠠᠶᠢᠲᠠᠢ | ᠬᠥᠭᠵᠢᠯᠲᠡ ᠶᠢᠨ ᠳᠤᠲᠠᠭᠤᠳᠠᠯ ᠢ ᠨᠦᠬᠦᠪᠦᠷᠢᠯᠡᠬᠦ ᠶᠢ ᠲᠦᠷᠭᠡᠳᠬᠡᠨ᠎ᠡ᠃ ᠬᠡᠷᠡᠭᠴᠡᠭᠡ ᠶᠣᠰᠣᠭᠠᠷ ᠠᠷᠭ᠎ᠠ ᠪᠣᠳᠣᠯᠭ᠎ᠠ | ᠬᠡᠷᠡᠭᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ᠎ᠡ᠃ ᠬᠥᠳᠡᠯᠦᠩᠭᠦᠶ ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ | ︽ᠡᠷᠭᠢᠵᠦ ᠬᠠᠷᠠᠬᠤ᠂ ᠡᠷᠭᠢᠵᠦ ᠬᠠᠪᠰᠤᠷᠬᠤ︾ ᠶᠢ ᠥᠷᠨᠢᠭᠦᠯᠦᠨ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠ | ᠲᠥᠷᠥ ᠶᠢᠨ ᠪᠣᠳᠣᠯᠭ᠎ᠠ ᠶᠢᠨ ᠪᠠᠷᠢᠮᠵᠢᠶ᠎ᠠ ᠶᠢ ᠡᠵᠡᠮᠳᠡᠵᠦ᠂ ᠣᠷᠣᠨ ᠰᠠᠭᠤᠴᠠ᠂ ᠰᠤᠷᠭᠠᠨ ᠬᠥᠮᠦᠵᠢᠯ᠂ ᠡᠮ ᠡᠮᠨᠡᠯᠭᠡ᠂ | ᠨᠡᠶᠢᠭᠡᠮ ᠤᠨ ᠪᠠᠲᠤᠯᠠᠭ᠎ᠠ ᠪᠠᠷ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠡᠮᠬᠢ ᠵᠢᠷᠤᠮ ᠲᠠᠢ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠭᠤᠤᠯᠯᠠᠬᠤ ᠠᠵᠤ ᠦᠶᠯᠡᠰ ᠢ ᠪᠤᠶᠢᠵᠢᠭᠤᠯᠬᠤ ᠶᠢ | ᠳᠣᠪᠣᠶᠢᠯᠭᠠᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠬᠦ ᠶᠢ ᠨᠠᠩ ᠴᠢᠬᠤᠯᠠᠴᠢᠯᠠᠵᠤ᠂ ᠠᠵᠢᠯ ᠣᠯᠭᠤᠯᠲᠠ ᠪᠠ ᠠᠵᠤ ᠦᠢᠯᠡᠰ ᠤᠨ ᠵᠢᠯᠣᠭᠤᠳᠤᠯᠭ᠎ᠠ ᠶᠢ | ᠴᠢᠩᠭᠠᠳᠬᠠᠨ᠂ ︽ᠢᠲᠡᠭᠡᠯ ᠵᠣᠷᠢᠭ︾᠂ ︽ᠣᠶᠤᠨ ᠤᠬᠠᠭᠠᠨ︾ ᠬᠤᠶᠠᠷ ᠲᠠᠯ᠎ᠠ ᠪᠠᠷ ᠲᠡᠳᠬᠦᠵᠦ᠂ ᠲᠣᠭᠲᠠᠪᠤᠷᠢᠲᠠᠢ ᠠᠰᠢᠭ | ᠲᠤᠰᠠ ᠶᠢᠨ ᠬᠤᠯᠪᠣᠭᠠᠲᠤ ᠲᠣᠭᠲᠠᠴᠠ ᠶᠢ ᠪᠠᠶᠢᠭᠤᠯᠤᠨ᠂ ᠶᠠᠳᠠᠭᠤ ᠠᠴᠠ ᠠᠩᠭᠢᠵᠢᠷᠠᠭᠰᠠᠨ ᠬᠥᠮᠦᠨ ᠠᠮᠠ ᠶᠢᠨ | ᠣᠷᠣᠯᠭ᠎ᠠ ᠶᠢ ᠨᠡᠮᠡᠭᠳᠡᠭᠦᠯᠬᠦ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠶᠠᠳᠠᠭᠤ | ᠶᠢ ᠲᠡᠳᠬᠦᠬᠦ ᠪᠠᠯᠠ ᠮᠥᠩᠭᠦ ᠡᠳ᠋ ᠬᠥᠷᠥᠩᠭᠡ ᠶᠢᠨ ᠲᠡᠷᠢᠭᠦᠨ ᠤ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ | ᠶᠠᠳᠠᠭᠤ ᠶᠢ ᠲᠡᠳᠬᠦᠬᠦ ᠡᠳ᠋ ᠬᠥᠷᠥᠩᠭᠡ ᠶᠢ ᠳᠡᠩᠰᠡᠯᠡᠨ ᠡᠷᠬᠡ ᠶᠢ ᠲᠣᠳᠣᠯᠠᠬᠤ ᠠᠵᠢᠯ ᠢ ᠡᠮᠬᠢ ᠵᠢᠷᠤᠮ ᠲᠠᠢ | ᠠᠬᠢᠭᠤᠯᠤᠨ᠂ ᠲᠠᠷᠠᠭᠠᠴᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠪᠦᠬᠦ ᠲᠠᠯ᠎ᠠ ᠪᠠᠷ ᠬᠦᠴᠦᠯᠡᠵᠦ᠂ ᠪᠣᠬᠢᠷᠲᠤᠯ ᠢ ᠰᠡᠷᠭᠡᠶᠢᠯᠡᠨ ᠵᠠᠰᠠᠬᠤ | ᠥᠨᠳᠥᠷ ᠳᠠᠷᠤᠯᠲᠠᠲᠤ ᠪᠠᠶᠢᠳᠠᠯ ᠢ ᠪᠠᠲᠤᠯᠠᠨ᠎ᠠ᠃ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠲᠤᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠶᠢ ᠠᠳᠬᠤᠨ᠂ ᠳᠤᠲᠠᠭᠤᠳᠠᠯ ᠢᠶᠠᠨ | ᠨᠥᠬᠦᠪᠥᠷᠢᠯᠡᠵᠦ᠂ ᠴᠡᠯᠮᠡᠭ ᠲᠡᠭᠷᠢ ᠴᠡᠩᠬᠡᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ | ᠦᠷᠬᠦᠯᠵᠢᠯᠡᠨ ᠰᠠᠶᠢᠲᠤᠷ ᠬᠢᠨ᠎ᠡ᠃ ᠰᠢᠨ᠎ᠡ ᠪᠠᠷ ᠪᠠᠶᠢᠭᠤᠯᠬᠤ ᠢᠯᠴᠢ ᠶᠢᠨ ᠰᠤᠷᠪᠤᠯᠵᠢ ᠶᠢᠨ ᠪᠦᠲᠦᠭᠡᠨ ᠪᠠᠶᠢᠭᠤᠯᠤᠯᠲᠠ | ᠶᠢ ᠲᠦᠷᠭᠡᠳᠬᠡᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠪᠣᠬᠢᠷᠲᠤᠯ ᠭᠠᠳᠠᠭᠰᠢᠯᠠᠭᠤᠯᠬᠤ | ᠬᠡᠮᠵᠢᠶ᠎ᠡ ᠶᠢ ᠪᠠᠭᠠᠰᠬᠠᠬᠤ ᠶᠢ ᠡᠷᠡᠰ ᠰᠠᠶᠢᠲᠤᠷ ᠠᠳᠬᠤᠨ᠂ ᠵᠠᠳᠠᠭᠠᠢ ᠨᠡᠭᠦᠷᠡᠰᠦ ᠪᠣᠷᠣᠯᠠᠭᠤᠯᠬᠤ ᠴᠡᠭ ᠢ ᠴᠢᠩᠭ᠎ᠠ | ᠢᠯᠭᠠᠷᠠᠭᠤᠯᠤᠨ ᠴᠡᠭᠴᠡᠯᠡᠵᠦ᠂ ᠳᠡᠭᠳᠡᠮᠡᠬᠡᠶ ᠴᠢᠨᠠᠷ ᠲᠠᠢ ᠣᠷᠭᠠᠨᠢᠭ ᠪᠣᠳᠠᠰ ᠬᠡᠷᠡᠭᠯᠡᠬᠦ ᠨᠢᠭᠡᠴᠡ ᠶᠢ ᠬᠢᠨᠠᠨ ᠬᠠᠮᠢᠶᠠᠷᠬᠤ | ᠶᠢ ᠴᠢᠩᠭᠠᠳᠬᠠᠨ᠂ ᠴᠡᠪᠡᠷ ᠰᠠᠶᠢᠨ ᠠᠭᠠᠷ ᠲᠠᠢ ᠡᠳᠦᠷ ᠢ ᠪᠠᠷᠢᠮᠵᠢᠶ᠎ᠠ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ | ᠤᠰᠤᠨ ᠤ ᠠᠮᠢ ᠠᠬᠤᠢ ᠣᠷᠴᠢᠨ ᠲᠣᠭᠤᠷᠢᠨ ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠵᠦ᠂ | ᠬᠥᠯᠥᠨ ᠨᠠᠭᠤᠷ ᠢ ᠤᠰᠤᠨ ᠤ ᠣᠷᠴᠢᠨ ᠲᠣᠭᠤᠷᠢᠨ ᠤ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠬᠦ ᠣᠷᠣᠨ ᠪᠣᠯᠭᠠᠨ᠎ᠠ᠃ | ᠤᠤᠭᠤᠬᠤ ᠤᠰᠤᠨ ᠤ ᠤᠰᠤᠨ ᠰᠣᠷᠪᠣᠯᠵᠢᠲᠤ ᠭᠠᠵᠠᠷ ᠤᠨ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ | ᠪᠦᠲᠦᠮᠵᠢ ᠶᠢ ᠪᠠᠬᠢᠵᠢᠭᠦᠯᠵᠦ᠂ ᠤᠤᠭᠤᠬᠤ ᠤᠰᠤᠨ ᠤ ᠤᠰᠤᠨ ᠰᠣᠷᠪᠣᠯᠵᠢᠲᠤ ᠭᠠᠵᠠᠷ ᠢ ᠱᠠᠲᠤ ᠬᠤᠪᠢᠶᠠᠨ | ᠬᠠᠮᠢᠶᠠᠷᠬᠤ ᠶᠢ ᠭᠡᠷᠡᠭᠵᠢᠬᠦᠯᠵᠦ᠂ ᠬᠥᠳᠡᠭᠡ ᠲᠣᠰᠬᠤᠨ ᠤ ᠠᠮᠢᠳᠤᠷᠠᠯ ᠤᠨ ᠪᠤᠵᠠᠷ ᠤᠰᠤ ᠪᠠ ᠪᠤᠵᠠᠷ ᠦᠮᠡᠬᠡᠶ ᠤᠰᠤᠨ | ᠴᠣᠭᠴᠠ ᠶᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠰᠦᠯᠢᠶᠣᠣ ᠶᠢᠨ ᠪᠣᠬᠢᠷᠲᠤᠯ ᠢ ᠵᠠᠰᠠᠬᠤ ᠠᠵᠢᠯ | ᠢ ᠯᠠᠪᠳᠠᠭᠤᠨ ᠪᠠᠲᠤᠲᠠᠢ ᠠᠬᠢᠭᠤᠯᠵᠤ᠂ ᠪᠣᠬᠢᠷᠲᠤᠯ ᠦᠭᠡᠢ ᠬᠡᠷᠡᠭᠯᠡᠭᠡᠨ ᠤ ᠰᠢᠨ᠎ᠡ ᠵᠠᠭᠪᠤᠷ ᠢ ᠪᠤᠢ ᠪᠣᠯᠭᠠᠨ᠎ᠠ᠃ ᠣᠷᠣᠨ | ᠬᠤᠪᠢᠶᠠᠨ ᠲᠦᠷᠦᠯ ᠠᠩᠭᠢᠯᠠᠵᠤ ᠣᠷᠣᠨ ᠪᠦᠰᠡ ᠶᠢᠨ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ | ᠭᠦᠨᠵᠡᠭᠡᠶᠢᠷᠡᠭᠦᠯᠦᠨ᠂ ᠭᠤᠤᠯᠳᠠᠯᠭ᠎ᠠ ᠲᠠᠢ ᠰᠡᠷᠭᠡᠶᠢᠯᠡᠨ ᠡᠵᠡᠮᠳᠡᠵᠦ ᠪᠠᠶᠢᠭ᠎ᠠ ᠠᠵᠤ ᠠᠬᠤᠶᠢᠯᠠᠯ ᠤᠨ ᠬᠦᠨᠳᠦ ᠲᠡᠮᠦᠷᠯᠢᠭ | ᠤᠨ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠣᠷᠣᠨ ᠪᠦᠰᠡ ᠶᠢᠨ | ᠬᠦᠨᠳᠦ ᠲᠡᠮᠦᠷᠯᠢᠭ ᠤᠨ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠡᠮᠵᠢᠬᠦ ᠰᠦᠯᠵᠢᠶ᠎ᠡ ᠶᠢ ᠪᠠᠶᠢᠭᠤᠯᠤᠨ᠎ᠠ᠃ | ᠬᠢᠵᠠᠭᠠᠷ ᠱᠤᠭᠤᠮ ᠢ ᠴᠢᠩᠭ᠎ᠠ ᠡᠵᠡᠮᠳᠡᠵᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠨ᠎ᠠ᠃ | ᠨᠡᠮᠡᠭᠳᠡᠯ ᠢ ᠴᠢᠩᠭ᠎ᠠ ᠬᠢᠵᠠᠭᠠᠷᠯᠠᠨ᠂ ᠦᠯᠡᠳᠡᠪᠦᠷᠢ ᠶᠢ ᠠᠷᠢᠯᠭᠠᠵᠤ᠂ ︽ᠣᠷᠣᠨ ᠨᠤᠲᠤᠭ ᠤᠨ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢᠨ ᠠᠷᠪᠠᠨ ᠵᠢᠯ ᠤᠨ ᠠᠷᠢᠯᠭᠠᠬᠤ ᠲᠥᠰᠦᠯ︾ ᠤᠨ ᠣᠨ ᠤ ᠡᠭᠦᠷᠭᠡ ᠶᠢ | ᠨᠠᠶᠢᠳᠠᠪᠤᠷᠢᠵᠢᠭᠤᠯᠤᠨ᠂ ᠢᠲᠡᠭᠡᠮᠵᠢᠲᠦ ᠵᠢᠭᠡᠯᠡᠯᠭᠡ ᠶᠢ ᠳᠡᠮᠵᠢᠬᠦ ᠬᠦᠴᠦᠯᠡᠴᠡ ᠶᠢ ᠴᠢᠩᠭᠠᠷᠠᠭᠤᠯᠵᠤ᠂ ᠣᠷᠣᠨ ᠨᠤᠲᠤᠭ | ᠤᠨ ᠠᠵᠤ ᠠᠬᠤᠢ ᠶᠢᠨ ᠲᠦᠷᠭᠡᠨ ᠨᠡᠮᠡᠭᠳᠡᠯ ᠢ ᠠᠬᠢᠭᠤᠯᠤᠨ᠂ ᠳᠤᠮᠳᠠ ᠵᠢᠵᠢᠭ ᠠᠵᠤ ᠠᠬᠤᠶᠢᠯᠠᠯ ᠵᠢᠴᠢ ᠬᠤᠪᠢ ᠶᠢᠨ | ᠡᠵᠡᠩᠨᠡᠭᠴᠢᠳ ᠤᠨ ᠪᠠᠯᠠ ᠲᠣᠬᠢᠷᠠᠭᠤᠯᠬᠤ ᠪᠠᠷ ᠵᠢᠭᠡᠯᠡᠯᠭᠡ ᠠᠪᠬᠤ ᠬᠦᠴᠢᠷ ᠠᠰᠠᠭᠤᠳᠠᠯ ᠢ ᠰᠢᠶᠳᠪᠦᠷᠢᠯᠡᠵᠦ᠂ | ᠮᠥᠩᠭᠦᠨ ᠭᠦᠶᠯᠭᠡᠭᠡᠨ ᠤ ᠨᠡᠶᠢᠳᠡᠮ ᠬᠠᠷᠠᠭᠠᠯᠵᠠᠯ ᠦᠵᠡᠭᠦᠯᠬᠦ ᠶᠢ ᠠᠬᠢᠭᠤᠯᠤᠨ᠎ᠠ᠃ ᠥᠨᠳᠥᠷ ᠬᠦᠦ ᠲᠠᠢ ᠵᠢᠭᠡᠯᠡᠯᠭᠡ | ᠲᠠᠯᠪᠢᠬᠤ ᠦᠢᠯᠡ ᠠᠵᠢᠯᠯᠠᠭ᠎ᠠ ᠶᠢ ᠡᠬᠢ ᠡᠭᠦᠰᠦᠯ ᠠᠴᠠ ᠨᠢ ᠬᠤᠷᠢᠭᠯᠠᠨ᠂ ᠬᠠᠤᠯᠢ ᠪᠤᠰᠤ ᠪᠠᠷ ᠪᠠᠯᠠ ᠴᠤᠭᠯᠠᠭᠤᠯᠬᠤ | ᠶᠢ ᠴᠢᠩᠭ᠎ᠠ ᠰᠡᠷᠭᠡᠶᠢᠯᠡᠨ᠂ ᠮᠥᠩᠭᠦᠨ ᠭᠦᠶᠯᠭᠡᠭᠡᠨ ᠤ ᠲᠤᠬᠠᠶᠢᠯᠠᠭᠰᠠᠨ ᠠᠵᠢᠯ ᠤᠨ ᠲᠦᠭᠰᠢᠭᠦᠷᠢ ᠶᠢᠨ ᠬᠢᠨᠠᠨ | ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠤᠯᠤᠰ ᠤᠨ ᠦᠮᠴᠢᠯᠡᠯ ᠤᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ | ᠬᠠᠮᠢᠶᠠᠷᠤᠯᠲᠠ ᠶᠢ ᠴᠢᠩᠭᠠᠷᠠᠭᠤᠯᠤᠨ᠂ ᠵᠠᠰᠠᠭ ᠵᠠᠬᠢᠷᠭ᠎ᠠ ᠠᠵᠢᠯ ᠦᠶᠯᠡᠰ ᠤᠨ ᠲᠥᠷᠥᠯ ᠤᠨ ᠤᠯᠤᠰ ᠤᠨ | ᠦᠮᠴᠢᠯᠡᠯ ᠤᠨ ᠡᠳ᠋ ᠬᠥᠷᠥᠩᠭᠡ ᠶᠢ ᠪᠥᠬᠦ ᠲᠠᠯ᠎ᠠ ᠪᠠᠷ ᠢᠯᠭᠠᠷᠠᠭᠤᠯᠤᠨ ᠪᠠᠶᠢᠴᠠᠭᠠᠵᠤ᠂ ᠦᠮᠴᠢᠯᠡᠯ ᠤᠨ ᠡᠷᠬᠡ ᠶᠢᠨ | ᠤᠬᠠᠮᠰᠠᠷ᠂ ᠬᠠᠷᠢᠭᠤᠴᠠᠯᠭ᠎ᠠ ᠶᠢᠨ ᠤᠬᠠᠮᠰᠠᠷ᠂ ᠦᠷ᠎ᠡ ᠪᠦᠲᠦᠮᠵᠢ ᠶᠢᠨ ᠤᠬᠠᠮᠰᠠᠷ ᠢ ᠴᠢᠩᠭᠠᠳᠬᠠᠨ᠂ ᠤᠯᠤᠰ ᠤᠨ | ᠦᠮᠴᠢᠯᠡᠯ ᠤᠨ ᠡᠳ᠋ ᠬᠥᠷᠥᠩᠭᠡ ᠶᠢᠨ ᠬᠡᠷᠡᠭᠯᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠡᠬᠢ ᠪᠠᠶᠠᠯᠢᠭ ᠤᠨ | ᠲᠣᠬᠢᠷᠠᠭᠤᠯᠤᠯᠲᠠ ᠶᠢ ᠨᠠᠩ ᠵᠦᠶ ᠵᠣᠬᠢᠰᠲᠠᠶ ᠪᠣᠯᠭᠠᠬᠤ ᠶᠢ ᠠᠬᠢᠭᠤᠯᠤᠨ᠎ᠠ᠃ | ︵ᠭᠤᠷᠪᠠ︶ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠪᠠᠷ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠤᠨ᠎ᠠ᠃ ᠲᠦᠰᠦᠪᠯᠡᠵᠦ ᠵᠣᠬᠢᠶᠠᠨ ᠪᠠᠶᠢᠭᠤᠯᠬᠤ ᠶᠢ | ᠡᠬᠢᠨ ᠳᠤ ᠨᠢ ᠠᠳᠬᠤᠬᠤ᠂ ᠲᠦᠷᠭᠡᠨ ᠠᠬᠢᠭᠤᠯᠬᠤ ᠶᠢ ᠳᠤᠮᠳᠠ ᠨᠢ ᠠᠳᠬᠤᠬᠤ᠂ ᠨᠠᠷᠢᠯᠢᠭ ᠣᠨᠣᠪᠴᠢᠲᠠᠶ | ᠦᠶᠯᠡᠴᠢᠯᠡᠬᠦ ᠶᠢ ᠰᠡᠭᠦᠯ ᠳᠤ ᠨᠢ ᠠᠳᠬᠤᠬᠤ ᠶᠢ ᠪᠠᠷᠢᠮᠲᠠᠯᠠᠨ᠂ ᠠᠷᠭ᠎ᠠ ᠪᠦᠬᠦᠨ ᠢ ᠰᠦᠪᠡᠭᠴᠢᠯᠡᠨ ᠪᠦᠲᠦᠮᠵᠢᠲᠡᠶ ᠪᠠᠯᠠ | ᠣᠷᠣᠭᠤᠯᠤᠯᠲᠠ ᠶᠢ ᠥᠷᠭᠡᠳᠬᠡᠵᠦ᠂ ᠳᠤᠲᠠᠭᠤᠳᠠᠯ ᠢᠶᠠᠨ ᠨᠦᠬᠦᠪᠦᠷᠢᠯᠡᠨ᠂ ᠠᠯᠳᠠᠰᠢ ᠭᠠᠷᠬᠤ ᠶᠢ ᠬᠤᠷᠢᠭᠯᠠᠵᠤ᠂ | ᠪᠠᠭᠤᠷᠠᠶ ᠲᠠᠯ᠎ᠠ ᠪᠠᠨ ᠬᠦᠴᠦᠷᠬᠡᠭᠵᠢᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠣᠭᠲᠠᠴᠠ ᠶᠢ | ᠲᠡᠭᠦᠯᠳᠡᠷᠵᠢᠭᠦᠯᠵᠦ᠂ ᠤᠰᠤᠨ ᠤ ᠠᠮᠢ ᠠᠬᠤᠶ ᠶᠢ ᠶᠡᠷᠦᠩᠬᠡᠶᠢᠯᠡᠨ ᠵᠠᠰᠠᠬᠤ᠂ ᠬᠡᠷᠦᠯᠦᠨ ᠭᠤᠤᠯ ᠤᠨ ᠠᠮᠢ ᠠᠬᠤᠶ ᠶᠢ | ᠶᠡᠷᠦᠩᠬᠡᠶᠢᠯᠡᠨ ᠵᠠᠰᠠᠬᠤ᠂ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠤᠨ ᠰᠢᠶᠳᠪᠦᠷᠢᠯᠡᠬᠦ ᠪᠠ ᠡᠬᠢ | ᠪᠠᠶᠠᠯᠢᠭᠵᠢᠭᠤᠯᠤᠨ ᠠᠰᠢᠭᠯᠠᠬᠤ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠲᠥᠷᠥᠯ ᠵᠦᠶᠯ ᠤᠨ | ︽ᠬᠠᠮ ᠠᠷᠭ᠎ᠠ ᠪᠤᠳᠤᠯᠭ᠎ᠠ︾ ᠠᠪᠴᠦ᠂ ᠪᠥᠲᠥᠭᠡᠨ ᠪᠠᠶᠢᠭᠤᠯᠤᠯᠲᠠ ᠶᠢᠨ ︽ᠬᠤᠷᠳᠤᠴᠠ ᠶᠢ ᠲᠦᠷᠭᠡᠳᠬᠡᠨ︾᠂ ᠠᠵᠤ | ᠠᠬᠤᠢ ᠶᠢᠨ ᠴᠢᠨᠠᠷᠯᠢᠭ ᠬᠦᠭᠵᠢᠯᠲᠡ ᠶᠢᠨ ᠦᠷ᠎ᠡ ᠪᠦᠲᠦᠮᠵᠢ ᠪᠠ ᠬᠦᠳᠡᠯᠭᠡᠬᠦ ᠬᠦᠴᠦᠨ ᠢ ᠬᠦᠴᠦᠯᠡᠨ ᠨᠡᠮᠡᠭᠳᠡᠭᠦᠯᠦᠨ᠎ᠡ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠬᠥᠭᠵᠢᠯᠲᠡ ᠶᠢ ᠠᠬᠢᠭᠤᠯᠤᠨ᠎ᠠ᠃ ᠨᠠᠮ ᠤᠨ ᠤᠯᠤᠰ ᠲᠦᠷᠥ ᠶᠢᠨ | ᠪᠠᠶᠢᠭᠤᠯᠤᠯᠲᠠ ᠪᠠᠷ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ | ᠪᠠᠶᠢᠭᠤᠯᠤᠯᠲᠠ ᠶᠢ ᠬᠦᠲᠦᠯᠦᠨ ᠳᠠᠭᠠᠭᠤᠯᠵᠤ᠂ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠳᠡᠰ | ᠳᠡᠪᠰᠢᠭᠦᠯᠬᠦ ᠶᠢ ᠡᠷᠴᠢᠮᠲᠡᠢ ᠲᠦᠯᠬᠢᠨ ᠠᠬᠢᠭᠤᠯᠵᠤ᠂ ᠠᠮᠢ ᠠᠬᠤᠢ ᠶᠢᠨ ᠠᠵᠤ ᠦᠢᠯᠡᠰᠵᠢᠬᠦ᠂ ᠠᠵᠤ ᠦᠢᠯᠡᠰ ᠤᠨ | ᠠᠮᠢ ᠠᠬᠤᠶᠢᠵᠢᠬᠤ ᠶᠢ ᠲᠦᠷᠭᠡᠳᠬᠡᠨ᠂ ︽ᠮᠠᠩᠯᠠᠢ ᠵᠠᠭᠪᠤᠷ︾᠂ ︽ᠳᠣᠯᠣᠭᠠᠨ ᠲᠣᠰᠬᠤᠨ ᠤ ᠵᠠᠭᠪᠤᠷ︾ ᠤᠨ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠭᠪᠤᠷ ᠤᠨ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠵᠦ᠂ | ᠦᠢᠯᠡᠳᠪᠦᠷᠢᠯᠡᠯ ᠡᠵᠡᠩᠨᠡᠯᠲᠡ ᠶᠢᠨ ᠬᠠᠮᠢᠶᠠᠷᠤᠯᠲᠠ ᠶᠢ ᠴᠢᠩᠭᠠᠳᠬᠠᠨ᠂ ᠬᠤᠷᠰᠢᠶᠠᠵᠢᠯ ᠠᠵᠤ ᠠᠬᠤᠶᠢᠯᠠᠯ ᠤᠨ ᠠᠰᠢᠭ | ᠲᠤᠰᠠ ᠶᠢᠨ ᠬᠤᠯᠪᠣᠭᠠᠯᠠᠯ ᠢ ᠲᠡᠭᠦᠯᠳᠡᠷᠵᠢᠭᠦᠯᠵᠦ᠂ ᠨᠡᠷᠡᠲᠦ ᠲᠡᠮᠳᠡᠭ᠂ ᠰᠢᠨᠵᠢᠯᠡᠭᠡ ᠮᠡᠷᠭᠡᠵᠢᠯ᠂ ᠴᠢᠳᠠᠪᠤᠷᠢᠲᠠᠨ ᠪᠠ | ᠰᠣᠶᠣᠯ ᠤᠨ ᠰᠣᠯᠢᠯᠴᠠᠭ᠎ᠠ ᠠᠭᠤᠰᠤᠯᠴᠠᠯ ᠢ ᠤᠯᠠᠮ ᠴᠢᠨᠠᠭᠰᠢᠳᠠ ᠠᠬᠢᠭᠤᠯᠤᠨ᠂ ᠮᠠᠯᠵᠢᠬᠤ ᠣᠷᠣᠨ ᠤ | ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠬᠦᠯᠬᠦ᠂ ᠮᠠᠯᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠤᠭ᠎ᠠ ᠬᠠᠷᠠᠯᠲᠠ ᠶᠢ ᠪᠡᠶᠡᠯᠡᠭᠦᠯᠬᠦ ᠵᠠᠮ ᠳᠡᠭᠡᠷ᠎ᠡ ᠨᠠᠩ ᠯᠠᠪᠳᠠᠭᠤᠨ ᠪᠠᠲᠤᠲᠠᠢ ᠠᠯᠬᠤᠮ ᠢ | ᠠᠯᠬᠤᠨ᠎ᠠ᠃ ᠬᠥᠲᠥᠴᠢ ᠠᠵᠤ ᠠᠬᠤᠶᠢᠯᠠᠯ ᠢ ᠪᠤᠢ ᠪᠤᠯᠭᠠᠬᠤ ᠡᠷᠴᠢᠮ ᠢ ᠴᠢᠩᠭᠠᠷᠠᠭᠤᠯᠵᠤ᠂ ᠬᠤᠩᠭᠢᠷᠠᠳ ᠢᠳᠡᠭᠡᠨ ᠤ | ᠵᠦᠢᠯ ᠤᠨ ᠬᠢᠵᠠᠭᠠᠷᠲᠤ ᠺᠣᠮᠫᠠᠨᠢ ᠶᠢᠨ ᠦᠬᠡᠷ ᠬᠤᠨᠢ ᠨᠢᠲᠤᠯᠬᠤ᠂ ᠡᠳ᠋ᠰᠢᠭᠦᠯᠬᠦ᠂ ᠲᠣᠭᠤᠷᠢᠨ ᠦᠵᠡᠬᠦ ᠶᠡᠷᠦᠩᠬᠡᠶᠢᠯᠡᠭᠰᠡᠨ | ᠴᠣᠭᠴᠠ ᠶᠢᠨ ᠲᠥᠷᠥᠯ ᠵᠦᠶᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠦᠨᠳᠦᠰᠦᠲᠡᠨ ᠤ ᠴᠠᠭᠠᠨ ᠢᠳᠡᠭᠡᠨ ᠤ | ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠮᠠᠯ ᠤᠨ ᠠᠰᠢᠭ ᠰᠢᠮ᠎ᠡ ᠶᠢ ᠨᠠᠷᠢᠯᠢᠭ ᠡᠳ᠋ᠰᠢᠭᠦᠯᠬᠦ ᠴᠢᠳᠠᠪᠤᠷᠢ | ᠶᠢ ᠳᠡᠭᠡᠭᠰᠢᠯᠡᠭᠦᠯᠦᠨ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠲᠦᠭᠡᠭᠳᠡᠬᠦᠨ ᠤ ᠮᠦᠷᠳᠡᠬᠦ ᠰᠢᠰᠲ᠋ᠧᠮ ᠢ ᠪᠦᠷᠢᠨᠰᠢᠭᠦᠯᠵᠦ᠂ ᠬᠥᠯᠥᠨ ᠪᠣᠶᠢᠷ ᠤᠨ ᠲᠠᠯ᠎ᠠ ᠨᠤᠲᠤᠭ | ᠤᠨ ᠬᠤᠨᠢᠨ ᠤ ᠨᠡᠷᠡᠲᠦ ᠲᠡᠮᠳᠡᠭ ᠤᠨ ᠨᠥᠯᠥᠭᠡᠯᠡᠬᠦ ᠬᠦᠴᠦᠨ᠂ ᠪᠦᠲᠦᠭᠡᠭᠳᠡᠬᠦᠨ ᠤ ᠨᠡᠮᠡᠯᠲᠡ ᠥᠷᠲᠡᠭ ᠢ | ᠳᠡᠭᠡᠭᠰᠢᠯᠡᠭᠦᠯᠦᠨ᠎ᠡ᠃ ᠲᠤᠰᠬᠠᠢ ᠬᠤᠷᠰᠢᠶᠠᠵᠢᠯ᠂ ᠭᠡᠷ ᠪᠦᠯᠢ ᠶᠢᠨ ᠮᠠᠯᠵᠢᠯ ᠤᠨ ᠲᠠᠯᠠᠪᠠᠢ ᠵᠡᠷᠭᠡ ᠡᠵᠡᠩᠨᠡᠯᠲᠡ ᠶᠢᠨ | ᠭᠤᠣᠯ ᠴᠣᠭᠴᠠ ᠪᠠ ᠦᠢᠯᠡᠴᠢᠯᠡᠭᠡᠨ ᠤ ᠭᠤᠣᠯ ᠴᠣᠭᠴᠠ ᠶᠢ ᠶᠡᠬᠡᠪᠡᠷ ᠬᠥᠭᠵᠢᠭᠦᠯᠵᠦ᠂ ᠭᠠᠴᠠᠭᠠᠨ ᠤ ᠬᠠᠮᠲᠤ ᠶᠢᠨ | ᠠᠵᠤ ᠠᠬᠤᠢ ᠶᠢ ᠪᠤᠵᠠᠭᠠᠶᠢᠷᠠᠭᠤᠯᠤᠨ᠂ ᠮᠠᠯᠵᠢᠬᠤ ᠣᠷᠣᠨ ᠤ ᠳᠦᠷᠰᠦ ᠪᠠᠶᠢᠳᠠᠯ ᠢ ᠨᠡᠩ ᠰᠢᠨ᠎ᠡ᠂ ᠳᠦᠷᠢ ᠲᠥᠷᠬᠦ ᠶᠢ | ᠨᠠᠩ ᠦᠵᠡᠰᠬᠦᠯᠡᠩ᠂ ᠠᠮᠢᠵᠢᠷᠠᠯ ᠤᠨ ᠬᠦᠴᠦᠨ ᠢ ᠨᠠᠩ ᠲᠡᠭᠦᠯᠳᠡᠷ᠂ ᠠᠯᠤᠰ ᠢᠷᠡᠭᠡᠳᠦᠢ ᠶᠢ ᠨᠠᠩ ᠰᠠᠶᠢᠨ ᠪᠣᠯᠭᠠᠨ᠎ᠠ᠃ | ᠠᠵᠤ ᠦᠶᠯᠡᠳᠪᠦᠷᠢ ᠶᠢᠨ ᠵᠡᠷᠭᠡ ᠳᠡᠰ ᠳᠡᠪᠰᠢᠬᠦ ᠶᠢ ᠲᠦᠷᠭᠡᠳᠬᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠡᠯᠧᠮᠧᠨ᠋ᠲ | ᠲᠤ ᠠᠭᠤᠰᠤᠯᠴᠠᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠳᠤᠮᠳᠠᠳᠤ ᠤᠯᠤᠰ ᠤᠨ ᠬᠤᠸᠠᠩ ᠶᠢᠨ | ᠠᠭᠤᠷᠬᠠᠢ ᠶᠢᠨ ᠦᠢᠯᠡᠰ ᠤᠨ ᠵᠡᠰ ᠮᠤᠯᠢᠪᠳᠧᠨ ᠤ ᠠᠭᠤᠷᠬᠠᠢ ᠶᠢᠨ ᠰᠢᠨ᠎ᠡ ᠪᠠᠷ ᠨᠡᠮᠡᠭᠳᠡᠭᠰᠡᠨ ᠰᠢᠷᠣᠢ | ᠭᠠᠳᠠᠭᠰᠢᠯᠠᠭᠤᠯᠬᠤ ᠲᠠᠯᠠᠪᠠᠢ᠂ ᠳᠣᠣᠷ᠎ᠠ ᠵᠡᠰ ᠤᠨ ᠬᠠᠶᠠᠭᠳᠠᠮᠠᠯ ᠬᠦᠳᠡᠷ ᠤᠨ ᠣᠷᠴᠢᠨ ᠲᠣᠭᠤᠷᠢᠨ ᠤ ᠪᠣᠬᠢᠷᠲᠤᠯ ᠢ | ᠤᠷᠢᠳᠴᠢᠯᠠᠨ ᠰᠡᠷᠭᠡᠶᠢᠯᠡᠬᠦ ᠵᠢᠴᠢ ᠡᠬᠢ ᠪᠠᠶᠠᠯᠢᠭ ᠢ ᠶᠡᠷᠦᠩᠬᠡᠶᠢᠯᠡᠨ ᠡᠭᠡᠭᠦᠯᠦᠨ ᠠᠰᠢᠭᠯᠠᠬᠤ᠂ ᠢ ᠱᠧᠩ ᠶᠤᠸᠠᠨ | ᠠᠭᠤᠷᠬᠠᠢ ᠶᠢᠨ ᠦᠢᠯᠡᠰ ᠤᠨ ᠭᠦᠨ ᠬᠡᠰᠡᠭ ᠲᠠᠬᠢ ᠡᠬᠢ ᠪᠠᠶᠠᠯᠢᠭ ᠤᠨ ᠮᠡᠷᠭᠡᠵᠢᠯ ᠢ ᠰᠠᠶᠢᠵᠢᠷᠠᠭᠤᠯᠬᠤ ᠵᠡᠷᠭᠡ | ᠲᠥᠷᠥᠯ ᠵᠦᠢᠯ ᠢ ᠠᠬᠢᠭᠤᠯᠵᠤ᠂ ᠬᠢᠯᠢ ᠶᠢᠨ ᠭᠠᠳᠠᠨᠠᠬᠢ ᠡᠬᠢ ᠪᠠᠶᠠᠯᠢᠭ ᠢ ᠢᠳᠡᠪᠬᠢᠲᠡᠢ ᠠᠰᠢᠭᠯᠠᠨ᠂ ᠯᠦᠩ ᠯᠢ ᠶᠤᠸᠠᠨ | ᠬᠠᠶᠢᠯᠤᠭᠤᠷ ᠵᠣᠩᠰᠢ ᠬᠦᠳᠡᠷ ᠰᠢᠯᠢᠬᠦ ᠦᠢᠯᠡᠳᠪᠦᠷᠢ ᠶᠢ ᠠᠮᠢᠯᠠᠭᠤᠯᠵᠤ᠂ ᠠᠵᠤ ᠦᠶᠯᠡᠳᠪᠦᠷᠢ ᠶᠢᠨ ᠠᠵᠤ ᠠᠬᠤᠢ | ᠶᠢᠨ ᠰᠢᠨ᠎ᠡ ᠨᠡᠮᠡᠭᠳᠡᠯ ᠤᠨ ᠴᠡᠭ ᠢ ᠪᠣᠢ ᠪᠣᠯᠭᠠᠨ᠂ ᠲᠣᠭᠲᠠᠭᠤᠨ ᠤ ᠳᠤᠮᠳᠠ ᠨᠡᠮᠡᠭᠳᠡᠯ ᠲᠠᠢ᠂ ᠡᠷᠡᠭᠦᠯ ᠬᠥᠭᠵᠢᠯᠲᠡ ᠶᠢ | ᠪᠡᠶᠡᠯᠡᠭᠦᠯᠦᠨ᠎ᠡ᠃ ᠠᠷᠠᠯᠵᠢᠶ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠵᠦ᠂ ︽ᠪᠠᠭᠤᠯᠭᠠᠬᠤ | ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠤᠨ᠂ ᠨᠡᠶᠢᠭᠡᠮ ᠲᠣᠭᠤᠷᠢᠭ ᠤᠨ ᠠᠷᠠᠳ ᠲᠤ | ᠲᠥᠬᠦᠮ ᠦᠵᠡᠭᠦᠯᠬᠦ ᠦᠶᠯᠡᠴᠢᠯᠡᠭᠡᠨ ᠤ ᠲᠥᠪ ᠢ ᠰᠢᠨ᠎ᠡ ᠪᠠᠷ ᠪᠠᠶᠢᠭᠤᠯᠵᠤ᠂ ᠦᠨᠳᠦᠰᠦᠨ ᠱᠠᠲᠤᠨ ᠤ ᠵᠠᠰᠠᠭ ᠤᠨ | ᠶᠠᠪᠤᠳᠠᠯ ᠤᠨ ᠦᠶᠯᠡᠴᠢᠯᠡᠭᠡ ᠶᠢᠨ ᠳᠦᠷᠢᠮᠵᠢᠭᠦᠨ ᠪᠠᠶᠢᠭᠤᠯᠤᠯᠲᠠ ᠶᠢ ᠲᠦᠷᠭᠡᠳᠬᠡᠨ᠂ ᠬᠠᠪᠰᠤᠷᠤᠨ ᠭᠦᠢᠴᠡᠳᠬᠡᠬᠦ ᠪᠠ | ᠣᠷᠣᠯᠠᠨ ᠭᠦᠶᠴᠡᠳᠬᠡᠬᠦ ᠰᠢᠰᠲ᠋ᠧᠮ ᠢ ᠡᠭᠦᠳᠦᠨ ᠪᠠᠶᠢᠭᠤᠯᠵᠤ᠂ ᠬᠢᠨᠠᠨ ᠵᠥᠪᠰᠢᠶᠡᠷᠡᠬᠦ ᠦᠶᠯᠡᠴᠢᠯᠡᠭᠡ ᠶᠢᠨ | ︽ᠳᠠᠷᠤᠶᠢᠬᠠᠨ ᠭᠦᠶᠴᠡᠳᠬᠡᠬᠦ᠂ ᠰᠦᠯᠵᠢᠶᠡᠨ ᠳᠡᠭᠡᠷ᠎ᠡ ᠭᠦᠶᠴᠡᠳᠬᠡᠬᠦ᠂ ᠣᠶᠢᠷ᠎ᠠ ᠬᠠᠪᠢ ᠳᠤ ᠪᠠᠨ ᠭᠦᠶᠴᠡᠳᠬᠡᠬᠦ᠂ ᠨᠢᠭᠡ | ᠯᠡ ᠤᠳᠠᠭ᠎ᠠ ᠳᠤ ᠭᠦᠶᠴᠡᠳᠬᠡᠬᠦ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠳᠦᠷᠢᠮ ᠤᠨ ᠠᠰᠢᠭ ᠢ ᠲᠠᠰᠤᠷᠠᠯᠲᠠ | ᠦᠭᠡᠢ ᠪᠠᠳᠠᠷᠠᠭᠤᠯᠵᠤ᠂ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠤᠨ᠂ ᠳᠤᠮᠳᠠ ᠵᠢᠵᠢᠭ ᠠᠵᠤ | ᠠᠬᠤᠶᠢᠯᠠᠯ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ ᠲᠥᠷᠦ ᠶᠢᠨ ᠪᠣᠳᠣᠯᠭ᠎ᠠ | ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠠᠵᠤ ᠠᠬᠤᠢ ᠳᠣᠷᠣᠭᠰᠢᠯᠠᠬᠤ | ᠨᠥᠯᠥᠭᠡ ᠶᠢ ᠪᠦᠲᠦᠮᠵᠢᠲᠡᠢ ᠠᠷᠭᠠᠴᠠᠬᠤ ᠳᠤ ᠬᠦᠴᠦᠨ ᠨᠡᠮᠡᠷᠢᠯᠡᠨ᠂ ᠪᠡᠯᠡ ᠣᠷᠣᠭᠤᠯᠬᠤ ᠢᠲᠡᠭᠡᠯ ᠵᠣᠷᠢᠭ ᠢ | ᠨᠡᠮᠡᠭᠳᠡᠭᠦᠯᠵᠦ᠂ ᠦᠨᠡᠨ ᠬᠦ ᠠᠷᠠᠯᠵᠢᠶᠠᠴᠢᠨ ᠢ ᠬᠦᠳᠦᠳᠭᠡᠬᠦ ᠠᠷᠠᠯᠵᠢᠶᠠᠴᠢᠨ ᠢ ᠴᠢᠬᠤᠯᠠᠴᠢᠯᠠᠬᠤ᠂ ᠠᠷᠠᠯᠵᠢᠶᠠᠴᠢᠨ ᠢ | ᠬᠠᠶᠢᠷᠠᠯᠠᠬᠤ ᠪᠠ ᠠᠷᠠᠯᠵᠢᠶᠠᠴᠢᠨ ᠢ ᠬᠠᠮᠠᠭᠠᠯᠠᠬᠤ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠵᠠᠬ᠎ᠠ | ᠳᠡᠯᠭᠡᠭᠦᠷ ᠤᠨ ᠭᠤᠣᠯ ᠴᠣᠭᠴᠠ ᠳᠤ ᠦᠨᠡᠨ ᠪᠣᠳᠠᠲᠠᠢ ᠬᠦᠷᠲᠡᠮᠵᠢ ᠶᠢᠨ ᠲᠥᠷᠥᠭᠳᠡᠯ ᠣᠯᠭᠤᠨ᠎ᠠ᠃ ᠨᠡᠭᠡᠭᠡᠯᠲᠡ ᠶᠢ | ᠥᠷᠭᠡᠳᠬᠡᠵᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢ | ᠲᠦᠷᠭᠡᠳᠬᠡᠨ ᠠᠬᠢᠭᠤᠯᠵᠤ᠂ ᠲᠥᠯᠥᠪᠵᠢᠭᠦᠯᠭᠡ ᠪᠠᠷ ᠬᠦᠳᠦᠯᠦᠨ ᠳᠠᠭᠠᠭᠤᠯᠵᠦ᠂ ︽ᠬᠤᠶᠠᠷ ᠨᠠᠭᠤᠷ︾᠂ ︽ᠬᠤᠶᠠᠷ | ᠭᠤᠣᠯ︾᠂ ︽ᠪᠣᠭᠳᠠ ᠠᠭᠤᠯᠠ︾᠂ ︽ᠨᠤᠭᠤ ᠭᠠᠵᠠᠷ︾ ᠭᠡᠬᠦ ᠵᠢᠭᠤᠯᠴᠢᠯᠠᠯ ᠤᠨ ᠨᠡᠷᠡᠲᠦ ᠲᠡᠮᠳᠡᠭ ᠢ | ᠭᠡᠷᠡᠯᠲᠦᠭᠦᠯᠦᠨ᠂ ︽ᠵᠦᠷᠢᠶᠡᠲᠦ︾ ᠵᠢᠭᠤᠯᠴᠢᠯᠠᠯ ᠢ ᠬᠦᠭᠵᠢᠭᠦᠯᠵᠦ᠂ ᠠᠷᠠᠳ ᠤᠨ ᠵᠠᠩ ᠦᠢᠯᠡ ᠰᠣᠶᠣᠯ ᠤᠨ ᠠᠵᠤ | ᠦᠢᠯᠡᠰ ᠤᠨ ᠬᠦᠷᠢᠶᠡᠯᠡᠩ ᠵᠡᠷᠭᠡ ᠦᠵᠡᠮᠵᠢ ᠶᠢᠨ ᠣᠷᠣᠨ ᠢ ᠲᠡᠰ ᠳᠡᠪᠰᠢᠭᠦᠯᠦᠨ ᠵᠠᠰᠠᠨ ᠰᠢᠨᠡᠳᠬᠡᠬᠦ ᠶᠢ | ᠲᠦᠷᠭᠡᠳᠬᠡᠨ᠂ ᠵᠡᠭᠦᠨ ᠰᠦᠮ᠎ᠡ ᠵᠢᠭᠤᠯᠴᠢᠯᠠᠯ ᠤᠨ ᠲᠣᠰᠬᠤᠨ᠂ ᠮᠠᠩᠯᠠᠢ ᠭᠠᠴᠠᠭ᠎ᠠ ᠶᠢᠨ ︽ᠬᠡᠷᠦᠯᠦᠨ︾ ᠪᠠᠭᠤᠴᠠ ᠶᠢ | ᠪᠠᠶᠢᠭᠤᠯᠤᠨ ᠡᠵᠡᠩᠨᠡᠬᠦ ᠶᠢ ᠠᠬᠢᠭᠤᠯᠤᠨ᠂ ᠵᠢᠭᠤᠯᠴᠢᠯᠠᠯ ᠤᠨ ᠲᠡᠮᠳᠡᠭ ᠤᠨ ᠲᠠᠶᠢᠯᠪᠤᠷᠢᠯᠠᠬᠤ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠢᠵᠢ ᠪᠦᠷᠢᠳᠦᠬᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠥᠷᠥᠯ ᠬᠡᠯᠪᠡᠷᠢ ᠶᠢᠨ ᠵᠢᠭᠤᠯᠴᠢᠯᠠᠯ ᠤᠨ ᠪᠡᠶᠡᠴᠢᠯᠡᠨ ᠣᠶᠢᠯᠠᠭᠠᠬᠤ ᠰᠢᠨ᠎ᠡ | ᠵᠠᠭᠪᠤᠷ ᠢ ᠰᠦᠪᠡᠭᠴᠢᠯᠡᠨ᠎ᠡ᠃ ︽ᠨᠢᠭᠡ ᠪᠦᠰᠡ ᠨᠢᠭᠡ ᠵᠠᠮ︾ ᠤᠨ ᠨᠡᠭᠡᠭᠡᠯᠲᠡ ᠶᠢᠨ ᠳᠠᠪᠠᠭᠤᠯᠢᠭ ᠢ ᠪᠣᠶ ᠪᠣᠯᠭᠠᠨ᠂ | ︽ᠤᠮᠠᠷᠠᠰᠢ ᠨᠡᠭᠡᠭᠡᠯᠲᠡ ᠬᠢᠬᠦ︾ ᠬᠤᠰᠢᠭᠤᠴᠢ ᠣᠷᠣᠨ ᠢ ᠪᠠᠶᠢᠭᠤᠯᠵᠤ᠂ ᠠᠷᠤᠬᠠᠰᠢᠶᠠᠲᠤ ᠪᠣᠭᠤᠮᠲᠠ ᠶᠢᠨ ᠵᠢᠯ | ᠲᠤᠷᠰᠢᠳᠠ ᠴᠢᠯᠦᠭᠡᠲᠡᠢ ᠨᠡᠭᠡᠭᠡᠯᠳᠡ ᠬᠢᠬᠦ ᠨᠥᠯᠥᠭᠡᠯᠡᠨ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠂ ᠪᠣᠭᠤᠮᠲᠠ ᠶᠢᠨ | ᠰᠠᠭᠤᠷᠢ ᠲᠦᠬᠦᠭᠡᠷᠦᠮᠵᠢ ᠶᠢ ᠲᠠᠰ ᠳᠡᠪᠰᠢᠭᠦᠯᠦᠨ ᠵᠠᠰᠠᠨ ᠰᠢᠨᠡᠳᠬᠡᠬᠦ ᠲᠥᠷᠥᠯ ᠵᠦᠶᠯ ᠢ ᠬᠡᠷᠡᠭᠵᠢᠭᠦᠯᠵᠦ᠂ ᠥᠪᠥᠷ | ᠮᠣᠩᠭᠤᠯ ᠤᠨ ᠵᠡᠭᠦᠨ ᠬᠡᠰᠡᠭ ᠲᠠᠬᠢ ᠤᠰᠤᠨ ᠤ ᠭᠠᠷᠤᠯᠲᠠ᠂ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ | ᠣᠷᠣᠭᠤᠯᠬᠤ ᠲᠣᠭᠲᠠᠭᠰᠠᠨ ᠪᠣᠭᠤᠮᠲᠠ ᠪᠣᠯᠭᠠᠬᠤ ᠪᠠᠷ ᠭᠤᠶᠤᠴᠢᠯᠠᠨ ᠮᠡᠳᠡᠭᠦᠯᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ ᠶᠢᠨ ᠲᠥᠷᠥᠯ ᠵᠦᠶᠯ ᠢ ᠤᠯᠠᠮ ᠨᠢᠭᠡ ᠠᠯᠬᠤᠮ ᠪᠠᠶᠠᠯᠢᠭᠵᠢᠭᠤᠯᠤᠨ᠎ᠠ᠃ | ︽ᠢᠨᠲ᠋ᠧᠷ ᠰᠦᠯᠵᠢᠶ᠎ᠡ+︾ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠲᠦᠷᠭᠡᠳᠬᠡᠨ᠂ | ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ | ᠦᠵᠡᠭᠦᠯᠬᠦ ᠬᠤᠰᠢᠭᠤ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠬᠦᠢᠲᠡᠨ | ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠂ ᠮᠠᠯ | ᠤᠨ ᠠᠰᠢᠭ ᠰᠢᠮ᠎ᠡ ᠪᠠ ᠲᠠᠷᠢᠶᠠᠯᠠᠩ ᠤᠨ ᠪᠦᠲᠦᠭᠡᠭᠳᠡᠬᠦᠨ ᠤ ᠡᠯᠧᠺᠲᠷᠣᠨ ᠬᠤᠳᠠᠯᠳᠤᠭ᠎ᠠ ᠶᠢ ᠳᠡᠯᠭᠡᠷᠡᠭᠦᠯᠬᠦ | ᠠᠵᠢᠯᠯᠠᠭ᠎ᠠ ᠶᠢ ᠢᠳᠡᠪᠬᠢᠲᠡᠢ ᠥᠷᠨᠢᠭᠦᠯᠦᠨ᠎ᠡ᠃ | ︵ᠳᠦᠷᠪᠡ︶ ᠬᠤᠲᠠ ᠬᠥᠳᠡᠭᠡ ᠶᠢᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ | ᠬᠥᠭᠵᠢᠯᠲᠡ ᠶᠢᠨ ᠪᠠᠶᠢᠷᠢᠰᠢᠯ ᠢ ᠦᠷᠭᠦᠯᠵᠢᠯᠡᠨ ᠰᠢᠯᠢᠳᠡᠭᠵᠢᠭᠦᠯᠦᠨ᠎ᠡ᠃ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠎ᠠ᠃ ᠠᠷᠠᠳ ᠤᠨ ᠲᠥᠯᠥᠭᠡ᠂ ᠠᠷᠠᠳ ᠲᠤ ᠳᠥᠭᠦᠮ ᠦᠵᠡᠭᠦᠯᠬᠦ ᠪᠠ ᠠᠰᠢᠭ ᠬᠦᠷᠲᠡᠭᠡᠬᠦ | ᠪᠠᠷ ᠵᠣᠷᠢᠯᠲᠠ ᠪᠣᠯᠭᠠᠨ᠂ ︽ᠳᠥᠷᠪᠡᠨ ᠰᠠᠶᠢᠲᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠪᠠᠷᠠᠭᠤᠨ ᠰᠦᠮ᠎ᠡ ᠭᠠᠴᠠᠭ᠎ᠠ ᠠᠴᠠ ᠪᠠᠶᠠᠨᠳᠡᠷᠡᠰᠦ ᠬᠦᠷᠬᠦ᠂ ᠠᠯᠳ᠋ᠬᠠᠮᠡᠭᠡᠯ ᠪᠠᠯᠭᠠᠰᠤ ᠠᠴᠠ ᠱᠠᠩᠳᠤ ᠶᠢᠨ | ᠬᠤᠭᠤᠯᠠᠢ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠲᠦᠯᠦᠪᠵᠢᠭᠦᠯᠦᠨ | ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠢ 25.7 ᠺᠢᠯᠤᠮᠧᠲᠷ ᠵᠠᠰᠠᠨ ᠰᠢᠨᠡᠳᠬᠡᠵᠦ᠂ ᠪᠠᠭᠲᠠᠭᠠᠮᠵᠢ ᠶᠢ | ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠵᠠᠮ ᠤᠨ | ᠲᠣᠣᠷ ᠤᠨ ᠪᠣᠷᠣ ᠲᠥᠯᠥᠪ ᠰᠢᠨ᠎ᠡ ᠪᠠᠶᠢᠳᠠᠯ ᠢ ᠪᠤᠶ ᠪᠣᠯᠭᠠᠨ᠎ᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ | ᠶᠢ ᠲᠦᠷᠭᠡᠳᠬᠡᠵᠦ᠂ ᠰᠦᠯᠵᠢᠶᠡᠨ ᠤ ᠬᠠᠩᠭᠠᠯᠭ᠎ᠠ ᠶᠢᠨ ᠴᠢᠳᠠᠪᠤᠷᠢ ᠶᠢ ᠨᠡᠮᠡᠭᠳᠡᠭᠦᠯᠦᠨ᠂ 5G ᠰᠦᠯᠵᠢᠶ᠎ᠡ ᠶᠢ ᠡᠮᠬᠢ | ᠵᠢᠷᠤᠮ ᠲᠠᠢ ᠪᠠᠶᠢᠷᠢᠰᠢᠭᠤᠯᠵᠤ᠂ ︽ᠠᠵᠤ ᠦᠶᠯᠡᠳᠪᠦᠷᠢᠵᠢᠯᠲᠡ ᠬᠢᠭᠡᠳ ᠮᠡᠳᠡᠭᠡ ᠵᠠᠩᠭᠢᠵᠢᠯᠲᠠ ᠶᠢ ᠠᠭᠤᠰᠤᠯᠴᠠᠭᠤᠯᠬᠤ︾ | ᠂ ︽ᠲᠦᠮᠡᠨ ᠡᠷᠦᠬᠡ ᠡᠭᠦᠯᠡᠨ ᠲᠠᠪᠴᠠᠩ ᠳᠤ ᠭᠠᠷᠬᠤ︾ ᠶᠢ ᠲᠦᠯᠬᠢᠨ ᠠᠬᠢᠭᠤᠯᠵᠤ᠂ ᠠᠵᠤ ᠦᠶᠯᠡᠳᠪᠦᠷᠢ ᠶᠢᠨ ᠠᠵᠤ | ᠠᠬᠤᠶᠢᠯᠠᠯ ᠤᠨ ᠲᠣᠭᠠᠴᠢᠯᠠᠭᠰᠠᠨ ᠡᠵᠡᠮᠳᠡᠬᠦ ᠲᠥᠪ ᠤᠨ ᠪᠥᠲᠥᠭᠡᠨ ᠪᠠᠶᠢᠭᠤᠯᠤᠯᠲᠠ ᠳᠤ ᠳᠡᠮᠵᠢᠯᠭᠡ ᠦᠵᠡᠭᠦᠯᠦᠨ᠎ᠡ᠃ | ᠤᠯᠤᠰ ᠤᠨ ᠭᠠᠵᠠᠷ ᠰᠢᠷᠣᠢ ᠶᠢᠨ ᠣᠷᠣᠨ ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠵᠠᠰᠠᠭ ᠵᠠᠬᠢᠷᠭᠠᠨ ᠤ | ᠣᠷᠣᠨ ᠤ ᠬᠤᠪᠢᠶᠠᠷᠢᠯᠠᠯ ᠤᠨ ᠵᠠᠭᠠᠭ ᠬᠢᠵᠠᠭᠠᠷ ᠢ ᠡᠪᠳᠡᠵᠦ᠂ ︽ᠣᠷᠣᠨ ᠠᠯᠤᠰᠯᠠᠭᠰᠠᠨ ᠠᠵᠤ ᠠᠬᠤᠶ︾ ᠶᠢᠨ | ᠬᠥᠭᠵᠢᠯᠲᠡ ᠶᠢ ᠠᠬᠢᠭᠤᠯᠵᠤ᠂ ᠲᠥᠷᠥ ᠶᠢᠨ ᠪᠣᠳᠣᠯᠭ᠎ᠠ ᠶᠢ ᠳᠠᠪᠬᠤᠴᠠᠭᠤᠯᠬᠤ᠂ ᠳᠠᠪᠠᠭᠤᠯᠢᠭ ᠲᠠᠯ᠎ᠠ ᠪᠠᠨ ᠬᠠᠷᠢᠯᠴᠠᠨ | ᠨᠥᠬᠦᠪᠥᠷᠢᠯᠡᠬᠦ ᠶᠢ ᠪᠡᠶᠡᠯᠡᠭᠦᠯᠦᠨ᠎ᠡ᠃ ᠬᠤᠲᠠ ᠪᠠᠯᠭᠠᠰᠤ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ | ︽ᠲᠥᠪ ᠬᠤᠲᠠ ᠲᠣᠭᠤᠷᠢᠭ ᠢ ᠴᠢᠩᠭᠠᠳᠬᠠᠵᠤ᠂ ᠠᠮᠢᠵᠢᠷᠠᠯ ᠤᠨ ᠬᠦᠴᠦᠨ ᠲᠠᠢ ᠰᠢᠶᠠᠩ ᠪᠠᠯᠭᠠᠰᠤ ᠶᠢ ᠴᠣᠭᠴᠠᠯᠠᠨ | ᠪᠠᠶᠢᠭᠤᠯᠬᠤ︾ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠬᠤᠲᠠ ᠪᠠᠯᠭᠠᠰᠤ ᠶᠢᠨ ᠪᠠᠶᠢᠷᠢᠰᠢᠭᠤᠯᠤᠯᠲᠠ ᠶᠢ | ᠦᠷᠭᠦᠯᠵᠢᠯᠡᠨ ᠰᠢᠯᠢᠳᠡᠭᠵᠢᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠂ | ᠪᠠᠲᠤᠯᠠᠭ᠎ᠠ ᠶᠢᠨ ᠴᠢᠨᠠᠷᠲᠠᠢ ᠣᠷᠣᠨ ᠰᠠᠭᠤᠴᠠ ᠶᠢ ᠰᠡᠯᠪᠢᠨ ᠵᠠᠰᠠᠬᠤ᠂ ᠤᠰᠤ ᠬᠠᠩᠭᠠᠬᠤ ᠬᠤᠭᠤᠯᠠᠢ ᠲᠣᠣᠷ ᠢ | ᠣᠶᠤᠨᠴᠢᠯᠠᠨ ᠵᠠᠰᠠᠨ ᠰᠢᠨᠡᠳᠬᠡᠬᠦ᠂ ᠵᠠᠮ ᠪᠠ ᠭᠤᠳᠤᠮᠵᠢ ᠶᠢ ᠥᠭᠡᠷᠡᠴᠢᠯᠡᠨ ᠰᠠᠶᠢᠵᠢᠷᠠᠭᠤᠯᠬᠤ᠂ ᠪᠤᠵᠠᠷ ᠤᠰᠤ ᠪᠠ | ᠪᠣᠷᠣᠭᠠᠨ ᠤ ᠤᠰᠤ ᠶᠢ ᠰᠠᠯᠭᠠᠬᠤ᠂ ᠤᠶᠤᠨᠲᠤ ᠲᠡᠷᠭᠡᠨ ᠤ ᠵᠣᠭᠰᠣᠭᠠᠯ ᠵᠡᠷᠭᠡ ᠬᠤᠲᠠ ᠶᠢᠨ ᠶᠠᠪᠤᠳᠠᠯ ᠤᠨ | ᠢᠨᠵᠧᠨᠧᠷᠢᠩ ᠢ ᠲᠥᠰᠦᠪᠯᠡᠨ ᠬᠡᠷᠡᠭᠵᠢᠭᠦᠯᠵᠦ᠂ ︽ᠭᠤᠷᠪᠠᠨ ᠬᠠᠩᠭᠠᠯᠭ᠎ᠠ ᠨᠢᠭᠡ ᠭᠡᠷ ᠠᠬᠤᠢ︾ ᠶᠢᠨ ᠦᠢᠯᠡᠴᠢᠯᠡᠭᠡᠨ ᠤ | ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠤ ᠵᠠᠰᠠᠨ ᠴᠡᠭᠴᠡᠯᠡᠯᠲᠡ ᠬᠢᠭᠡᠳ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠪᠠ ᠬᠠᠮᠠᠭᠠᠯᠠᠯᠲᠠ ᠶᠢᠨ | ᠳᠣᠲᠣᠭᠠᠳᠤ ᠬᠠᠷᠢᠴᠠᠭ᠎ᠠ ᠶᠢ ᠤᠯᠠᠮ ᠴᠢᠨᠠᠭᠰᠢᠳᠠ ᠰᠦᠪᠡᠭᠴᠢᠯᠡᠨ᠂ ︽ᠵᠣᠷᠯᠣᠩ ᠤᠨ ᠬᠤᠪᠢᠰᠬᠠᠯ︾ ᠢ ᠦᠷᠭᠦᠯᠵᠢᠯᠡᠨ | ᠠᠬᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠵᠠᠰᠠᠬᠤ ᠶᠢ ᠴᠢᠩᠭᠠᠳᠬᠠᠨ᠂ ᠰᠢᠨᠵᠢᠯᠡᠬᠦ ᠤᠬᠠᠭᠠᠨᠴᠢ ᠪᠠᠷ | ᠰᠢᠢᠳᠪᠦᠷᠢᠯᠡᠵᠦ᠂ 5 ᠰᠤᠮᠤ ᠪᠠᠯᠭᠠᠰᠤ ᠶᠢᠨ ᠪᠤᠵᠠᠷ ᠤᠰᠤ ᠶᠢ ᠵᠠᠰᠠᠬᠤ ᠲᠥᠷᠥᠯ ᠵᠦᠢᠯ ᠢ ᠬᠡᠷᠡᠭᠵᠢᠭᠦᠯᠦᠨ᠂ ᠪᠤᠵᠠᠷ | ᠤᠰᠤ ᠶᠢ ᠰᠢᠢᠳᠪᠦᠷᠢᠯᠡᠬᠦ ᠲᠤᠤᠷᠵᠢᠭᠤᠯᠬᠤ ᠰᠢᠰᠲ᠋ᠧᠮ ᠢ ᠪᠠᠶᠢᠭᠤᠯᠵᠤ᠂ ᠨᠠᠷᠢᠯᠢᠠᠠᠵᠢᠭᠤᠯᠤᠨ ᠬᠠᠮᠢᠶᠠᠷᠬᠤ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠢ | ᠥᠷᠨᠢᠭᠦᠯᠵᠦ᠂ ᠬᠥᠯᠥᠨ ᠪᠣᠶᠢᠷ ᠬᠤᠲᠠ ᠶᠢᠨ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ᠂ ᠪᠣᠬᠢᠷᠲᠤᠯ ᠦᠭᠡᠢ᠂ | ᠣᠨᠴᠠᠯᠢᠭᠲᠤ ᠬᠤᠲᠠ ᠪᠠᠯᠭᠠᠰᠤ ᠶᠢ ᠴᠣᠭᠴᠠᠯᠠᠨ ᠪᠠᠶᠢᠭᠤᠯᠤᠨ᠎ᠠ᠃ | ︵ᠲᠠᠪᠤ︶ ᠠᠷᠠᠳ ᠤᠨ ᠠᠮᠢᠳᠤᠷᠠᠯ ᠢ ᠪᠦᠬᠦ ᠬᠦᠴᠦᠨ ᠢᠶᠠᠷ ᠪᠠᠲᠤᠯᠠᠨ ᠰᠠᠶᠢᠵᠢᠷᠠᠭᠤᠯᠵᠤ᠂ ᠴᠢᠨᠠᠷ ᠰᠠᠶᠢᠲᠠᠢ | ᠬᠥᠭᠵᠢᠯᠲᠡ ᠶᠢᠨ ᠦᠷ᠎ᠡ ᠪᠦᠲᠦᠭᠡᠯ ᠢ ᠭᠦᠢᠴᠡᠳ ᠬᠠᠮᠲᠤ ᠪᠠᠷ ᠡᠳ᠋ᠯᠡᠭᠦᠯᠦᠨ᠎ᠡ᠃ ᠠᠷᠠᠳ ᠤᠨ ᠠᠮᠢᠳᠤᠷᠠᠯ ᠤᠨ ᠪᠤᠶᠠᠨ | ᠬᠡᠰᠢᠭ ᠤᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠠᠮᠢᠳᠤᠷᠠᠯ | ᠤᠨ ᠪᠣᠳᠠᠲᠤ ᠶᠠᠪᠤᠳᠠᠯ ᠤᠨ ᠲᠥᠷᠥᠯ ᠵᠦᠶᠯ ᠢ ᠠᠷᠠᠳ ᠤᠨ ᠲᠥᠯᠥᠭᠡᠯᠡᠭᠴᠢ ᠪᠢᠯᠧᠲ ᠢᠶᠠᠷ ᠲᠣᠭᠲᠠᠭᠠᠬᠤ ᠲᠦᠷᠢᠮ | ᠤᠨ ᠲᠤᠷᠰᠢᠯᠲᠠ ᠶᠢᠨ ᠬᠤᠰᠢᠭᠤ︾ ᠶᠢᠨ ᠱᠠᠭᠠᠷᠳᠠᠯᠭ᠎ᠠ ᠶᠣᠰᠣᠭᠠᠷ᠂ ᠨᠢᠭᠡᠳᠦᠭᠡᠷ ᠪᠠᠭ᠎ᠠ ᠰᠤᠷᠭᠠᠭᠤᠯᠢ ᠶᠢᠨ | ᠰᠤᠷᠭᠠᠭᠤᠯᠢ ᠶᠢᠨ ᠬᠦᠷᠢᠶ᠎ᠡ ᠶᠢ ᠵᠠᠰᠠᠵᠤ ᠥᠷᠭᠡᠳᠬᠡᠨ ᠪᠠᠶᠢᠭᠤᠯᠬᠤ᠂ ᠬᠢᠵᠢᠭ ᠢ ᠰᠡᠷᠭᠡᠶᠢᠯᠡᠨ ᠡᠵᠡᠮᠳᠡᠬᠦ ᠲᠥᠪ ᠤᠨ | ᠰᠢᠯᠭᠠᠨ ᠪᠠᠶᠢᠴᠠᠭᠠᠬᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠠᠶᠢᠰᠢᠩ᠂ ᠮᠠᠯ ᠵᠢᠭᠦᠷᠲᠡᠨ ᠤ ᠢᠯᠭᠠᠳᠠᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ ᠶᠢ ᠪᠦᠬᠦᠶᠢᠯᠡ ᠬᠤᠰᠢᠭᠤ ᠪᠠᠷ ᠲᠦᠯᠬᠢᠨ ᠠᠬᠢᠭᠤᠯᠬᠤ᠂ ᠬᠠᠭᠤᠴᠢᠷᠠᠭᠰᠠᠨ | ᠵᠢᠵᠢᠭ ᠰᠠᠭᠤᠭᠠᠯᠢ ᠲᠣᠭᠤᠷᠢᠭ ᠢ ᠦᠭᠡᠷᠡᠴᠢᠯᠡᠨ ᠰᠢᠨᠡᠳᠬᠡᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ | ᠤᠨ ᠲᠥᠷᠥᠯ ᠵᠦᠶᠯ ᠢ ᠬᠡᠷᠡᠭᠵᠢᠭᠦᠯᠦᠨ᠎ᠡ᠃ ᠠᠵᠢᠯ ᠣᠯᠭᠤᠯᠲᠠ ᠶᠢᠨ ᠦᠶᠯᠡᠴᠢᠯᠡᠭᠡ ᠪᠠ ᠤᠷ᠎ᠠ ᠴᠢᠳᠠᠪᠤᠷᠢ ᠶᠢ | ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠂ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠱᠠᠲᠤᠴᠢ ᠴᠢᠨᠠᠷᠲᠠᠶ | ᠪᠠᠷ ᠬᠠᠰᠤᠵᠤ ᠬᠡᠯᠲᠦᠷᠢᠭᠦᠯᠬᠦ᠂ ᠠᠵᠢᠯ ᠠᠯᠳᠠᠯᠲᠠ ᠶᠢᠨ ᠳᠠᠭᠠᠳᠬᠠᠯ ᠤᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠠᠵᠢᠯ ᠣᠯᠭᠤᠬᠤ ᠨᠥᠬᠦᠪᠥᠷᠢ ᠥᠭᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠥᠳᠡᠯᠮᠦᠷᠢ ᠶᠢᠨ ᠤᠷ᠎ᠠ ᠴᠢᠳᠠᠪᠤᠷᠢ ᠶᠢᠨ | ᠪᠣᠯᠪᠠᠰᠤᠷᠠᠯ ᠢ ᠶᠡᠭᠡ ᠪᠠᠷ ᠥᠷᠨᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ᠂ ᠦᠯᠡᠭᠦᠦ ᠬᠥᠳᠡᠯᠮᠦᠷᠢ ᠬᠦᠴᠦ᠂ | ᠠᠵᠢᠯ ᠤᠯᠬᠤ ᠳᠤ ᠬᠦᠴᠢᠷᠲᠡᠶ ᠬᠥᠮᠦᠰ ᠵᠡᠷᠭᠡ ᠭᠤᠤᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠶᠢ | ᠠᠬᠢᠭᠤᠯᠤᠨ᠎ᠠ᠃ ᠨᠡᠶᠢᠭᠡᠮ ᠤᠨ ᠠᠪᠤᠷᠠᠨ ᠲᠤᠰᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ︽ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ︾ ᠶᠢᠨ ᠲᠤᠰᠬᠠᠶ ᠵᠠᠰᠠᠯᠲᠠ ᠶᠢ ᠦᠷᠭᠦᠯᠵᠢᠯᠡᠨ ᠥᠷᠨᠢᠭᠦᠯᠵᠦ᠂ ︽ᠪᠠᠲᠤᠯᠠᠪᠠᠰᠤ ᠵᠣᠬᠢᠬᠤ | ᠶᠢ ᠨᠢ ᠪᠦᠬᠦᠨ ᠢ ᠪᠠᠲᠤᠯᠠᠨ᠂ ᠨᠠᠷᠢᠯᠢᠭ ᠣᠨᠣᠪᠴᠢᠲᠠᠶ ᠪᠠᠷ ᠪᠦᠬᠦᠨ ᠢ ᠪᠠᠲᠤᠯᠠᠵᠤ︾᠂ ᠲᠦᠷ ᠴᠠᠭ ᠤᠨ ᠠᠪᠤᠷᠠᠨ | ᠲᠤᠰᠠᠯᠠᠬᠤ ᠲᠣᠭᠲᠠᠴᠠ ᠶᠢ ᠲᠡᠭᠦᠯᠳᠡᠷᠵᠢᠭᠦᠯᠦᠨ᠂ ᠣᠯᠠᠨ ᠲᠦᠮᠡᠨ ᠤ ᠭᠡᠨᠡᠳᠲᠡ ᠶᠢᠨ ᠴᠢᠨᠠᠷᠲᠠᠶ᠂ ᠲᠤᠯᠭᠠᠮ᠎ᠠ ᠴᠢᠨᠠᠷᠲᠠᠶ | ᠪᠠ ᠲᠦᠷ ᠴᠠᠭ ᠤᠨ ᠴᠢᠨᠠᠷᠲᠠᠶ ᠬᠦᠴᠢᠷᠳᠡᠯ ᠢ ᠦᠨᠡᠨ ᠬᠦ ᠰᠢᠶᠳᠪᠦᠷᠢᠯᠡᠨ᠎ᠡ᠃ ᠨᠠᠰᠤᠵᠢᠯ ᠤᠨ ᠦᠶᠯᠡᠴᠢᠯᠡᠭᠡᠨ ᠤ | ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠬᠦᠴᠦᠨ ᠢ ᠵᠣᠷᠢᠭᠵᠢᠭᠤᠯᠤᠨ ᠨᠠᠰᠤᠵᠢᠯ ᠤᠨ | ᠦᠶᠯᠡᠴᠢᠯᠡᠭᠡᠨ ᠳᠤ ᠣᠷᠣᠯᠴᠠᠭᠤᠯᠤᠨ᠂ ᠠᠯᠳ᠋ᠬᠠᠮᠡᠭᠡᠯ ᠪᠠᠯᠭᠠᠰᠤ ᠶᠢᠨ ᠨᠠᠰᠤᠲᠠᠶᠢᠴᠤᠳ ᠢ ᠠᠰᠠᠷᠠᠨ ᠰᠤᠪᠢᠯᠠᠬᠤ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ ᠠᠯᠪᠠᠨ ᠠᠴᠠ ᠪᠠᠶᠢᠭᠤᠯᠵᠤ ᠠᠷᠠᠳ ᠠᠴᠠ ᠡᠵᠡᠩᠨᠡᠬᠦ | ᠪᠠ ︽ᠨᠢᠭᠡ ᠬᠦᠷᠢᠶᠡᠯᠡᠩ ᠳᠤ ᠬᠤᠶᠠᠷ ᠲᠦᠷᠢᠮ ᠢ ᠬᠡᠷᠡᠭᠵᠢᠭᠦᠯᠬᠦ︾ ᠶᠢ ᠢᠳᠡᠪᠬᠢᠲᠡᠶ ᠠᠬᠢᠭᠤᠯᠤᠨ᠂ ᠨᠠᠰᠤᠵᠢᠯ ᠤᠨ | ᠦᠶᠯᠡᠴᠢᠯᠡᠭᠡᠨ ᠤ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠣᠷᠣᠰᠢᠭᠤᠯᠭ᠎ᠠ ᠶᠢᠨ ᠥᠭᠡᠷᠡᠴᠢᠯᠡᠯᠲᠡ | ᠶᠢ ᠠᠬᠢᠭᠤᠯᠵᠤ᠂ ᠠᠮᠢ ᠠᠬᠤᠶᠢᠴᠢ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠢ ᠪᠥᠲᠥᠭᠡᠨ | ᠪᠠᠶᠢᠭᠤᠯᠤᠨ᠎ᠠ᠃ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠰᠢᠰᠲ᠋ᠧᠮ ᠤᠨ | ᠪᠠᠶᠢᠭᠤᠯᠤᠯᠲᠠ ᠶᠢ ᠲᠦᠷᠭᠡᠳᠬᠡᠵᠦ᠂ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠬᠦ᠂ ᠪᠠᠭᠠᠲᠤᠷᠴᠤᠳ ᠢ ᠬᠦᠨᠳᠦᠳᠬᠡᠬᠦ | ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠮᠵᠢ ᠶᠢᠨ | ᠴᠢᠨᠠᠷ ᠳᠡᠰ ᠢ ᠳᠡᠭᠡᠭᠰᠢᠯᠡᠭᠦᠯᠦᠨ᠎ᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠠᠭᠤᠯᠤᠭᠳᠠᠬᠤᠨ ᠤ ᠬᠥᠭᠵᠢᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠂ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠦᠵᠢᠯ᠂ ᠠᠯᠪᠠᠨ ᠵᠢᠷᠤᠮ ᠤᠨ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ᠂ | ᠰᠢᠨ᠎ᠡ ᠶᠢ ᠡᠭᠦᠳᠬᠦ ᠬᠡᠯᠪᠡᠷᠢ ᠶᠢᠨ ᠪᠠᠭᠰᠢ ᠶᠢᠨ ᠡᠩᠨᠡᠭᠡ ᠶᠢ ᠪᠠᠶᠢᠭᠤᠯᠤᠨ᠎ᠠ᠃ ᠰᠤᠷᠭᠠᠨ ᠬᠥᠮᠦᠵᠢᠯ ᠤᠨ | ᠣᠷᠣᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠰᠤᠷᠭᠠᠭᠤᠯᠢ ᠡᠷᠭᠢᠯᠡᠬᠦ ᠨᠥᠬᠦᠴᠡᠯ ᠢ ᠰᠠᠶᠢᠵᠢᠷᠠᠭᠤᠯᠤᠨ᠂ ᠠᠯᠪᠠᠨ | ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠣᠷᠴᠢᠨ ᠨᠥᠬᠦᠴᠡᠯ ᠢ ᠥᠭᠡᠷᠡᠴᠢᠯᠡᠨ ᠰᠠᠶᠢᠵᠢᠷᠠᠭᠤᠯᠵᠤ ᠲᠠᠰ | ᠳᠡᠪᠰᠢᠭᠦᠯᠬᠦ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠮᠠᠯ ᠠᠵᠤ ᠠᠬᠤᠶ ᠶᠢᠨ | ᠲᠤᠰᠬᠠᠶ ᠮᠡᠷᠭᠡᠵᠢᠯ ᠤᠨ ᠳᠠᠳᠤᠯᠭ᠎ᠠ ᠪᠣᠯᠪᠠᠰᠤᠷᠠᠯ ᠤᠨ ᠲᠠᠰᠤᠭ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠪᠠᠶᠢᠭᠠᠯᠢ | ᠶᠢᠨ ᠰᠢᠨᠵᠢᠯᠡᠬᠦ ᠤᠬᠠᠭᠠᠨ ᠤ ᠲᠤᠷᠰᠢᠯᠲᠠ ᠶᠢᠨ ᠲᠠᠰᠤᠭ᠂ ᠪᠡᠶ᠎ᠡ ᠶᠢᠨ ᠲᠠᠮᠢᠷ ᠡᠷᠡᠭᠦᠯ ᠬᠠᠮᠠᠭᠠᠯᠠᠯ ᠤᠷᠠᠯᠢᠭ ᠤᠨ | ᠵᠢᠭᠠᠨ ᠰᠤᠷᠭᠠᠯᠲᠠ᠂ ᠮᠡᠳᠡᠭᠡ ᠵᠠᠩᠭᠢᠵᠢᠯᠲᠠ ᠶᠢᠨ ᠰᠤᠷᠭᠠᠨ ᠬᠥᠮᠦᠵᠢᠯ ᠤᠨ ᠲᠥᠬᠦᠭᠡᠷᠦᠮᠵᠢ ᠶᠢ ᠪᠦᠷᠢᠨ ᠭᠦᠶᠴᠡᠳ | ᠳᠣᠭᠢᠷᠠᠭᠤᠯᠵᠤ᠂ ᠬᠠᠲᠠᠭᠤ ᠲᠣᠨᠤᠭ ᠤᠨ ᠪᠠᠳᠤᠯᠠᠭ᠎ᠠ ᠪᠠᠷ ᠰᠤᠷᠭᠠᠨ ᠬᠥᠮᠦᠵᠢᠯ ᠤᠨ ᠠᠮᠢᠵᠢᠷᠠᠯ ᠤᠨ ᠬᠦᠴᠦᠨ ᠢ | ᠨᠡᠮᠡᠭᠳᠡᠬᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ᠂ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠳᠡᠯᠭᠡᠷᠡᠭᠦᠯᠦᠨ ᠬᠡᠷᠡᠭᠯᠡᠵᠦ᠂ | ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ ᠴᠠᠭ ᠦᠶ᠎ᠡ ᠶᠢᠨ | ᠰᠢᠨ᠎ᠡ ᠬᠥᠮᠦᠨ ᠢ ᠬᠥᠮᠦᠵᠢᠭᠦᠯᠦᠨ᠎ᠡ᠃ ᠡᠮᠴᠢᠯᠡᠭᠡ᠂ ᠡᠮ ᠡᠮᠨᠡᠯᠭᠡ ᠪᠠ ᠡᠮᠴᠢᠯᠡᠭᠡᠨ ᠤ ᠳᠠᠭᠠᠳᠬᠠᠯ ᠤᠨ ᠬᠤᠯᠪᠣᠭᠠᠯᠠᠨ | ᠬᠥᠳᠡᠯᠦᠯᠴᠡᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠦᠨ᠂ ᠮᠠᠯᠴᠢᠳ ᠤᠨ ᠡᠷᠡᠭᠦᠯ ᠮᠡᠨᠳᠦ ᠶᠢᠨ ᠬᠥᠮᠦᠵᠢᠯ ᠪᠠ ᠭᠡᠷ ᠪᠦᠯᠢ ᠶᠢᠨ ᠡᠮᠴᠢ ᠶᠢᠨ | ᠭᠡᠷ᠎ᠡ ᠲᠣᠬᠲᠠᠬᠤ ᠦᠢᠯᠡᠴᠢᠯᠡᠭᠡ ᠶᠢ ᠨᠠᠶᠢᠳᠠᠪᠤᠷᠢᠵᠢᠭᠤᠯᠵᠤ᠂ ᠲᠥᠯᠥᠪᠯᠡᠭᠡᠲᠦ ᠦᠷᠡᠵᠢᠯ ᠤᠨ ᠲᠡᠳᠬᠦᠨ ᠬᠠᠯᠠᠮᠵᠢᠯᠠᠬᠤ | ︽ᠰᠡᠳᠬᠢᠯ ᠢ ᠳᠤᠯᠠᠭᠠᠴᠠᠭᠤᠯᠬᠤ ᠠᠵᠢᠯᠯᠠᠭ᠎ᠠ︾ ᠶᠢ ᠭᠦᠨᠵᠡᠭᠡᠢ ᠥᠷᠨᠢᠭᠦᠯᠦᠨ᠂ ︽ᠵᠣᠯ ᠵᠢᠷᠭᠠᠯᠲᠤ ᠭᠡᠷ ᠪᠦᠯᠢ︾ ᠶᠢ | ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠦᠨᠳᠦᠰᠦᠨ ᠱᠠᠲᠤᠨ ᠤ ᠡᠷᠡᠭᠦᠯ | ᠬᠠᠮᠠᠭᠠᠯᠠᠯ ᠤᠨ ᠬᠤᠷᠢᠶ᠎ᠠ ᠶᠢᠨ ᠰᠠᠭᠤᠷᠢ ᠲᠥᠬᠦᠭᠡᠷᠦᠮᠵᠢ ᠶᠢ ᠴᠢᠩᠭᠠᠳᠬᠠᠨ᠂ ᠬᠢᠵᠢᠭ ᠡᠪᠡᠳᠴᠢᠨ ᠢ ᠰᠡᠷᠭᠡᠶᠢᠯᠡᠨ | ᠡᠵᠡᠮᠳᠡᠬᠦ ᠲᠥᠪ ᠤᠨ ᠰᠢᠯᠭᠠᠨ ᠪᠠᠶᠢᠴᠠᠭᠠᠬᠤ ᠲᠤᠬᠠᠶᠢᠯᠠᠭᠰᠠᠨ ᠠᠵᠢᠯ ᠳᠤ ᠬᠡᠷᠡᠭᠯᠡᠬᠦ ᠬᠡᠷ ᠪᠣᠯᠤᠨ ᠬᠤᠯᠤᠭᠠᠨ᠎ᠠ ᠶᠢᠨ | ᠬᠢᠵᠢᠭ ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠴᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ ᠰᠢᠰᠲ᠋ᠧᠮ ᠤᠨ | ᠪᠠᠶᠢᠭᠤᠯᠤᠯᠲᠠ ᠶᠢ ᠲᠡᠭᠦᠯᠳᠡᠷᠵᠢᠭᠦᠯᠦᠨ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ᠨᠡᠶᠢᠭᠡᠮ | ᠤᠨ ᠲᠠᠯ᠎ᠠ ᠶᠢᠨ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠬᠤᠯᠪᠣᠭᠠᠯᠠᠨ ᠰᠡᠷᠭᠡᠶᠢᠯᠡᠵᠦ | ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠰᠢᠰᠲ᠋ᠧᠮ ᠢ ᠬᠦᠴᠦᠯᠡᠨ | ᠪᠠᠶᠢᠭᠤᠯᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠂ ᠬᠤᠯᠤᠭᠠᠨ᠎ᠠ ᠶᠢᠨ ᠬᠢᠵᠢᠭ ᠵᠡᠷᠭᠡ ᠬᠠᠯᠳᠠᠪᠤᠷᠢᠲᠤ | ᠡᠪᠡᠳᠴᠢᠨ ᠢ ᠪᠦᠲᠦᠮᠵᠢᠲᠡᠶ ᠰᠡᠷᠭᠡᠶᠢᠯᠡᠨ ᠡᠵᠡᠮᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠠᠳ ᠤᠨ | ᠳᠠᠶᠢᠯᠠᠯᠳᠤᠭᠠᠨ᠂ ᠶᠡᠷᠦᠩᠬᠡᠶ ᠳᠠᠶᠢᠯᠠᠯᠳᠤᠭᠠᠨ᠂ ᠬᠤᠷᠢᠭᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠡᠷᠡᠰ ᠲᠡᠮᠡᠴᠡᠨ | ᠣᠯᠣᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠥᠷᠲᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ | ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠴᠣᠭᠴᠠᠯᠠᠬᠤ ᠪᠠᠷ ᠰᠣᠶᠣᠯ ᠤᠨ ᠬᠥᠭᠵᠢᠯᠲᠡ ᠶᠢ ᠨᠢᠭᠡᠳᠦᠯᠲᠡᠶ ᠲᠥᠯᠥᠪᠵᠢᠭᠦᠯᠵᠦ᠂ ᠦᠨᠳᠦᠰᠦᠲᠡᠨ | ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠪᠦᠭᠡᠳ ᠤᠳᠠᠭᠠᠨ ᠳᠠᠭᠠᠭᠠᠮᠠᠭᠠᠶ | ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ ᠪᠥᠬᠦ | ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠬᠤᠲᠠ ᠬᠥᠳᠡᠭᠡ ᠶᠢᠨ ᠣᠯᠠᠨ ᠨᠡᠶᠢᠲᠡ ᠶᠢᠨ ᠰᠣᠶᠣᠯ ᠤᠨ | ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠂ ᠤᠯᠠᠭᠠᠨᠮᠥ᠋ᠴᠢᠷ ᠤᠨ ︽ᠭᠤᠷᠪᠠᠨ ᠵᠦᠶᠯ ᠤᠨ ᠲᠦᠷᠢᠮ︾ | ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠣᠯᠠᠨ ᠲᠦᠮᠡᠨ ᠤ ᠵᠠᠭᠤᠨ ᠡᠳᠦᠷ ᠤᠨ ᠤᠷᠠᠨ ᠰᠠᠶᠢᠬᠠᠨ ᠤ | ᠲᠣᠭᠯᠠᠯᠲᠠ︾᠂ ︽ᠪᠢᠴᠢᠭ ᠤᠨ ᠦᠨᠦᠷ ᠬᠠᠩᠬᠤᠯᠤᠭᠰᠠᠨ ᠰᠢᠨ᠎ᠡ ᠪᠠᠷᠭᠤ ᠪᠠᠷᠠᠭᠤᠨ ᠬᠤᠰᠢᠭᠤ︾᠂ ︽ᠰᠣᠶᠣᠯ ᠢ ᠬᠥᠳᠡᠭᠡ | ᠲᠣᠰᠬᠤᠨ ᠳᠤ ᠬᠦᠷᠭᠡᠬᠦ︾ ᠠᠵᠢᠯᠯᠠᠭ᠎ᠠ ᠶᠢ ᠦᠷᠭᠦᠯᠵᠢᠯᠡᠨ ᠡᠷᠬᠢᠯᠡᠨ᠎ᠡ᠃ ᠲᠡᠦᠬᠡ ᠶᠢᠨ ᠳᠤᠷᠠᠰᠬᠠᠯᠲᠤ ᠵᠦᠶᠯᠡᠰ ᠤᠨ | ᠠᠮᠤᠷ ᠲᠦᠪᠰᠢᠨ ᠤ ᠴᠠᠭᠳᠠᠨ ᠪᠠᠶᠢᠴᠠᠭᠠᠯᠲᠠ ᠶᠢ ᠴᠢᠩᠭᠠᠳᠬᠠᠨ᠂ ᠲᠡᠦᠬᠡ ᠶᠢᠨ ᠳᠤᠷᠠᠰᠬᠠᠯᠲᠤ ᠵᠦᠶᠯᠡᠰ ᠤᠨ ᠠᠮᠤᠷ | ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠪᠦᠬᠦ ᠤᠯᠤᠰ ᠤᠨ ᠬᠤᠳᠠ ᠲᠣᠭᠤᠷᠢᠭ ᠤᠨ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ | ᠶᠢᠨ ᠲᠤᠷᠰᠢᠯᠲᠠ ᠶᠢᠨ ᠴᠡᠭ ᠤᠨ ᠪᠠᠶᠢᠭᠤᠯᠤᠯᠲᠠ ᠶᠢ ᠠᠬᠢᠭᠤᠯᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ | ᠲᠤᠷᠰᠢᠯᠭ᠎ᠠ︾ ᠶᠢ ᠰᠤᠷᠤᠯᠴᠠᠵᠤ᠂ ᠨᠡᠶᠢᠭᠡᠮ ᠤᠨ ᠵᠥᠷᠢᠴᠡᠯ ᠤᠨ ᠵᠠᠰᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ᠂ | ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠪᠦᠲᠦᠮᠵᠢᠲᠡᠢ ᠰᠢᠢᠳᠪᠦᠷᠢᠯᠡᠵᠦ᠂ ᠤᠯᠠᠨ ᠲᠦᠮᠡᠨ ᠤ ᠵᠦᠢ | ᠶᠣᠰᠣᠨ ᠤ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠰᠢᠢᠳᠪᠦᠷᠢᠯᠡᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠬᠡᠷᠡᠭ ᠢ ᠰᠢᠶᠳᠪᠦᠷᠢᠯᠡᠬᠦ ᠬᠤᠷᠳᠤᠴᠠ ᠶᠢ | ᠲᠦᠷᠭᠡᠳᠬᠡᠨ ᠦᠷ᠎ᠡ ᠠᠰᠢᠭ ᠢ ᠨᠡᠮᠡᠭᠳᠡᠭᠦᠯᠦᠨ᠂ ᠦᠮᠦᠭᠯᠡᠭᠴᠢ ᠳᠤ ᠴᠣᠬᠢᠯᠲᠠ ᠥᠭᠴᠦ ᠡᠳ᠋ ᠬᠥᠷᠥᠩᠭᠡ ᠶᠢ ᠨᠢ | ᠬᠤᠷᠢᠶᠠᠬᠤ᠂ ᠭᠡᠭᠡᠭᠳᠡᠵᠦ ᠣᠷᠬᠢᠭᠳᠠᠭᠰᠠᠨ ᠢ ᠨᠢ ᠪᠠᠶᠢᠴᠠᠭᠠᠨ ᠨᠦᠬᠦᠪᠦᠷᠢᠯᠡᠬᠦ ᠪᠠ ᠠᠵᠢᠯ ᠲᠥᠷᠥᠯ ᠢ ᠵᠠᠰᠠᠨ | ᠴᠡᠭᠴᠡᠯᠡᠵᠦ ︽ᠡᠷᠭᠢᠵᠦ ᠬᠠᠷᠠᠬᠤ︾ ᠶᠢ ᠲᠦᠷᠦᠯ ᠬᠤᠪᠢᠶᠠᠨ ᠲᠦᠯᠬᠢᠨ ᠠᠬᠢᠭᠤᠯᠵᠤ ᠠᠮᠤᠷ ᠠᠮᠤᠭᠤᠯᠠᠩ ᠰᠢᠨ᠎ᠡ | ᠪᠠᠷᠭᠤ ᠪᠠᠷᠠᠭᠤᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠨᠠᠮ ᠪᠠᠶᠢᠭᠤᠯᠤᠭᠳᠠᠭᠰᠠᠨ | 100 ᠵᠢᠯ ᠤᠨ ᠣᠶ ᠶᠢᠨ ᠠᠮᠤᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠣᠷᠣᠨ ᠤ | ᠣᠶᠤᠨᠴᠢ ᠳᠣᠲᠣᠭᠠᠳᠤ ᠶᠢ ᠬᠠᠮᠠᠭᠠᠯᠠᠬᠤ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠢ ᠠᠬᠢᠭᠤᠯᠤᠨ᠂ ︽ᠱᠠᠯᠢᠭ | ᠵᠠᠪᠬᠠᠶ ᠵᠣᠭᠤᠰ ᠮᠥᠷᠥᠶᠢᠴᠡᠬᠦ ᠬᠤᠤᠷ ᠠᠷᠠᠯᠵᠢᠶᠠᠯᠠᠬᠤ︾᠂ ︽ᠬᠤᠯᠠᠭᠠᠶᠢᠯᠠᠬᠤ ᠮᠡᠬᠡᠯᠡᠬᠦ ᠪᠠ ᠳᠡᠭᠡᠷᠡᠮᠳᠡᠬᠦ︾ ᠵᠡᠷᠭᠡ | ᠶᠠᠯᠠᠲᠤ ᠠᠵᠢᠯᠯᠠᠭ᠎ᠠ ᠳᠤ ᠬᠦᠴᠦᠲᠡᠶ ᠴᠣᠬᠢᠯᠲᠠ ᠥᠭᠴᠦ᠂ ᠨᠡᠶᠢᠭᠡᠮ ᠤᠨ ᠲᠥᠪ ᠭᠤᠤᠯᠴᠢ ᠰᠢᠳᠤᠷᠭᠤ ᠶᠣᠰᠣ ᠶᠢ | ᠠᠬᠢᠭᠤᠯᠤᠨ᠎ᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠤᠨ᠂ ᠬᠦᠨᠳᠦ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠵᠤ᠂ ᠭᠠᠮᠰᠢᠭ ᠢ ᠰᠡᠷᠭᠡᠶᠢᠯᠡᠨ | ᠭᠠᠮᠰᠢᠭ ᠢ ᠪᠠᠭᠠᠰᠬᠠᠵᠤ ᠭᠠᠮᠰᠢᠭ ᠠᠴᠠ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠦᠨ᠂ ᠪᠠᠴᠢᠮ ᠪᠠᠶᠢᠳᠠᠯ ᠢ ᠠᠷᠭᠠᠴᠠᠬᠤ | ᠪᠠᠲᠤᠯᠠᠭ᠎ᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠎ᠡ᠃ ᠢᠳᠡᠭᠡᠨ ᠪᠠ ᠡᠮ ᠤᠨ ᠵᠦᠢᠯ ᠤᠨ | ᠠᠮᠤᠷ ᠲᠦᠪᠰᠢᠨ ᠪᠠ ᠶᠠᠰᠤ ᠴᠢᠨᠠᠷ ᠤᠨ ᠬᠢᠨᠠᠨ ᠬᠠᠮᠢᠶᠠᠷᠤᠯᠲᠠ ᠶᠢ ᠰᠠᠶᠢᠲᠤᠷ ᠠᠳᠬᠤᠵᠤ᠂ ᠠᠷᠠᠳ ᠤᠯᠠᠨ ᠤ ᠪᠡᠶ᠎ᠡ | ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠪᠠᠲᠤᠯᠠᠨ᠎ᠠ᠃ | ︵ᠵᠢᠷᠭᠤᠭ᠎ᠠ︶ ᠵᠠᠰᠠᠭ ᠤᠨ ᠣᠷᠳᠣᠨ ᠤ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠴᠢᠨᠠᠷ | ᠰᠠᠶᠢᠲᠠᠶ ᠬᠥᠭᠵᠢᠯᠲᠡ ᠶᠢᠨ ᠤᠭ ᠥᠩᠭᠡ ᠶᠢ ᠡᠷᠡᠰ ᠲᠣᠳᠣ ᠪᠣᠯᠭᠠᠨ᠎ᠠ᠃ ᠠᠷᠠᠳ ᠲᠦᠮᠡᠨ ᠳᠤ ᠦᠢᠯᠡᠴᠢᠯᠡᠬᠦ᠂ ᠠᠷᠠᠳ | ᠲᠦᠮᠡᠨ ᠳᠤ ᠬᠠᠷᠢᠭᠤᠴᠠᠬᠤ᠂ ᠠᠷᠠᠳ ᠲᠦᠮᠡᠨ ᠤ ᠬᠢᠨᠠᠯᠲᠠ ᠶᠢ ᠬᠦᠯᠢᠶᠡᠬᠦ᠂ ᠠᠷᠠᠳ ᠲᠦᠮᠡᠨ ᠢ ᠬᠠᠨᠤᠮᠵᠢᠲᠠᠢ | ᠪᠠᠶᠢᠯᠭᠠᠬᠤ ᠪᠣᠯ ᠵᠠᠰᠠᠭ ᠤᠨ ᠣᠷᠳᠣᠨ ᠤ ᠪᠠᠲᠤ ᠰᠠᠬᠢᠪᠠᠰᠤ ᠵᠣᠬᠢᠬᠤ ᠢᠲᠡᠭᠡᠯ ᠵᠣᠷᠢᠭ ᠮᠥᠨ᠃ ᠰᠢᠨ᠎ᠡ ᠡᠭᠦᠷᠭᠡ᠂ | ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠲᠣᠰ ᠪᠡᠶ᠎ᠡ ᠶᠢᠨ ᠪᠠᠶᠢᠭᠤᠯᠤᠯᠲᠠ ᠶᠢ ᠨᠠᠩ ᠴᠢᠬᠤᠯᠠᠴᠢᠯᠠᠵᠤ᠂ ᠠᠷᠠᠳ | ᠲᠦᠮᠡᠨ ᠳᠤ ᠲᠠᠭᠠᠰᠢᠶᠠᠭᠳᠠᠭᠰᠠᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠰᠤᠷᠤᠯᠴᠠᠯᠭ᠎ᠠ ᠪᠠᠷ ᠤᠤᠷ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠨ᠂ ᠦᠶᠯᠡᠳᠦᠯᠭᠡ ᠶᠢ | ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠨ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ | ᠪᠠᠷᠢᠮᠲᠠᠯᠠᠨ ᠴᠢᠩᠭᠠᠳᠬᠠᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠣᠶ ᠪᠣᠯᠭᠠᠨ᠂ ︽ᠳᠥᠷᠪᠡᠨ ᠢᠲᠡᠭᠡᠯ︾ ᠢ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠰᠤᠷᠤᠯᠴᠠᠬᠤ ᠬᠡᠯᠪᠡᠷᠢ ᠶᠢᠨ ᠵᠠᠰᠠᠭ ᠤᠨ ᠣᠷᠳᠣᠨ ᠤ | ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ᠨᠠᠷᠢᠨ ᠪᠤᠳᠤᠯᠢᠶᠠᠨᠲᠠᠶ ᠪᠠᠶᠢᠳᠠᠯ ᠢ ᠠᠷᠭᠠᠴᠠᠬᠤ᠂ ᠰᠢᠨᠵᠢᠯᠡᠬᠦ ᠤᠬᠠᠭᠠᠨᠴᠢ | ᠪᠠᠷ ᠵᠠᠰᠠᠭ ᠶᠠᠪᠤᠭᠤᠯᠬᠤ ᠪᠠ ᠠᠷᠠᠳ ᠤᠨ ᠲᠥᠯᠥᠭᠡ ᠵᠠᠰᠠᠭ ᠶᠠᠪᠤᠭᠤᠯᠬᠤ ᠴᠢᠳᠠᠪᠤᠷᠢ ᠶᠢᠨ ᠲᠦᠪᠰᠢᠨ ᠢ ᠲᠠᠰᠤᠷᠠᠯᠲᠠ | ᠥᠬᠡᠶ ᠳᠡᠭᠡᠭᠰᠢᠯᠡᠭᠦᠯᠦᠨ᠎ᠡ᠃ ᠰᠢᠨ᠎ᠡ ᠶᠢ ᠡᠭᠦᠳᠬᠦ ᠪᠠᠷ ᠡᠭᠦᠷᠭᠡ ᠴᠢᠳᠠᠪᠤᠷᠢ ᠪᠠᠨ ᠬᠤᠪᠢᠷᠠᠭᠤᠯᠵᠤ ᠦᠷ᠎ᠡ | ᠪᠦᠲᠦᠮᠵᠢ ᠶᠢ ᠳᠡᠭᠡᠭᠰᠢᠯᠡᠭᠦᠯᠦᠨ᠎ᠡ᠃ ᠵᠠᠰᠠᠭ ᠤᠨ ᠣᠷᠳᠣᠨ ᠤ ᠡᠭᠦᠷᠭᠡ ᠬᠠᠷᠢᠭᠤᠴᠠᠯᠭ᠎ᠠ ᠶᠢᠨ ᠰᠢᠰᠲ᠋ᠧᠮ ᠢ | ᠪᠦᠷᠢᠨᠰᠢᠭᠦᠯᠵᠦ᠂ ᠬᠥᠲᠥᠯᠥᠨ ᠵᠢᠯᠣᠭᠤᠳᠬᠤ ᠪᠠ ᠬᠢᠨᠠᠯᠲᠠ ᠲᠠᠯᠪᠢᠬᠤ ᠶᠢ ᠴᠢᠩᠭᠠᠷᠠᠭᠤᠯᠤᠨ᠂ ᠣᠯᠠᠨ ᠨᠡᠶᠢᠲᠡ ᠶᠢᠨ | ᠦᠶᠯᠡᠴᠢᠯᠡᠭᠡ ᠪᠠ ᠨᠡᠶᠢᠭᠡᠮ ᠤᠨ ᠬᠠᠮᠢᠶᠠᠷᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠠᠷᠭ᠎ᠠ᠂ ᠰᠢᠨ᠎ᠡ ᠶᠢ | ᠡᠭᠦᠳᠬᠦ ᠰᠡᠳᠬᠢᠬᠦᠶ ᠪᠠᠷ ᠡᠯ᠎ᠡ ᠵᠦᠶᠯ ᠤᠨ ᠬᠦᠴᠢᠷ ᠠᠰᠠᠭᠤᠳᠠᠯ ᠢ ᠰᠤᠳᠤᠯᠤᠨ ᠰᠢᠶᠳᠪᠦᠷᠢᠯᠡᠬᠦ ᠶᠢ ᠪᠠᠷᠢᠮᠲᠠᠯᠠᠨ᠎ᠠ᠃ | ᠲᠤᠮᠤ ᠳ᠋ᠠᠶᠢᠲ᠋ᠠ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠦ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠴᠢᠩᠭᠠᠳᠬᠠᠨ᠂ ᠵᠠᠰᠠᠭ ᠤᠨ ᠣᠷᠳᠣᠨ ᠤ ᠦᠢᠯᠡᠳᠦᠯ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠵᠠᠰᠠᠭ ᠵᠠᠬᠢᠷᠭᠠᠨ | ᠤ ᠥᠪᠡᠷ ᠤᠨ ᠦᠷᠲᠡᠭ ᠢ ᠪᠠᠭᠤᠷᠠᠭᠤᠯᠤᠨ᠂ ᠦᠢᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ | ᠡᠭᠦᠷᠭᠡᠯᠡᠯ ᠢᠶᠠᠷ ᠰᠤᠷᠲᠠᠯ ᠢ ᠬᠤᠪᠢᠷᠠᠭᠤᠯᠵᠤ ᠨᠠᠶᠢᠳᠠᠪᠤᠷᠢᠵᠢᠭᠤᠯᠤᠯᠲᠠ ᠶᠢ ᠠᠳᠬᠤᠨ᠎ᠠ᠃ ᠲᠥᠪ ᠤᠨ ᠨᠠᠶᠮᠠᠨ ᠵᠣᠷᠪᠤᠰ | ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠯᠢᠭ ᠲᠦᠷᠢᠮ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠲᠦᠷᠢᠮ ᠲᠣᠭᠲᠠᠭᠠᠯ | ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ︽ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠶᠳᠪᠦᠷᠢᠯᠡᠬᠦ ᠣᠨ︾᠂ | ︽ᠠᠶᠤᠯᠭᠦᠢ ᠦᠶᠯᠡᠳᠪᠦᠷᠢᠯᠡᠯ ᠤᠨ ᠲᠤᠰᠬᠠᠶ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ︾ ᠵᠡᠷᠭᠡ ᠲᠤᠰᠬᠠᠶ | ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠵᠦ᠂ ᠣᠪᠤᠷ ᠰᠤᠷᠲᠠᠯ ᠤᠨ ᠪᠠᠶᠢᠭᠤᠯᠤᠯᠲᠠ ᠶᠢ ᠪᠠᠶᠢᠩᠭᠤᠵᠢᠭᠤᠯᠬᠤ ᠪᠠ | ᠣᠷᠳᠣ ᠬᠤᠭᠤᠴᠠᠭ᠎ᠠ ᠪᠦᠲᠦᠮᠵᠢᠲᠡᠶ ᠪᠠᠶᠢᠯᠭᠠᠬᠤ ᠶᠢ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ | ᠲᠣᠪᠣᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠬᠠᠷᠢᠭᠤᠴᠠᠯᠭ᠎ᠠ ᠶᠢᠨ ᠤᠬᠠᠮᠰᠠᠷ ᠢ ᠴᠢᠩᠭᠠᠳᠬᠠᠨ᠂ | ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ | ᠢᠳᠡᠪᠬᠢ ᠴᠢᠨᠠᠷ᠂ ᠰᠠᠨᠠᠭᠠᠴᠢᠯᠠᠭᠠᠲᠤ ᠴᠢᠨᠠᠷ ᠪᠣᠯᠤᠨ ᠪᠦᠲᠦᠭᠡᠯᠴᠢ ᠴᠢᠨᠠᠷ ᠢ ᠭᠦᠢᠴᠡᠳ ᠳᠠᠶᠢᠴᠢᠯᠠᠨ᠎ᠠ᠃ ᠪᠠᠶᠢᠴᠠᠭᠠᠨ | ᠰᠤᠳᠤᠯᠤᠯᠲᠠ ᠶᠢ ᠨᠠᠷᠢᠨ ᠬᠢᠨᠠᠮᠠᠭᠠᠢ ᠥᠷᠨᠢᠭᠦᠯᠵᠦ᠂ ᠪᠣᠳᠠᠲᠠᠢ ᠶᠢ ᠡᠷᠬᠢᠮᠯᠡᠬᠦ ᠪᠠ ᠥᠨᠳᠥᠷ ᠪᠦᠲᠦᠮᠵᠢᠲᠡᠢ ᠠᠵᠢᠯᠯᠠᠬᠤ | ᠶᠢ ᠪᠠᠷᠢᠮᠲᠠᠯᠠᠨ᠂ ᠣᠪᠣᠷ ᠢᠶᠠᠨ ᠢᠯᠡᠳᠬᠡᠬᠦ ᠨᠢ ᠣᠯᠠᠨ᠂ ᠳᠠᠭᠤ ᠨᠢ ᠥᠨᠳᠥᠷ ᠪᠠᠶᠢᠭᠰᠠᠨ ᠴᠤ ᠬᠢᠵᠦ ᠪᠦᠲᠦᠭᠡᠬᠦ ᠪᠠᠷ | ᠳᠡᠮᠡᠢ᠂ ᠨᠠᠶᠢᠳᠠᠪᠤᠷᠢᠵᠢᠭᠤᠯᠬᠤ ᠪᠠᠷ ᠠᠨᠠᠢ ᠪᠠᠶᠢᠬᠤ ᠶᠢ ᠡᠷᠡᠰ ᠡᠰᠡᠷᠭᠦᠴᠡᠵᠦ᠂ ᠲᠣᠭᠲᠠᠭᠠᠭᠰᠠᠨ ᠬᠠᠷᠠᠯᠲᠠ᠂ | ᠨᠡᠶᠢᠲᠡᠯᠡᠭᠰᠡᠨ ᠲᠦᠷᠦ ᠶᠢᠨ ᠪᠤᠳᠤᠯᠭ᠎ᠠ᠂ ᠪᠠᠶᠢᠷᠢᠯᠠᠭᠤᠯᠤᠭᠰᠠᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ | ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠨ᠎ᠠ᠃ ᠠᠷᠢᠭᠤᠨ ᠴᠢᠬᠡᠴᠢ ᠪᠠᠷ ᠲᠥᠪ ᠰᠤᠷᠲᠠᠯ ᠢ ᠪᠠᠳᠠᠷᠠᠭᠤᠯᠤᠨ | ᠳᠦᠷᠢ ᠲᠥᠷᠬᠦ ᠶᠢ ᠪᠣᠶ ᠪᠣᠯᠭᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠤᠣᠯ ᠴᠣᠭᠴᠠ ᠶᠢᠨ | ᠬᠠᠷᠢᠭᠤᠴᠠᠯᠭ᠎ᠠ ᠶᠢ ᠬᠢᠨᠠᠮᠠᠭᠠᠢ ᠭᠦᠢᠴᠡᠳᠬᠡᠵᠦ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠤᠯᠠᠮ | ᠴᠢᠨᠠᠭᠰᠢᠳᠠ ᠴᠢᠩᠭᠠᠳᠬᠠᠨ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠢ ᠭᠦᠨᠵᠡᠭᠡᠶᠢᠷᠡᠭᠦᠯᠵᠦ᠂ ᠤᠷᠲᠤ ᠤᠳᠠᠭᠠᠨ | ᠵᠢᠯ ᠤᠨ ᠢᠷᠠᠭᠤ ᠠᠯᠳᠠᠷ ᠢ ᠬᠦᠰᠡᠷᠳᠡᠭᠦᠯᠵᠦ ᠪᠣᠯᠬᠤ ᠦᠭᠡᠢ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ | ᠪᠠᠷᠢᠮᠲᠠᠯᠠᠨ᠂ ᠴᠢᠬᠤᠯᠠ ᠶᠡᠭᠡ ᠰᠢᠶᠳᠪᠦᠷᠢᠲᠦ ᠪᠣᠳᠣᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢ ᠣᠯᠠᠨ ᠲᠦᠮᠡᠨ ᠲᠠᠢ | ︽ᠨᠢᠭᠤᠷᠳᠠᠭᠤᠯᠬᠤ︾᠂ ᠠᠷᠠᠳ ᠤᠨ ᠲᠥᠯᠥᠭᠡ ᠠᠵᠢᠯ ᠶᠠᠪᠤᠳᠠᠯ ᠭᠦᠢᠴᠡᠳᠬᠡᠬᠦ ᠳᠤ ︽ᠦᠨᠡᠨ ᠪᠣᠳᠠᠲᠠᠶ ᠪᠠᠶᠢᠬᠤ︾᠂ | ᠪᠤᠷᠤᠭᠤ ᠪᠠᠶᠢᠪᠠᠯ ᠵᠠᠪᠠᠯ ᠵᠠᠯᠠᠷᠠᠭᠤᠯᠤᠨ ︽ᠬᠠᠲᠠᠭᠤ ᠲᠠᠢ ᠬᠠᠯᠳᠠᠬᠤ︾ ᠠᠴᠠ ᠵᠢᠷᠦᠬᠡᠰᠢᠶᠡᠬᠦ ᠦᠭᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ | ᠤᠬᠠᠮᠰᠠᠷ ᠠᠴᠠ ᠪᠠᠨ ᠬᠦᠯᠢᠶᠡᠵᠦ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠪᠥᠬᠦ ᠲᠠᠯ᠎ᠠ ᠪᠠᠷ ᠬᠦᠯᠢᠶᠡᠨ᠂ | ᠵᠠᠰᠠᠭ ᠤᠨ ᠶᠠᠪᠤᠳᠠᠯ ᠢ ᠢᠯᠡ ᠪᠣᠯᠭᠠᠬᠤ᠂ ᠰᠣᠨᠢᠨ ᠮᠡᠳᠡᠭᠡ ᠨᠡᠶᠢᠲᠡᠯᠡᠬᠦ ᠵᠡᠷᠭᠡ ᠠᠵᠢᠯ ᠢ ᠨᠠᠷᠢᠨ ᠬᠢᠨᠠᠮᠠᠭᠠᠶ ᠰᠠᠶᠢᠲᠤᠷ | ᠬᠢᠨ᠎ᠠ᠃ ᠭᠡᠷ᠎ᠡ ᠪᠣᠯᠵᠤᠭ᠎ᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠮᠠᠯᠠᠭᠰᠠᠨ ᠶᠠᠪᠤᠳᠠᠯ ᠢᠶᠠᠨ ᠡᠷᠡᠰ | ᠪᠡᠶᠡᠯᠡᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠦᠨᠡᠨᠬᠦ ᠨᠡᠮᠡᠭᠳᠡᠭᠦᠯᠦᠨ᠎ᠡ᠃ | ᠲᠥᠯᠥᠭᠡᠯᠡᠭᠴᠢᠳ ᠡ︕ ᠴᠠᠭ ᠦᠶ᠎ᠡ ᠰᠡᠳᠦᠪ ᠭᠠᠷᠭᠠᠬᠤ ᠳᠤ᠂ ᠪᠢᠳᠡ ᠰᠡᠳᠦᠪ ᠬᠠᠷᠢᠭᠤᠯᠵᠤ᠂ ᠠᠷᠠᠳ | ᠲᠦᠮᠡᠨ ᠢᠶᠠᠷ ᠰᠡᠳᠦᠪ ᠬᠢᠨᠠᠭᠤᠯᠤᠨ᠎ᠠ᠃ ᠰᠢᠨ᠎ᠡ ᠪᠠᠷᠭᠤ ᠪᠠᠷᠠᠭᠤᠨ ᠬᠤᠰᠢᠭᠤᠨ ᠤ ᠬᠥᠭᠵᠢᠯᠲᠡ ᠨᠢᠭᠡᠨᠲᠡ ᠰᠢᠨ᠎ᠡ | ᠪᠠᠶᠢᠯᠳᠤᠬᠤ ᠪᠣᠳᠣᠯᠭ᠎ᠠ ᠶᠢᠨ ᠭᠠᠷᠤᠭ᠎ᠠ ᠳᠤ ᠵᠣᠭᠰᠣᠵᠤ᠂ ᠣᠷᠣᠨ ᠨᠤᠲᠤᠭ ᠤᠨ ᠶᠡᠷᠦᠩᠬᠡᠶᠢᠯᠡᠭᠰᠡᠨ ᠬᠥᠭᠵᠢᠯᠲᠡ ᠶᠢᠨ | ᠪᠣᠳᠠᠲᠤ ᠬᠦᠴᠦᠨ ᠢ ᠳᠡᠭᠡᠭᠰᠢᠯᠡᠭᠦᠯᠬᠦ ᠲᠡᠦᠬᠡᠲᠦ ᠡᠭᠦᠷᠭᠡ ᠪᠢᠳᠡᠨ ᠢ ᠵᠣᠷᠢᠭᠵᠢᠭᠤᠯᠵᠤ ᠪᠠᠶᠢᠨ᠎ᠠ᠂ ᠠᠷᠠᠳ ᠣᠯᠠᠨ ᠤ | ᠨᠠᠩ ᠰᠠᠶᠢᠨ ᠰᠠᠶᠢᠬᠠᠨ ᠠᠮᠢᠳᠤᠷᠠᠯ ᠢ ᠡᠳ᠋ᠯᠡᠬᠦ ᠬᠠᠯᠠᠭᠤᠨ ᠬᠦᠰᠡᠯ ᠪᠢᠳᠡᠨ ᠢ ᠱᠠᠭᠠᠷᠳᠠᠵᠤ ᠪᠠᠶᠢᠨ᠎ᠠ᠃ ᠪᠢᠳᠡ ᠰᠢ ᠶᠢᠨ | ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ | ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠴᠦ ᠰᠡᠳᠬᠢᠯ ᠨᠢᠭᠡᠳᠦᠨ᠂ ᠵᠠᠮ | ᠨᠡᠭᠡᠭᠡᠨ ᠤᠷᠤᠭᠰᠢᠯᠠᠵᠤ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠨ᠂ ᠬᠦᠨᠳᠦ ᠨᠠᠶᠢᠳᠠᠯᠭ᠎ᠠ ᠶᠢ ᠬᠦᠰᠡᠷᠳᠡᠭᠦᠯᠬᠦ | ᠦᠭᠡᠢ ᠪᠠᠷ ᠨᠡᠶᠢᠭᠡᠮ ᠵᠢᠷᠤᠮᠲᠤ ᠣᠳᠣᠬᠢᠴᠢᠯᠠᠯᠲᠠ ᠶᠢᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ | ᠠᠶᠠᠨ ᠤ ᠲᠡᠦᠬᠡᠨ ᠲᠠᠪᠴᠠᠩ ᠳᠤ ᠰᠢᠨ᠎ᠡ ᠪᠠᠷᠭᠤ ᠪᠠᠷᠠᠭᠤᠨ ᠬᠤᠰᠢᠭᠤᠨ ᠤ ᠥᠩᠭᠡ ᠪᠤᠳᠤᠭ ᠢᠯᠭᠠᠷᠠᠭᠰᠠᠨ ᠴᠣ | ᠰᠢᠨ᠎ᠡ ᠵᠢᠷᠤᠭ ᠢ ᠵᠢᠷᠤᠭᠯᠠᠶ᠎ᠠ︕ | | |