2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2021/3/5
ᠲᠥᠯᠥᠭᠡᠯᠡᠭᠴᠢᠳ ᠡ᠄        ᠣᠲᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠦᠯᠦᠭᠡᠯᠡᠨ ᠶᠡᠭᠡ ᠬᠤᠷᠠᠯ ᠳᠤ ᠠᠵᠢᠯ ᠤᠨ ᠢᠯᠡᠳᠬᠡᠯ ᠬᠢᠶ᠎ᠠ᠂ ᠬᠢᠨᠠᠨ ᠵᠥᠪᠯᠡᠬᠦ ᠪᠣᠯᠪᠠᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠪᠣᠯᠤᠨ ᠬᠤᠷᠠᠯ ᠳᠤ ᠰᠤᠯᠠ ᠣᠷᠣᠯᠴᠠᠭᠰᠠᠨ ᠨᠦᠬᠦᠳ ᠰᠠᠨᠠᠯ ᠢᠶᠠᠨ ᠳᠤᠷᠠᠳᠬᠤ ᠪᠣᠯᠪᠠᠤ᠃       ᠨᠢᠭᠡ᠂ 2020 ᠣᠨ ᠵᠢᠴᠢ ︽ᠠᠷᠪᠠᠨ ᠭᠤᠷᠪᠠᠳᠤᠭᠠᠷ ᠲᠠᠪᠤᠨ ᠵᠢᠯ︾ ᠤᠨ ᠠᠵᠢᠯ ᠤᠨ ᠡᠷᠭᠢᠴᠡᠭᠦᠯᠦᠯ        2020 ᠣᠨ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ ᠵᠢᠯ ᠪᠤᠯᠬᠤ ᠪᠦᠭᠡᠳ ᠮᠠᠨ ᠤ ᠬᠤᠰᠢᠭᠤᠨ  ᠤ ᠬᠥᠭᠵᠢᠯᠲᠡ ᠶᠢᠨ ᠶᠠᠪᠤᠴᠠ ᠳᠠᠬᠢ ᠶᠡᠷᠦ ᠪᠤᠰᠤ ᠶᠢᠨ ᠨᠢᠭᠡ ᠵᠢᠯ ᠪᠤᠯᠤᠨ᠎ᠠ᠂ ᠨᠠᠩ ᠴᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠤᠨ ᠢᠯᠠᠯᠲᠠ  ᠶᠢ ᠲᠡᠮᠡᠴᠡᠨ ᠣᠯᠬᠤ ᠴᠢᠬᠤᠯᠠ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠤᠶᠢᠯ ᠤᠨ ᠪᠤᠳᠤᠯᠢᠶᠠᠨᠲᠠᠶ ᠪᠠᠶᠢᠳᠠᠯ᠂ ᠢᠯᠠᠩᠭᠤᠶ᠎ᠠ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠬᠦᠨᠳᠦ ᠨᠣᠴᠢᠲᠠᠶ ᠳᠠᠭᠠᠷᠢᠯᠲᠠ ᠶᠢᠨ ᠡᠮᠦᠨ᠎ᠡ᠂ ᠬᠥᠯᠥᠨ ᠪᠣᠶᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠪᠠ ᠳᠡᠮᠵᠢᠯᠭᠡ ᠳᠣᠤᠷ᠎ᠠ᠂ ᠪᠢᠳᠡ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠦᠷᠢᠵᠢᠭᠤᠯᠵᠦ᠂ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠴᠢᠩᠭ᠎ᠠ ᠲᠦᠰᠢᠭᠯᠡᠨ ᠪᠦᠯᠬᠦᠮᠳᠡᠭᠦᠯᠦᠨ ᠳᠠᠭᠠᠭᠤᠯᠵᠦ᠂ ᠠᠮᠢ ᠠᠬᠤᠶ ᠶᠢ ᠤᠷᠢᠳᠠᠪᠠᠷ ᠪᠤᠳᠤᠯᠬᠢᠯᠠᠨ᠂ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠬᠡᠢ ᠵᠠᠮᠨᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠠᠵᠤ ᠠᠬᠤᠶ ᠨᠡᠶᠢᠭᠡᠮ ᠶᠡᠷᠦᠩᠬᠡᠶ ᠳᠡᠭᠡᠨ ᠪᠠᠶᠢᠳᠠᠯ ᠢ ᠰᠦᠷᠦᠨ ᠬᠦᠭᠵᠢᠵᠦ᠂ ᠡᠷᠡᠭᠦᠯ ᠲᠣᠭᠲᠠᠭᠤᠨ᠂ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠤᠯᠪᠠ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 59 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 3.3 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 9.2 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠨᠡᠶᠢᠭᠡᠮ ᠤᠨ ᠬᠡᠷᠡᠭᠯᠡᠭᠡᠨ ᠤ ᠲᠠᠸᠠᠷ ᠢ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 6.7 ᠳ᠋ᠦᠩᠰᠢᠭᠤᠷ ᠲᠥᠭᠦᠷᠢᠭ ᠪᠡᠶᠡᠯᠡᠬᠦᠯᠪᠡ︔ ᠬᠤᠲᠠ ᠪᠠᠯᠭᠠᠰᠤ ᠪᠠ ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠤᠯᠬᠤ ᠣᠷᠣᠯᠭ᠎ᠠ ᠶᠢ ᠳᠤᠰ ᠳᠤᠰ 33090 ᠲᠥᠭᠦᠷᠢᠭ᠂ 25583 ᠲᠥᠭᠦᠷᠢᠭ ᠪᠡᠶᠡᠯᠡᠬᠦᠯᠪᠡ︔ ᠡᠨᠧᠷᠭᠢ ᠠᠷᠪᠢᠯᠠᠵᠤ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠬᠢᠵᠠᠭᠠᠷᠯᠠᠬᠤ ᠴᠢᠨᠠᠷᠲᠠᠢ ᠬᠦᠢᠴᠡᠳᠭᠡᠬᠦ ᠲᠤᠭ᠎ᠠ ᠶᠢᠨ ᠡᠭᠦᠷᠭᠡ ᠶᠢ ᠪᠦᠬᠦ ᠲᠠᠯ᠎ᠠ ᠪᠠᠷ ᠪᠡᠶᠡᠯᠡᠬᠦᠯᠪᠡ᠃       ︵ᠨᠢᠭᠡ︶ ᠴᠢᠬᠤᠯᠠ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠯᠭ᠎ᠠ ᠵᠠᠯᠭ᠎ᠠ ᠪᠠᠷ ᠢᠯᠠᠯᠲᠠ ᠤᠯᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠪᠠᠲᠤ ᠴᠢᠩᠭ᠎ᠠ ᠬᠦᠴᠦᠨ ᠲᠠᠢ ᠪᠣᠯᠪᠠ᠃ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠳᠠᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠠᠳᠠᠭᠤ ᠪᠡᠷᠭᠡᠰᠢᠶᠡᠯᠳᠦ ᠴᠢᠨᠠᠷ᠂ ᠨᠠᠷᠢᠨ ᠪᠤᠳᠤᠯᠢᠶᠠᠨᠲᠤ ᠴᠢᠨᠠᠷ ᠪᠠ ᠬᠦᠨᠳᠦ ᠨᠣᠴᠢᠲᠠᠶ ᠴᠢᠨᠠᠷ ᠢ ᠭᠦᠨᠵᠡᠭᠡᠶ ᠲᠠᠨᠢᠵᠤ᠂ ᠬᠦᠨᠳᠦ ᠶᠡᠭᠡ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠨᠢᠭᠡᠳᠦᠭᠡᠷ ᠳᠡᠰ  ᠤᠨ ᠵᠢᠭᠠᠪᠦᠷᠢ ᠳᠠᠭᠠᠬᠤ ᠠᠵᠢᠯᠯᠠᠭ᠎ᠠ ᠶᠢ ᠴᠠᠭ ᠲᠤᠬᠠᠶ ᠳᠤᠨᠢ ᠡᠬᠢᠯᠡᠭᠦᠯᠵᠦ᠂ ︽ᠲᠦᠷᠪᠡ ᠶᠢ ᠡᠷᠳᠡᠯᠡᠬᠦ︾ ︽ᠲᠦᠷᠪᠡ ᠶᠢ ᠲᠦᠪᠯᠡᠷᠡᠬᠦᠯᠬᠦ︾ ᠶᠢ ᠨᠠᠶᠢᠳᠠᠪᠦᠷᠢᠵᠢᠭᠤᠯᠤᠨ᠂ ︽ᠬᠥᠮᠦᠨ︾ ︽ᠪᠣᠳᠠᠰ︾ ︽ᠣᠷᠴᠢᠨ ᠲᠣᠭᠤᠷᠢᠨ︾ ᠢ ᠵᠡᠷᠭᠡ ᠪᠠᠷ ᠰᠡᠷᠭᠡᠶᠢᠯᠡᠬᠦ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭ᠎ᠠ ᠱᠤᠭᠤᠮ ᠢ ᠪᠠᠲᠤ ᠰᠠᠬᠢᠪᠠ᠃ 3406 ᠲᠦᠮᠡᠨ ᠲᠥᠭᠦᠷᠢᠭ ᠤᠨ ᠪᠠᠯᠠ ᠤᠷᠤᠭᠤᠯᠤᠨ᠂ ᠲᠤᠰᠠᠭᠠᠷᠯᠠᠬᠤ ᠡᠪᠡᠳᠴᠢᠲᠡᠨ ᠤ ᠥᠷᠥᠭᠡ ᠶᠢ ᠰᠢᠨᠡᠳᠭᠡᠨ ᠪᠠᠶᠢᠭᠤᠯᠵᠤ᠂ ᠪᠥᠭᠡᠮ ᠬᠦᠴᠢᠯ  ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠᠶᠢᠭᠤᠯᠤᠨ᠂ ᠰᠥᠭᠡᠷᠭᠦ ᠳᠠᠷᠤᠯᠲᠠᠲᠤ ᠲᠦᠷᠭᠡᠨ ᠠᠪᠤᠷᠠᠯᠳᠠ ᠶᠢᠨ ᠲᠡᠷᠭᠡ ᠵᠢᠴᠢ ᠡᠯ᠎ᠡ ᠲᠥᠷᠥᠯ ᠤᠨ ᠰᠡᠷᠭᠡᠶᠢᠯᠡᠨ ᠬᠠᠮᠠᠭᠠᠯᠠᠬᠤ ᠡᠮᠴᠢᠯᠡᠭᠡᠨ ᠤ ᠡᠳ᠋ ᠪᠣᠳᠠᠰ ᠬᠤᠳᠠᠯᠳᠤᠨ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠲᠦᠪ ᠴᠢᠩᠭ᠎ᠠ ᠵᠣᠬᠢᠶᠠᠨ ᠪᠠᠶᠢᠭᠤᠯᠵᠤ᠂ ᠠᠷᠭᠠᠴᠠᠨ ᠬᠦᠳᠡᠯᠦᠯᠴᠡᠬᠦ ᠴᠢᠳᠠᠪᠤᠷᠢ ᠶᠢ ᠴᠢᠩᠭᠠᠳᠬᠠᠨ᠂ ᠭᠤᠤᠯᠳᠠᠯᠭ᠎ᠠ ᠲᠠᠢ ᠬᠥᠮᠦᠰ ᠲᠤ ᠸᠠᠺᠼᠢᠨ ᠤ ᠲᠠᠷᠢᠯᠭ᠎ᠠ ᠬᠢᠬᠦ ᠶᠢ ᠡᠮᠬᠢ ᠵᠢᠷᠤᠮ ᠲᠠᠢ ᠲᠦᠯᠬᠢᠨ ᠠᠬᠢᠭᠤᠯᠵᠤ᠂ ︽ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠪᠠ ᠳᠣᠲᠣᠭᠠᠳᠤ ᠳᠠᠭᠠᠨ ᠳᠠᠬᠢᠬᠤ ᠶᠢ ᠰᠡᠷᠭᠡᠶᠢᠯᠡᠬᠦ︾ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠱᠠᠲᠤᠴᠢ ᠴᠢᠨᠠᠷᠲᠠᠶ ᠦᠷ᠎ᠡ ᠪᠦᠲᠦᠭᠡᠯ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠮᠵᠢ ᠢᠯᠡᠳᠲᠡ ᠪᠣᠯᠪᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠᠷᠢᠮᠵᠢᠶ᠎ᠠ ᠶᠣᠰᠣᠭᠠᠷ᠂ ᠪᠦᠬᠦ ᠳᠠᠯ᠎ᠠ ᠪᠠᠷ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠵᠦ᠂ ᠬᠠᠮᠢᠶᠠᠷᠤᠯᠲᠠ ᠶᠢ ᠬᠢᠨᠠᠨ ᠬᠡᠮᠵᠢᠬᠦ ᠲᠣᠭᠲᠠᠴᠠ ᠳᠡᠬᠦᠯᠳᠡᠷᠵᠢᠨ᠂ ᠭᠡᠨᠡᠳᠲᠡ ᠶᠢᠨ ᠴᠢᠨᠠᠷᠲᠠᠶ ᠬᠦᠨᠳᠦ ᠡᠪᠡᠳᠴᠢᠨ᠂ ᠰᠠᠨᠠᠭᠠᠨ ᠳᠤ ᠥᠬᠡᠶ ᠠᠳᠡᠯ᠂ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠣᠯᠵᠣ ᠶᠠᠳᠠᠭᠤᠷᠠᠭᠰᠠᠨ ᠪᠠ ᠳᠠᠬᠢᠨ ᠶᠠᠳᠠᠭᠤᠷᠠᠭᠰᠠᠨ ᠠᠰᠠᠭᠤᠳᠠᠯ ᠢ ᠬᠦᠴᠦᠯᠡᠨ ᠰᠢᠶᠳᠪᠦᠷᠢᠯᠡᠵᠦ᠂ ᠪᠥᠬᠦ ᠬᠤᠰᠢᠭᠤᠨ ᠤ 391 ᠡᠷᠦᠬᠡ 1040 ᠨᠡᠷᠡᠰ ᠳᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠪᠥᠬᠦ ᠲᠠᠯ᠎ᠠ ᠪᠠᠷ ᠳᠡᠭᠡᠭᠰᠢᠯᠡᠪᠠ᠃ 1224 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠰᠢᠨ᠎ᠡ ᠰᠣᠷᠭᠤᠭ ᠬᠠᠳᠠᠭᠠᠯᠠᠬᠤ ᠬᠥᠮᠥᠷᠭᠡ ᠶᠢ ᠪᠦᠲᠦᠭᠡᠨ ᠪᠠᠶᠢᠭᠤᠯᠬᠤ᠂ ︽ᠨᠢᠭᠡ ᠡᠷᠦᠬᠡ ᠳᠤ ᠨᠢᠭᠡ ᠠᠷᠭ᠎ᠠ ᠠᠪᠬᠤ︾ ᠵᠡᠷᠭᠡ ᠭᠠᠴᠠᠭᠠᠨ ᠤ ᠬᠠᠮᠲᠤ ᠶᠢᠨ ᠬᠤᠷᠠᠮᠳᠤᠭᠤᠯᠭ᠎ᠠ  ᠶᠢ ᠪᠤᠵᠠᠭᠠᠶᠢᠷᠠᠭᠤᠯᠬᠤ ᠪᠠ ᠡᠷᠦᠬᠡ ᠳᠤ ᠬᠦᠷᠭᠡᠬᠦ ᠲᠥᠷᠥᠯ ᠵᠦᠢᠯ ᠢ 15 ᠭᠡᠷᠡᠭᠵᠢᠬᠦᠯᠵᠦ᠂ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠵᠢᠭᠡᠯᠡᠯᠭᠡ ᠶᠢ 1150 ᠲᠦᠮᠡᠨ ᠲᠥᠭᠦᠷᠢᠭ ᠲᠠᠷᠬᠠᠭᠠᠵᠤ᠂ ᠠᠵᠤ ᠦᠢᠯᠡᠰ ᠤᠨ ᠬᠥᠭᠵᠢᠯᠲᠡ ᠶᠢᠨ ᠨᠥᠭᠡᠴᠡ ᠬᠦᠴᠦᠨ ᠲᠠᠰᠤᠷᠠᠯᠲᠠ ᠦᠭᠡᠢ ᠴᠢᠩᠭᠠᠷᠠᠪᠠ᠃ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠡᠷᠬᠢᠵᠦ ᠬᠠᠷᠠᠬᠤ︾ ᠵᠡᠷᠭᠡ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ 85 ᠵᠦᠢᠯ ᠪᠡᠶᠡᠯᠡᠭᠦᠯᠵᠦ᠂ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠨᠡᠶᠢᠳᠡᠮ ᠪᠠᠶᠢᠴᠠᠭᠠᠯᠲᠠ ᠶᠢ ᠤᠷᠤᠭᠰᠢᠲᠠᠢ ᠥᠩᠭᠡᠷᠡᠭᠦᠯᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠲᠣᠭᠲᠠᠭᠤᠨ ᠤ ᠳᠤᠮᠳᠠ ᠠᠬᠢᠯᠲᠠ ᠲᠠᠢ ᠪᠣᠯᠪᠠ᠃ ᠣᠷᠴᠢᠨ ᠲᠣᠭᠤᠷᠢᠨ ᠤ ᠠᠰᠠᠭᠤᠳᠠᠯ ᠳᠤ ᠡᠷᠡᠰ ᠲᠡᠶᠢᠨ ᠵᠠᠷᠯᠠᠵᠤ᠂ ᠨᠠᠷᠢᠯᠢᠭ ᠣᠨᠣᠪᠴᠢᠲᠠᠶ᠂ ᠰᠢᠨᠵᠢᠯᠡᠬᠦ ᠤᠬᠠᠭᠠᠨᠴᠢ ᠪᠠ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠳᠣᠪᠣᠶᠢᠯᠭᠠᠵᠤ᠂ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠡᠷᠬᠢᠵᠦ ᠬᠠᠷᠠᠬᠤ︾ ᠳᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠦᠬᠦ ᠡᠭᠦᠷᠭᠡ ᠶᠢᠨ ᠳ᠋ᠤᠭᠠᠷ ᠢ ᠬᠠᠰᠤᠪᠠ᠃ ︽ᠠᠭᠠᠷ ᠤᠰᠤ ᠰᠢᠷᠣᠢ︾ ᠶᠢᠨ ᠠᠷᠪᠠᠨ ᠵᠤᠷᠪᠤᠰ ᠢ ᠴᠢᠩᠭ᠎ᠠ ᠨᠠᠶᠢᠳᠠᠪᠦᠷᠢᠵᠢᠭᠤᠯᠤᠨ᠂ 10 ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ ᠨᠡᠭᠦᠷᠡᠰᠦ ᠰᠢᠲᠠᠭᠠᠬᠤ ᠭᠦᠸᠧᠯᠦ ᠶᠢ 29 ᠰᠢᠭᠰᠢᠵᠦ᠂ 8 ᠠᠵᠤ ᠦᠶᠯᠡᠳᠪᠦᠷᠢ ᠶᠢᠨ ᠨᠦᠬᠡᠨ ᠵᠤᠤᠬ᠎ᠠ᠂ ᠲᠠᠷᠠᠬᠠᠢ ᠪᠤᠲᠠᠷᠬᠠᠢ ᠡᠮᠬᠢ ᠵᠠᠮᠪᠠᠷᠠᠭ᠎ᠠ ᠦᠭᠡᠢ ᠪᠦᠭᠡᠳ ᠪᠣᠬᠢᠷᠲᠤᠯ ᠶᠡᠬᠡᠲᠡᠢ 4 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠴᠡᠪᠡᠷ ᠰᠠᠶᠢᠨ ᠠᠭᠠᠷ ᠲᠠᠢ ᠡᠳᠦᠷ ᠤᠨ ᠲᠤᠭ᠎ᠠ 358 ᠡᠳᠦᠷ ᠢ ᠳᠠᠪᠠᠵᠤ᠂ ᠤᠰᠤᠨ ᠰᠤᠷᠪᠤᠯᠵᠢᠳᠦ ᠭᠠᠵᠠᠷ ᠤᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠪᠦᠬᠦ ᠲᠠᠯ᠎ᠠ ᠪᠠᠷ ᠴᠢᠩᠭᠠᠷᠠᠨ᠂ 6 ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠬᠥᠷᠥᠰᠥ ᠰᠢᠷᠣᠢ ᠶᠢᠨ ᠣᠷᠴᠢᠨ ᠲᠣᠭᠤᠷᠢᠨ ᠢ ᠬᠢᠨᠠᠨ ᠬᠡᠮᠵᠢᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢ ᠶᠡᠷᠦᠩᠬᠡᠶᠢᠯᠡᠨ ᠵᠠᠰᠠᠬᠤ ᠶᠢ ᠬᠦᠴᠦᠲᠡᠶ ᠠᠬᠢᠭᠤᠯᠵᠤ᠂ ᠪᠤᠵᠠᠷ ᠤᠰᠤᠨ ᠤ ᠬᠤᠭᠤᠯᠠᠶ ᠲᠣᠤᠷ ᠢ ᠵᠠᠰᠠᠨ ᠰᠢᠨᠡᠳᠭᠡᠬᠦ᠂ ᠳᠠᠬᠢᠨ ᠠᠰᠢᠭᠯᠠᠵᠦ ᠪᠤᠯᠬᠤ ᠤᠰᠤ ᠶᠢ ᠡᠭᠡᠭᠦᠯᠦᠨ ᠬᠡᠷᠡᠭᠯᠡᠬᠦ ᠵᠡᠷᠭᠡ 5 ᠲᠥᠷᠥᠯ ᠵᠦᠶᠯ ᠢ ᠪᠡᠶᠡᠯᠡᠬᠦᠯᠪᠡ᠃ ᠰᠦᠯᠢᠶᠣᠣ ᠶᠢᠨ ᠪᠣᠬᠢᠷᠲᠤᠯ ᠢ ᠬᠦᠴᠦᠲᠡᠶ ᠪᠥᠭᠡᠳ ᠡᠮᠬᠢ ᠵᠢᠷᠤᠮ ᠲᠠᠢ ᠪᠦᠲᠦᠮᠵᠢᠲᠡᠶ ᠵᠠᠰᠠᠵᠤ᠂ ᠰᠦᠯᠢᠶᠣᠣ ᠪᠦᠲᠦᠭᠡᠭᠳᠡᠬᠦᠨ ᠤ ᠤᠷᠲᠤ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠳᠡᠬᠦᠯᠳᠡᠷᠵᠢᠬᠦᠯᠪᠡ᠃ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠱᠠᠲᠤᠨ ᠤ ᠭᠤᠤᠯ ᠨᠠᠭᠤᠷ ᠢ ᠬᠠᠮᠢᠶᠠᠷᠬᠤ ᠳᠠᠷᠤᠭ᠎ᠠ 843 ᠤᠳᠠᠭ᠎ᠠ ᠭᠤᠤᠯ ᠠᠭᠤᠷ  ᠢ ᠳᠤᠭᠤᠷᠢᠨ ᠪᠠᠶᠢᠴᠠᠭᠠᠵᠤ᠂ ᠡᠷᠬᠢᠨ ᠲᠣᠭᠤᠷᠢᠨ ᠤ 103 ᠲᠣᠨ ᠬᠤᠭ ᠨᠣᠪᠰᠢ ᠶᠢ ᠴᠡᠪᠡᠷᠯᠡᠨ ᠠᠷᠢᠯᠭᠠᠵᠤ᠂ ᠭᠤᠤᠯ ᠨᠠᠭᠤᠷ ᠤᠨ ᠠᠮᠢ ᠠᠬᠤᠶ ᠣᠷᠴᠢᠨ ᠳᠤᠭᠤᠷᠢᠨ ᠨᠠᠩ ᠭᠤᠸ᠎ᠠ ᠦᠵᠡᠰᠬᠦᠯᠡᠩ ᠪᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠪᠡ᠃ ᠬᠤᠷᠢᠭ᠎ᠠ ᠱᠤᠭᠤᠮ ᠤᠨ ᠰᠡᠳᠬᠢᠬᠦᠶ ᠪᠠᠬᠢᠵᠢᠵᠦ᠂ ᠥᠷᠢ ᠦᠭᠴᠡᠭᠡ ᠠᠷᠢᠯᠭᠠᠬᠤ ᠲᠥᠰᠦᠯ ᠢ ᠴᠢᠩᠭ᠎ᠠ ᠨᠠᠶᠢᠳᠠᠪᠤᠷᠢᠵᠢᠭᠤᠯᠤᠨ᠂ ᠲᠣᠭᠲᠠᠭᠠᠯ ᠠᠴᠠ ᠵᠥᠷᠢᠴᠡᠨ ᠥᠷᠢ ᠲᠠᠯᠪᠢᠬᠤ ᠠᠴᠠ ᠡᠷᠡᠰ ᠰᠡᠷᠭᠡᠶᠢᠯᠡᠵᠦ᠂ ᠲᠥᠰᠦᠪ  ᠤᠨ ᠳᠣᠲᠣᠷᠠᠬᠢ ᠵᠠᠷᠤᠯᠭ᠎ᠠ ᠶᠢ ᠪᠠᠭᠠᠰᠬᠠᠬᠤ᠂ ᠦᠯᠡᠳᠡᠭᠡᠯ ᠡᠬᠢ ᠪᠠᠶᠠᠯᠢᠭ ᠢ ᠠᠮᠢᠳᠤᠯᠢᠭᠵᠢᠭᠤᠯᠬᠤ᠂ ᠰᠤᠯᠠ ᠪᠠᠶᠢᠭ᠎ᠠ ᠡᠳ᠋ ᠬᠥᠷᠥᠩᠭᠡ ᠶᠢ ᠰᠢᠶᠳᠪᠦᠷᠢᠯᠡᠬᠦ ᠵᠡᠷᠭᠡ ᠬᠦᠴᠦᠲᠡᠶ ᠠᠷᠭ᠎ᠠ ᠬᠡᠮᠵᠢᠶ᠎ᠡ ᠠᠪᠴᠤ᠂ ᠣᠷᠣᠨ ᠨᠤᠲᠤᠭ ᠤᠨ ᠵᠠᠰᠠᠭ ᠤᠨ ᠣᠷᠳᠣᠨ ᠤ ᠴᠢᠨᠠᠷᠲᠠᠶ ᠥᠷᠢ ᠦᠭᠴᠡᠭᠡ ᠶᠢ 1.12 ᠳ᠋ᠦᠩᠰᠢᠭᠤᠷ ᠲᠥᠭᠦᠷᠢᠭ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ 2124 ᠲᠦᠮᠡᠨ ᠲᠥᠭᠦᠷᠢᠭ ᠤᠨ ᠲᠠᠩᠰᠠᠨ ᠳᠠᠬᠢ ᠵᠣᠭᠤᠰ ᠢ ᠤᠷᠢᠳᠴᠢᠯᠠᠨ ᠪᠤᠴᠠᠭᠠᠪᠠ᠃ ᠬᠢᠨᠠᠨ ᠪᠣᠳᠣᠯᠲᠠ ᠪᠠᠷ ᠬᠢᠨᠠᠯᠲᠠ ᠲᠠᠯᠪᠢᠬᠤ ᠠᠵᠢᠯ ᠴᠢᠩᠭᠠᠷᠠᠵᠦ᠂ ᠬᠢᠨᠠᠨ ᠬᠠᠮᠢᠶᠠᠷᠬᠤ ᠳᠤᠭᠳᠠᠴᠠ ᠲᠡᠭᠦᠯᠳᠡᠷᠵᠢᠨ᠂ 99 ᠲᠥᠷᠥᠯ ᠵᠦᠢᠯ ᠢ ᠬᠢᠨᠠᠨ ᠪᠣᠳᠣᠵᠤ᠂ ᠪᠠᠷᠢᠯᠭ᠎ᠠ ᠶᠢᠨ ᠥᠷᠲᠡᠭ ᠢ 2789 ᠲᠦᠮᠡᠨ ᠲᠥᠭᠦᠷᠢᠭ ᠬᠢᠨᠠᠨ ᠬᠠᠰᠤᠪᠠ᠃ ᠬᠠᠤᠯᠢ ᠪᠤᠰᠤ ᠪᠠᠷ ᠪᠡᠯᠡ ᠴᠤᠭᠯᠠᠭᠤᠯᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ᠂ ᠮᠠᠯᠵᠢᠬᠤ ᠣᠷᠣᠨ ᠤ ᠠᠷᠠᠳ ᠤᠨ ᠳᠤᠮᠳᠠᠬᠢ ᠥᠨᠳᠥᠷ ᠬᠦᠦ ᠲᠠᠢ ᠵᠢᠭᠡᠯᠡᠯᠭᠡ ᠳᠠᠯᠪᠢᠬᠤ ᠵᠡᠷᠭᠡ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ᠂ ᠣᠷᠣᠨ ᠪᠦᠰᠡ ᠶᠢᠨ ᠴᠢᠨᠠᠷᠲᠠᠢ᠂ ᠰᠢᠰᠲ᠋ᠧᠮ ᠤᠨ ᠴᠢᠨᠠᠷᠲᠠᠢ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠪᠠ᠃        ︵ᠬᠤᠶᠠᠷ︶ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠦᠷᠭᠦᠯᠵᠢᠯᠡᠨ ᠴᠢᠩᠭᠠᠷᠠᠪᠠ᠃ ᠠᠮᠢ ᠠᠬᠤᠢ ᠪᠠᠷ ᠠᠷᠠᠳ ᠲᠤ ᠬᠠᠷᠠᠭᠠᠯᠵᠠᠯ ᠦᠵᠡᠬᠦᠯᠬᠦ᠂ ᠠᠷᠠᠳ  ᠲᠤ ᠠᠰᠢᠭ ᠬᠦᠷᠲᠡᠭᠡᠬᠦ ᠪᠠ ᠠᠷᠠᠳ ᠤᠨ ᠲᠦᠯᠦᠭᠡ ᠠᠮᠢ ᠠᠬᠤᠢ ᠶᠢ ᠬᠠᠮᠠᠭᠠᠯᠠᠬᠤ ᠶᠢ ᠪᠠᠷᠢᠮᠳᠠᠯᠠᠨ᠂ ︽ᠬᠦᠭᠡ ᠠᠭᠤᠯᠠ ᠬᠥᠬᠡᠮᠳᠦᠭ ᠤᠰᠤ ᠪᠣᠯ ᠳᠠᠷᠤᠢ ᠠᠯᠳᠠ ᠮᠥᠩᠭᠦᠨ ᠠᠭᠤᠯᠠ ᠮᠥᠨ︾ ᠭᠡᠬᠦ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠲᠣᠭᠤᠷᠢᠨ ᠤ ᠶᠠᠰᠤ ᠴᠢᠨᠠᠷ ᠤᠨ ᠬᠤᠷᠢᠭ᠎ᠠ ᠱᠤᠭᠤᠮ᠂ ᠡᠬᠢ ᠪᠠᠶᠠᠯᠢᠭ ᠢ ᠠᠰᠢᠭᠯᠠᠬᠤ ᠬᠢᠵᠠᠭᠠᠷ ᠱᠤᠭᠤᠮ ᠢ ᠡᠷᠡᠰ ᠰᠠᠬᠢᠵᠤ᠂ ᠲᠩᠷᠢ ᠶᠢᠨ ᠬᠠᠶᠠᠭᠠᠨ ᠳᠠᠬᠢ ᠲᠠᠯ᠎ᠠ ᠨᠤᠲᠤᠭ ᠤᠨ ᠲᠩᠷᠢ ᠨᠢ ᠴᠡᠯᠮᠡᠭ᠂ ᠳᠠᠯ᠎ᠠ ᠨᠢ ᠨᠤᠭᠤᠭᠠᠨ᠂ ᠤᠰᠤ ᠨᠢ ᠳᠤᠩᠭᠠᠯᠠᠭ ᠪᠠᠶᠢᠬᠤ ᠶᠢ ᠬᠠᠮᠲᠤ ᠪᠠᠷ ᠰᠠᠬᠢᠨ ᠬᠠᠮᠠᠭᠠᠯᠠᠪᠠ᠃ ᠪᠡᠯᠴᠢᠭᠡᠷᠯᠡᠬᠦᠯᠬᠦ ᠶᠢ ᠵᠣᠭᠰᠣᠭᠠᠨ ᠡᠪᠡᠰᠦ ᠪᠡᠯᠴᠢᠭᠡᠷ ᠢ ᠰᠡᠷᠭᠦᠭᠡᠬᠦ᠂ ᠲᠠᠴᠢᠷᠳᠠᠭᠰᠠᠨ ᠨᠤᠲᠤᠭ ᠤᠨ ᠠᠮᠢ ᠠᠬᠤᠶ ᠶᠢ ᠰᠡᠷᠭᠦᠭᠡᠬᠦ᠂ ᠲᠠᠷᠢᠶᠠᠯᠠᠬᠤ ᠶᠢ ᠵᠣᠭᠰᠣᠭᠠᠵᠤ ᠤᠶᠢᠵᠢᠭᠤᠯᠬᠤ ᠪᠠ ᠬᠥᠮᠦᠨ ᠤ ᠬᠦᠴᠦ  ᠪᠠᠷ ᠣᠶᠢᠵᠢᠭᠤᠯᠬᠤ ᠵᠡᠷᠭᠡ ᠲᠥᠷᠥᠯ ᠵᠦᠢᠯ ᠢ ᠶᠡᠬᠡᠪᠡᠷ ᠭᠡᠷᠡᠭᠵᠢᠬᠦᠯᠪᠡ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ ᠵᠡᠷᠭᠡ ᠠᠷᠠᠳ ᠲᠤ ᠬᠠᠷᠠᠭᠠᠯᠵᠠᠯ ᠦᠵᠡᠭᠦᠯᠦᠨ ᠮᠠᠯᠵᠢᠯ ᠢ ᠳᠡᠮᠵᠢᠬᠦ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠤᠨ᠂ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ 60.5% ᠳᠤ ᠬᠦᠷᠴᠦ᠂ ᠠᠮᠢ ᠠᠬᠤᠢ ᠶᠢᠨ ᠴᠢᠳᠠᠪᠬᠢ ᠢᠯᠡᠳᠲᠡ ᠰᠠᠶᠢᠵᠢᠷᠠᠪᠠ᠃ 5000 ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢ ᠪᠡᠶᠡᠯᠡᠭᠦᠯᠵᠦ᠂ 5 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠪᠠ᠃ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠳᠠᠮᠵᠢ ᠲᠡᠭᠦᠯᠳᠡᠷᠵᠢᠨ᠂ ᠵᠡᠭᠡᠷ᠎ᠡ ᠶᠢᠨ ᠬᠢᠯᠢ ᠪᠠᠷ ᠨᠡᠪᠲᠡᠷᠡᠬᠦ ᠵᠠᠮ ᠢ ᠨᠡᠪᠲᠡᠷᠡᠭᠦᠯᠵᠦ᠂ ᠲᠥᠪ ᠣᠷᠣᠨ ᠳᠠᠬᠢ 100 ᠺᠢᠯᠤᠮᠧᠲᠷ ᠤᠨ ᠡᠪᠡᠰᠦᠨ ᠬᠦᠷᠢᠶ᠎ᠡ ᠶᠢ ᠨᠤᠷᠠᠭᠠᠵᠤ᠂ ᠲᠤᠰᠠᠭᠠᠷᠯᠠᠬᠤ ᠡᠪᠡᠰᠦᠨ ᠬᠦᠷᠢᠶ᠎ᠡ᠂ ᠬᠠᠮᠢᠶᠠᠷᠤᠨ ᠬᠠᠮᠠᠭᠠᠯᠠᠬᠤ ᠭᠡᠷ ᠪᠠ ᠠᠪᠤᠷᠠᠨ ᠬᠠᠮᠠᠭᠠᠯᠠᠬᠤ ᠦᠷᠳᠡᠭᠡ ᠵᠡᠷᠭᠡ ᠲᠦᠬᠦᠭᠡᠷᠦᠮᠵᠢ  ᠶᠢ ᠪᠠᠶᠢᠭᠤᠯᠪᠠ᠃ ᠦᠨᠡᠨ ᠠᠴᠠ ᠵᠥᠪ ᠢ ᠡᠷᠢᠬᠦ᠂ ᠦᠷ᠎ᠡ ᠪᠦᠲᠦᠭᠡᠯ ᠢ ᠣᠨᠣᠪᠴᠢᠲᠠᠢ ᠪᠠᠶᠢᠯᠭᠠᠬᠤ ᠶᠢ ᠪᠠᠷᠢᠮᠲᠠᠯᠠᠵᠤ᠂ ᠭᠤᠷᠪᠠᠳᠤᠭᠠᠷ ᠤᠳᠠᠭᠠᠨ ᠤ ᠪᠦᠬᠦ ᠤᠯᠤᠰ ᠤᠨ ᠭᠠᠵᠠᠷ ᠰᠢᠷᠣᠢ ᠶᠢᠨ ᠪᠠᠶᠢᠴᠠᠭᠠᠯᠲᠠ ᠶᠢ ᠪᠡᠶᠡᠯᠡᠭᠦᠯᠪᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠲᠦᠷᠭᠡᠳᠴᠦ᠂ ᠳᠤᠮᠳᠠᠳᠦ ᠤᠯᠤᠰ ᠤᠨ ᠬᠤᠸᠠᠩ ᠶᠢᠨ᠂ ᠷᠦᠩ ᠳ᠋ᠠ ᠬᠤᠶᠠᠷ ᠠᠭᠤᠷᠬᠠᠶ ᠶᠢᠨ ᠦᠶᠯᠡᠰ ᠤᠯᠤᠰ ᠤᠨ ᠲᠠᠰ ᠤᠨ ᠪᠣᠬᠢᠷᠲᠤᠯ ᠥᠬᠡᠶ ᠠᠭᠤᠷᠬᠠᠶ ᠶᠢᠨ ᠨᠡᠷᠡᠰ ᠤᠨ ᠵᠢᠭᠰᠠᠭᠠᠯᠲᠠ ᠳᠤ ᠰᠤᠩᠭᠤᠭᠳᠠᠨ ᠣᠷᠣᠪᠠ᠃ ︽ᠬᠡᠨ ᠨᠡᠭᠡᠭᠡᠨ ᠬᠦᠭᠵᠢᠬᠦᠯᠪᠡᠯ ᠬᠡᠨ ᠬᠠᠮᠠᠭᠠᠯᠠᠵᠤ᠂ ᠬᠡᠨ ᠡᠪᠳᠡᠪᠡᠯ ᠬᠡᠨ ᠵᠠᠰᠠᠬᠤ︾ ᠵᠠᠷᠴᠢᠮ ᠶᠣᠰᠣᠭᠠᠷ᠂ ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ 2.34 ᠲᠡᠭᠰᠢ ᠳᠥᠷᠪᠡᠯᠵᠢᠨ ᠺᠢᠯᠣᠮᠧᠲᠷ ᠥᠨᠳᠥᠷ ᠪᠦᠲᠦᠮᠵᠢᠲᠡᠶ ᠰᠡᠷᠭᠦᠭᠡᠨ ᠵᠠᠰᠠᠪᠡ᠃ ᠤᠰᠤᠨ ᠣᠷᠣᠨ ᠤ ᠡᠬᠢ ᠪᠠᠶᠠᠯᠢᠭ  ᠤᠨ ᠬᠠᠮᠠᠭᠠᠯᠠᠯᠲᠠ ᠶᠢ ᠴᠢᠬᠤᠯᠠᠴᠢᠯᠠᠵᠤ᠂ ᠳᠤᠮᠳᠠᠳᠤ ᠮᠣᠩᠭᠤᠯ ᠬᠤᠶᠠᠷ ᠤᠯᠤᠰ ᠤᠨ ᠵᠠᠭᠠᠭ ᠪᠣᠯᠬᠤ ᠪᠣᠶᠢᠷ ᠨᠠᠭᠤᠷ ᠤᠨ ︽2020 ᠣᠨ ᠤ ᠤᠰᠤᠨ ᠤ ᠠᠮᠢᠳᠤ ᠪᠣᠳᠠᠰ ᠤᠨ ᠡᠬᠢ ᠪᠠᠶᠠᠯᠢᠭ ᠢ ᠦᠷᠡᠵᠢᠭᠦᠯᠦᠨ ᠳᠠᠯᠪᠢᠬᠤ ᠠᠵᠢᠯᠯᠠᠭ᠎ᠠ︾ ᠶᠢ ᠠᠮᠵᠢᠯᠲᠠ ᠲᠠᠢ ᠡᠷᠬᠢᠯᠡᠨ ᠬᠢᠵᠦ᠂ 26 ᠲᠦᠮᠡᠨ ᠵᠢᠷᠠᠭᠠᠬᠠᠶ ᠶᠢ ᠨᠠᠭᠤᠷ ᠲᠤ ᠲᠠᠯᠪᠢᠪᠠ᠃       ︵ᠭᠤᠷᠪᠠ︶ ᠬᠥᠭᠵᠢᠯᠲᠡ ᠶᠢᠨ ᠬᠦᠳᠡᠯᠭᠡᠬᠦ ᠬᠦᠴᠦᠨ ᠤ ᠡᠨᠧᠷᠭᠢ ᠲᠠᠰᠤᠷᠠᠯᠲᠠ ᠦᠭᠡᠢ ᠬᠤᠷᠠᠮᠳᠤᠪᠠ᠃ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠠᠵᠤ ᠦᠢᠯᠡᠰ ᠤᠨ ᠪᠦᠲᠦᠴᠡ ᠨᠡᠩ ᠰᠢᠯᠢᠳᠡᠭᠵᠢᠪᠡ᠃ ᠮᠠᠯ ᠠᠵᠤ ᠠᠬᠤᠶ ᠴᠢᠨᠠᠷ ᠰᠠᠶᠢᠲᠠᠶ ᠬᠦᠭᠵᠢᠪᠡ᠃ ︽ᠠᠵᠦ ᠦᠢᠯᠡᠰ ᠮᠠᠨᠳᠤᠬᠤ᠂ ᠠᠮᠢ ᠠᠬᠤᠶᠢᠴᠢ ᠰᠠᠭᠤᠬᠤ  ᠳᠤ ᠳᠤᠬᠢᠯᠢᠭ᠂ ᠨᠤᠳᠤᠭ ᠤᠨ ᠰᠤᠷᠳᠠᠯ ᠪᠤᠯᠪᠠᠰᠤᠨ᠂ ᠵᠠᠰᠠᠯᠳᠠ ᠪᠦᠳᠦᠮᠵᠢᠳᠠᠢ᠂ ᠠᠮᠢᠳᠤᠷᠠᠯ ᠴᠢᠨᠡᠭᠡᠯᠢᠭ︾ ᠶᠡᠷᠦᠩᠭᠡᠢ ᠱᠠᠭᠠᠷᠳᠠᠯᠭ᠎ᠠ ᠶᠤᠰᠤᠭᠠᠷ᠂ ︽ᠠᠮᠢ ᠠᠬᠤᠢ ᠦᠢᠯᠡᠳᠪᠦᠷᠢᠯᠡᠯ ᠠᠮᠢᠳᠤᠷᠠᠯ︾ ᠢ ᠬᠠᠮᠵᠢᠯᠴᠠᠨ ᠬᠦᠭᠵᠢᠬᠦᠯᠬᠦ ᠶᠢ ᠦᠷᠭᠦᠯᠵᠢᠯᠡᠨ ᠠᠬᠢᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠳᠦᠷᠢᠮ ᠤᠨ ᠰᠢᠨ᠎ᠡ ᠶᠢ ᠡᠭᠦᠳᠦᠨ᠂ ︽ᠮᠠᠩᠯᠠᠢ ᠵᠠᠭᠪᠤᠷ︾᠂ ︽ᠳᠣᠯᠣᠭᠠᠨ ᠲᠣᠰᠬᠤᠨ ᠤ ᠵᠠᠭᠪᠤᠷ︾ ᠢ ᠪᠤᠢ ᠪᠤᠯᠭᠠᠵᠦ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠰᠠᠶᠢᠨ ᠡᠬᠢᠯᠡᠯᠳᠡ ᠲᠠᠢ ᠪᠤᠯᠵᠦ᠂ ᠲᠤᠷᠰᠢᠯᠲᠠ ᠶᠢᠨ ᠭᠠᠴᠠᠭ᠎ᠠ ᠪᠤᠯᠬᠤ ᠮᠠᠩᠯᠠᠢ ᠮᠠᠯᠵᠢᠯ ᠤᠨ ᠲᠤᠰᠬᠠᠢ ᠬᠤᠷᠰᠢᠶᠠᠵᠢᠯ ᠤᠨ ᠴᠡᠪᠡᠷ ᠣᠷᠣᠯᠭ᠎ᠠ 376 ᠲᠦᠮᠡᠨ ᠲᠥᠭᠦᠷᠢᠭ ᠲᠤ ᠬᠦᠷᠴᠦ᠂ ᠭᠡᠰᠢᠭᠦᠳ ᠤᠨ ᠠᠰᠢᠭ ᠣᠷᠣᠯᠭ᠎ᠠ ᠬᠠᠮᠤᠭ ᠥᠨᠳᠥᠷ ᠲᠡᠭᠡᠨ 49 ᠲᠦᠮᠡᠨ ᠲᠥᠭᠦᠷᠢᠭ ᠲᠤ ᠬᠦᠷᠴᠦ᠂ ᠬᠤᠷᠰᠢᠶᠠᠵᠢᠯ ᠤᠨ ᠬᠥᠭᠵᠢᠯᠲᠡ ᠬᠡᠪᠴᠢᠶᠡᠵᠢᠨ ᠪᠠᠷᠢᠮᠵᠢᠶᠠᠵᠢᠬᠤ ᠪᠠ ᠡᠷᠴᠢᠮᠵᠢᠬᠦ ᠵᠠᠮ ᠳᠤ ᠣᠷᠣᠵᠤ᠂ ᠮᠠᠯᠴᠢᠨ ᠭᠡᠰᠢᠭᠦᠳ ᠣᠯᠠᠨ ᠲᠥᠷᠥᠯ ᠤᠨ ᠠᠵᠢᠯ ᠣᠯᠵᠤ᠂ ᠣᠯᠠᠨ ᠲᠥᠷᠥᠯ ᠤᠨ ᠣᠷᠣᠯᠭ᠎ᠠ ᠶᠢ ᠨᠡᠮᠡᠭᠳᠡᠬᠦᠯᠦᠨ᠂ ᠳᠠᠭᠤᠷᠢᠶᠠᠯ ᠦᠵᠡᠬᠦᠯᠵᠦ ᠳᠠᠶᠢᠴᠢᠯᠠᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠠᠮᠢ ᠠᠬᠤᠢ ᠶᠢ ᠬᠠᠮᠠᠭᠠᠯᠠᠬᠤ᠂ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠨᠡᠶᠢᠬᠡᠮ ᠤᠨ ᠪᠤᠯᠪᠠᠰᠤᠨ᠂ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ  ᠶᠢᠨ ᠪᠦᠲᠦᠭᠡᠨ ᠪᠠᠶᠢᠭᠤᠯᠤᠯᠳᠠ ᠵᠡᠷᠭᠡ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠵᠡᠷᠭᠡ ᠳᠡᠰ ᠳᠡᠪᠰᠢᠬᠦᠯᠬᠦ ᠶᠢ ᠲᠦᠯᠬᠢᠨ ᠠᠬᠢᠭᠤᠯᠵᠦ᠂ 3.54 ᠳ᠋ᠦᠩᠰᠢᠭᠤᠷ ᠲᠥᠭᠦᠷᠢᠭ ᠤᠨ ᠪᠠᠯᠠ ᠣᠷᠤᠭᠤᠯᠤᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ 17 ᠲᠥᠷᠥᠯ ᠵᠦᠶᠯ ᠢ ᠬᠡᠷᠡᠭᠵᠢᠭᠦᠯᠵᠦ᠂ ᠮᠠᠩᠯᠠᠶ ᠭᠠᠴᠠᠭ᠎ᠠ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠪᠠᠷᠭᠤ ᠠᠮᠢ ᠠᠬᠤᠶ ᠶᠢᠨ ᠣᠷᠳᠣᠨ᠂ ᠠᠷᠠᠳ ᠤᠨ ᠵᠠᠩ ᠦᠶᠯᠡ ᠰᠣᠶᠣᠯ ᠤᠨ ᠠᠵᠤ ᠦᠶᠯᠡᠰ ᠤᠨ ᠬᠦᠷᠢᠶᠡᠯᠡᠩ ᠵᠡᠷᠭᠡ ᠵᠢᠱᠢᠶ᠎ᠡ ᠦᠵᠡᠭᠦᠯᠬᠦ ᠴᠡᠭ ᠢ ᠠᠮᠵᠢᠯᠲᠠ ᠲᠠᠢ ᠡᠭᠦᠳᠦᠨ ᠪᠠᠶᠢᠭᠤᠯᠵᠦ᠂ ᠪᠥᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠢ ᠠᠬᠢᠭᠤᠯᠬᠤ ᠲᠤᠬᠠᠶ ᠶᠢᠨ ᠳᠠᠯᠠᠪᠤᠷ ᠤᠨ ᠬᠤᠷᠠᠯ ᠪᠠ ᠬᠥᠯᠥᠨ ᠪᠣᠶᠢᠷ ᠬᠤᠲᠠ ᠶᠢᠨ ᠮᠠᠯᠵᠢᠬᠤ ᠣᠷᠣᠨ  ᠤ ᠤᠳᠤᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠵᠢᠴᠢ ᠦᠨᠳᠦᠰᠦᠲᠡᠨ ᠤ ᠤᠯᠠᠮᠵᠢᠯᠠᠯᠲᠤ ᠴᠠᠭᠠᠨ ᠢᠳᠡᠭᠡᠨ ᠤ ᠬᠦᠭᠵᠢᠯᠳᠡ ᠶᠢ ᠠᠬᠢᠭᠤᠯᠬᠤ ᠲᠤᠬᠠᠶ ᠶᠢᠨ ᠳᠠᠯᠠᠪᠤᠷ ᠤᠨ ᠬᠤᠷᠠᠯ ᠢ ᠠᠮᠵᠢᠯᠲᠠ ᠲᠠᠢ ᠳᠠᠭᠠᠭᠠᠴᠢᠯᠠᠨ ᠬᠢᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠳᠤ ᠰᠢᠨ᠎ᠡ ᠲᠦᠷᠰᠦ ᠪᠠᠶᠢᠳᠠᠯ ᠢ ᠡᠭᠦᠳᠪᠡ᠃ ᠮᠠᠯ ᠠᠵᠤ ᠠᠬᠤᠶ ᠶᠢᠨ ᠰᠠᠭᠤᠷᠢ ᠲᠦᠬᠦᠭᠡᠷᠦᠮᠵᠢ ᠶᠢ ᠴᠢᠩᠭᠠᠳᠬᠠᠨ᠂ ᠠᠮᠢᠲᠠᠨ ᠤ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠴᠢᠩᠭᠠᠷᠠᠵᠦ᠂ ᠡᠪᠡᠰᠦ ᠪᠣᠷᠳᠤᠭ᠎ᠠ ᠨᠥᠭᠡᠴᠡᠯᠡᠬᠦ ᠲᠣᠭᠲᠠᠴᠠ ᠲᠡᠭᠦᠯᠳᠡᠷᠵᠢᠨ᠂ ᠲᠥᠯ ᠮᠠᠯ ᠤᠨ ᠤᠨᠳᠤᠷᠤᠯᠳᠠ ᠶᠢᠨ ᠨᠣᠷᠮ᠎ᠠ 99.5%  ᠳᠤ ᠬᠦᠷᠪᠡ᠃ ᠮᠠᠯ ᠤᠨ ᠠᠰᠢᠭ ᠰᠢᠮ᠎ᠡ ᠶᠢᠨ ᠪᠠᠷᠢᠮᠵᠢᠶᠠᠲᠤ ᠬᠦᠳᠦᠴᠢ ᠠᠵᠤ ᠠᠬᠤᠶᠢᠯᠠᠯ ᠢ ᠪᠤᠢ ᠪᠤᠯᠭᠠᠨ᠂ ᠬᠤᠩᠬᠢᠷᠠᠳ ᠦᠬᠡᠷ ᠬᠤᠨᠢ ᠨᠢᠲᠤᠯᠬᠤ᠂ ᠡᠳ᠋ᠰᠢᠭᠦᠯᠬᠦ᠂ ᠲᠣᠭᠤᠷᠢᠨ ᠦᠵᠡᠬᠦ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠶᠯ ᠢ ᠲᠦᠯᠬᠢᠨ ᠠᠬᠢᠭᠤᠯᠪᠠ᠃ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬᠠᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭᠲᠦ︾ ᠶᠢᠨ ᠪᠦᠲᠦᠭᠡᠨ ᠪᠠᠶᠢᠭᠤᠯᠤᠯᠲᠠ ᠳᠤ ᠰᠠᠨᠠᠭᠠᠴᠢᠯᠠᠭ᠎ᠠ ᠠᠴᠠ ᠪᠠᠨ ᠣᠷᠣᠯᠴᠠᠨ᠂ ᠭᠤᠣᠯ ᠭᠠᠷᠤᠯᠲᠠ ᠶᠢᠨ ᠣᠷᠣᠨ ᠤ ᠪᠦᠳᠦᠭᠡᠭᠳᠡᠬᠦᠨ ᠪᠤᠯᠬᠤ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢᠨ ᠠᠭᠤᠯᠤᠭᠳᠠᠬᠤᠨ ᠢ ᠭᠦᠢᠴᠡᠳ ᠠᠭᠤᠳᠠᠯᠵᠤ᠂ ᠭᠠᠵᠠᠷ ᠵᠦᠢ ᠶᠢᠨ ᠳᠡᠮᠳᠡᠭᠳᠦ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠥᠷᠭᠡᠳᠬᠡᠨ᠂ ᠨᠡᠷᠡᠲᠦ ᠲᠡᠮᠳᠡᠭᠲᠦ ᠶᠢ ᠪᠤᠢ ᠪᠣᠯᠭᠠᠨ ᠬᠥᠭᠵᠢᠭᠦᠯᠬᠦ ᠲᠥᠯᠥᠪᠵᠢᠭᠦᠯᠭᠡ ᠶᠢ ᠲᠣᠭᠲᠠᠭᠠᠵᠤ᠂ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬ᠎ᠠ︾ ᠶᠢᠨ ᠮᠦᠷᠲᠡᠬᠦ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠨ᠂ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠶᠢᠨ ᠦᠨ᠎ᠡ ᠬᠠᠩᠰᠢ ᠵᠢᠯ ᠳᠠᠷᠠᠭᠠᠯᠠᠨ ᠨᠡᠮᠡᠭᠳᠡᠵᠦ᠂ ᠵᠠᠬ᠎ᠠ ᠳᠡᠯᠭᠡᠭᠦᠷ ᠤᠨ ᠮᠡᠳᠡᠷᠡᠮᠵᠢ ᠪᠠ ᠨᠡᠷ᠎ᠡ ᠠᠯᠳᠠᠷᠰᠢᠯ ᠤᠨ ᠬᠡᠮᠵᠢᠶ᠎ᠡ ᠶᠡᠬᠡᠪᠡᠷ ᠳᠡᠭᠡᠭᠰᠢᠯᠡᠪᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠳᠡᠭᠡᠭᠰᠢᠯᠡᠨ ᠲᠤᠭ᠎ᠠ ᠬᠡᠮᠵᠢᠶ᠎ᠡ ᠨᠡᠮᠡᠭᠳᠡᠪᠡ᠃ ︽ᠲᠤᠯᠤᠭᠠᠨ ᠬᠡᠯᠪᠡᠷᠢ︾ ᠶᠢᠨ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠦᠶᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠠᠵᠢᠯ ᠦᠶᠯᠡᠳᠪᠦᠷᠢᠯᠡᠯ ᠢ ᠰᠡᠷᠭᠦᠭᠡᠬᠦ ᠠᠵᠢᠯ ᠢ ᠲᠡᠷᠡ ᠳᠠᠷᠤᠶ ᠳᠤᠨᠢ ᠵᠣᠬᠢᠶᠠᠨ ᠪᠠᠶᠢᠭᠤᠯᠵᠤ᠂ 1.62 ᠳ᠋ᠦᠩᠰᠢᠭᠤᠷ ᠲᠥᠭᠦᠷᠢᠭ ᠤᠨ ᠪᠠᠯᠠ ᠤᠷᠤᠭᠤᠯᠤᠨ᠂ ᠳᠤᠮᠳᠠᠳᠦ ᠤᠯᠤᠰ ᠤᠨ ᠬᠤᠸᠠᠩ  ᠶᠢᠨ ᠠᠭᠤᠷᠬᠠᠢ ᠶᠢᠨ ᠦᠢᠯᠡᠰ ᠤᠨ ᠳᠣᠤᠷ᠎ᠠ ᠵᠡᠰ ᠤᠨ ᠬᠠᠶᠠᠭᠳᠠᠮᠠᠯ ᠬᠦᠳᠡᠷ ᠤᠨ ᠣᠷᠴᠢᠨ ᠲᠣᠭᠤᠷᠢᠨ ᠳᠠᠬᠢ ᠪᠤᠬᠢᠷᠳᠤᠯ ᠢ ᠤᠷᠢᠳᠴᠢᠯᠠᠨ ᠰᠡᠷᠭᠡᠶᠢᠯᠡᠬᠦ ᠵᠢᠴᠢ ᠶᠡᠷᠦᠩᠬᠡᠶᠢᠯᠡᠨ ᠡᠭᠡᠭᠦᠯᠦᠨ ᠬᠤᠷᠢᠶᠠᠵᠤ ᠠᠰᠢᠭᠯᠠᠬᠤ᠂ ᠳ᠋ᠠᠴᠢᠩ ᠤᠨ ᠴᠢᠯᠠᠭᠤᠨ ᠲᠣᠰᠣᠨ ᠤ ᠠᠭᠤᠷᠬᠠᠶ ᠶᠢᠨ ᠦᠷᠬᠦᠯᠵᠢᠯᠡᠯ ᠴᠢᠨᠠᠷᠲᠠᠶ ᠨᠡᠭᠡᠭᠡᠨ ᠠᠰᠢᠭᠯᠠᠬᠤ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠦᠶᠯᠡᠳᠬᠦᠨ ᠤ ᠥᠷᠲᠡᠭ  ᠢ 48.3 ᠳ᠋ᠦᠩᠰᠢᠭᠤᠷ ᠲᠥᠭᠦᠷᠢᠭ ᠪᠡᠶᠡᠯᠡᠭᠦᠯᠪᠡ᠃ ᠠᠵᠤ ᠦᠶᠯᠡᠳᠪᠦᠷᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢᠯᠡᠳᠲᠡ ᠪᠠᠶᠢᠵᠤ᠂ ᠳᠤᠮᠳᠠᠳᠦ ᠤᠯᠤᠰ ᠤᠨ ᠬᠤᠸᠠᠩ ᠶᠢᠨ ᠠᠭᠤᠷᠬᠠᠶ ᠶᠢᠨ ᠦᠶᠯᠡᠰ ᠤᠨ ᠦᠨᠡᠭᠡᠳᠦ ᠶᠢᠨ ᠠᠭᠤᠯᠠ ᠶᠢᠨ ᠵᠡᠰ ᠮᠤᠯᠢᠪᠳᠧᠨ ᠤ ᠠᠭᠤᠷᠬᠠᠶ ᠶᠢ ᠤᠯᠤᠰ ᠤᠨ ᠳᠣᠲᠣᠭᠠᠳᠤ ᠶᠢᠨ ᠵᠠᠳᠠᠭᠠᠶ ᠠᠭᠤᠷᠬᠠᠶ ᠶᠢ ᠵᠢᠯᠤᠭᠤᠴᠢ ᠥᠬᠡᠶ ᠪᠠᠷ ᠵᠢᠯᠣᠭᠤᠳᠤᠨ ᠮᠠᠯᠲᠠᠵᠤ ᠰᠠᠯᠭᠠᠨ ᠳᠡᠭᠡᠭᠡᠪᠦᠷᠢᠯᠡᠬᠦ ᠵᠢᠱᠢᠶ᠎ᠡ ᠦᠵᠡᠭᠦᠯᠬᠦ ᠥᠯᠢᠭᠡᠷ ᠪᠤᠯᠭᠠᠨ ᠪᠠᠶᠢᠭᠤᠯᠵᠦ᠂ ᠠᠭᠤᠷᠬᠠᠶ ᠮᠠᠯᠲᠠᠬᠤ ᠤᠷ᠎ᠠ ᠮᠡᠷᠭᠡᠰᠢᠯ ᠤᠨ ᠲᠣᠭᠠᠴᠢᠯᠠᠬᠤ᠂ ᠠᠦ᠋ᠲ᠋ᠣᠴᠢᠯᠠᠬᠤ᠂ ᠤᠶᠤᠨᠴᠢᠯᠠᠬᠤ᠂ ᠠᠵᠢᠯᠴᠢᠨ ᠥᠬᠡᠶ ᠪᠠᠷ ᠠᠵᠢᠯᠯᠠᠭᠤᠯᠬᠤ ᠠᠬᠢᠴᠠ ᠶᠢ ᠲᠦᠯᠬᠢᠨ ᠠᠬᠢᠭᠤᠯᠪᠠ᠃ ᠬᠤᠲᠠ᠂ ᠬᠤᠰᠢᠭᠤ ᠬᠤᠶᠠᠷ ᠱᠠᠲᠤᠨ ᠤ 12 ᠭᠤᠤᠯᠳᠠᠯᠭ᠎ᠠ ᠲᠠᠢ ᠲᠥᠷᠥᠯ ᠵᠦᠶᠯ ᠢ ᠬᠡᠷᠡᠭᠵᠢᠭᠦᠯᠵᠦ᠂ ᠬᠤᠰᠢᠭᠤᠨ ᠤ ᠪᠣᠳᠠᠲᠤ ᠪᠠᠶᠢᠳᠠᠯ  ᠲᠠᠢ ᠤᠶᠠᠯᠳᠤᠭᠤᠯᠤᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠭᠤᠤᠯᠳᠠᠯᠭ᠎ᠠ ᠲᠠᠢ ᠲᠥᠷᠥᠯ ᠵᠦᠶᠯ ᠢ 252 ᠲᠥᠯᠥᠪᠵᠢᠭᠦᠯᠵᠦ᠂ ᠬᠤᠶᠢᠰᠢᠳᠠ ᠶᠢᠨ ᠬᠥᠭᠵᠢᠯᠲᠡ ᠳᠤ ᠬᠥᠳᠡᠯᠭᠡᠬᠦ ᠬᠦᠴᠦᠨ ᠤ ᠡᠨᠧᠷᠭᠢ ᠬᠤᠷᠠᠮᠳᠤᠭᠤᠯᠵᠦ ᠦᠭᠪᠡ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠰᠢᠨ᠎ᠡ ᠠᠷᠭ᠎ᠠ ᠵᠠᠮ ᠢ ᠨᠡᠭᠡᠭᠡᠵᠦ᠂ 1.76 ᠳ᠋ᠦᠩᠰᠢᠭᠤᠷ ᠲᠥᠭᠦᠷᠢᠭ ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠡᠶᠡᠯᠡᠭᠦᠯᠵᠦ᠂ ᠬᠥᠯᠥᠨ ᠪᠣᠶᠢᠷ ᠬᠤᠲᠠ ᠶᠢᠨ ᠤᠯᠤᠰ ᠤᠨ ᠲᠠᠰ ᠤᠨ ᠠᠵᠤ ᠠᠬᠤᠶ ᠶᠢᠨ ᠨᠡᠭᠡᠭᠡᠯᠲᠡ ᠶᠢᠨ ᠣᠷᠣᠨ ᠯᠤᠭ᠎ᠠ ︽︿ᠤᠷᠤᠨ ᠠᠯᠤᠰᠯᠠᠭᠰᠠᠨ ᠠᠵᠤ ᠠᠬᠤᠶ﹀ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠤ ᠭᠠᠷ ᠤᠨ ᠦᠰᠦᠭ ᠵᠢᠷᠤᠪᠠ᠃ ᠵᠢᠭᠤᠯᠴᠢᠯᠠᠯ ᠤᠨ ᠦᠢᠯᠡᠰ ᠵᠡᠷᠭᠡ ᠳᠡᠰ ᠳᠡᠪᠰᠢᠪᠡ᠃ ᠤᠷᠢᠳᠠᠪᠠᠷ ᠲᠥᠯᠥᠪᠵᠢᠭᠦᠯᠬᠦ ᠶᠢ ᠪᠠᠷᠢᠮᠲᠠᠯᠠᠵᠤ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠯ᠎ᠠ ᠨᠤᠲᠤᠭ ᠤᠨ ᠵᠢᠭᠤᠯᠴᠢᠯᠠᠯ ᠤᠨ ᠬᠥᠭᠵᠢᠯᠲᠡ ᠶᠢᠨ ᠲᠦᠯᠦᠪᠵᠢᠬᠦᠯᠭᠡ ︵2020 - 2030︶︾ ᠶᠢ ᠨᠠᠶᠢᠷᠠᠭᠤᠯᠤᠨ ᠳᠠᠭᠤᠰᠬᠠᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠲᠠᠢ ᠠᠭᠤᠰᠤᠯᠴᠠᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠲᠠᠢ ᠨᠡᠶᠢᠴᠡᠬᠦᠯᠦᠨ ᠠᠷᠭ᠎ᠠ ᠪᠣᠳᠣᠯᠭ᠎ᠠ ᠠᠪᠴᠦ ᠣᠨᠴᠠᠯᠢᠭᠲᠤ ᠵᠢᠭᠤᠯᠴᠢᠯᠠᠯ ᠪᠠ ᠵᠦᠷᠢᠶᠡᠳᠦ ᠵᠢᠭᠤᠯᠴᠢᠯᠠᠯ ᠢ ᠬᠦᠭᠵᠢᠬᠦᠯᠵᠦ᠂ ᠠᠯᠳ᠋ᠬᠠᠮᠡᠭᠡᠯ ᠪᠠᠯᠭᠠᠰᠦ ᠶᠢᠨ ᠵᠡᠭᠦᠨ ᠰᠦᠮ᠎ᠡ ᠵᠢᠭᠤᠯᠴᠢᠯᠠᠯ ᠤᠨ ᠲᠣᠰᠬᠤᠨ ᠪᠠ ᠮᠠᠩᠯᠠᠶ ᠭᠠᠴᠠᠭᠠᠨ ᠤ ︽ᠬᠡᠷᠦᠯᠦᠨ︾ ᠪᠠᠭᠤᠴᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠥᠯᠥᠨ ᠪᠤᠶᠢᠷ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠪᠠ᠃ ᠪᠥᠬᠦ ᠵᠢᠯ ᠳᠤ ᠵᠤᠭᠠᠴᠠᠭᠰᠠᠳ ᠢ 36.8 ᠲᠦᠮᠡᠨ ᠬᠦᠮᠦᠨ ᠤᠳᠠᠭ᠎ᠠ ᠭᠥᠯᠢᠶᠡᠨ ᠵᠤᠴᠢᠯᠠᠵᠦ᠂ 2.94 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠬᠠᠮᠲᠤᠷᠠᠯᠴᠠᠭᠠᠨ ᠤ ᠬᠤᠰᠢᠭᠤᠴᠢ ᠣᠷᠣᠨ ᠤ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ ᠠᠭᠤᠰᠤᠯᠴᠠᠨ᠂ ᠪᠣᠭᠤᠮᠲᠠ ᠶᠢᠨ ᠬᠢᠯᠢ ᠶᠢᠨ ᠠᠷᠠᠯᠵᠢᠶᠠᠨ ᠤ ᠲᠣᠭᠤᠷᠢᠭ ᠢ ᠪᠠᠶᠢᠭᠤᠯᠵᠤ᠂ ᠬᠢᠯᠢ  ᠶᠢᠨ ᠠᠷᠠᠳ ᠤᠨ ᠠᠷᠠᠯᠵᠢᠶᠠᠨ ᠤ ᠲᠢᠩᠬᠢᠮ ᠤᠨ ᠤᠶᠤᠨᠲᠤ ᠪᠣᠭᠤᠮᠲᠠ ᠵᠡᠷᠭᠡ ᠳᠠᠭᠠᠯᠲᠠ ᠲᠦᠬᠦᠭᠡᠷᠦᠮᠵᠢ ᠶᠢ ᠪᠠᠶᠢᠭᠤᠯᠪᠠ᠃ ᠡᠯᠧᠺᠲᠷᠤᠨ ᠬᠤᠳᠠᠯᠳᠤᠭᠠᠨ ᠤ ᠶᠠᠪᠤᠳᠠᠯ  ᠤᠨ ᠳᠠᠭᠤᠷᠢᠶᠠᠯ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠵᠦ᠂ ︽ᠥᠪᠥᠷ ᠮᠣᠩᠭᠤᠯ· ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬᠠᠨ ᠤ ᠬᠡᠷᠡᠭᠯᠡᠭᠡ  ᠶᠢ ᠲᠦᠯᠬᠢᠨ ᠠᠬᠢᠭᠤᠯᠬᠤ ᠵᠢᠴᠢ ᠡᠯᠧᠺᠲᠷᠤᠨ ᠬᠤᠳᠠᠯᠳᠤᠭ᠎ᠠ ᠪᠠᠷ ᠮᠠᠯᠵᠢᠬᠤ ᠣᠷᠣᠨ ᠤ ᠣᠳᠣᠬᠢᠴᠢᠯᠠᠯᠲᠠ ᠳᠤ ᠬᠦᠴᠦᠨ ᠨᠡᠮᠡᠷᠢᠯᠡᠬᠦ ᠠᠵᠢᠯᠯᠠᠭ᠎ᠠ︾ ᠶᠢ ᠳᠠᠭᠠᠭᠠᠴᠢᠯᠠᠨ ᠡᠷᠬᠢᠯᠡᠵᠦ᠂ ᠲᠣᠰ ᠭᠠᠵᠠᠷ ᠤᠨ ᠨᠡᠷᠡᠲᠦ ᠰᠢᠯᠢᠳᠡᠭ ᠣᠨᠴᠠᠯᠢᠭᠲᠤ ᠪᠦᠲᠦᠭᠡᠭᠳᠡᠬᠦᠨ ᠤ ᠰᠦᠯᠵᠢᠶᠡᠨ ᠪᠣᠷᠣᠯᠠᠭᠤᠯᠭ᠎ᠠ ᠶᠢᠨ ᠬᠡᠮᠵᠢᠶ᠎ᠡ 380 ᠲᠦᠮᠡᠨ ᠲᠥᠭᠦᠷᠢᠭ ᠲᠤ ᠬᠦᠷᠪᠡ᠃ ᠲᠠᠷᠢᠶᠠᠯᠠᠩ ᠤᠨ ᠪᠦᠳᠦᠭᠡᠭᠳᠡᠬᠦᠨ ᠪᠠ ᠮᠠᠯ ᠤᠨ ᠠᠰᠢᠭ ᠰᠢᠮ᠎ᠡ ᠶᠢᠨ ᠲᠡᠭᠡᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠬᠤ ᠡᠭᠦᠳᠡᠨ  ᠠᠴᠠ᠂ ᠳᠤᠮᠳᠠᠳᠤ ᠤᠯᠤᠰ ᠤᠨ ᠲᠡᠮᠦᠷ ᠵᠠᠮ ᠤᠨ ᠲᠦᠷᠭᠡᠨ ᠲᠡᠭᠡᠭᠡᠪᠦᠷᠢ ᠶᠢᠨ ᠬᠠᠷᠪᠢᠨ ᠳᠠᠬᠢ ᠬᠤᠪᠢᠶᠠᠷᠢ ᠺᠣᠮᠫᠠᠨᠢ ᠯᠤᠭ᠎ᠠ ︽ᠮᠠᠯᠵᠢᠬᠤ ᠣᠷᠣᠨ ᠤ ᠤᠳᠤᠬᠢᠴᠢᠯᠠᠯᠳᠠ  ᠶᠢᠨ ᠪᠦᠲᠦᠭᠡᠨ ᠪᠠᠶᠢᠭᠤᠯᠤᠯᠲᠠ ᠶᠢᠨ ᠬᠦᠢᠲᠡᠨ ᠬᠡᠯᠬᠢᠶᠡᠲᠦ ᠪᠠᠷᠠᠭ᠎ᠠ ᠶᠢᠨ ᠭᠦᠶᠯᠭᠡᠭᠡᠨ ᠤ ᠲᠡᠭᠡᠭᠡᠪᠦᠷᠢ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ︾ ᠲᠤ ᠭᠠᠷ ᠤᠨ ᠦᠰᠦᠭ ᠵᠢᠷᠤᠵᠦ᠂ ᠬᠦᠢᠲᠡᠨ ᠬᠡᠯᠬᠢᠶᠡᠲᠦ ᠪᠠᠷᠠᠭ᠎ᠠ ᠶᠢ ᠭᠠᠳᠠᠭᠰᠢ ᠵᠦᠭᠡᠭᠡᠪᠦᠷᠢᠯᠡᠬᠦ ᠳᠤ ᠳᠦᠭᠦᠮ ᠪᠣᠯᠭᠠᠪᠠ᠃       ︵ᠲᠦᠷᠪᠡ︶ ᠠᠷᠠᠳ ᠤᠨ ᠠᠮᠢᠳᠤᠷᠠᠯ ᠤᠨ ᠦᠢᠯᠡᠰ ᠲᠣᠭᠲᠠᠭᠤᠨ ᠢᠶᠠᠷ ᠬᠥᠭᠵᠢᠪᠡ᠃ ᠣᠯᠠᠨ ᠲᠦᠮᠡᠨ ᠤ ᠬᠠᠮᠤᠭ ᠤᠨ ᠠᠩᠬᠠᠷᠴᠤ ᠪᠠᠶᠢᠭ᠎ᠠ᠂ ᠬᠠᠮᠤᠭ ᠤᠨ ᠪᠣᠳᠠᠲᠤ ᠠᠰᠢᠭ ᠲᠤᠰᠠ ᠶᠢᠨ ᠠᠰᠠᠭᠤᠳᠠᠯ ᠢ ᠴᠠᠭ ᠢᠮᠠᠭᠲᠠ ᠠᠩᠬᠠᠷᠴᠤ᠂ ᠰᠤᠷᠤᠯᠴᠠᠬᠤ ᠠᠴᠠ ᠰᠤᠷᠭᠠᠨ ᠬᠥᠮᠦᠵᠢᠯ ᠲᠠᠢ᠂ ᠬᠦᠳᠡᠯᠮᠦᠷᠢᠯᠡᠬᠦ ᠠᠴᠠ ᠬᠥᠯᠥᠰᠥ ᠣᠯᠭᠤᠮᠵᠢ ᠲᠠᠢ᠂ ᠡᠪᠡᠳᠴᠢᠯᠡᠬᠦ ᠠᠴᠠ ᠦᠵᠡᠭᠦᠯᠬᠦ ᠭᠠᠵᠠᠷ ᠲᠠᠢ᠂ ᠦᠳᠡᠯᠬᠦ ᠠᠴᠠ ᠬᠦᠷᠲᠡᠬᠦ ᠠᠰᠠᠷᠠᠮᠵᠢ ᠲᠠᠢ᠂ ᠰᠠᠭᠤᠬᠤ ᠠᠴᠠ ᠣᠷᠣᠨ ᠰᠠᠭᠤᠴᠠ ᠲᠠᠢ ᠪᠠᠶᠢᠬᠤ ᠲᠠᠯ᠎ᠠ  ᠪᠠᠷ ᠦᠷᠭᠦᠯᠵᠢᠯᠡᠨ ᠬᠦᠴᠦᠯᠡᠵᠦ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 11.4 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠣᠯᠠᠨ ᠨᠡᠶᠢᠳᠡ ᠶᠢᠨ ᠲᠥᠰᠦᠪ ᠤᠨ ᠵᠠᠷᠤᠯᠭ᠎ᠠ ᠶᠢᠨ 75.1% ᠶᠢ ᠡᠵᠡᠯᠡᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ ᠨᠠᠩ ᠳᠡᠬᠦᠯᠳᠡᠷᠵᠢᠪᠡ᠃ ᠬᠤᠲᠠ ᠬᠥᠳᠡᠭᠡ  ᠶᠢᠨ ᠪᠦᠲᠦᠭᠡᠨ ᠪᠠᠶᠢᠭᠤᠯᠤᠯᠲᠠ ᠰᠢᠯᠢᠳᠡᠭᠵᠢᠨ ᠳᠡᠰ ᠳᠡᠪᠰᠢᠪᠡ᠃ ᠰᠢᠨ᠎ᠡ ᠪᠠᠷ ᠪᠠᠶᠢᠭᠤᠯᠤᠭᠰᠠᠨ ᠢᠯᠴᠢ ᠶᠢᠨ ᠰᠤᠷᠪᠤᠯᠵᠢ᠂ ᠬᠠᠭᠤᠴᠢᠷᠠᠭᠰᠠᠨ ᠵᠢᠵᠢᠭ ᠰᠠᠭᠤᠭᠠᠯᠢ ᠲᠣᠭᠤᠷᠢᠭ ᠢ ᠵᠠᠰᠠᠨ ᠰᠢᠨᠡᠳᠬᠡᠬᠦ ᠵᠡᠷᠭᠡ ᠲᠥᠷᠥᠯ ᠵᠦᠶᠯ ᠢ 14 ᠬᠡᠷᠡᠭᠵᠢᠭᠦᠯᠪᠡ᠃ ᠥᠪᠡᠷᠲᠡᠭᠡᠨ ᠵᠠᠰᠠᠬᠤ ᠣᠷᠣᠨ ᠤ ᠲᠡᠰ ᠤᠨ ︽ᠳᠥᠷᠪᠡᠨ ᠰᠠᠶᠢᠳᠠᠢ ᠬᠥᠳᠡᠭᠡ ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠦ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠵᠠᠮ ᠢ ᠬᠠᠮᠢᠶᠠᠷᠬᠤ ᠳᠠᠷᠤᠭ᠎ᠠ ᠶᠢᠨ ᠲᠦᠷᠢᠮ ᠢ ᠪᠠᠶᠢᠭᠤᠯᠤᠨ᠂ ᠠᠳᠤᠭᠤᠠᠴᠢᠯᠠᠭᠤ ᠠᠴᠠ ᠠᠷᠤᠬᠠᠰᠢᠶᠠᠳᠦ ᠪᠠᠯᠭᠠᠰᠦ ᠬᠦᠷᠬᠦ ᠵᠠᠰᠠᠮᠠᠯ ᠵᠠᠮ ᠢ ᠪᠠᠶᠢᠭᠤᠯᠤᠨ ᠳᠠᠭᠤᠰᠬᠠᠵᠦ ᠲᠡᠷᠭᠡ ᠨᠡᠪᠲᠡᠷᠡᠭᠦᠯᠦᠨ᠂ 218.5 ᠺᠢᠯᠤᠮᠧᠲᠷ ᠤᠨ ᠵᠠᠰᠠᠮᠠᠯ ᠵᠠᠮ᠂ 60 ᠲᠡᠮᠳᠡᠭ ᠫᠠᠶᠢᠰᠠ ᠶᠢ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠵᠦ᠂ 5 ᠠᠶᠤᠯᠲᠠᠢ ᠬᠥᠭᠦᠷᠭᠡ ᠶᠢ ᠵᠠᠰᠠᠨ ᠰᠢᠨᠡᠳᠭᠡᠪᠡ︔ ᠵᠠᠰᠠᠮᠠᠯ ᠵᠠᠮ ᠤᠨ ︽ᠪᠠᠶᠢᠭᠤᠯᠬᠤ᠂ ᠬᠠᠮᠢᠶᠠᠷᠬᠤ᠂ ᠬᠠᠮᠠᠭᠠᠯᠠᠬᠤ᠂ ᠠᠷᠠᠴᠢᠯᠠᠬᠤ︾ ᠪᠦᠬᠦᠯᠢ ᠴᠣᠭᠴᠠ ᠶᠢᠨ ᠬᠢᠷᠢ ᠲᠦᠪᠰᠢᠨ ᠳᠡᠭᠡᠭᠰᠢᠯᠡᠪᠡ᠃ ᠮᠠᠯᠵᠢᠬᠤ ᠣᠷᠣᠨ ᠤ ᠴᠠᠬᠢᠯᠭᠠᠨ ᠬᠠᠩᠭᠠᠬᠤ ᠴᠢᠨᠠᠷ ᠴᠢᠨᠰᠠᠭ᠎ᠠ ᠰᠠᠶᠢᠵᠢᠷᠠᠵᠤ᠂ ᠬᠥᠳᠡᠭᠡ ᠲᠣᠰᠬᠤᠨ ᠤ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠵᠠᠰᠠᠨ ᠰᠢᠨᠡᠳᠭᠡᠵᠦ ᠲᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠰᠠᠭᠤᠭᠠᠯᠢ ᠠᠷᠠᠳ ᠴᠠᠬᠢᠯᠭᠠᠨ ᠬᠡᠷᠡᠭᠯᠡᠬᠦ ᠳᠤ ᠨᠠᠩ ᠥᠨᠳᠥᠷ ᠪᠦᠲᠦᠮᠵᠢᠲᠡᠢ ᠪᠦᠭᠡᠳ ᠳᠥᠭᠦᠮ ᠪᠤᠯᠪᠠ᠃ ᠪᠠᠲᠤᠯᠠᠭ᠎ᠠ ᠶᠢᠨ ᠰᠢᠰᠲ᠋ᠧᠮ ᠨᠠᠩ ᠪᠦᠷᠢᠨ ᠲᠡᠭᠦᠯᠳᠡᠷ ᠪᠣᠯᠪᠠ᠃ ᠪᠦᠬᠦᠳᠡ ᠤᠯᠠᠨ ᠢᠶᠠᠷ ᠢᠶᠠᠨ ᠠᠳᠠᠯ ᠪᠤᠰᠬᠠᠬᠤ᠂ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ ᠶᠢ ᠲᠦᠯᠬᠢᠨ ᠠᠬᠢᠭᠤᠯᠵᠤ᠂ ᠠᠵᠢᠯ ᠤᠯᠤᠭᠰᠠᠳ ᠰᠢᠨ᠎ᠡ ᠪᠠᠷ 411 ᠬᠥᠮᠦᠨ ᠨᠡᠮᠡᠭᠳᠡᠵᠦ᠂ ᠬᠤᠳᠠ ᠪᠠᠯᠭᠠᠰᠦ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ 3.85% ᠳᠤ ᠬᠦᠷᠴᠦ᠂ 4% ᠶᠢᠨ ᠳᠤᠳᠤᠷ᠎ᠠ ᠨᠡᠯᠢᠶᠡᠳ ᠳᠣᠣᠷ᠎ᠠ ᠲᠦᠪᠰᠢᠨ ᠳᠤ ᠬᠢᠵᠠᠭᠠᠷᠯᠠᠪᠠ᠃ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠬᠦ ᠶᠢ ᠲᠦᠯᠬᠢᠨ ᠠᠬᠢᠭᠤᠯᠵᠤ᠂ ᠠᠵᠢᠯ ᠠᠴᠠ ᠪᠣᠯᠤᠭᠰᠠᠨ ᠭᠡᠮᠲᠦᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠰᠦᠶᠳᠬᠡᠯ ᠤᠨ ᠨᠣᠷᠮ᠎ᠠ ᠪᠠᠭᠤᠷᠠᠪᠠ᠃ ᠣᠨᠴᠠ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠲᠦᠷ ᠴᠠᠭ ᠤᠨ ᠪᠠ ᠣᠨᠴᠠ ᠬᠦᠴᠢᠷᠳᠡᠯᠲᠡᠶ ᠶᠢ ᠠᠪᠤᠷᠠᠨ ᠲᠤᠰᠠᠯᠠᠬᠤ ᠮᠥᠩᠭᠦ ᠶᠢ 1127 ᠲᠦᠮᠡᠨ ᠲᠥᠭᠦᠷᠢᠭ ᠲᠠᠷᠬᠠᠭᠠᠪᠠ᠃ ᠨᠠᠰᠤᠲᠠᠶᠢᠴᠤᠳ ᠤᠨ ᠡᠷᠡᠭᠦᠯᠵᠢᠯ ᠰᠤᠪᠢᠯᠠᠯᠲᠠ ᠶᠢᠨ ᠦᠶᠯᠡᠴᠢᠯᠡᠭᠡᠨ ᠤ ᠰᠢᠰᠲ᠋ᠧᠮ ᠲᠡᠭᠦᠯᠳᠡᠷᠵᠢᠵᠦ᠂ ᠠᠯᠳ᠋ᠬᠠᠮᠡᠭᠡᠯ ᠪᠠᠯᠭᠠᠰᠦ ᠶᠢᠨ ᠨᠠᠰᠤᠲᠠᠶᠢᠴᠤᠳ ᠢ ᠠᠰᠠᠷᠠᠨ ᠰᠤᠪᠢᠯᠠᠬᠤ ᠬᠦᠷᠢᠶᠡᠯᠡᠩ ᠢ ᠡᠬᠢᠯᠡᠨ ᠪᠠᠶᠢᠭᠤᠯᠵᠤ᠂ ︽ᠬᠠᠷᠠᠭ᠎ᠠ ᠣᠷᠤᠭᠤᠯᠬᠤ ᠠᠵᠢᠯᠯᠠᠭ᠎ᠠ ᠲᠠᠯ᠎ᠠ ᠨᠤᠲᠤᠭ ᠢ ᠢᠪᠡᠭᠡᠬᠦ︾᠂ ︽ᠨᠠᠰᠤᠲᠠᠶᠢᠴᠤᠳ ᠢ ᠬᠦᠨᠳᠦᠯᠡᠵᠦ ᠬᠠᠶᠢᠷᠠᠯᠠᠬᠤ︾ ᠠᠵᠢᠯᠯᠠᠭ᠎ᠠ ᠶᠢ ᠡᠷᠬᠢᠯᠡᠨ ᠬᠢᠪᠡ᠃ ᠰᠤᠷᠭᠠᠨ ᠬᠥᠮᠦᠵᠢᠯ ᠤᠨ ᠦᠢᠯᠡᠰ ᠡᠩ ᠲᠡᠷᠢᠬᠦᠨ ᠳᠤ ᠬᠦᠭᠵᠢᠪᠡ᠃ ᠰᠤᠷᠭᠠᠨ ᠬᠥᠮᠦᠵᠢᠯ ᠤᠨ ᠬᠠᠲᠠᠭᠤ ᠲᠣᠨᠤᠭ ᠤᠨ ᠬᠢᠷᠢ ᠲᠦᠪᠰᠢᠨ ᠳᠡᠭᠡᠭᠰᠢᠯᠡᠵᠦ᠂ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠭᠤᠮ ᠭᠦᠶᠦᠯᠲᠡ ᠶᠢᠨ ᠵᠠᠮ ᠢ ᠵᠠᠰᠠᠨ ᠰᠢᠨᠡᠳᠭᠡᠬᠦ᠂ ᠬᠡᠦᠬᠡᠳ ᠤᠨ ᠴᠡᠴᠡᠷᠯᠢᠭ ᠢ ᠵᠠᠰᠠᠨ ᠥᠷᠭᠡᠳᠬᠡᠨ ᠪᠠᠶᠢᠭᠤᠯᠬᠤ᠂ ᠡᠭᠦᠳᠦᠨ ᠪᠦᠳᠦᠭᠡᠯᠴᠢ ᠶᠢᠨ ᠬᠢᠴᠢᠶᠡᠯᠯᠡᠬᠦ ᠬᠡᠷ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠬᠡᠮ ᠰᠣᠭᠤᠭ ᠢ ᠴᠡᠭᠴᠡᠯᠡᠨ ᠵᠠᠰᠠᠬᠤ ᠵᠡᠷᠭᠡ ᠲᠥᠷᠥᠯ ᠵᠦᠶᠯ ᠢ ᠭᠡᠷᠡᠭᠵᠢᠬᠦᠯᠪᠡ᠃ ᠪᠠᠭᠰᠢ ᠶᠢᠨ ᠡᠩᠨᠡᠭᠡᠨ ᠤ ᠪᠠᠶᠢᠭᠤᠯᠤᠯᠲᠠ ᠴᠢᠩᠭᠠᠷᠠᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠯᠭᠤᠮᠵᠢ ᠶᠢᠨ ᠪᠠᠲᠤᠯᠠᠭ᠎ᠠ ᠶᠢᠨ ᠲᠣᠭᠲᠠᠴᠠ ᠲᠡᠭᠦᠯᠳᠡᠷᠵᠢᠵᠦ᠂ ᠠᠵᠢᠯ ᠦᠢᠯᠡᠰ ᠤᠨ ᠣᠷᠣᠨ ᠲᠤᠭ᠎ᠠ ᠲᠠᠢ ᠪᠠᠭᠰᠢ ᠪᠠ ᠣᠨᠴᠠᠭᠠᠢ ᠠᠵᠢᠯ ᠤᠨ ᠪᠠᠶᠢᠷᠢ ᠶᠢᠨ ᠪᠠᠭᠰᠢ ᠶᠢ ᠨᠡᠶᠢᠲᠡ 30 ᠡᠯᠰᠡᠪᠡ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠲᠣᠭᠲᠠᠭᠤᠨ ᠢᠶᠠᠷ ᠳᠡᠭᠡᠭᠰᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯ ᠬᠠᠷᠠᠭᠠᠯᠵᠠᠨ ᠬᠦᠭᠵᠢᠬᠦᠯᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠪᠠᠶᠢᠯᠭᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠣᠨᠴᠠᠯᠢᠭ ᠢ ᠳᠤᠪᠤᠶᠢᠯᠭᠠᠵᠦ᠂ ᠠᠷᠠᠳ ᠲᠦᠮᠡᠨ ᠤ ᠬᠠᠨᠤᠮᠵᠢᠲᠠᠶ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ ᠴᠢᠷᠮᠠᠶᠢᠪᠠ᠃ ᠤᠯᠤᠰ  ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ  ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠡᠷᠡᠭᠵᠢᠬᠦᠯᠪᠡ᠃ ᠰᠣᠶᠣᠯ ᠤᠨ ᠦᠶᠯᠡᠰ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ ᠰᠡᠭᠡᠭᠡᠳᠡᠨ ᠮᠦᠽᠧᠢ ᠶᠢ ᠵᠠᠰᠠᠨ ᠥᠷᠭᠡᠳᠬᠡᠨ ᠪᠠᠶᠢᠭᠤᠯᠵᠤ᠂ ᠰᠡᠬᠡᠭᠡᠲᠡᠨ ᠤ ᠰᠣᠶᠣᠯ ᠤᠬᠠᠭᠤᠯᠭ᠎ᠠ ᠶᠢᠨ ᠴᠣᠩᠬᠤᠪᠴᠢ ᠶᠢ ᠪᠤᠢ ᠪᠤᠯᠭᠠᠨ᠂ 86 ᠪᠦᠯᠬᠦᠮ ᠨᠡᠶᠢᠲᠡ᠂ 3000 ᠭᠠᠷᠤᠢ ᠬᠥᠮᠦᠨ ᠤᠳᠠᠭ᠎ᠠ  ᠶᠢ ᠬᠦᠯᠢᠶᠡᠨ ᠵᠤᠴᠢᠯᠠᠵᠠᠢ᠃ ᠲᠠᠪᠤᠳᠤᠭᠠᠷ ᠤᠳᠠᠭᠠᠨ ᠤ ᠪᠦᠬᠦ ᠤᠯᠤᠰ ᠤᠨ ᠰᠣᠶᠣᠯ ᠤᠨ ᠣᠷᠳᠣᠨ ᠢ ᠦᠨᠡᠯᠡᠨ ᠵᠢᠱᠢᠵᠦ ᠳᠡᠰ ᠲᠣᠭᠲᠠᠭᠠᠬᠤ ᠶᠢ ᠪᠡᠶᠡᠯᠡᠭᠦᠯᠵᠦ᠂ ᠬᠡᠭᠡᠷ᠎ᠡ ᠭᠠᠳᠠᠨᠠᠬᠢ ᠲᠡᠦᠬᠡ ᠶᠢᠨ ᠳᠤᠷᠠᠰᠬᠠᠯᠲᠤ ᠵᠦᠢᠯᠡᠰ ᠢ ᠲᠣᠭᠤᠷᠢᠨ ᠪᠠᠶᠢᠴᠠᠭᠠᠬᠤ ᠡᠷᠴᠢᠮ ᠴᠢᠩᠭᠠᠷᠠᠨ᠂ ︽ᠪᠠᠷᠭᠤ ᠤᠯᠠᠮᠵᠢᠯᠠᠯᠲᠤ ᠡᠪᠡᠷ ᠨᠤᠮᠤ ᠦᠢᠯᠡᠳᠬᠦ ᠤᠷ᠎ᠠ ᠮᠡᠷᠭᠡᠵᠢᠯ︾᠂ ︽ᠴᠡᠭᠡ ᠬᠢᠬᠦ ᠤᠷ᠎ᠠ ᠮᠡᠷᠭᠡᠵᠢᠯ︾ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠢ ᠲᠥᠷᠥᠯ ᠵᠦᠢᠯ ᠪᠣᠯᠵᠤ᠂ ᠥᠪᠡᠷᠲᠡᠭᠡᠨ ᠵᠠᠰᠠᠬᠤ ᠣᠷᠣᠨ ᠤ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠳᠣᠯᠣᠳᠤᠭᠠᠷ ᠪᠦᠯᠦᠭ ᠤᠨ ᠵᠠᠯᠭᠠᠮᠵᠢᠯᠠᠭᠴᠢ ᠶᠢ ᠭᠤᠶᠤᠴᠢᠯᠠᠨ ᠮᠡᠳᠡᠭᠦᠯᠪᠡ᠃ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ︽ᠰᠣᠶᠣᠯ ᠢ ᠲᠦᠮᠡᠨ ᠡᠷᠦᠬᠡ ᠳᠤ ᠬᠦᠷᠭᠡᠬᠦ︾᠂ ︽ᠵᠠᠭᠤᠨ ᠪᠦᠯᠬᠦᠮ ᠮᠢᠩᠭᠠᠨ ᠳᠠᠯᠠᠪᠤᠷ︾᠂ ︽ᠳᠠᠯᠳᠠ ᠬᠦᠴᠦᠨ ᠲᠠᠢ ᠪᠣᠯᠪᠠᠰᠤᠨ ᠬᠢᠯᠢ ᠶᠢᠨ ᠱᠤᠭᠤᠮ︾᠂ ︽ᠤᠯᠠᠭᠠᠨᠮᠥ᠋ᠴᠢᠷ ᠤᠨ ᠰᠠᠷ᠎ᠠ· ᠠᠯᠢᠪᠠ ᠪᠦᠬᠦᠨ ᠠᠷᠠᠳ ᠲᠦᠮᠡᠨ ᠤ ᠲᠥᠯᠥᠭᠡ︾ ᠵᠡᠷᠭᠡ ᠠᠷᠠᠳ ᠲᠤ ᠬᠠᠷᠠᠭᠠᠯᠵᠠᠯ ᠦᠵᠡᠬᠦᠯᠬᠦ ᠲᠣᠭᠯᠠᠯᠲᠠ ᠶᠢᠨ ᠠᠵᠢᠯᠯᠠᠭ᠎ᠠ ᠶᠢ 36 ᠳᠠᠯᠠᠪᠤᠷ ᠦᠷᠨᠢᠬᠦᠯᠵᠦ᠂ ᠰᠣᠶᠣᠯ ᠢ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠬᠥᠮᠦᠰ  ᠤᠨ ᠰᠡᠳᠬᠢᠯ ᠳᠤ ᠭᠦᠨ ᠬᠠᠳᠠᠩᠰᠢᠪᠠ᠃ ᠡᠷᠡᠭᠦᠯ ᠮᠡᠨᠳᠦ ᠶᠢᠨ ᠬᠢᠷᠢ ᠲᠦᠪᠰᠢᠨ ᠠᠯᠬᠤᠮ ᠠᠯᠬᠤᠮ ᠢᠶᠠᠷ ᠤᠷᠤᠭᠰᠢᠯᠠᠪᠠ᠃ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠶᠢ ᠢᠳᠡᠪᠬᠢᠲᠡᠢ ᠠᠷᠭᠠᠴᠠᠨ᠂ ᠬᠤᠯᠤᠭᠠᠨ᠎ᠠ ᠠᠴᠠ ᠬᠥᠮᠦᠨ ᠳᠤ᠂ ᠬᠥᠮᠦᠨ ᠠᠴᠠ ᠬᠦᠮᠦᠨ ᠳᠤ ᠬᠠᠯᠳᠠᠪᠦᠷᠢᠯᠠᠬᠤ᠂ ᠪᠡᠭᠡᠵᠢᠩ ᠣᠷᠤᠵᠤ ᠦᠪᠦᠷ ᠮᠤᠩᠭᠤᠯ ᠠᠴᠠ ᠭᠠᠷᠬᠤ ᠰᠡᠷᠭᠡᠶᠢᠯᠡᠯᠲᠡ ᠶᠢᠨ ᠬᠡᠷᠡᠮ ᠤᠨ ︽ᠭᠤᠷᠪᠠᠨ ᠰᠡᠷᠭᠡᠶᠢᠯᠡᠬᠦ ᠱᠤᠭᠤᠮ︾ ᠢ ᠪᠠᠲᠤ ᠴᠣᠭᠴᠠᠯᠠᠵᠤ᠂ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠲᠥᠪ ᠤᠨ ᠲᠤᠷᠰᠢᠯᠲᠠ ᠶᠢᠨ ᠠᠵᠢᠯ ᠳᠤ ᠬᠡᠷᠡᠭᠯᠡᠬᠦ ᠭᠡᠷ᠂ ᠬᠤᠯᠤᠭᠠᠨ᠎ᠠ ᠶᠢᠨ ᠬᠢᠵᠢᠭ ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠴᠡᠭ ᠢ ᠰᠢᠨ᠎ᠡ ᠪᠠᠷ ᠪᠠᠶᠢᠭᠤᠯᠵᠤ᠂ ᠬᠡᠭᠡᠷ᠎ᠡ ᠭᠠᠳᠠᠨ᠎ᠠ ᠬᠢᠨᠠᠨ ᠬᠡᠮᠵᠢᠬᠦ ᠴᠡᠭ ᠲᠠᠬᠢ ᠬᠤᠯᠤᠭᠠᠨ᠎ᠠ ᠶᠢᠨ ᠬᠢᠵᠢᠭ ᠤᠨ ᠲᠤᠷᠰᠢᠯᠲᠠ ᠶᠢᠨ ᠲᠠᠰᠤᠭ ᠢ ᠵᠠᠰᠠᠨ ᠰᠢᠨᠡᠳᠭᠡᠪᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠳᠡᠭᠡᠭᠰᠢᠯᠡᠵᠦ᠂ 29 ᠡᠮᠴᠢ ᠰᠤᠪᠢᠯᠠᠭᠴᠢ ᠶᠢ ᠢᠯᠡ ᠪᠠᠷ ᠤᠷᠢᠨ ᠡᠯᠰᠡᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠤᠨ ᠬᠤᠷᠢᠶ᠎ᠠ  ᠶᠢᠨ ᠡᠮᠴᠢᠯᠡᠭᠡᠨ ᠳᠤ ᠦᠢᠯᠡᠴᠢᠯᠡᠬᠦ ᠲᠡᠷᠭᠡ᠂ ᠠᠮᠢᠳᠤ ᠪᠣᠳᠠᠰ ᠤᠨ ᠬᠢᠮᠢ ᠶᠢᠨ ᠵᠠᠳᠠᠯᠤᠯᠲᠠ ᠶᠢᠨ ᠪᠠᠭᠠᠵᠢ ᠵᠡᠷᠭᠡ ᠲᠤᠰᠬᠠᠢ ᠲᠥᠬᠦᠭᠡᠷᠦᠮᠵᠢ ᠬᠤᠳᠠᠯᠳᠤᠨ ᠠᠪᠴᠤ᠂ ᠵᠢᠷᠮᠦᠰᠦᠨ ᠪᠦᠰᠡᠬᠦᠢ ᠬᠥᠩᠭᠡᠵᠢᠭᠰᠡᠨ ᠡᠮᠡᠭᠲᠡᠢ᠂ ᠬᠡᠦᠬᠡᠳ ᠪᠠᠭᠠᠴᠤᠳ᠂ ᠵᠡᠮᠳᠡᠭᠴᠦᠳ ᠵᠡᠷᠭᠡ ᠬᠥᠮᠦᠰ ᠤᠨ ᠡᠮᠴᠢᠯᠡᠭᠡᠨ ᠤ ᠦᠢᠯᠡᠴᠢᠯᠡᠭᠡ ᠶᠢ ᠪᠦᠬᠦ ᠲᠠᠯ᠎ᠠ ᠪᠠᠷ ᠪᠠᠲᠤᠯᠠᠪᠠ᠃ ᠠᠯᠳ᠋ᠬᠠᠮᠡᠭᠡᠯ ᠪᠠᠯᠭᠠᠰᠤ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ᠂ ᠬᠡᠷᠦᠯᠦᠨ ᠰᠤᠮᠤ ᠶᠢᠨ ᠪᠠᠶ᠋ᠬᠠᠭᠤᠯᠠ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠮᠣᠩᠭᠤᠯ ᠡᠮᠨᠡᠯᠭᠡ ᠶᠢᠨ ᠭᠠᠵᠠᠷ ᠢ ᠪᠠᠶᠢᠭᠤᠯᠵᠤ᠂ ᠡᠮᠴᠢᠯᠡᠭᠡ᠂ ᠪᠡᠶ᠎ᠡ ᠰᠤᠪᠢᠯᠠᠯᠲᠠ᠂ ᠡᠷᠡᠭᠦᠯᠵᠢᠯ ᠢ ᠨᠢᠭᠡ ᠴᠣᠭᠴᠠᠵᠢᠭᠤᠯᠬᠤ ᠮᠣᠩᠭᠤᠯ ᠡᠮ ᠡᠮᠨᠡᠯᠭᠡ ᠶᠢᠨ ᠶᠡᠷᠦᠩᠬᠡᠶᠢᠯᠡᠭᠰᠡᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠪᠠ᠃        ︵ᠲᠠᠪᠤ︶ ᠨᠡᠶᠢᠭᠡᠮ ᠤᠨ ᠵᠠᠰᠠᠯᠲᠠ ᠶᠢᠨ ᠰᠢᠨ᠎ᠡ ᠪᠦᠭᠡᠳ ᠰᠢᠯᠢᠳᠡᠭ ᠢ ᠡᠭᠦᠳᠪᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠲᠦᠷᠭᠡᠨ ᠪᠥᠭᠡᠳ ᠯᠠᠪᠳᠠᠭᠤᠨ ᠶᠠᠪᠤᠭᠳᠠᠪᠠ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠲᠦᠯᠬᠢᠨ ᠠᠬᠢᠭᠤᠯᠵᠤ᠂ ᠡᠭᠦᠷᠭᠡ ᠴᠢᠳᠠᠪᠤᠷᠢ ᠲᠤᠰᠢᠶᠠᠯ ᠬᠠᠷᠢᠭᠤᠴᠠᠯᠭ᠎ᠠ ᠶᠢ ᠲᠤᠬᠢᠷᠠᠭᠤᠯᠤᠨ ᠰᠢᠯᠢᠳᠡᠭᠵᠢᠭᠦᠯᠵᠦ᠂ ᠪᠠᠶᠢᠭᠤᠯᠤᠮᠵᠢ ᠶᠢᠨ ᠳᠤᠬᠢᠷᠠᠭᠤᠯᠤᠯᠳᠠ ᠶᠢ ᠰᠢᠨᠵᠢᠯᠡᠬᠦ ᠤᠬᠠᠭᠠᠨᠴᠢ ᠪᠠᠷ ᠲᠦᠷᠢᠮᠵᠢᠬᠦᠯᠦᠨ᠂ 85 ᠠᠵᠢᠯ ᠦᠢᠯᠡᠰ ᠤᠨ ᠪᠠᠶᠢᠭᠤᠯᠤᠮᠵᠢ ᠶᠢ ᠨᠡᠶᠢᠯᠡᠬᠦᠯᠦᠨ ᠦᠯᠡᠳᠡᠭᠡᠵᠦ᠂ 26 ᠪᠠᠶᠢᠭᠤᠯᠤᠮᠵᠢ ᠶᠢ ᠴᠤᠮᠬᠠᠳᠬᠠᠨ᠂ ᠴᠣᠮᠬᠠᠳᠬᠠᠭᠰᠠᠨ ᠬᠠᠷᠢᠴᠠᠯ 23.4% ᠳᠤ ᠬᠦᠷᠪᠡ᠃ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠱᠠᠲᠤᠴᠢ ᠴᠢᠨᠠᠷᠲᠠᠶ ᠦᠷ᠎ᠡ ᠪᠦᠲᠦᠭᠡᠯ ᠣᠯᠵᠤ᠂ ᠵᠠᠬ᠎ᠠ ᠳᠡᠯᠭᠡᠭᠦᠷ ᠤᠨ ᠭᠤᠤᠯ ᠴᠣᠭᠴᠠ  ᠶᠢᠨ ᠣᠷᠣᠨ ᠰᠠᠭᠤᠴᠠ ᠶᠢ ᠳᠠᠩᠰᠠᠯᠠᠬᠤ ᠲᠦᠷᠢᠮ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠦᠨᠡᠯᠡᠨ ᠵᠢᠱᠢᠵᠦ ᠰᠢᠯᠢᠳᠡᠭᠵᠢᠭᠦᠯᠬᠦ᠂ ᠪᠠᠶᠢᠭᠠᠯᠢ  ᠶᠢᠨ ᠡᠬᠢ ᠪᠠᠶᠠᠯᠢᠭ ᠡᠳ᠋ ᠬᠥᠷᠥᠩᠭᠡ ᠶᠢᠨ ᠥᠮᠴᠢᠯᠡᠬᠦ ᠡᠷᠬᠡ ᠶᠢᠨ ᠲᠦᠷᠢᠮ᠂ ᠬᠦᠨᠳᠦ ᠶᠡᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠠᠪᠤᠷᠠᠨ ᠵᠠᠰᠠᠬᠤ ᠰᠢᠰᠲ᠋ᠧᠮ ᠢ ᠳᠡᠬᠦᠯᠳᠡᠷᠵᠢᠬᠦᠯᠬᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠬᠦ ᠵᠡᠷᠭᠡ 20 ᠵᠦᠶᠯ ᠤᠨ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠬᠥᠭᠵᠢᠯᠲᠡ ᠶᠢᠨ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠪᠠ᠃ ᠠᠷᠠᠯᠵᠢᠶ᠎ᠠ ᠡᠵᠡᠩᠨᠡᠬᠦ ᠣᠷᠴᠢᠨ ᠨᠦᠬᠦᠴᠡᠯ ᠳᠠᠰᠤᠷᠠᠯᠳᠠ ᠦᠬᠡᠢ ᠰᠢᠯᠢᠳᠡᠭᠵᠢᠵᠦ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠬᠦᠨᠵᠡᠭᠡᠶᠢᠷᠡᠨ᠂ 25 ᠰᠠᠯᠠᠭ᠎ᠠ ᠮᠥᠴᠢᠷ ᠤᠨ 6179 ᠵᠦᠢᠯ  ᠤᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠳᠤ ᠬᠥᠳᠡᠯᠦᠩᠭᠦᠶ ᠲᠣᠬᠢᠷᠠᠭᠤᠯᠤᠯᠲᠠ ᠬᠢᠵᠦ᠂ ᠰᠤᠮᠤ ᠪᠠᠯᠭᠠᠰᠦ ᠶᠢᠨ ︽ᠭᠤᠷᠪᠠᠨ ᠱᠠᠲᠤᠨ ᠤ ᠵᠠᠰᠠᠭ ᠤᠨ ᠶᠠᠪᠤᠳᠠᠯ  ᠤᠨ ᠦᠶᠯᠡᠴᠢᠯᠡᠭᠡᠨ ᠤ ᠰᠢᠰᠲ᠋ᠧᠮ︾ ᠪᠣᠯᠤᠨ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠨᠢᠭᠡ ᠰᠦᠯᠵᠢᠶ᠎ᠡ︾ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ︽ᠦᠨᠡᠯᠡᠯᠲᠡ ᠬᠢᠬᠦ︾ ᠲᠦᠷᠢᠮ ᠲᠡᠭᠦᠯᠳᠡᠷᠵᠢᠵᠦ᠂ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠦᠷᠬᠦᠴᠡ ᠶᠢ ᠪᠡᠶᠡᠯᠡᠬᠦᠯᠪᠡ᠃ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠠᠮᠢᠵᠢᠷᠠᠯ ᠤᠨ ᠬᠦᠴᠦᠨ ᠢ ᠭᠦᠶᠴᠡᠳ ᠬᠦᠭᠵᠢᠬᠡᠨ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠲᠠᠶ ᠨᠠᠶᠢᠳᠠᠪᠤᠷᠢᠵᠢᠭᠤᠯᠵᠤ᠂ ᠰᠢᠨ᠎ᠡ ᠪᠠᠷ 4984 ᠲᠦᠮᠡᠨ ᠲᠥᠭᠦᠷᠢᠭ ᠤᠨ ᠭᠠᠶᠢᠯᠢ ᠶᠢ ᠬᠦᠩᠭᠡᠯᠡᠨ ᠰᠦᠶᠳᠬᠡᠯ ᠢ ᠪᠠᠭᠤᠷᠠᠭᠤᠯᠵᠦ᠂ 3506 ᠲᠦᠮᠡᠨ ᠲᠥᠭᠦᠷᠢᠭ ᠤᠨ ᠨᠡᠶᠢᠭᠡᠮ ᠤᠨ ᠳᠠᠭᠠᠳᠬᠠᠯ ᠤᠨ ᠰᠦᠶᠳᠬᠡᠯ ᠢ ᠬᠠᠰᠤᠵᠤ ᠬᠡᠯᠳᠦᠷᠢᠬᠦᠯᠦᠨ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠥᠪᠡᠷ ᠤᠨ ᠥᠷᠲᠡᠭ ᠢ 424 ᠲᠦᠮᠡᠨ ᠲᠥᠭᠦᠷᠢᠭ ᠪᠠᠭᠤᠷᠠᠭᠤᠯᠵᠤ᠂ ᠠᠵᠤ ᠠᠬᠤᠶᠢᠯᠠᠯ ᠤᠨ ᠠᠵᠤ ᠠᠬᠤᠶ ᠶᠢᠨ ᠥᠷᠢᠰᠥᠯᠳᠦᠬᠦ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠦᠨᠡᠨ ᠬᠦ ᠴᠢᠩᠭᠠᠷᠠᠪᠠ᠃ ᠴᠡᠭᠴᠡᠯᠡᠨ ᠵᠠᠰᠠᠬᠤ ᠡᠭᠦᠷᠭᠡ ᠪᠠᠷ ᠪᠠᠷᠢᠮᠵᠢᠶᠠᠯᠠᠨ᠂ ᠵᠠᠰᠠᠨ ᠴᠡᠭᠴᠡᠯᠡᠬᠦ ᠠᠵᠢᠯ ᠤᠨ ᠭᠤᠤᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠨ ᠴᠡᠭᠴᠡᠯᠡᠬᠦ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠦᠩᠭᠡᠨ ᠳᠠᠯ᠎ᠠ ᠪᠠ ᠦᠨᠳᠦᠰᠦ ᠠᠴᠠ ᠨᠢ ᠵᠠᠰᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠷᠭ᠎ᠠ ᠬᠡᠮᠵᠢᠶ᠎ᠡ ᠶᠢ ᠲᠣᠭᠲᠠᠭᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠴᠡᠭᠴᠡᠯᠡᠬᠦ ᠠᠵᠢᠯ ᠢ ᠬᠦᠴᠦᠲᠡᠶ ᠲᠦᠯᠬᠢᠨ ᠠᠬᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠴᠠᠭᠠᠵᠠ ᠲᠦᠷᠢᠮ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠵᠠᠰᠠᠨ ᠴᠡᠭᠴᠡᠯᠡᠬᠦ ᠱᠠᠲᠤᠴᠢ ᠴᠢᠨᠠᠷᠲᠠᠶ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠡᠶᠡᠯᠡᠬᠦᠯᠪᠡ᠃ ᠬᠡᠷ ᠭᠠᠵᠠᠷ ᠬᠥᠷᠥᠩᠭᠡ ᠶᠢᠨ ᠲᠡᠦᠬᠡᠨ ᠦᠯᠡᠳᠡᠭᠳᠡᠯ ᠠᠰᠠᠭᠤᠳᠠᠯ ᠢ ᠨᠠᠶᠢᠳᠠᠪᠦᠷᠢᠳᠠᠢ ᠰᠢᠶᠳᠪᠦᠷᠢᠯᠡᠵᠦ᠂ ᠰᠢᠶᠳᠪᠦᠷᠢᠯᠡᠭᠰᠡᠨ ᠨᠣᠷᠮ᠎ᠠ 100% ᠳᠤ ᠬᠦᠷᠴᠦ᠂ ᠦᠨᠡᠮᠯᠡᠯ ᠭᠦᠶᠴᠡᠳᠬᠡᠭᠰᠡᠨ ᠨᠣᠷᠮ᠎ᠠ 81% ᠳᠤ ᠬᠦᠷᠪᠡ᠃ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠪᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠪᠦᠷᠢᠳᠬᠡᠬᠦ ᠶᠢ ᠪᠠᠷᠢᠮᠲᠠᠯᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠪᠡᠶᠡᠯᠡᠬᠦᠯᠪᠡ᠃ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠤᠭᠰᠠᠨ ᠦᠭᠡᠢ᠃ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠢᠳᠡᠭᠡᠨ ᠪᠠ ᠡᠮ ᠤᠨ ᠵᠦᠶᠯ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠪᠠ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠬᠢ ᠡᠭᠦᠰᠦᠯ ᠠᠴᠠ ᠨᠢ ᠵᠠᠰᠠᠬᠤ ᠶᠢ ᠴᠢᠩᠭᠠᠳᠬᠠᠵᠤ᠂ ᠤᠯᠠᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠪᠠ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠳᠤ ᠬᠤᠯᠪᠣᠭᠳᠠᠭᠰᠠᠨ 59 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠬᠠᠤᠯᠢ ᠲᠣᠭᠲᠠᠭᠠᠯ ᠶᠣᠰᠣᠭᠠᠷ ᠵᠦᠢ ᠵᠣᠬᠢᠰᠲᠠᠢ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠭᠰᠡᠨ ᠨᠤᠷᠮ᠎ᠠ 100% ᠳᠤ ᠬᠦᠷᠪᠡ᠃ ᠴᠡᠷᠢᠭ ᠤᠨ ᠠᠯᠪᠠ ᠠᠴᠠ ᠪᠠᠭᠤᠭᠰᠠᠳ ᠤᠨ ᠨᠡᠶᠢᠭᠡᠮ ᠤᠨ ᠳᠠᠭᠠᠳᠬᠠᠯ ᠢ ᠵᠠᠯᠭᠠᠨ ᠳᠤᠰᠢᠶᠠᠬᠤ ᠱᠠᠭᠠᠷᠳᠠᠯᠭ᠎ᠠ ᠶᠢ ᠨᠠᠶᠢᠳᠠᠪᠦᠷᠢᠵᠢᠭᠤᠯᠤᠨ᠂ ᠪᠦᠬᠦ ᠤᠯᠤᠰ ᠤᠨ ᠵᠢᠱᠢᠶ᠎ᠡ ᠦᠵᠡᠭᠦᠯᠬᠦ ᠮᠠᠶ᠋ᠢᠭ ᠤᠨ ᠴᠡᠷᠢᠭ ᠤᠨ ᠠᠯᠪᠠ ᠠᠴᠠ ᠪᠠᠭᠤᠭᠰᠠᠳ ᠲᠤ ᠦᠢᠯᠡᠴᠢᠯᠡᠬᠦ ᠲᠥᠪ ᠢ ᠴᠢᠷᠮᠠᠶᠢᠨ ᠡᠭᠦᠳᠴᠦ᠂ ᠬᠤᠶᠠᠷ ᠢ ᠬᠦᠷᠢᠶᠡᠯᠡᠬᠦ ᠵᠢᠱᠢᠶᠡᠴᠢ ᠬᠤᠰᠢᠭᠤ ᠪᠠᠷ ︽ᠳᠥᠷᠪᠡᠨ ᠵᠢᠯ ᠳᠠᠷᠠᠭᠠᠯᠠᠨ ᠮᠠᠩᠯᠠᠶᠢᠯᠠᠪᠠ︾᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠦᠨᠳᠦᠰᠦᠲᠡᠨ ᠨᠦᠭᠦᠳ ᠠᠨᠠᠷ ᠤᠨ ᠦᠷ᠎ᠡ ᠮᠡᠳᠦ ᠨᠢᠭᠲᠠᠷᠠᠨ ᠪᠦᠯᠬᠦᠮᠳᠡᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠪᠡ᠃ ︽ᠳᠣᠯᠣᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠭᠦᠯᠬᠦ ᠠᠵᠢᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠺᠠᠳ᠋ᠷ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠢᠯᠡᠳᠲᠡ ᠳᠡᠭᠡᠭᠰᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠦᠷ᠎ᠡ ᠪᠦᠲᠦᠭᠡᠯ ᠪᠠᠬᠢᠵᠢᠵᠦ᠂ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠦᠪᠰᠢᠨ ᠳᠡᠭᠡᠭᠰᠢᠯᠡᠵᠦ᠂ ᠠᠷᠠᠳ ᠣᠯᠠᠨ ᠤ ᠵᠤᠯ ᠵᠢᠷᠭᠠᠯᠳᠦ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠬᠦᠴᠦᠯᠡᠨ ᠨᠡᠮᠡᠭᠳᠡᠬᠦᠯᠪᠡ᠃        ᠨᠢᠭᠡ ᠵᠢᠯ ᠤᠨ ᠲᠤᠷᠰᠢ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠲᠠᠰᠤᠷᠠᠯᠲᠠ ᠦᠭᠡᠢ ᠴᠢᠩᠭᠠᠷᠠᠪᠠ᠃ ᠪᠢᠳᠡ ︽ᠣᠭ ᠰᠠᠨᠠᠭ᠎ᠠ ᠪᠠᠨ ᠥᠯᠥ ᠮᠠᠷᠳᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠨᠠᠮ ᠤᠨ ᠤᠯᠤᠰ ᠲᠥᠷᠥ  ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠨ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠵᠤ᠂ ︽ᠳᠥᠷᠪᠡᠨ ᠢᠲᠡᠭᠡᠯ︾ ᠢ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠢᠮᠠᠭᠲᠠ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠯᠭᠠᠪᠠ᠃ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠥᠬᠦ ᠲᠠᠯ᠎ᠠ ᠪᠠᠷ ᠴᠢᠩᠭᠠᠷᠠᠵᠦ᠂ ᠲᠥᠪ ᠤᠨ ᠨᠠᠶᠮᠠᠨ ᠵᠤᠷᠪᠤᠰ ᠲᠣᠭᠲᠠᠭᠠᠯ ᠵᠢᠴᠢ ᠳᠡᠬᠦᠨ ᠢ ᠬᠡᠷᠡᠭᠵᠢᠭᠦᠯᠬᠦ ᠨᠠᠷᠢᠯᠢᠭ ᠲᠦᠷᠢᠮ ᠤᠨ ᠵᠣᠷᠢᠭ ᠰᠠᠨᠠᠭ᠎ᠠ ᠶᠢ ᠡᠷᠡᠰ ᠳᠤᠤᠱᠯᠠᠭᠤᠯᠤᠨ᠂ ᠨᠣᠶᠠᠨᠴᠢ ᠰᠤᠷᠲᠠᠯ᠂ ᠬᠡᠯᠪᠡᠷᠢᠴᠢ ᠦᠵᠡᠯ ᠢ ᠡᠷᠴᠢᠮᠲᠡᠢ ᠵᠠᠰᠠᠨ ᠴᠡᠭᠴᠡᠯᠡᠵᠦ᠂ ᠬᠠᠤᠯᠢᠵᠢᠯ ᠤᠨ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠬᠦᠴᠦᠳᠡᠢ ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠨᠡᠶᠢᠳᠡ ᠶᠢᠨ ᠢᠲᠡᠭᠡᠭᠦᠯᠬᠦ ᠬᠦᠴᠦᠨ᠂ ᠬᠡᠷᠡᠭᠵᠢᠭᠦᠯᠬᠦ ᠬᠦᠴᠦᠨ ᠲᠠᠰᠤᠷᠠᠯᠲᠠ ᠥᠬᠡᠶ ᠴᠢᠩᠭᠠᠷᠠᠪᠠ᠃ ︽ᠵᠠᠰᠠᠭ ᠤᠨ ᠣᠷᠳᠣᠨ ᠤ ᠠᠵᠢᠯ ᠤᠨ ᠲᠦᠷᠢᠮ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠠᠷᠠᠳᠴᠢᠯᠠᠯ ᠲᠥᠪᠯᠡᠷᠡᠯ ᠤᠨ ᠶᠣᠰᠣ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠭᠤᠤᠯᠳᠠᠯᠭ᠎ᠠ ᠨᠢᠭᠡ ᠶᠡᠭᠡ︾ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠨᠡᠩ ᠲᠦᠷᠢᠮᠵᠢᠪᠡ᠃ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠪᠢᠴᠢᠭ ᠮᠠᠲ᠋ᠧᠷᠢᠶᠠᠯ ᠪᠣᠯᠤᠨ ᠬᠤᠷᠠᠯ ᠢ ᠬᠦᠴᠦᠯᠡᠨ ᠪᠠᠭᠠᠰᠬᠠᠪᠠ᠃ ᠲᠦᠷᠢᠮᠵᠢᠬᠦᠯᠬᠦ ᠪᠠ ᠬᠠᠤᠯᠢ ᠪᠠᠷ ᠵᠠᠰᠠᠬᠤ ᠪᠠᠷ ᠵᠢᠯᠣᠭᠤᠳᠤᠮᠵᠢ ᠪᠣᠯᠭᠠᠵᠤ᠂ ᠡᠷᠬᠡ ᠲᠡᠭᠰᠢ᠂ ᠲᠥᠪ ᠭᠤᠤᠯᠴᠢ᠂ ᠬᠠᠤᠯᠢ ᠶᠤᠰᠤᠨ ᠤ ᠪᠠ ᠠᠷᠠᠳ ᠲᠤ ᠲᠥᠬᠦᠮ ᠦᠵᠡᠭᠦᠯᠬᠦ ᠵᠠᠷᠴᠢᠮ ᠢ ᠵᠢᠷᠤᠮᠯᠠᠨ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠶᠡᠬᠡᠪᠡᠷ ᠳᠥᠯᠭᠢᠨ ᠠᠬᠢᠭᠤᠯᠪᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠦᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ 59 ᠰᠠᠨᠠᠯ ᠵᠦᠪᠯᠡᠯᠭᠡ᠂ ᠤᠯᠤᠰ ᠲᠥᠷᠦ ᠶᠢᠨ ᠵᠥᠪᠯᠡᠯᠭᠡᠨ ᠤ ᠭᠡᠰᠢᠭᠦᠳ ᠤᠨ 60 ᠰᠠᠨᠠᠯ ᠳᠤᠷᠠᠳᠤᠯᠭ᠎ᠠ ᠶᠢ ᠥᠨᠳᠥᠷ ᠪᠦᠲᠦᠮᠵᠢᠲᠡᠢ ᠰᠢᠢᠳᠪᠦᠷᠢᠯᠡᠵᠦ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ 100% ᠳᠤ ᠬᠦᠷᠪᠡ᠃ ᠣᠯᠠᠨ ᠨᠡᠶᠢᠲᠡ ᠶᠢᠨ ᠡᠬᠢ ᠪᠠᠶᠠᠯᠢᠭ ᠤᠨ ᠰᠣᠯᠢᠯᠴᠠᠭᠠᠨ ᠤ ᠲᠠᠪᠴᠠᠩ ᠥᠨᠳᠥᠷ ᠪᠦᠲᠦᠮᠵᠢᠲᠡᠶ ᠪᠠᠷ ᠠᠵᠢᠯᠯᠠᠵᠤ᠂ 41 ᠰᠣᠯᠢᠯᠴᠠᠭᠠᠨ ᠤ ᠲᠥᠷᠥᠯ ᠵᠦᠶᠯ ᠢ ᠪᠡᠶᠡᠯᠡᠭᠦᠯᠪᠡ᠃ ᠠᠷᠪᠢᠯᠠᠨ ᠭᠠᠮᠨᠠᠬᠤ ᠦᠵᠡᠯ ᠰᠠᠨᠠᠭ᠎ᠠ ᠶᠢ ᠴᠢᠩᠳᠠᠯᠠᠵᠤ᠂ ᠡᠩ ᠤᠨ ᠴᠢᠨᠠᠷᠲᠠᠢ ᠵᠠᠷᠤᠯᠭ᠎ᠠ ᠪᠠ ︽ᠭᠤᠷᠪᠠᠨ ᠵᠦᠢᠯ ᠤᠨ ᠠᠯᠪᠠᠨ ᠵᠠᠷᠤᠳᠠᠯ︾ ᠢ ᠶᠡᠬᠡᠪᠡᠷ ᠪᠠᠭᠠᠰᠬᠠᠵᠤ᠂ ᠡᠳ᠋ ᠤᠨ ᠵᠠᠰᠠᠭ ᠤᠨ ᠪᠠᠲᠤᠯᠠᠭ᠎ᠠ ᠶᠢᠨ ᠴᠢᠳᠠᠪᠤᠷᠢ ᠪᠦᠬᠦ ᠲᠠᠯ᠎ᠠ ᠪᠠᠷ ᠳᠡᠭᠡᠭᠰᠢᠯᠡᠪᠡ᠃        ᠡᠭᠦᠨ ᠠᠴᠠ ᠭᠠᠳᠠᠨ᠎ᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠤᠯᠤᠰ ᠤᠨ ᠠᠮᠤᠷ ᠲᠦᠪᠰᠢᠨ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠬᠡᠦᠬᠡᠳ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠲᠠᠩᠰᠠ ᠡᠪᠬᠡᠮᠡᠯ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ᠂ ᠴᠠᠭ ᠠᠭᠤᠷ᠂ ᠴᠢᠯᠠᠭᠤᠨ ᠲᠣᠰᠣ᠂ ᠳᠡᠮᠠᠬᠢᠨ ᠤ ᠦᠢᠯᠡᠰ᠂ ᠰᠢᠦᠳᠠᠨ ᠶᠠᠪᠤᠳᠠᠯ᠂ ᠴᠢᠮᠡᠭᠡ ᠬᠤᠯᠪᠣᠭ᠎ᠠ ᠵᠡᠷᠭᠡ ᠡᠯ᠎ᠡ ᠵᠦᠶᠯ ᠤᠨ ᠠᠵᠢᠯ ᠰᠢᠨ᠎ᠡ ᠠᠮᠵᠢᠯᠲᠠ ᠤᠯᠪᠠ᠃ ᠡᠭᠦᠨ ᠤ ᠬᠠᠮᠲᠤ᠂ 2020 ᠣᠨ ᠳᠤ ᠪᠥᠬᠦ ᠬᠤᠰᠢᠭᠤᠨ ᠤ ᠠᠷᠠᠳ ᠲᠦᠮᠡᠨ ᠳᠤ ᠲᠥᠪ ᠴᠢᠩᠭ᠎ᠠ ᠠᠮᠠᠯᠠᠯᠲᠠ ᠬᠢᠭᠰᠡᠨ ᠰᠢᠨ᠎ᠡ ᠪᠠᠷ ᠪᠠᠶᠢᠭᠤᠯᠤᠭᠰᠠᠨ ᠠᠯᠳ᠋ᠬᠠᠮᠡᠭᠡᠯ ᠪᠠᠯᠭᠠᠰᠦ ᠶᠢᠨ ᠢᠯᠴᠢ ᠶᠢᠨ ᠬᠦᠴᠦᠨ ᠤ ᠥᠷᠲᠡᠭᠡ ᠵᠢᠴᠢ ᠢᠯᠴᠢ ᠬᠠᠩᠭᠠᠬᠤ ᠬᠤᠭᠤᠯᠠᠶ ᠲᠣᠤᠷ᠂ ᠠᠯᠳ᠋ᠬᠠᠮᠡᠭᠡᠯ ᠪᠠᠯᠭᠠᠰᠦ ᠶᠢᠨ ᠤᠰᠤ ᠬᠠᠩᠭᠠᠬᠤ ᠬᠤᠭᠤᠯᠠᠶ ᠲᠣᠤᠷ ᠢ ᠵᠠᠰᠠᠨ ᠰᠢᠨᠡᠳᠭᠡᠬᠦ ᠵᠡᠷᠭᠡ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 4 ᠲᠥᠷᠥᠯ ᠵᠦᠶᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠪᠠ᠃        2020 ᠣᠨ ᠤ ᠡᠯ᠎ᠡ ᠵᠦᠢᠯ ᠤᠨ ᠠᠵᠢᠯ ᠤᠨ ᠬᠠᠷᠠᠯᠲᠠ ᠶᠢ ᠪᠡᠶᠡᠯᠡᠭᠦᠯᠵᠦ᠂ ᠡᠨᠡ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠭᠤᠣᠯ ᠬᠠᠷᠠᠯᠲᠠ ᠡᠭᠦᠷᠭᠡ ᠶᠢ ᠢᠯᠠᠯᠲᠠ ᠲᠠᠢ ᠪᠠᠷ ᠪᠡᠶᠡᠯᠡᠭᠦᠯᠦᠭᠰᠡᠨ ᠢ ᠬᠠᠷᠠᠭᠤᠯᠵᠤ ᠪᠤᠢ᠃ ᠥᠩᠭᠡᠷᠡᠭᠰᠡᠨ ᠲᠠᠪᠤᠨ ᠵᠢᠯ ᠪᠣᠯ ᠪᠢᠳᠡᠨ ᠤ ᠬᠠᠲᠠᠭᠤ ᠴᠢᠩᠭ᠎ᠠ ᠥᠷᠢᠰᠥᠯᠳᠦᠭᠡᠨ ᠢ ᠢᠯᠠᠨ ᠳᠠᠪᠠᠵᠤ᠂ ᠴᠢᠬᠤᠯᠠ ᠶᠡᠭᠡ ᠠᠮᠵᠢᠯᠲᠠ ᠣᠯᠤᠭᠰᠠᠨ ᠲᠠᠪᠤᠨ ᠵᠢᠯ ᠪᠣᠯᠣᠨ᠎ᠠ᠂ ᠮᠥᠨ ᠴᠦ ᠰᠢᠨᠵᠢᠯᠡᠬᠦ ᠤᠬᠠᠭᠠᠨᠴᠢ ᠬᠥᠭᠵᠢᠯᠲᠡ ᠶᠢ ᠪᠠᠷᠢᠮᠲᠠᠯᠠᠨ᠂ ᠵᠤᠷᠰᠢᠯ ᠠᠴᠠ ᠳᠠᠪᠠᠵᠦ ᠲᠥᠯᠥᠪᠯᠡᠭᠰᠡᠨ ᠲᠠᠪᠤᠨ ᠵᠢᠯ ᠪᠤᠯᠬᠤ ᠪᠦᠭᠡᠳ ᠣᠶᠤᠨᠴᠢ ᠪᠠᠷ ᠰᠢᠪᠲᠤᠯᠤᠯᠲᠠ ᠭᠠᠷᠭᠠᠵᠤ᠂ ᠪᠣᠳᠠᠲᠠᠢ ᠶᠢ ᠡᠷᠬᠢᠮᠯᠡᠨ ᠠᠵᠢᠯ ᠶᠠᠪᠤᠳᠠᠯ ᠬᠢᠭᠰᠡᠨ ᠲᠠᠪᠤᠨ ᠵᠢᠯ ᠪᠣᠯᠣᠨ᠎ᠠ᠂ ᠬᠤᠰᠢᠭᠤ ᠳᠠᠶᠠᠭᠠᠷ ᠬᠦᠴᠦ ᠰᠡᠳᠬᠢᠯ ᠨᠢᠭᠡᠳᠦᠨ᠂ ᠨᠢᠭᠡ ᠰᠡᠳᠬᠢᠯ ᠨᠢᠭᠡ ᠵᠣᠷᠢᠭ ᠢᠶᠠᠷ ᠴᠢᠷᠮᠠᠶᠢᠵᠦ᠂ ᠰᠠᠭᠤᠷᠢ ᠶᠢ ᠳᠠᠯᠪᠢᠬᠤ᠂ ᠠᠯᠤᠰ ᠬᠡᠲᠦ ᠶᠢ ᠪᠤᠳᠤᠯᠬᠢᠯᠠᠬᠤ ᠪᠠ ᠠᠷᠠᠳ ᠤᠨ ᠠᠮᠢᠳᠤᠷᠠᠯ ᠢ ᠬᠠᠷᠠᠭᠠᠯᠵᠠᠬᠤ ᠨᠢᠭᠡ ᠪᠦᠯᠦᠭ ᠪᠣᠳᠠᠲᠤ ᠶᠠᠪᠤᠳᠠᠯ ᠢ ᠪᠦᠲᠦᠭᠡᠵᠦ᠂ ᠠᠯᠢ ᠣᠯᠠᠨ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠪᠦᠬᠦᠢ ᠰᠢᠪᠲᠤᠯᠤᠯᠲᠠ ᠲᠠᠢ ᠪᠤᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠯᠪᠡᠷᠢ ᠶᠢ ᠬᠤᠪᠢᠷᠠᠭᠤᠯᠬᠤ ᠬᠦᠭᠵᠢᠯᠳᠡ ᠪᠠ ᠪᠣᠬᠢᠷᠲᠤᠯ ᠦᠭᠡᠢ ᠬᠦᠭᠵᠢᠯᠳᠡ ᠰᠦᠷ ᠬᠦᠴᠦᠨ ᠢᠶᠠᠷ ᠪᠢᠯᠬᠠᠭᠰᠠᠨ ᠰᠢᠨ᠎ᠡ ᠱᠠᠲᠤᠨ ᠳᠤ ᠣᠷᠣᠵᠤ᠂ ᠢᠷᠡᠭᠡᠳᠦᠢ ᠨᠡᠩ ᠭᠡᠷᠡᠯ ᠰᠠᠴᠤᠷᠠᠩᠭᠤᠢ ᠰᠠᠷᠠᠭᠤᠯ ᠳᠠᠷᠳᠠᠩ ᠪᠤᠯᠤᠭᠰᠠᠨ ᠪᠠᠶᠢᠨ᠎ᠠ᠃       ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠴᠢᠬᠤᠯᠠᠴᠢᠯᠠᠵᠤ᠂ ᠶᠡᠷᠦᠩᠬᠡᠶᠢᠯᠡᠭᠰᠡᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠪᠡ᠃ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ ᠪᠠ ᠬᠤᠯᠢᠴᠠ ᠶᠢ ᠰᠢᠬᠠᠬᠤ ᠶᠢ ᠪᠠᠷᠢᠮᠲᠠᠯᠠᠵᠤ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠨᠠᠩ ᠴᠢᠬᠤᠯᠠᠴᠢᠯᠠᠵᠤ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠬᠦ ᠲᠤᠭ᠎ᠠ ᠪᠦᠬᠦ ᠬᠤᠲᠠ ᠶᠢᠨ ᠲᠡᠷᠢᠬᠦᠨ ᠡᠩᠨᠡᠭᠡᠨ ᠳᠤ ᠵᠢᠭᠰᠠᠭᠠᠭᠳᠠᠪᠠ᠃ ᠤᠷᠤᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ ᠪᠠᠷ 3.8% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 22.9 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠪᠦᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 94 ᠳ᠋ᠦᠩᠰᠢᠭᠤᠷ ᠲᠥᠭᠦᠷᠢᠭ ᠪᠡᠶᠡᠯᠡᠭᠦᠯᠪᠡ︔ ᠬᠤᠲᠠ ᠪᠠᠯᠭᠠᠰᠤ ᠪᠠ ᠮᠠᠯᠵᠢᠬᠤ ᠣᠷᠣᠨ  ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠤᠯᠬᠤ ᠣᠷᠣᠯᠭ᠎ᠠ ᠳᠤᠰ ᠳᠤᠰ 6%᠂ 8.6% ᠪᠠᠷ ᠨᠡᠮᠡᠭᠳᠡᠪᠡ︔ ᠪᠠᠩᠬᠢ ᠶᠢᠨ ᠦᠢᠯᠡᠰ ᠤᠨ ᠡᠯ᠎ᠡ ᠵᠦᠢᠯ ᠤᠨ ᠬᠠᠳᠠᠭᠠᠯᠠᠮᠵᠢ᠂ ᠵᠢᠭᠡᠯᠡᠯᠭᠡ ᠶᠢᠨ ᠦᠯᠡᠳᠡᠪᠦᠷᠢ ᠲᠤᠭ᠎ᠠ ᠲᠣᠰᠪᠣᠷᠢ 20 ᠳ᠋ᠦᠩᠰᠢᠭᠤᠷ ᠲᠥᠭᠦᠷᠢᠭ ᠪᠠ 11 ᠳ᠋ᠦᠩᠰᠢᠭᠤᠷ ᠲᠥᠭᠦᠷᠢᠭ  ᠲᠤ ᠬᠦᠷᠴᠦ᠂ ᠭᠤᠷᠪᠠᠨ ᠠᠵᠤ ᠦᠢᠯᠡᠰ ᠤᠨ ᠪᠦᠲᠦᠴᠡ 5.6᠄ 78.1᠄ 16.3 ᠪᠠᠶᠢᠭᠰᠠᠨ ᠠᠴᠠ ᠪᠠᠨ 27.3᠄ 55.2᠄ 17.5 ᠪᠣᠯᠤᠨ ᠰᠢᠯᠢᠳᠡᠭᠵᠢᠵᠦ᠂ ᠠᠵᠤ ᠦᠢᠯᠡᠰ ᠤᠨ ᠬᠥᠭᠵᠢᠯᠲᠡ ᠶᠢᠨ ︽ᠪᠤᠬᠢᠷᠲᠤᠯ ᠦᠭᠡᠢ ᠠᠭᠤᠯᠤᠭᠳᠠᠴᠠ︾᠂ ︽ᠰᠢᠯᠢᠳᠡᠭ ᠠᠭᠤᠯᠤᠭᠳᠠᠴᠠ︾ ᠪᠠ ︽ᠰᠢᠨ᠎ᠡ ᠠᠭᠤᠯᠤᠭᠳᠠᠴᠠ︾ ᠨᠠᠩ ᠭᠦᠢᠴᠡᠳ ᠪᠣᠯᠵᠤ᠂ ᠰᠢᠨ᠎ᠡ ᠬᠠᠭᠤᠴᠢᠨ ᠬᠥᠳᠡᠯᠭᠡᠭᠴᠢ ᠬᠦᠴᠦᠨ ᠤ ᠡᠨᠧᠷᠭᠢ ᠶᠢᠨ ᠰᠣᠯᠢᠭᠳᠠᠯ ᠲᠠᠰᠤᠷᠠᠯᠲᠠ ᠦᠭᠡᠢ ᠲᠦᠷᠭᠡᠳᠪᠡ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠰᠠᠭᠤᠷᠢ ᠪᠠᠨ ᠪᠠᠲᠤᠳᠬᠠᠨ ᠦᠨᠳᠦᠰᠦ ᠪᠠᠨ ᠪᠠᠬᠢᠵᠢᠭᠦᠯᠵᠦ᠂ ᠬᠥᠭᠵᠢᠯᠲᠡ ᠶᠢᠨ ᠬᠦᠳᠡᠯᠭᠡᠬᠦ ᠬᠦᠴᠦᠨ ᠲᠣᠭᠲᠠᠭᠤᠨ ᠢᠶᠠᠷ ᠴᠢᠩᠭᠠᠷᠠᠪᠠ᠃ ᠣᠳᠣ ᠦᠶ᠎ᠡ ᠶᠢᠨ ᠠᠮᠢ ᠠᠬᠤᠶᠢᠴᠢ ᠮᠠᠯ ᠠᠵᠤ ᠠᠬᠤᠢ ᠪᠠᠷ ᠦᠨᠳᠦᠰᠦᠨ ᠬᠥᠭᠵᠢᠯᠲᠡ  ᠶᠢᠨ ᠴᠢᠭᠯᠡᠯ ᠪᠣᠯᠭᠠᠬᠤ ᠶᠢ ᠪᠠᠷᠢᠮᠳᠠᠯᠠᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠥᠷᠢ ᠱᠠᠩᠨᠠᠯ᠂ ᠮᠠᠯ ᠤᠨ ᠡᠭᠦᠯᠳᠡᠷ ᠰᠠᠶᠢᠵᠢᠷᠠᠭᠤᠯᠬᠤ ᠨᠥᠬᠦᠪᠥᠷᠢ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠵᠡᠷᠭᠡ ᠠᠷᠠᠳ ᠲᠤ ᠬᠠᠷᠠᠭᠠᠯᠵᠠᠯ ᠦᠵᠡᠭᠦᠯᠦᠨ ᠮᠠᠯᠵᠢᠯ ᠢ ᠳᠡᠮᠵᠢᠬᠦ ᠲᠥᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠦᠷᠢᠵᠢᠭᠤᠯᠵᠦ᠂ 40 ᠡᠪᠡᠰᠦ ᠪᠣᠷᠳᠤᠭ᠎ᠠ ᠬᠠᠳᠠᠭᠠᠯᠠᠬᠤ ᠬᠥᠮᠥᠷᠭᠡ ᠪᠠ ᠬᠤᠴᠠ ᠲᠡᠵᠢᠭᠡᠨ ᠦᠷᠡᠵᠢᠭᠦᠯᠬᠦ 13 ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠂ ᠡᠯ᠎ᠡ ᠲᠥᠷᠥᠯ ᠤᠨ ᠬᠤᠷᠰᠢᠶᠠᠵᠢᠯ ᠢ 177 ᠬᠥᠭᠵᠢᠭᠦᠯᠵᠦ᠂ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ ᠶᠢ 113 ᠪᠠᠶᠢᠭᠤᠯᠪᠠ᠃ ᠤᠮᠠᠷᠠᠲᠤ ᠬᠡᠰᠡᠭ ᠤᠨ ᠤᠯᠤᠰ ᠤᠨ ᠦᠮᠴᠢᠯᠡᠯ ᠤᠨ ᠨᠤᠲᠤᠭ ᠪᠡᠯᠴᠢᠭᠡᠷ ᠤᠨ ᠬᠠᠮᠢᠶᠠᠷᠤᠯᠲᠠ ᠲᠦᠷᠢᠮᠵᠢᠵᠦ᠂ ᠮᠠᠯ ᠤᠨ ᠡᠪᠡᠰᠦᠨ ᠪᠣᠷᠳᠣᠭᠠᠨ ᠤ ︽ᠠᠮᠤ ᠪᠤᠳᠠᠭᠠᠨ ᠤ ᠬᠥᠮᠥᠷᠭᠡ︾  ᠶᠢ ᠪᠠᠶᠢᠭᠤᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠡᠭᠦᠷᠭᠡ ᠪᠠᠨ ᠪᠣᠯᠭᠠᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ  ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ᠠᠮᠢ ᠠᠬᠤᠶ ᠶᠢᠨ ᠬᠠᠮᠠᠭᠠᠯᠠᠯᠲᠠ᠂ ᠦᠶᠯᠡᠳᠪᠦᠷᠢᠯᠡᠯ ᠡᠵᠡᠩᠨᠡᠯᠲᠡ᠂ ᠠᠮᠢᠳᠤᠷᠠᠯ ᠤᠨ ᠠᠷᠭ᠎ᠠ ᠬᠡᠯᠪᠡᠷᠢ ᠬᠢᠭᠡᠳ ᠲᠠᠯ᠎ᠠ ᠨᠤᠲᠤᠭ ᠤᠨ ᠰᠣᠶᠣᠯ ᠤᠨ ᠤᠯᠠᠮᠵᠢᠯᠠᠯ ᠤᠨ ᠵᠣᠬᠢᠴᠠᠩᠭᠤᠶ ᠬᠥᠭᠵᠢᠯᠲᠡ ᠬᠤᠷᠳᠤᠨ ᠳᠡᠷᠭᠡᠨ ᠤ ᠵᠠᠮ ᠳᠤ ᠤᠷᠤᠪᠠ᠃ ᠨᠤᠳᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠭᠡ ᠶᠢ ᠳᠤᠳᠤᠯᠠᠨ ᠳᠠᠭᠠᠭᠠᠴᠢᠯᠠᠭᠤᠯᠬᠤ ᠠᠵᠢᠯ ᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠦ᠂ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠦᠨᠡᠮᠯᠡᠯ ᠢ 3639 ᠳᠡᠪᠲᠡᠷ ᠲᠠᠷᠬᠠᠭᠠᠪᠠ᠃ ᠬᠥᠯᠥᠨ ᠪᠣᠶᠢᠷ ᠤᠨ ᠲᠠᠯ᠎ᠠ ᠨᠤᠲᠤᠭ ᠤᠨ ᠬᠤᠨᠢᠨ ᠤ ᠮᠢᠬᠠᠨ ᠤ ᠭᠤᠤᠯ ᠭᠠᠷᠤᠯᠲᠠ ᠶᠢᠨ ᠣᠷᠣᠨ ᠤ ᠪᠦᠳᠦᠭᠡᠭᠳᠡᠬᠦᠨ ᠪᠤᠯᠬᠤ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ ᠪᠥᠬᠦ ᠣᠷᠣᠨ ᠳᠤ ᠠᠯᠳᠠᠷᠰᠢᠵᠤ᠂ ᠴᠢᠨᠠᠭᠰᠢᠯᠠᠨ ᠪᠥᠬᠦ ᠤᠯᠤᠰ ᠢ ᠵᠤᠷᠢᠵᠦ᠂ ᠨᠠᠷᠠᠲᠤ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠥᠷᠭᠡᠳᠴᠦ ᠪᠤᠢ᠃ ᠥᠩᠭᠡᠲᠦ ᠲᠡᠮᠦᠷᠯᠢᠭ᠂ ᠴᠢᠯᠠᠭᠤᠨ ᠲᠣᠰᠣ᠂ ᠨᠡᠭᠦᠷᠡᠰᠦ ᠵᠡᠷᠭᠡ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠠᠵᠤ ᠦᠶᠯᠡᠳᠪᠦᠷᠢ ᠶᠢᠨ ᠬᠡᠯᠬᠢᠶ᠎ᠡ ᠶᠢᠨ ᠳᠤᠲᠠᠭᠤᠳᠠᠯ ᠢ ᠨᠥᠬᠦᠪᠥᠷᠢᠯᠡᠵᠦ᠂ ᠷᠦᠩ ᠳ᠋ᠠ ᠠᠭᠤᠷᠬᠠᠢ ᠶᠢᠨ ᠦᠢᠯᠡᠰ ᠤᠨ ᠭᠦᠨ ᠬᠡᠰᠡᠭ ᠲᠠᠬᠢ ᠡᠬᠢ ᠪᠠᠶᠠᠯᠢᠭ ᠢ ᠣᠷᠣᠯᠠᠬᠤ ᠮᠡᠷᠭᠡᠵᠢᠯ ᠢ ᠰᠠᠶᠢᠵᠢᠷᠠᠭᠤᠯᠬᠤ᠂ ᠶᠢᠨ ᠱᠠᠨ ᠠᠭᠤᠷᠬᠠᠢ ᠶᠢᠨ ᠦᠢᠯᠡᠰ ᠤᠨ ᠨᠢᠭᠡ ᠤᠰᠤᠳᠦ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢ ᠰᠠᠶᠢᠵᠢᠷᠠᠭᠤᠯᠬᠤ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠶᠯ ᠢ ᠬᠦᠴᠦᠲᠡᠶ ᠲᠦᠯᠬᠢᠨ ᠠᠬᠢᠭᠤᠯᠵᠤ᠂ ᠰᠢᠩ ᠪᠠᠩ᠂ ᠯᠦᠩ ᠲᠧᠩ᠂ ᠲᠢᠶᠠᠨ ᠺᠠᠩ ᠵᠡᠷᠭᠡ ᠳᠠᠬᠢᠨ ᠠᠰᠢᠭᠯᠠᠵᠦ ᠪᠤᠯᠬᠤ ᠡᠨᠧᠷᠭᠢ ᠶᠢᠨ ᠰᠤᠷᠪᠤᠯᠵᠢ ᠶᠢᠨ ᠲᠥᠷᠥᠯ ᠵᠦᠶᠯ ᠠᠰᠢᠭᠯᠠᠯᠲᠠ ᠳᠤ ᠣᠷᠣᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠰᠢᠨ᠎ᠡ ᠦᠷ᠎ᠡ ᠪᠦᠲᠦᠮᠵᠢ ᠣᠯᠵᠤ᠂ ᠨᠡᠶᠢᠲᠡ 9 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠡᠳᠡᠨ ᠣᠷᠣᠭᠤᠯᠪᠠ᠃ ᠠᠯᠳ᠋ᠬᠠᠮᠡᠭᠡᠯ ᠪᠠᠯᠭᠠᠰᠦ ᠶᠢᠨ ᠳᠤᠮᠳᠠ ᠵᠢᠵᠢᠭ ᠠᠵᠤ ᠠᠬᠤᠶᠢᠯᠠᠯ ᠤᠨ ᠦᠢᠯᠡᠰ ᠪᠤᠰᠬᠠᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠠᠶᠢᠭᠤᠯᠵᠤ᠂ ᠪᠦᠬᠦ ᠬᠤᠰᠢᠭᠤᠨ  ᠤ ᠳᠤᠮᠳᠠ ᠵᠢᠵᠢᠭ ᠠᠵᠤ ᠠᠬᠤᠶᠢᠯᠠᠯ 607 ᠪᠣᠯᠣᠨ ᠨᠡᠮᠡᠭᠳᠡᠪᠡ᠃ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠠᠬᠢᠭᠤᠯᠵᠤ᠂ ᠪᠠᠷᠭᠤ ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ ︽ᠵᠠᠰᠠᠭ ᠤᠨ ᠣᠷᠳᠣᠨ+ ᠠᠵᠤ ᠠᠬᠤᠶᠢᠯᠠᠯ+ ᠬᠤᠷᠰᠢᠶᠠᠵᠢᠯ+ ᠮᠠᠯᠵᠢᠬᠤ ᠡᠷᠦᠬᠡ︾ ᠶᠢᠨ ᠨᠢᠭᠡ ᠴᠤᠭᠴᠠᠵᠢᠭᠤᠯᠬᠤ ᠡᠵᠡᠩᠨᠡᠯᠲᠡ ᠶᠢᠨ ᠵᠠᠭᠪᠤᠷ ᠢ ᠰᠦᠪᠡᠭᠴᠢᠯᠡᠵᠦ᠂ ︽ᠮᠢᠵᠢᠭ ᠠᠮᠢ ᠠᠬᠤᠢ ᠶᠢᠨ ᠭᠡᠷ ᠪᠦᠯᠢ ᠶᠢᠨ ᠮᠠᠯᠵᠢᠯ ᠤᠨ ᠲᠠᠯᠠᠪᠠᠢ︾ ᠵᠡᠷᠭᠡ ᠮᠠᠯᠵᠢᠬᠤ ᠡᠷᠦᠬᠡ ᠪᠠᠷ ᠵᠤᠭᠠᠴᠠᠬᠤ ᠵᠢᠭᠤᠯᠴᠢᠯᠠᠯ ᠤᠨ ᠨᠡᠷᠡᠲᠦ ᠲᠡᠮᠳᠡᠭᠲᠦ ᠶᠢ ᠪᠤᠢ ᠪᠤᠯᠭᠠᠨ᠂ ︽ᠪᠤᠠᠠᠳᠠᠠᠭᠤᠯᠠ ᠣᠯᠠᠨ ᠤᠯᠤᠰ ᠤᠨ ᠵᠠᠩ ᠦᠢᠯᠡ ᠰᠣᠶᠣᠯ ᠵᠢᠭᠤᠯᠴᠢᠯᠠᠯ ᠤᠨ ᠨᠠᠶᠢᠷ︾᠂ ︽ᠲᠠᠯ᠎ᠠ ᠨᠤᠲᠤᠭ ᠢᠶᠠᠷ ᠳᠠᠭᠤᠯᠠᠵᠤ ᠵᠤᠭᠠᠴᠠᠬᠤ︾᠂ ︽ᠮᠥᠰᠥ ᠴᠠᠰᠤᠨ ᠤ ᠵᠠᠮ ᠤᠨ ᠬᠡᠭᠡᠷᠡᠯᠡᠨ ᠭᠦᠶᠦᠬᠦ ᠤᠷᠤᠯᠳᠤᠭᠠᠨ︾ ᠵᠡᠷᠭᠡ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ ᠬᠢᠵᠦ᠂ ︽ᠰᠢᠨ᠎ᠡ ᠪᠠᠷᠭᠤ ᠪᠠᠷᠠᠭᠤᠨ ᠬᠤᠰᠢᠭᠤᠨ ᠳᠤ ᠢᠷᠡᠵᠦ ᠬᠥᠯᠥᠨ· ᠪᠣᠶᠢᠷ ᠬᠤᠶᠠᠷ ᠨᠠᠭᠤᠷ ᠢ ᠦᠵᠡᠬᠦ︾ ᠭᠤᠶᠤ ᠰᠠᠶᠢᠬᠠᠨ ᠨᠡᠷ᠎ᠡ ᠶᠢᠨ ᠬᠠᠭᠤᠳᠠᠰᠤ ᠶᠢ ᠡᠭᠦᠳᠴᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠤᠭᠠᠴᠠᠭᠰᠠᠳ ᠢ ᠨᠡᠶᠢᠲᠡ 253 ᠲᠦᠮᠡᠨ ᠬᠥᠮᠦᠨ ᠤᠳᠠᠭ᠎ᠠ ᠬᠦᠯᠢᠶᠡᠨ ᠵᠤᠴᠢᠯᠠᠵᠦ᠂ 20 ᠳ᠋ᠦᠩᠰᠢᠭᠤᠷ ᠲᠥᠭᠦᠷᠢᠭ ᠤᠨ ᠵᠢᠭᠤᠯᠴᠢᠯᠠᠯ ᠤᠨ ᠣᠷᠣᠯᠭ᠎ᠠ ᠶᠢ ᠪᠡᠶᠡᠯᠡᠭᠦᠯᠪᠡ᠃ ᠦᠷᠭᠡᠨ ᠬᠡᠪᠴᠢᠶᠡᠨ ᠤ ᠪᠣᠭᠤᠮᠲᠠ ᠶᠢᠨ ᠠᠵᠤ ᠠᠬᠤᠶ  ᠶᠢ ᠬᠦᠨᠵᠡᠬᠡᠢ ᠬᠥᠭᠵᠢᠭᠦᠯᠵᠦ᠂ ︽ᠬᠤᠶᠠᠷ ᠵᠠᠬ᠎ᠠ ᠳᠡᠯᠭᠡᠭᠦᠷ᠂ ᠬᠤᠶᠠᠷ ᠵᠦᠶᠯ ᠤᠨ ᠡᠬᠢ ᠪᠠᠶᠠᠯᠢᠭ︾ ᠤᠨ ᠳᠠᠪᠠᠭᠤᠯᠢᠭ ᠢ ᠭᠦᠶᠴᠡᠳ ᠪᠠᠳᠠᠷᠠᠭᠤᠯᠤᠨ᠂ ᠤᠮᠠᠷᠠᠰᠢ ᠨᠡᠭᠡᠭᠡᠯᠲᠡ ᠬᠢᠬᠦ ᠬᠥᠭᠦᠷᠭᠡᠨ ᠪᠠᠬᠢᠯᠡᠯᠲᠡ ᠶᠢ ᠪᠠᠶᠢᠭᠤᠯᠵᠤ᠂ ᠪᠣᠭᠤᠮᠲᠠ ᠶᠢᠨ ᠪᠠᠷᠠᠭᠠᠨ ᠤ ᠪᠠᠶᠢᠴᠠᠭᠠᠯᠲᠠ ᠶᠢᠨ ᠲᠣᠮᠣ ᠠᠰᠠᠷ᠂ ᠵᠢᠭᠤᠯᠴᠢᠯᠠᠯ ᠤᠨ ᠪᠠᠶᠢᠴᠠᠭᠠᠯᠳᠠ ᠶᠢᠨ ᠲᠣᠮᠣ ᠠᠰᠠᠷ᠂ ᠬᠢᠯᠢ ᠪᠠᠷ ᠣᠷᠣᠵᠤ ᠭᠠᠷᠬᠤ ᠵᠠᠮ ᠵᠡᠷᠭᠡ ᠰᠠᠭᠤᠷᠢ ᠲᠦᠬᠦᠭᠡᠷᠦᠮᠵᠢ ᠶᠢ ᠪᠠᠶᠢᠭᠤᠯᠵᠤ᠂ ᠪᠣᠭᠤᠮᠲᠠ ᠪᠠᠷ ᠨᠡᠪᠲᠡᠷᠡᠬᠦ ᠴᠢᠳᠠᠪᠤᠷᠢ ᠶᠢᠨ ︽ᠴᠢᠨᠠᠷ︾ ᠤᠨ ᠦᠰᠦᠷᠦᠯᠲᠡ ᠶᠢ ᠪᠡᠶᠡᠯᠡᠭᠦᠯᠪᠡ᠃ ᠠᠷᠤᠬᠠᠰᠢᠶᠠᠳᠦ ᠪᠣᠭᠤᠮᠲᠠ ᠶᠢᠨ ᠵᠢᠯ ᠲᠤᠷᠰᠢᠳᠠ ᠴᠢᠯᠦᠭᠡᠳᠡᠢ ᠨᠡᠭᠡᠭᠡᠯᠲᠡ ᠬᠢᠵᠦ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠬᠦᠢᠰᠦ ᠶᠢᠨ ᠳᠠᠪᠠᠭᠤᠯᠢᠭ ᠢ ᠪᠠᠳᠠᠷᠠᠭᠤᠯᠵᠤ᠂ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠪᠠᠷᠠᠭ᠎ᠠ ᠶᠢᠨ ᠬᠡᠮᠵᠢᠶ᠎ᠡ ᠶᠢ ᠨᠡᠶᠢᠲᠡ 21.5 ᠲᠦᠮᠡᠨ ᠲᠣᠨ ᠪᠡᠶᠡᠯᠡᠭᠦᠯᠵᠦ᠂ ᠪᠠᠷᠠᠭ᠎ᠠ ᠶᠢᠨ ᠠᠷᠠᠯᠵᠢᠶᠠᠨ ᠤ ᠲᠤᠭ᠎ᠠ ᠶᠢ 1.3 ᠳ᠋ᠦᠩᠰᠢᠭᠤᠷ ᠳ᠋ᠣᠯᠯᠠᠷ ᠪᠡᠶᠡᠯᠡᠭᠦᠯᠵᠦ᠂ ᠬᠢᠯᠢ ᠪᠠᠷ ᠣᠷᠣᠵᠤ ᠭᠠᠷᠬᠤ ᠠᠶᠠᠨᠴᠢᠳ ᠤᠨ ᠲᠡᠭᠡᠭᠡᠪᠦᠷᠢ ᠶᠢᠨ ᠬᠡᠮᠵᠢᠶ᠎ᠡ 45.6 ᠲᠦᠮᠡᠨ ᠬᠥᠮᠦᠨ ᠤᠳᠠᠭ᠎ᠠ ᠳᠤ ᠬᠦᠷᠪᠡ᠃ ᠭᠠᠳᠠᠭᠠᠳᠤ ᠰᠣᠯᠢᠯᠴᠠᠭ᠎ᠠ ᠶᠢ ᠴᠢᠩᠭᠠᠳᠬᠠᠵᠤ᠂ ᠬᠢᠯᠢ ᠶᠢᠨ ᠳᠣᠲᠣᠷᠠᠬᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ︽ᠳᠤᠮᠳᠠᠳᠤ ᠤᠯᠤᠰ ᠤᠨ ᠥᠪᠥᠷ ᠮᠣᠩᠭᠤᠯ·ᠮᠣᠩᠭᠤᠯ ᠤᠯᠤᠰ ᠤᠨ ᠪᠠᠯᠠ ᠤᠷᠤᠭᠤᠯᠬᠤ ᠠᠷᠠᠯᠵᠢᠶᠠᠨ ᠤ ᠬᠠᠮᠲᠤᠷᠠᠯᠴᠠᠭ᠎ᠠ  ᠶᠢᠨ ᠲᠠᠨᠢᠯᠴᠠᠭᠤᠯᠬᠤ ᠬᠤᠷᠠᠯ︾᠂ ︽ᠠᠩᠬᠠᠳᠤᠭᠠᠷ ᠬᠤᠭᠤᠴᠠᠭᠠᠨ ᠤ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠵᠠᠯᠠᠭᠤᠴᠤᠳ ᠤᠨ ᠦᠶᠯᠡᠰ ᠪᠤᠰᠬᠠᠬᠤ ᠶᠡᠭᠡ ᠬᠤᠷᠠᠯ︾ ᠵᠡᠷᠭᠡ ᠴᠢᠬᠤᠯᠠ ᠶᠡᠭᠡ ᠣᠯᠠᠨ ᠤᠯᠤᠰ ᠤᠨ ᠠᠵᠤ ᠠᠬᠤᠶ ᠠᠷᠠᠯᠵᠢᠶᠠᠨ ᠤ ᠵᠥᠪᠳᠡᠨ ᠬᠡᠯᠡᠯᠴᠡᠬᠦ ᠬᠤᠷᠠᠯ ᠳᠤ ᠣᠷᠣᠯᠴᠠᠭᠤᠯᠵᠤ᠂ ᠳᠤᠮᠳᠠᠳᠤ ᠮᠣᠩᠭᠤᠯ ᠬᠤᠶᠠᠷ ᠤᠯᠤᠰ ᠬᠤᠶᠠᠷ ᠭᠠᠵᠠᠷ ᠣᠷᠣᠨ ᠤ ᠨᠥᠬᠦᠷᠰᠡᠭ ᠬᠤᠲᠠ ᠶᠢ ᠪᠠᠶᠢᠭᠤᠯᠵᠤ᠂ ᠠᠷᠠᠯᠵᠢᠶ᠎ᠠ ᠬᠤᠳᠠᠯᠳᠤᠭ᠎ᠠ ᠵᠢᠭᠤᠯᠴᠢᠯᠠᠯ᠂ ᠰᠣᠶᠣᠯ ᠰᠤᠷᠭᠠᠨ ᠬᠥᠮᠦᠵᠢᠯ᠂ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠲᠠᠰᠤᠷᠠᠯᠲᠠ ᠥᠬᠡᠶ ᠦᠷᠭᠡᠳᠪᠡ᠃       ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠬᠠᠯᠬᠠᠪᠴᠢ ᠶᠢ ᠪᠠᠲᠤ ᠴᠣᠭᠴᠠᠯᠠᠵᠤ᠂ ᠠᠮᠢ ᠠᠬᠤᠢ ᠶᠢᠨ ᠦᠷ᠎ᠡ ᠠᠰᠢᠭ ᠠᠯᠬᠤᠮ ᠠᠯᠬᠤᠮ ᠢᠶᠠᠷ ᠢᠯᠡᠷᠬᠡᠢ ᠪᠤᠯᠪᠠ᠃ ᠣᠷᠴᠢᠨ ᠲᠣᠭᠤᠷᠢᠨ ᠪᠣᠯ ᠳᠠᠷᠤᠢ ᠠᠷᠠᠳ ᠤᠨ ᠠᠮᠢᠳᠤᠷᠠᠯ᠂ ᠬᠦᠭᠡ ᠠᠭᠤᠯᠠ ᠪᠣᠯ ᠳᠠᠷᠤᠢ ᠭᠤᠸ᠎ᠠ ᠦᠵᠡᠰᠬᠦᠯᠡᠩ᠂ ᠬᠦᠬᠡᠮᠳᠦᠭ ᠤᠰᠤ ᠪᠣᠯ ᠳᠠᠷᠤᠢ ᠥᠩᠭᠡ ᠦᠵᠡᠮᠵᠢ᠂ ᠴᠡᠯᠮᠡᠭ ᠲᠡᠭᠷᠢ ᠪᠤᠯ ᠳᠠᠷᠤᠢ ᠵᠣᠯ ᠵᠢᠷᠭᠠᠯ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠢᠮᠠᠭᠲᠠ ᠳᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠤᠯᠠᠭᠠᠨ ᠱᠤᠭᠤᠮ ᠢ ᠡᠷᠡᠰ ᠰᠠᠬᠢᠪᠠ᠃ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠶᠢᠨ ᠶᠡᠷᠦᠩᠭᠡᠢ ᠵᠠᠰᠠᠯᠲᠠ ᠢᠯᠡᠳᠲᠡ ᠦᠷ᠎ᠡ ᠪᠦᠲᠦᠮᠵᠢ ᠣᠯᠵᠤ᠂ ᠨᠡᠶᠢᠲᠡ 2.69 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 231 ᠡᠷᠦᠬᠡ ᠠᠮᠢ ᠠᠬᠤᠶ ᠶᠢᠨ ᠠᠷᠠᠳ ᠢ ᠨᠡᠭᠦᠯᠭᠡᠬᠦ᠂ 19 ᠲᠦᠮᠡᠨ ᠮᠥ ᠨᠠᠭᠤᠷ ᠲᠣᠭᠤᠷᠢᠭᠰᠠᠨ ᠡᠯᠡᠰᠦᠷᠬᠡᠭ ᠭᠠᠵᠠᠷ ᠢ ᠵᠠᠰᠠᠬᠤ ᠪᠠ 232 ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ᠂ 1 ᠪᠤᠵᠠᠷ ᠤᠰᠤ ᠰᠢᠶᠳᠪᠦᠷᠢᠯᠡᠬᠦ ᠦᠶᠯᠡᠳᠪᠦᠷᠢ᠂ 8 ᠬᠤᠭ ᠨᠣᠪᠰᠢ ᠶᠢ ᠠᠭᠤᠷᠰᠢᠭᠤᠯᠤᠨ ᠰᠢᠶᠳᠪᠦᠷᠢᠯᠡᠬᠦ ᠦᠶᠯᠡᠳᠪᠦᠷᠢ ᠶᠢ ᠪᠠᠶᠢᠭᠤᠯᠬᠤ ᠪᠠ 19 ᠵᠢᠭᠤᠯᠴᠢᠯᠠᠯ ᠤᠨ ᠦᠵᠡᠮᠵᠢ ᠶᠢᠨ ᠭᠠᠵᠠᠷ ᠢ ᠨᠤᠷᠠᠭᠠᠬᠤ ᠡᠭᠦᠷᠭᠡ ᠶᠢ ᠪᠡᠶᠡᠯᠡᠭᠦᠯᠪᠡ᠃ ᠭᠤᠣᠯ ᠨᠠᠭᠤᠷ ᠢ ᠬᠠᠮᠢᠶᠠᠷᠬᠤ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠪᠤᠵᠠᠷ ᠪᠤᠷᠲᠠᠭ ᠡᠮᠬᠢ ᠵᠠᠮᠪᠠᠷᠠᠭ᠎ᠠ ᠦᠬᠡᠢ ᠦᠵᠡᠭᠳᠡᠯ ᠢ ᠦᠨᠳᠦᠰᠦᠨ  ᠳᠡᠭᠡᠨ ᠠᠷᠢᠯᠭᠠᠵᠤ᠂ ᠭᠤᠣᠯ ᠤᠨ ᠤᠷᠤᠰᠬᠠᠯ ᠰᠠᠭᠠᠳ ᠦᠬᠡᠢ᠂ ᠤᠰᠤ ᠲᠤᠩᠭᠠᠯᠠᠭ᠂ ᠡᠷᠭᠢ ᠨᠣᠭᠤᠭᠠᠨ ᠢᠶᠠᠷ ᠢᠶᠠᠨ ᠪᠠᠶᠢᠬᠤ ᠨᠢ ᠭᠤᠣᠯ ᠨᠠᠭᠤᠷ ᠤᠨ ᠪᠠᠷᠢᠮᠵᠢᠶ᠎ᠠ ᠳᠤᠬᠢᠷᠠᠭᠤᠯᠭ᠎ᠠ ᠪᠤᠯᠪᠠ᠃ ᠬᠡᠭᠡᠷ᠎ᠡ ᠶᠢᠨ ᠡᠮ ᠤᠨ ᠮᠠᠲ᠋ᠧᠷᠢᠶᠠᠯ ᠢ ᠳᠤᠷ᠎ᠠ ᠪᠠᠷ ᠳᠡᠬᠦᠵᠦ ᠮᠠᠯᠲᠠᠬᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠤᠯᠢ ᠠᠴᠠ ᠵᠥᠷᠢᠴᠡᠭᠰᠡᠨ 86 ᠬᠡᠷᠡᠭ ᠢ ᠪᠠᠶᠢᠴᠠᠭᠠᠨ ᠰᠢᠢᠳᠪᠦᠷᠢᠯᠡᠵᠦ᠂ ᠲᠠᠯ᠎ᠠ ᠨᠤᠲᠤᠭ ᠤᠨ ᠠᠮᠢ ᠠᠬᠤᠢ ᠣᠷᠴᠢᠨ ᠲᠣᠭᠤᠷᠢᠨ ᠢ ᠪᠦᠲᠦᠮᠵᠢᠲᠡᠢ ᠬᠠᠮᠠᠭᠠᠯᠠᠪᠠ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠨᠢᠭᠡᠳᠦᠯᠲᠡᠢ ᠲᠥᠯᠥᠪᠯᠡᠨ ᠠᠬᠢᠭᠤᠯᠵᠤ᠂ ᠬᠤᠳᠠ ᠬᠥᠳᠡᠭᠡ  ᠶᠢᠨ ᠳᠦᠷᠰᠦ ᠪᠠᠶᠢᠳᠠᠯ ᠡᠳᠦᠷ ᠠᠴᠠ ᠡᠳᠦᠷ ᠰᠢᠨᠡᠳᠦᠨ ᠬᠤᠪᠢᠷᠠᠵᠤ ᠪᠤᠢ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠣᠷᠣᠭᠤᠯᠤᠯᠲᠠ ᠬᠠᠮᠤᠭ ᠤᠨ ᠶᠡᠭᠡ᠂ ᠬᠥᠭᠵᠢᠯᠲᠡ ᠬᠠᠮᠤᠭ ᠤᠨ ᠲᠦᠷᠭᠡᠨ᠂ ᠬᠤᠪᠢᠷᠠᠯᠲᠠ ᠬᠠᠮᠤᠭ ᠤᠨ ᠶᠡᠭᠡ ᠴᠠᠭ ᠬᠤᠭᠤᠴᠠᠭ᠎ᠠ ᠪᠤᠯᠤᠨ᠎ᠠ᠂ ᠡᠨᠡ ᠨᠢ ᠣᠷᠣᠰᠢᠨ ᠰᠠᠭᠤᠬᠤ ᠳᠤ ᠳᠠᠭᠠᠯᠠᠮᠵᠢᠳᠠᠢ ᠰᠢᠨ᠎ᠡ ᠪᠠᠷᠭᠤ ᠪᠠᠷᠠᠭᠤᠨ ᠬᠤᠰᠢᠭᠤᠨ ᠤ ᠣᠨᠴᠠᠯᠢᠭ ᠰᠢᠨᠵᠢ ᠶᠢ ᠢᠯᠡᠷᠡᠭᠦᠯᠪᠡ᠃ ᠬᠤᠲᠠ ᠪᠠᠯᠭᠠᠰᠦ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢᠯᠠᠬᠤ᠂ ᠪᠦᠲᠦᠭᠡᠨ ᠪᠠᠶᠢᠭᠤᠯᠤᠯᠳᠠ ᠶᠢ ᠤᠳᠤᠬᠢᠴᠢᠯᠠᠬᠤ᠂ ᠬᠠᠮᠢᠶᠠᠷᠤᠯᠲᠠ ᠶᠢ ᠨᠠᠷᠢᠯᠢᠠᠠᠵᠢᠭᠤᠯᠬᠤ  ᠶᠢ ᠢᠳᠡᠪᠬᠢᠲᠡᠢ ᠲᠦᠯᠬᠢᠨ ᠠᠬᠢᠭᠤᠯᠵᠤ᠂ 6.8 ᠳ᠋ᠦᠩᠰᠢᠭᠤᠷ ᠲᠥᠭᠦᠷᠢᠭ ᠣᠷᠣᠭᠤᠯᠵᠤ᠂ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ 1801 ᠭᠡᠷ ᠪᠠᠶᠢᠰᠢᠩ ᠢ ᠵᠠᠰᠠᠨ ᠰᠢᠨᠡᠳᠭᠡᠵᠦ᠂ 345 ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠰᠢᠨᠡᠳᠭᠡᠵᠦ᠂ 294 ᠪᠣᠬᠢᠷᠲᠤᠯ ᠦᠭᠡᠢ ᠳᠤᠯᠠᠭᠠᠯᠠᠭ᠎ᠠ ᠶᠢᠨ ᠭᠡᠷ ᠪᠠᠷᠢᠵᠦ᠂ ᠣᠷᠣᠨ ᠰᠠᠭᠤᠴᠠ ᠶᠢᠨ ᠢᠨᠵᠧᠨᠧᠷᠢᠩ ᠢᠶᠠᠷ 287 ᠨᠡᠭᠦᠳᠡᠯ ᠮᠠᠯᠴᠢᠨ ᠢ ᠲᠥᠪᠬᠢᠨᠡᠭᠦᠯᠵᠦ᠂ ᠣᠯᠠᠨ ᠲᠦᠮᠡᠨ ᠤ ᠣᠷᠣᠨ ᠰᠠᠭᠤᠴᠠ ᠶᠢᠨ ᠨᠥᠬᠦᠴᠡᠯ ᠪᠦᠬᠦ ᠲᠠᠯ᠎ᠠ ᠪᠠᠷ ᠰᠠᠶᠢᠵᠢᠷᠠᠪᠠ᠃ 6 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠰᠢᠨ᠎ᠡ ᠪᠠᠷ ᠪᠠᠶᠢᠭᠤᠯᠤᠭᠰᠠᠨ ᠢᠯᠴᠢ ᠶᠢᠨ ᠰᠤᠷᠪᠤᠯᠵᠢ᠂ ᠤᠰᠤ ᠬᠠᠩᠭᠠᠬᠤ ᠦᠢᠯᠡᠳᠪᠦᠷᠢ ᠶᠢ ᠵᠠᠰᠠᠨ ᠥᠷᠭᠡᠳᠬᠡᠨ ᠪᠠᠶᠢᠭᠤᠯᠬᠤ᠂ ᠰᠡᠭᠡᠭᠡᠳᠡᠨ ᠮᠦᠽᠧᠢ ᠶᠢ ᠵᠠᠰᠠᠨ ᠰᠢᠨᠡᠳᠭᠡᠵᠦ ᠲᠡᠰ ᠳᠡᠪᠰᠢᠭᠦᠯᠬᠦ᠂ ᠦᠨᠳᠦᠰᠦᠲᠡᠨ ᠤ ᠰᠣᠶᠣᠯ ᠤᠨ ᠲᠥᠪ ᠤᠨ ᠪᠦᠲᠦᠭᠡᠨ ᠪᠠᠶᠢᠭᠤᠯᠤᠯᠳᠠ ᠵᠡᠷᠭᠡ 177 ᠲᠥᠷᠥᠯ ᠤᠨ ᠬᠤᠲᠠ ᠶᠢᠨ ᠶᠠᠪᠤᠳᠠᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠬᠤᠲᠠ ᠪᠠᠯᠭᠠᠰᠦ ᠶᠢᠨ ᠴᠢᠳᠠᠪᠬᠢ ᠨᠠᠩ ᠲᠡᠭᠦᠯᠳᠡᠷᠵᠢᠪᠡ᠃ ᠵᠠᠮ ᠤᠨ ᠲᠣᠤᠷ ᠤᠨ ᠪᠣᠷᠣ ᠲᠥᠯᠥᠪ ᠢ ᠴᠢᠩᠭᠠᠳᠬᠠᠨ᠂ ᠵᠠᠰᠠᠮᠠᠯ ᠵᠠᠮ ᠤᠨ ᠶᠡᠷᠦᠩᠬᠡᠶ ᠣᠷᠳᠣ 1314 ᠺᠢᠯᠣᠮᠧᠲᠷ ᠲᠤ ᠬᠦᠷᠴᠦ᠂ G331᠂ S203᠂ S306 ᠱᠤᠭᠤᠮ ᠢ ᠲᠠᠰ ᠳᠡᠪᠰᠢᠭᠦᠯᠦᠨ ᠵᠠᠰᠠᠨ ᠰᠢᠨᠡᠳᠭᠡᠵᠦ᠂ ᠤᠯᠤᠰ ᠪᠠ ᠮᠤᠵᠢ ᠶᠢᠨ ᠭᠤᠤᠯ ᠱᠤᠭᠤᠮ ᠢᠶᠠᠷ ᠨᠢᠷᠤᠭᠤᠪᠴᠢ ᠪᠤᠯᠭᠠᠨ᠂ ᠲᠥᠪᠯᠡᠷᠡᠭᠦᠯᠵᠦ ᠲᠠᠷᠬᠠᠭᠠᠬᠤ ᠵᠠᠰᠠᠮᠠᠯ ᠵᠠᠮ ᠢᠶᠠᠷ ᠭᠤᠤᠯ ᠴᠣᠭᠴᠠ ᠪᠣᠯᠭᠠᠨ᠂ ᠰᠢᠶᠠᠨ ᠰᠢᠶᠠᠩ ᠤᠨ ᠵᠠᠰᠠᠮᠠᠯ ᠵᠠᠮ ᠢᠶᠠᠷ ᠨᠥᠬᠦᠪᠥᠷᠢ ᠪᠣᠯᠭᠠᠭᠰᠠᠨ ᠵᠠᠰᠠᠮᠠᠯ ᠵᠠᠮ ᠤᠨ ᠰᠦᠯᠵᠢᠶ᠎ᠡ ᠶᠢᠨ ᠰᠢᠰᠲ᠋ᠧᠮ ᠦᠨᠳᠦᠰᠦᠨ ᠳᠡᠭᠡᠨ ᠪᠤᠢ ᠪᠤᠯᠪᠠ᠃ ︽ᠭᠤᠷᠪᠠᠨ ᠬᠠᠩᠭᠠᠯᠭ᠎ᠠ ᠨᠢᠭᠡ ᠭᠡᠷ ᠠᠬᠤᠢ︾ ᠶᠢᠨ ᠬᠦᠭᠵᠢᠯᠳᠡ ᠶᠢ ᠲᠦᠯᠬᠢᠨ ᠠᠬᠢᠭᠤᠯᠵᠤ᠂ 7.5 ᠺᠢᠯᠣᠮᠧᠲᠷ ᠤᠨ ᠢᠯᠴᠢ ᠬᠠᠩᠭᠠᠬᠤ ᠬᠤᠭᠤᠯᠠᠶ ᠳᠤᠤᠷ᠂ 7 ᠺᠢᠯᠣᠮᠧᠲᠷ ᠤᠨ ᠤᠰᠤ ᠬᠠᠩᠭᠠᠬᠤ ᠬᠤᠭᠤᠯᠠᠶ ᠳᠤᠤᠷ᠂ 433 ᠺᠢᠯᠣᠮᠧᠲᠷ ᠤᠨ ᠴᠠᠬᠢᠯᠭᠠᠨ ᠬᠠᠩᠭᠠᠬᠤ ᠱᠤᠭᠤᠮ ᠢ ᠰᠢᠨ᠎ᠡ ᠪᠠᠷ ᠪᠠᠶᠢᠭᠤᠯᠤᠨ ᠵᠠᠰᠠᠨ ᠰᠢᠨᠡᠳᠭᠡᠵᠦ᠂ ᠭᠡᠷ ᠠᠬᠤᠶ ᠶᠢᠨ ᠬᠠᠮᠢᠶᠠᠷᠤᠯᠲᠠ ᠦᠶᠯᠡᠴᠢᠯᠡᠭᠡ ᠨᠠᠩ ᠲᠦᠷᠢᠮᠵᠢᠪᠡ᠃ ᠪᠣᠭᠳᠠ ᠨᠡᠶᠢᠳᠡᠮ ᠬᠡᠷᠡᠭᠯᠡᠭᠡᠨ ᠤ ᠨᠢᠰᠬᠡᠯ ᠤᠨ ᠪᠠᠭᠤᠳᠠᠯ ᠪᠠᠶᠢᠭᠤᠯᠤᠭᠳᠠᠨ ᠠᠶᠠᠯᠠᠯ ᠨᠡᠪᠲᠡᠷᠡᠵᠦ᠂ ᠠᠭᠠᠷ ᠠᠶᠠᠯᠠᠯ ᠤᠨ ᠦᠢᠯᠡᠰ ᠤᠨ ᠴᠤ᠋ ᠰᠢᠨ᠎ᠡ ᠬᠠᠭᠤᠳᠠᠰᠤ ᠶᠢ ᠰᠡᠬᠦᠵᠦ᠂ ᠭᠠᠷᠠᠮ ᠢᠶᠠᠷ ᠣᠷᠣᠵᠤ ᠭᠠᠷᠬᠤ ᠠᠶᠠᠨᠴᠢᠳ 4569 ᠬᠥᠮᠦᠨ ᠤᠳᠠᠭ᠎ᠠ ᠳᠤ ᠬᠦᠷᠪᠡ᠃ ᠣᠷᠣᠰᠢᠨ ᠰᠠᠭᠤᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ 19 ᠭᠠᠴᠠᠭ᠎ᠠ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ 1679 ᠠᠷᠢᠭᠤᠨ ᠴᠡᠪᠡᠷ ᠤᠨ ᠵᠣᠷᠯᠣᠩ ᠢ ᠵᠠᠰᠠᠨ ᠰᠢᠨᠡᠳᠭᠡᠵᠦ᠂ ᠲᠦᠭᠡᠮᠡᠯᠵᠢᠭᠰᠡᠨ ᠨᠣᠷᠮ᠎ᠠ 44% ᠳᠤ ᠬᠦᠷᠪᠡ᠃ ᠬᠤᠭ ᠨᠣᠪᠰᠢ ᠶᠢ ᠲᠥᠷᠥᠯ ᠬᠤᠪᠢᠶᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠶᠳᠪᠦᠷᠢᠯᠡᠬᠦ ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠰᠢᠰᠲ᠋ᠧᠮ ᠢ ᠠᠩᠬ᠎ᠠ ᠠᠯᠬᠤᠮ ᠪᠠᠶᠢᠭᠤᠯᠪᠠ᠃ ᠠᠮᠢᠳᠤᠷᠠᠯ ᠤᠨ ᠪᠤᠵᠠᠷ ᠤᠰᠤᠨ ᠤ ᠵᠠᠰᠠᠯᠲᠠ ᠶᠢ ᠴᠢᠩᠭᠠᠳᠬᠠᠵᠤ᠂ ᠭᠠᠵᠠᠷ ᠣᠷᠣᠨ ᠤ ᠪᠤᠳᠠᠳᠦ ᠪᠠᠶᠢᠳᠠᠯ ᠳᠤ ᠲᠤᠬᠢᠷᠠᠭᠤᠯᠤᠨ ᠪᠤᠵᠠᠷ ᠤᠰᠤ ᠰᠢᠢᠳᠪᠦᠷᠢᠯᠡᠬᠦ ᠥᠷᠲᠡᠭᠡ ᠶᠢ ᠪᠠᠶᠢᠭᠤᠯᠵᠤ᠂ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠪᠦᠲᠦᠮᠵᠢᠲᠡᠢ ᠰᠠᠶᠢᠵᠢᠷᠠᠪᠠ᠃        ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠪᠢᠳᠡ ᠬᠠᠮᠲᠤ ᠪᠠᠷ ᠪᠠᠶᠢᠭᠤᠯᠤᠨ ᠬᠠᠮᠲᠤ ᠪᠠᠷ ᠡᠳ᠋ᠯᠡᠵᠦ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠦᠷᠭᠦᠯᠵᠢᠯᠡᠨ ᠨᠡᠮᠡᠭᠳᠡᠪᠡ᠃ ᠥᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠲᠤᠷ ᠪᠡᠶᠡᠯᠡᠭᠦᠯᠬᠦ᠂ ᠰᠠᠶᠢᠲᠤᠷ ᠬᠠᠮᠠᠭᠠᠯᠠᠬᠤ ᠪᠠ ᠰᠠᠶᠢᠲᠤᠷ ᠬᠥᠭᠵᠢᠭᠦᠯᠬᠦ ᠪᠠᠷ ᠢᠮᠠᠭᠲᠠ ᠲᠡᠮᠡᠴᠡᠬᠦ ᠬᠠᠷᠠᠯᠲᠠ ᠪᠠᠨ ᠪᠤᠯᠭᠠᠨ᠂ ︽ᠠᠷᠠᠳ ᠤᠨ ᠠᠮᠢᠳᠤᠷᠠᠯ ᠢ ᠠᠳᠬᠤᠬᠤ ᠪᠣᠯ ᠳᠠᠷᠤᠢ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠠᠷᠠᠳ ᠤᠯᠠᠨ ᠤ ᠳᠤᠮᠳᠠ ᠠᠴᠠ ᠤᠶᠤᠨ ᠤᠬᠠᠭᠠᠨ ᠪᠠ ᠬᠦᠴᠦᠨ ᠴᠢᠳᠠᠯ ᠢ ᠲᠠᠰᠤᠷᠠᠯᠳᠠ ᠦᠭᠡᠢ ᠰᠢᠩᠭᠡᠭᠡᠨ ᠠᠪᠴᠦ᠂ ᠡᠳ᠋ ᠤᠨ ᠵᠠᠰᠠᠭ ᠤᠨ ᠣᠷᠣᠭᠤᠯᠤᠯᠲᠠ ᠦᠷᠬᠦᠯᠵᠢᠯᠡᠨ ᠨᠡᠮᠡᠭᠳᠡᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠨᠡᠶᠢᠲᠡ 51.2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤᠮᠳᠠᠴᠢ 72% ᠢᠶᠠᠷ ᠨᠡᠮᠡᠭᠳᠡᠪᠡ᠃ ᠰᠤᠷᠭᠠᠨ ᠬᠥᠮᠦᠵᠢᠯ᠂ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠲᠦᠷᠭᠡᠳᠴᠦ᠂ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠳᠡᠩᠴᠡᠬᠦᠷᠢ ᠲᠠᠢ ᠪᠠᠶᠢᠯᠭᠠᠬᠤ ᠬᠢᠷᠢ ᠲᠦᠪᠰᠢᠨ ᠲᠣᠭᠲᠠᠭᠤᠨ ᠢᠶᠠᠷ ᠳᠡᠭᠡᠭᠰᠢᠯᠡᠪᠡ᠃ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠤᠷᠮ᠎ᠠ 90.8% ᠳᠤ ᠬᠦᠷᠴᠦ᠂ ᠤᠯᠤᠰ ᠤᠨ ︽ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠥᠭᠵᠢᠯᠲᠡ ᠦᠨᠳᠦᠰᠦᠨ ᠳᠡᠭᠡᠨ ᠲᠡᠩᠴᠡᠭᠦᠷᠢᠲᠡᠢ ᠰᠢᠶᠠᠨ︾ ᠤ ᠬᠢᠷᠢ ᠲᠦᠪᠰᠢᠨ ᠠᠯᠬᠤᠮ ᠠᠯᠬᠤᠮ ᠢᠶᠠᠷ ᠳᠡᠭᠡᠭᠰᠢᠯᠡᠯᠳᠡ ᠲᠠᠢ ᠪᠤᠯᠪᠠ᠃ ᠠᠵᠢᠯ ᠣᠯᠭᠤᠯᠲᠠ ᠶᠢ ᠢᠮᠠᠭᠲᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ︽ᠳᠤᠯᠠᠭᠠᠨ ᠤ ᠬᠡᠮᠵᠢᠭᠦᠷ︾ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ︽ᠲᠣᠭᠲᠠᠪᠤᠷᠢᠵᠢᠭᠤᠯᠤᠭᠴᠢ︾ ᠪᠤᠯᠭᠠᠨ᠂ ᠬᠥᠳᠡᠯᠮᠦᠷᠢ ᠶᠢᠨ ᠵᠢᠱᠢᠶᠡᠴᠢ  ᠶᠢᠨ ᠵᠣᠷᠢᠭ ᠰᠠᠨᠠᠭ᠎ᠠ᠂ ᠤᠷᠠᠨ ᠳᠠᠷᠬᠠᠨ ᠤ ᠵᠣᠷᠢᠭ ᠰᠠᠨᠠᠭ᠎ᠠ ᠪᠠ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠪᠤᠢ ᠪᠤᠯᠭᠠᠵᠦ᠂ ᠠᠵᠢᠯ ᠤᠯᠤᠭᠰᠠᠳ ᠰᠢᠨ᠎ᠡ ᠪᠠᠷ ᠨᠡᠶᠢᠲᠡ 2270 ᠬᠥᠮᠦᠨ ᠨᠡᠮᠡᠭᠳᠡᠵᠦ᠂ ᠠᠵᠢᠯ ᠠᠯᠳᠠᠵᠦ ᠳᠠᠬᠢᠨ ᠠᠵᠢᠯ ᠤᠯᠤᠭᠰᠠᠳ 502 ᠬᠥᠮᠦᠨ ᠪᠤᠯᠪᠠ᠃ ᠦᠨᠳᠦᠰᠦᠨ ᠨᠠᠰᠤᠵᠢᠯ᠂ ᠦᠨᠳᠦᠰᠦᠨ ᠡᠮ ᠡᠮᠨᠡᠯᠭᠡ ᠪᠠ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠣᠯᠠᠨ ᠲᠡᠰ ᠳᠠᠪᠬᠤᠷᠭᠠᠳᠦ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠪᠠᠲᠤ ᠪᠠᠬᠢ ᠪᠤᠢ ᠪᠣᠯᠭᠠᠵᠤ᠂ ᠨᠠᠰᠤᠵᠢᠯ ᠤᠨ ᠳᠠᠭᠠᠳᠬᠠᠯ ᠲᠤᠰᠢᠶᠠᠬᠤ ᠨᠣᠷᠮ᠎ᠠ 80% ᠳᠤ ᠬᠦᠷᠴᠦ᠂ ᠡᠮ ᠡᠮᠨᠡᠯᠭᠡ ᠶᠢᠨ ᠳᠠᠭᠠᠳᠬᠠᠯ ᠲᠤᠰᠢᠶᠠᠬᠤ ᠨᠣᠷᠮ᠎ᠠ 95% ᠳᠤ ᠬᠦᠷᠴᠦ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠲᠣᠰ ᠲᠣᠰ 32% ᠪᠠ 48.6% ᠪᠠᠷ ᠳᠡᠭᠡᠭᠰᠢᠯᠡᠪᠡ᠃ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠡᠳᠦᠷ ᠢᠷᠡᠬᠦᠶ᠎ᠡ ᠪᠠᠶᠠᠯᠢᠭᠵᠢᠵᠤ᠂ ᠦᠨᠳᠦᠰᠦᠲᠡᠨ ᠤ ᠪᠡᠶ᠎ᠡ ᠲᠠᠮᠢᠷ ᠤᠨ ᠪᠡᠶ᠎ᠡ ᠴᠢᠭᠢᠷᠠᠭᠵᠢᠭᠤᠯᠬᠤ ᠲᠥᠪ ᠤᠨ ᠪᠠᠷᠢᠯᠭ᠎ᠠ ᠶᠢᠨ ᠠᠵᠢᠯ ᠳᠠᠭᠤᠰᠴᠦ᠂ ᠠᠷᠠᠳ ᠣᠯᠠᠨ ᠤ ᠬᠡᠷᠡᠭᠴᠡᠭᠡ ᠱᠠᠭᠠᠷᠳᠠᠯᠭ᠎ᠠ ᠶᠢ ᠭᠦᠶᠴᠡᠳ ᠬᠠᠩᠭᠠᠪᠠ᠃ ︽ᠡᠮ ᠤᠨ ᠵᠣᠷ︾ ᠢ ᠵᠥᠪ ᠭᠠᠷᠭᠠᠵᠤ᠂ ︽ᠶᠠᠳᠠᠭᠤᠷᠠᠯ ᠤᠨ ᠦᠨᠳᠦᠰᠦ︾ ᠶᠢ ᠠᠷᠢᠯᠭᠠᠨ᠂ ᠪᠦᠬᠦ ᠬᠤᠰᠢᠭᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠦᠬᠡᠶᠢᠰᠭᠡᠵᠦ᠂ ᠡᠯ᠎ᠡ ᠲᠥᠷᠥᠯ ᠤᠨ ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠵᠤ᠂ ᠠᠷᠠᠳ ᠣᠯᠠᠨ ᠤ ᠬᠦᠰᠡᠨ ᠡᠷᠡᠮᠡᠯᠵᠡᠵᠦ ᠪᠠᠶᠢᠭ᠎ᠠ ᠡᠶ᠎ᠡ ᠵᠣᠬᠢᠴᠠᠩᠭᠤᠢ᠂ ᠠᠮᠤᠷ ᠲᠣᠭᠲᠠᠭᠤᠨ᠂ ᠣᠷᠣᠰᠢᠨ ᠰᠠᠭᠤᠬᠤ ᠳᠤ ᠲᠠᠭᠠᠯᠠᠮᠵᠢᠲᠠᠢ ᠨᠡᠶᠢᠭᠡᠮ ᠤᠨ ᠣᠷᠴᠢᠨ ᠲᠣᠭᠤᠷᠢᠨ ᠢ ᠦᠨᠳᠦᠰᠦᠨ ᠳᠡᠭᠡᠨ ᠪᠠᠶᠢᠭᠤᠯᠤᠨ ᠪᠦᠳᠦᠭᠡᠪᠡ᠃        ᠲᠥᠯᠥᠭᠡᠯᠡᠭᠴᠢᠳ ᠡ᠂ ᠲᠠᠪᠤᠨ ᠵᠢᠯ ᠤᠨ ᠠᠮᠵᠢᠯᠲᠠ ᠪᠦᠲᠦᠮᠵᠢ ᠶᠢ ᠤᠯᠬᠤ ᠳᠤ ᠲᠤᠩ ᠬᠢᠯᠪᠠᠷ ᠪᠤᠰᠤ ᠮᠦᠷᠲᠡᠭᠡᠨ ᠲᠠᠪᠤᠨ ᠵᠢᠯ ᠤᠨ ᠬᠥᠭᠵᠢᠯᠲᠡ ᠶᠢᠨ ᠶᠠᠪᠤᠴᠠ ᠳᠤᠩ ᠬᠠᠲᠠᠭᠤ ᠪᠡᠷᠬᠡᠰᠢᠶᠡᠯᠲᠡᠢ᠃ ᠥᠩᠭᠡᠷᠡᠭᠰᠡᠨ ᠲᠠᠪᠤᠨ ᠵᠢᠯ ᠳᠤ᠂ ︽ᠪᠦᠬᠦ ᠤᠯᠤᠰ ᠤᠨ ᠲᠥᠯᠥᠪᠯᠡᠭᠡᠲᠦ ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠬᠠᠮᠲᠤ ᠨᠡᠶᠢᠳᠡ︾᠂ ︽ᠪᠦᠬᠦ ᠤᠯᠤᠰ ᠤᠨ ᠠᠵᠢᠯᠴᠢᠨ ᠤ ᠬᠤᠰᠢᠭᠤᠴᠢ ᠨᠡᠷᠡᠮᠵᠢᠲᠦ︾᠂ ︽ᠪᠦᠬᠦ ᠤᠯᠤᠰ ᠤᠨ ᠭᠠᠵᠢᠭᠤ ᠨᠣᠮᠯᠠᠯ ᠦᠭᠡᠢ ᠶᠢ ᠡᠭᠦᠳᠦᠨ ᠪᠠᠶᠢᠭᠤᠯᠤᠭᠰᠠᠨ ᠵᠢᠱᠢᠶ᠎ᠡ ᠦᠵᠡᠭᠦᠯᠬᠦ ᠬᠤᠰᠢᠭᠤ︾᠂ ︽ᠪᠦᠬᠦ ᠤᠯᠤᠰ ᠤᠨ ᠠᠵᠢᠯᠲᠠᠨ ᠤ ᠬᠥᠮᠦᠵᠢᠯ ᠪᠣᠯᠪᠠᠰᠤᠷᠠᠯ ᠤᠨ ᠵᠢᠱᠢᠶ᠎ᠡ ᠦᠵᠡᠭᠦᠯᠬᠦ ᠴᠡᠭ︾᠂ ︽ᠪᠦᠬᠦ ᠤᠯᠤᠰ  ᠤᠨ ᠦᠨ᠎ᠡ ᠬᠠᠩᠰᠢ ᠶᠢ ᠬᠢᠨᠠᠨ ᠳᠤᠭᠳᠠᠭᠠᠬᠤ ᠲᠡᠷᠢᠭᠦᠨ ᠤ ᠨᠢᠭᠡᠴᠡ︾᠂ ︽ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠬᠦ ᠵᠢᠱᠢᠶ᠎ᠡ ᠦᠵᠡᠭᠦᠯᠬᠦ ᠨᠢᠭᠡᠴᠡ︾ ᠵᠡᠷᠭᠡ ᠢᠷᠠᠭᠤ ᠠᠯᠳᠠᠷ ᠮᠠᠨ ᠤ ᠬᠤᠰᠢᠭᠤᠨ ᠳᠤ ᠤᠷᠢᠳ ᠬᠤᠵᠢᠳ ᠨᠤᠲᠤᠭᠰᠢᠪᠠ᠂ ᠡᠳᠡᠭᠡᠷ ᠠᠮᠵᠢᠯᠲᠠ ᠪᠦᠲᠦᠮᠵᠢ  ᠶᠢ ᠤᠯᠤᠭᠰᠠᠨ ᠨᠢ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠪᠠᠳᠦ ᠴᠢᠩᠭ᠎ᠠ ᠤᠳᠤᠷᠢᠳᠤᠭᠰᠠᠨ ᠤ ᠦᠷ᠎ᠡ ᠳ᠋ᠦᠩ᠂ ᠪᠠᠰᠠᠴᠦ ᠪᠦᠬᠦ ᠬᠤᠰᠢᠭᠤᠨ ᠤ ᠺᠠᠳ᠋ᠷ ᠠᠵᠢᠯᠲᠠᠨ ᠤ ᠬᠦᠴᠦ ᠵᠠᠯᠭᠠᠨ ᠵᠢᠳᠬᠦᠭᠰᠡᠨ ᠤ ᠦᠷ᠎ᠡ ᠳ᠋ᠦᠩ ᠪᠣᠯᠬᠤ ᠪᠦᠭᠡᠳ ᠥᠷᠭᠡᠨ ᠣᠯᠠᠨ ᠠᠷᠠᠳ ᠲᠦᠮᠡᠨ ᠤ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠲᠥᠯᠥᠭᠡᠯᠡᠭᠴᠢᠳ᠂ ᠭᠡᠰᠢᠭᠦᠳ ᠪᠣᠯᠤᠨ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢ ᠬᠠᠯᠠᠮᠵᠢᠯᠠᠨ ᠳᠡᠮᠵᠢᠵᠦ ᠪᠠᠶᠢᠭ᠎ᠠ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠡ︕        ᠤᠴᠢᠷ ᠶᠠᠪᠤᠳᠠᠯ ᠢ ᠥᠩᠭᠡᠷᠡᠭᠡᠬᠦ ᠦᠭᠡᠢ ᠪᠣᠯ ᠬᠦᠴᠢᠷ ᠢ ᠨᠢ ᠮᠡᠳᠡᠬᠦ ᠦᠭᠡᠢ ᠭᠡᠳᠡᠭᠴᠢᠯᠡᠨ᠂ ᠲᠠᠪᠤᠨ ᠵᠢᠯ ᠤᠨ ᠲᠤᠷᠰᠢᠬᠢ ᠠᠮᠢᠳᠤᠯᠢᠭ ᠦᠢᠯᠡᠳᠦᠯᠭᠡ ᠳᠤ᠂ ᠠᠮᠵᠢᠯᠲᠠ ᠲᠠᠢ ᠲᠤᠷᠰᠢᠯᠭ᠎ᠠ ᠪᠠᠶᠢᠬᠤ ᠪᠥᠭᠡᠳ ᠪᠠᠰᠠ ᠭᠦᠨᠵᠡᠭᠡᠢ ᠰᠤᠷᠭᠠᠮᠵᠢ ᠪᠠᠶᠢᠨ᠎ᠠ᠂ ᠪᠢᠳᠡ ᠠᠮᠢ ᠠᠬᠤᠢ᠂ ᠠᠮᠤᠷ ᠲᠣᠭᠲᠠᠭᠤᠨ᠂ ᠠᠮᠤᠷ ᠲᠦᠪᠰᠢᠨ ᠤ ᠬᠤᠷᠢᠭ᠎ᠠ ᠱᠤᠭᠤᠮ ᠢ ᠢᠮᠠᠭᠲᠠ ᠪᠠᠲᠤ ᠰᠠᠬᠢᠵᠤ᠂ ᠴᠢᠨᠠᠷ ᠰᠠᠶᠢᠲᠠᠢ᠂ ᠢᠳᠡ ᠬᠦᠴᠦᠨ ᠪᠠ ᠨᠥᠭᠡᠴᠡ ᠬᠦᠴᠦᠨ ᠲᠠᠢ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠵᠠᠮᠨᠠᠭᠰᠠᠨ ᠪᠠᠶᠢᠨ᠎ᠠ︔ ᠪᠢᠳᠡ ᠢᠮᠠᠭᠲᠠ ᠵᠠᠷᠴᠢᠮ ᠢ ᠪᠠᠷᠢᠮᠲᠠᠯᠠᠨ᠂ ᠳᠠᠷᠤᠭᠠᠰᠦ ᠶᠢ ᠳᠤᠯᠵᠦ ᠡᠷᠡᠯᠬᠡᠭᠯᠡᠨ ᠤᠷᠤᠭᠰᠢᠯᠠᠵᠤ᠂ ᠬᠥᠳᠡᠯᠭᠡᠬᠦ ᠬᠦᠴᠦᠨ ᠤ ᠡᠨᠧᠷᠭᠢ ᠶᠢ ᠪᠤᠢ ᠪᠤᠯᠭᠠᠬᠤ᠂ ᠥᠭᠡᠷᠡᠴᠢᠯᠡᠯᠲᠡ ᠶᠢᠨ ᠪᠣᠭᠤᠮᠲᠠ ᠰᠢᠪᠲᠤᠯᠬᠤ ᠵᠡᠷᠭᠡ ᠲᠠᠯ᠎ᠠ ᠪᠠᠷ ᠢᠳᠡᠪᠬᠢᠲᠡᠢ ᠵᠢᠳᠬᠦᠯ ᠴᠢᠷᠮᠠᠶᠢᠯᠭ᠎ᠠ ᠭᠠᠷᠭᠠᠭᠰᠠᠨ ᠪᠠᠶᠢᠨ᠎ᠠ︔ ᠪᠢᠳᠡ ᠢᠮᠠᠭᠲᠠ ᠵᠢᠮ᠎ᠡ ᠶᠣᠰᠣ ᠶᠢ ᠵᠢᠷᠤᠮᠯᠠᠨ᠂ ᠶᠣᠰᠣ ᠲᠦᠷᠢᠮ ᠢ ᠬᠦᠨᠳᠦᠳᠬᠡᠵᠦ᠂ ᠤᠯᠠᠭᠠᠨ ᠱᠤᠭᠤᠮ ᠢ ᠳᠠᠪᠠᠭ᠋ᠤ ᠦᠭᠡᠢ ᠪᠠᠶᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠭᠰᠠᠨ ᠪᠠᠶᠢᠨ᠎ᠠ᠃ ᠡᠭᠦᠨ ᠳᠤ ᠪᠢᠳᠡ ᠪᠠᠰᠠ᠂ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠲᠤᠳᠤᠮ ᠲᠣᠭᠲᠠᠯ ᠬᠦᠴᠦᠨ ᠢ ᠤᠯᠠᠮ ᠪᠠᠲᠤᠯᠠᠬᠤ ᠬᠡᠷᠡᠭᠲᠡᠢ︔ ᠬᠦᠴᠢᠷ ᠪᠡᠷᠬᠡ ᠶᠢ ᠢᠯᠠᠨ ᠳᠠᠪᠠᠭ᠋ᠤ ᠲᠤᠳᠤᠮ ᠤᠯᠠᠮ ᠵᠣᠷᠢᠭᠲᠠᠢ ᠪᠠᠷ ᠡᠭᠦᠷᠭᠡᠯᠡᠬᠦ ᠬᠡᠷᠡᠭᠲᠡᠢ︔ ᠵᠥᠷᠢᠴᠡᠯ ᠳᠠᠪᠬᠤᠴᠠᠬᠤ ᠲᠤᠳᠤᠮ ᠤᠯᠠᠮ ᠰᠢᠨᠵᠢᠯᠡᠬᠦ ᠤᠬᠠᠭᠠᠨᠴᠢ ᠪᠠᠷ ᠵᠠᠰᠠᠭ ᠶᠠᠪᠤᠭᠤᠯᠵᠦ᠂ ︽ᠭᠠᠷᠤᠳᠢ ᠭᠠᠯᠪᠢᠩᠭ᠎ᠠ ᠭᠠᠯ ᠳᠤ ᠤᠷᠤᠵᠦ ᠲᠦᠷᠦᠯ ᠠᠷᠠᠯᠵᠢᠬᠤ︾ ᠬᠦᠨᠳᠦ ᠬᠡᠴᠡᠬᠦᠦ ᠡᠪᠡᠷᠰᠢᠶᠡᠯ ᠤᠨ ᠬᠤᠭᠤᠴᠠᠭ᠎ᠠ ᠶᠢ ᠳᠡᠰᠪᠦᠷᠢᠯᠡᠵᠦ ᠴᠢᠳᠠᠪᠠᠯ ᠬᠦᠷᠦᠰᠦ ᠰᠢᠷᠤᠢ ᠶᠢ ᠨᠡᠪᠲᠡᠯᠤᠨ ᠤᠷᠭᠤᠭᠰᠠᠨ ᠰᠢᠨ᠎ᠡ ᠰᠤᠶᠤᠭ᠎ᠠ ᠮᠡᠳᠦ ᠴᠤ᠋ ᠰᠢᠨ᠎ᠡ ᠦᠵᠡᠮᠵᠢ ᠢᠯᠡᠷᠡᠬᠦ ᠨᠢ ᠯᠠᠪᠳᠠᠢ ᠶᠤᠮ︔ ᠳᠠᠪᠬᠤᠷ ᠳᠠᠪᠬᠤᠷ ︽ᠠᠭᠤᠯᠠ ᠤᠰᠤᠨ ᠤ ᠪᠡᠷᠭᠡ ᠪᠠᠷᠳᠠᠭ᠎ᠠ︾ ᠶᠢ ᠳᠤᠭᠤᠯᠵᠦ ᠴᠢᠳᠠᠪᠠᠯ᠂ ᠬᠠᠬᠢᠷ ᠡᠪᠦᠯ ᠦᠩᠭᠡᠷᠡᠵᠦ ᠤᠷᠢᠬᠠᠨ ᠬᠠᠪᠤᠷ ᠢᠷᠡᠬᠦ ᠨᠢ ᠯᠠᠪᠳᠠᠢ ᠶᠤᠮ ᠭᠡᠳᠡᠭ ᠢ ᠬᠦᠨᠵᠡᠬᠡᠢ ᠳᠠᠨᠢᠵᠦ ᠣᠯᠣᠭᠰᠠᠨ ᠪᠠᠶᠢᠨ᠎ᠠ᠃        ᠡᠭᠦᠨ ᠤ ᠬᠠᠮᠲᠤ᠂ ᠪᠢᠳᠠ ᠪᠠᠰᠠ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠤᠯᠠᠨ ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠰᠡᠷᠭᠡᠭ ᠢᠶᠠᠷ ᠤᠯᠵᠦ ᠬᠠᠷᠠᠪᠠ᠂ ᠡᠭᠦᠨ ᠳᠤ ᠭᠤᠤᠯᠳᠠᠭᠤ᠄ ᠠᠵᠤ ᠠᠬᠤᠢ ᠶᠢᠨ ᠬᠥᠭᠵᠢᠯᠲᠡ ᠳᠠᠬᠢ ᠪᠦᠲᠦᠴᠡ ᠶᠢᠨ ᠴᠢᠨᠠᠷᠲᠠᠢ᠂ ᠪᠠᠶᠢᠭᠤᠯᠤᠮᠵᠢ ᠶᠢᠨ ᠴᠢᠨᠠᠷᠲᠠᠢ᠂ ᠦᠶᠡᠯᠡᠯ ᠤᠨ ᠴᠢᠨᠠᠷᠲᠠᠢ ᠠᠰᠠᠭᠤᠳᠠᠯ ᠬᠠᠷᠢᠯᠴᠠᠨ ᠰᠣᠯᠪᠢᠴᠠᠵᠤ᠂ ᠪᠣᠳᠠᠲᠤ ᠠᠵᠤ ᠠᠬᠤᠢ ᠶᠢᠨ ᠬᠦᠴᠢᠷᠳᠡᠯ ᠨᠡᠮᠡᠭᠳᠡᠵᠦ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠮ ᠮᠡᠳᠡᠭᠳᠡᠮ᠎ᠡ ᠪᠤᠯᠪᠠ︔ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠤ ᠢᠯᠠᠯᠲᠠ ᠶᠢ ᠳᠡᠮᠡᠴᠡᠨ ᠤᠯᠬᠤ ᠡᠭᠦᠷᠭᠡ ᠪᠡᠷᠬᠡ ᠬᠠᠲᠠᠭᠤᠵᠢᠯᠲᠠᠢ ᠪᠥᠭᠡᠳ ᠬᠦᠨᠳᠦ ᠭᠡᠴᠡᠬᠦᠦ ᠪᠠᠶᠢᠵᠤ᠂ ᠰᠢᠨ᠎ᠡ ᠬᠥᠳᠡᠯᠭᠡᠬᠦ ᠬᠦᠴᠦᠨ ᠤ ᠡᠨᠧᠷᠭᠢ ᠶᠢᠨ ᠬᠥᠭᠵᠢᠯᠲᠡ ᠮᠥᠨ ᠬᠦ ᠬᠦᠷᠦᠯᠴᠡᠬᠦ ᠦᠭᠡᠢ ᠪᠠᠶᠢᠭᠰᠠᠭᠠᠷ᠂ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠡᠭᠦᠷᠭᠡ ᠮᠠᠰᠢ ᠪᠠᠴᠢᠮ ᠲᠤᠯᠭᠠᠮ ᠪᠠᠶᠢᠨ᠎ᠠ︔ ᠬᠤᠳᠠ ᠬᠥᠳᠡᠭᠡ  ᠶᠢ ᠠᠭᠤᠰᠤᠯᠴᠠᠭᠤᠯᠤᠨ ᠬᠥᠭᠵᠢᠭᠦᠯᠬᠦ ᠳᠤ ᠦᠷᠭᠦᠯᠵᠢᠯᠡᠨ ᠬᠦᠴᠦᠯᠡᠬᠦ ᠴᠢᠬᠤᠯᠠᠲᠠᠢ᠂ ᠠᠷᠠᠳ ᠤᠨ ᠠᠮᠢᠳᠤᠷᠠᠯ ᠤᠨ ᠬᠦᠷᠢᠶᠡᠨ ᠳᠤ ᠪᠠᠰᠠ ᠵᠣᠬᠢᠬᠤ ᠳᠤᠲᠠᠭᠤᠳᠠᠯ ᠣᠷᠣᠰᠢᠵᠤ ᠪᠤᠢ︔ ᠵᠠᠷᠢᠮ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠤᠷᠤᠨ ᠪᠠᠶᠢᠷᠢᠨ ᠳᠤᠨᠢ ᠳᠤᠯᠳᠠᠯ᠎ᠠ ᠨᠠᠶᠢᠳᠠᠪᠦᠷᠢᠵᠢᠭᠤᠯᠤᠭᠰᠠᠨ ᠥᠬᠡᠶ᠂ ᠠᠷᠠᠯᠵᠢᠶ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠢᠶᠠᠷ ᠠᠨᠠᠢ᠂ ᠣᠨᠴᠠ ᠵᠠᠷᠢᠮ ᠬᠦᠷᠢᠶᠡᠨ ᠳᠤ ᠲᠥᠪ ᠪᠤᠰᠤ ᠰᠤᠷᠲᠠᠯ ᠪᠠ ᠢᠯᠵᠠᠷᠠᠯ ᠤᠨ ᠦᠵᠡᠭᠳᠡᠯ ᠮᠥᠨ ᠬᠦ ᠤᠷᠤᠰᠢᠵᠦ ᠪᠤᠢ ᠵᠡᠷᠭᠡ ᠳᠠᠯ᠎ᠠ ᠪᠠᠷ ᠢᠯᠡᠷᠡᠵᠦ ᠪᠠᠶᠢᠨ᠎ᠠ᠃ ᠡᠶᠢᠮᠦ ᠠᠴᠠ᠂ ᠪᠢᠳᠡ ᠠᠷᠠᠳ ᠤᠨ ᠲᠥᠯᠥᠭᠡ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠨ᠂ ᠨᠠᠷᠢᠯᠢᠭ ᠤᠨᠤᠪᠴᠢᠳᠠᠢ ᠪᠠᠷ ᠪᠣᠭᠤᠮᠲᠠ ᠰᠢᠪᠲᠤᠯᠵᠤ᠂ ᠪᠣᠳᠠᠲᠠᠢ ᠪᠠᠷ ᠠᠵᠢᠯᠯᠠᠨ ᠪᠤᠳᠠᠳᠦ ᠦᠷ᠎ᠡ ᠪᠦᠲᠦᠮᠵᠢ ᠤᠯᠵᠦ᠂ ᠤᠯᠠᠨ ᠲᠦᠮᠡᠨ ᠤ ᠰᠢᠨ᠎ᠡ ᠬᠦᠰᠡᠯ ᠡᠷᠡᠮᠡᠯᠵᠡᠯ ᠳᠤ ᠬᠠᠷᠢᠭᠤᠯᠲᠠ ᠥᠭᠬᠦ ᠬᠡᠷᠡᠭᠲᠡᠢ︕
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ