ᠲᠦᠯᠦᠭᠡᠯᠡᠭᠴᠢ ᠬᠠᠰᠪᠠᠭᠠᠳᠤᠷ᠄ ᠮᠡᠨᠡᠩ ᠤᠨ ᠪᠤᠭᠳᠠ ᠠᠭᠤᠯᠠ ᠶᠢ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠳᠤ ᠤᠷᠤᠭᠤᠯᠤᠨ ᠬᠠᠮᠠᠭᠠᠯᠠᠬᠤ ᠬᠡᠷᠡᠭᠳᠠᠢ
ᠨᠡᠶᠢᠲᠡᠯᠡᠭᠰᠡᠨ ᠴᠠᠭ᠄
2021/3/9
       ᠡᠨᠡ ᠵᠢᠯ ᠤᠨ ︽ᠬᠤᠶᠠᠷ ᠬᠤᠷᠠᠯ︾ ᠢᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠭᠳ᠋ᠬᠠᠭᠤᠯᠠ ᠰᠤᠮᠤᠨ ᠤ ᠬᠠᠷᠠᠭᠤᠯ ᠭᠠᠴᠠᠭᠠᠨ ᠤ ᠮᠠᠯᠴᠢᠨ ᠲᠦᠯᠦᠭᠡᠯᠡᠭᠴᠢ ᠬᠠᠰᠪᠠᠭᠠᠳᠤᠷ ᠢ ᠰᠤᠷᠪᠤᠯᠵᠢᠯᠠᠵᠤ ᠪᠢᠯᠡ᠃ ᠦᠡᠭᠭᠡᠷᠡᠭᠰᠡᠨ ᠵᠢᠯ ︽ᠮᠠᠯᠴᠢᠳ ᠤᠨ ᠪᠠᠶᠢᠭᠠᠯᠢᠯᠢᠭ ᠬᠠᠳᠤᠯᠠᠩ ᠤᠨ ᠲᠠᠯᠠᠪᠠᠢ ᠲᠠᠢ ᠪᠤᠯᠭᠠᠪᠠᠯ ᠵᠤᠬᠢᠨ᠎ᠠ︾ ᠬᠡᠰᠡᠨ ᠰᠠᠨᠠᠯ ᠵᠦᠪᠯᠡᠯᠭᠡ ᠲᠡᠪᠰᠢᠬᠦᠯᠦᠭᠰᠡᠨ ᠲᠡᠷᠡ ᠪᠠᠷ ᠡᠨᠡ ᠵᠢᠯ ︽ᠮᠡᠨᠡᠩ ᠤᠨ ᠪᠤᠭᠳᠠ ᠠᠭᠤᠯᠠ ᠶᠢ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠳᠤ ᠤᠷᠤᠭᠤᠯᠤᠨ ᠬᠠᠮᠠᠭᠠᠯᠠᠬᠤ ᠬᠡᠷᠡᠭᠳᠠᠢ︾ ᠬᠡᠬᠦ ᠰᠠᠨᠠᠯ ᠵᠦᠪᠯᠡᠯᠭᠡ ᠲᠡᠪᠰᠢᠬᠦᠯᠵᠠᠢ᠃
               ᠭᠤᠷᠪᠠᠨ ᠵᠠᠭᠤ ᠭᠠᠷᠤᠢ ᠵᠢᠯ ᠤᠨ ᠲᠠᠬᠢᠯᠭ᠎ᠠ ᠲᠠᠢ ᠮᠡᠨᠡᠩ ᠤᠨ ᠪᠤᠭᠳᠠ ᠠᠭᠤᠯᠠ ᠪᠠᠨ ᠪᠠᠷᠭᠤᠴᠤᠳ ᠵᠢᠯ ᠪᠤᠯᠭᠠᠨ ᠤ ᠪᠢᠯᠢᠭ ᠤᠨ ᠤᠯᠠᠷᠢᠯ ᠤᠨ ᠲᠠᠪᠤᠨ ᠰᠠᠷ᠎ᠠ ᠶᠢᠨ ᠠᠷᠪᠠᠨ ᠭᠤᠷᠪᠠᠨ ᠤ ᠲᠠᠬᠢᠯᠭ᠎ᠠ ᠶᠢᠨ ᠨᠠᠶᠢᠷ ᠢ ᠰᠢᠨ᠎ᠡ ᠪᠠᠷᠭᠤ ᠪᠠᠷᠠᠭᠤᠨ ᠬᠤᠰᠢᠭᠤᠨ ᠠᠴᠠ ᠡᠷᠬᠢᠯᠡᠨ ᠲᠠᠬᠢᠵᠤ᠂ ᠲᠤᠯᠤᠭᠠᠨ ᠰᠠᠷ᠎ᠠ ᠶᠢᠨ ᠰᠢᠨ᠎ᠡ ᠶᠢᠨ ᠭᠤᠷᠪᠠᠨ ᠤ ᠲᠠᠬᠢᠯᠭ᠎ᠠ ᠶᠢᠨ ᠨᠠᠶᠢᠷ ᠢ ᠰᠢᠨ᠎ᠡ ᠪᠠᠷᠭᠤ ᠪᠠᠷᠠᠭᠤᠨ ᠬᠤᠰᠢᠭᠤ᠂ ᠰᠢᠨ᠎ᠡ ᠪᠠᠷᠭᠤ ᠵᠡᠬᠦᠨ ᠬᠤᠰᠢᠭᠤ ᠬᠠᠮᠳᠤᠷᠠᠨ ᠡᠭᠡᠯᠵᠢᠯᠡᠵᠤ ᠲᠠᠬᠢᠳᠠᠭ ᠵᠠᠩᠰᠢᠯ ᠲᠠᠢ᠃ ᠲᠡᠤᠬᠡᠨ ᠠᠴᠠ ᠪᠠᠨ ᠨᠤᠳᠤᠭ ᠤᠷᠤᠨ ᠤ ᠪᠠᠨ ᠠᠷᠢᠭᠤᠨ ᠲᠠᠷᠬᠠᠨ ᠠᠭᠤᠯᠠ ᠤᠪᠤᠭ᠎ᠠ ᠪᠠᠨ ᠰᠢᠳᠦᠵᠤ ᠢᠷᠡᠭᠰᠡᠨ ᠪᠠᠷᠭᠤᠴᠤᠳ ᠤᠷᠤᠨ ᠨᠤᠳᠤᠭ ᠤᠨ ᠢᠶᠠᠨ ᠬᠠᠮᠤᠭ ᠤᠨ ᠶᠡᠭᠡ ᠰᠢᠳᠦᠬᠡᠨᠳᠦ ᠠᠭᠤᠯᠠᠨ ᠪᠤᠯᠬᠤ ᠮᠡᠨᠡᠩ ᠤᠨ ᠪᠤᠭᠳᠠ ᠠᠭᠤᠯᠠᠨ ᠳᠠᠭᠠᠨ ᠲᠠᠭᠠᠳᠬᠠᠨ ᠵᠠᠯᠪᠠᠷᠢᠭᠰᠠᠭᠠᠷ ᠢᠷᠡᠵᠠᠢ᠃        ᠪᠤᠭᠳᠠ ᠠᠭᠤᠯᠠ ᠪᠠᠨ ᠪᠠᠷᠠᠭᠠᠳᠠᠨ ᠦᠰᠦᠭᠰᠡᠨ ᠬᠠᠰᠪᠠᠭᠠᠳᠤᠷ ᠪᠤᠭᠳᠠ ᠠᠭᠤᠯᠠᠨ ᠳᠠᠭᠠᠨ ᠤᠨᠴᠠ ᠶᠢᠨ ᠬᠠᠶᠢᠷ᠎ᠠ ᠰᠡᠳᠬᠢᠯᠭᠡ ᠲᠠᠢ ᠮᠦᠷᠲᠡᠭᠡᠨ 2020 ᠤᠨ ᠠᠴᠠ ᠪᠤᠭᠳᠠ ᠠᠭᠤᠯᠠ ᠶᠢᠨ ᠲᠠᠬᠢᠯᠭ᠎ᠠ ᠶᠢᠨ ᠬᠠᠮᠢᠶᠠᠷᠤᠯᠳᠠ ᠶᠢᠨ ᠵᠦᠪᠯᠡᠯ ᠳᠤ ᠡᠷᠬᠢᠯᠡᠭᠴᠢ ᠪᠠᠷ ᠠᠵᠢᠯᠯᠠᠬᠤ ᠪᠤᠯᠤᠭᠰᠠᠨ ᠢᠶᠠᠷ ᠪᠤᠭᠳᠠ ᠠᠭᠤᠯᠠ ᠪᠠᠨ ᠬᠡᠷᠬᠢᠨ ᠤᠡᠭᠭᠤᠨ ᠲᠠᠷᠬᠠᠨ ᠢᠶᠠᠷ ᠨᠢ ᠬᠠᠮᠠᠭᠠᠯᠠᠬᠤ ᠲᠤᠬᠠᠢ ᠦᠷᠬᠦᠯᠵᠢ ᠶᠠᠭᠤ ᠨᠢᠭᠡ ᠶᠢ ᠪᠤᠳᠤᠵᠤ ᠶᠠᠪᠤᠬᠤ ᠪᠤᠯᠵᠠᠢ᠃ ︽ᠤᠳᠤ ᠮᠡᠨᠡᠩ ᠤᠨ ᠪᠤᠭᠳᠠ ᠠᠭᠤᠯᠠ ᠨᠢ ᠮᠠᠨ ᠤ ᠬᠤᠳᠠ ᠪᠠᠷ ᠢᠶᠠᠨ ᠲᠠᠬᠢᠵᠤ ᠪᠠᠶᠢᠭ᠎ᠠ ᠰᠢᠳᠦᠯᠭᠡ ᠶᠢᠨ ᠠᠭᠤᠯᠠ᠂ ᠲᠤᠭ ᠳᠡᠮᠳᠡᠭ ᠪᠤᠯᠵᠤ ᠪᠠᠶᠢᠭ᠎ᠠ ᠠᠭᠤᠯᠠ ᠪᠢᠯᠡ᠃ ᠵᠢᠯ ᠪᠤᠯᠭᠠᠨ ᠤ ᠲᠠᠬᠢᠯᠭ᠎ᠠ ᠶᠢᠨ ᠦᠶᠡᠰ ᠢᠶᠠᠷ ᠲᠠᠬᠢᠯᠭ᠎ᠠ ᠳᠤ ᠤᠷᠤᠯᠴᠠᠬᠤ ᠨᠤᠳᠤᠭ ᠤᠨ ᠬᠦᠮᠦᠰ ᠪᠤᠯᠤᠨ ᠵᠤᠭᠠᠴᠠᠭᠰᠡᠳ ᠮᠠᠰᠢ ᠤᠯᠠᠨ ᠪᠤᠯᠵᠤ᠂ ᠪᠤᠭᠳᠠ ᠠᠭᠤᠯᠠ ᠶᠢᠨ ᠡᠷᠬᠢᠨ ᠳᠠᠬᠢ ᠤᠷᠴᠢᠨ ᠲᠤᠭᠤᠷᠢᠨ ᠢ ᠶᠡᠭᠡ ᠪᠠᠷ ᠪᠤᠬᠢᠷᠳᠤᠭᠤᠯᠵᠤ᠂ ᠵᠠᠷᠢᠮ ᠳᠠᠭᠠᠨ ᠲᠠᠭᠠᠭᠠᠴᠠ ᠠᠴᠠ ᠨᠢ ᠬᠡᠳᠦᠷᠡᠬᠦ ᠦᠵᠡᠭᠳᠡᠯ ᠭᠠᠷᠴᠤ ᠪᠤᠢ᠂ ᠡᠶᠢᠮᠦ ᠠᠴᠠ ᠲᠠᠬᠢᠯᠭ᠎ᠠ ᠶᠢᠨ ᠡᠳᠦᠷ ᠲᠠᠬᠢᠯᠭ᠎ᠠ ᠳᠤ ᠤᠷᠤᠯᠴᠠᠬᠤ ᠬᠦᠮᠦᠰ ᠢ ᠬᠡᠷᠬᠢᠨ ᠬᠢᠵᠠᠭᠠᠷᠯᠠᠬᠤ᠂ ᠲᠠᠬᠢᠯᠭ᠎ᠠ ᠪᠠᠨ ᠶᠠᠭᠠᠬᠢᠵᠤ ᠲᠠᠬᠢᠬᠤ ᠳᠡᠭᠡᠷ᠎ᠡ ᠠᠩᠬᠠᠷᠤᠯ ᠢᠶᠠᠨ ᠲᠠᠯᠪᠢᠬᠤ ᠴᠢᠬᠤᠯᠠ ᠲᠠᠢ ᠪᠤᠯᠵᠤ ᠪᠠᠶᠢᠭ᠎ᠠ︾ ᠬᠡᠵᠤ ᠬᠠᠰᠪᠠᠭᠠᠳᠤᠷ ᠶᠠᠷᠢᠨ᠎ᠠ᠃        ᠪᠤᠭᠳᠠ ᠠᠭᠤᠯᠠ ᠨᠢ ᠪᠤᠭᠳ᠋ᠬᠠᠭᠤᠯᠠ ᠰᠤᠮᠤ ᠶᠢᠨ ᠭᠠᠩᠭᠠᠳᠤ ᠭᠠᠴᠠᠭᠠᠨ ᠤ ᠬᠠᠷᠢᠶᠠᠨ ᠳᠤ ᠪᠠᠶᠢᠷᠢᠯᠠᠵᠤ᠂ ᠭᠠᠴᠠᠭᠠᠨ ᠠᠴᠠ ᠲᠤᠤᠷ ᠬᠦᠷᠢᠶᠡᠯᠡᠨ ᠬᠠᠮᠠᠭᠠᠯᠠᠵᠤ ᠪᠠᠶᠢᠭ᠎ᠠ ᠪᠤᠯᠪᠠᠴᠤ ᠭᠠᠴᠠᠭᠠᠨ ᠤ ᠬᠦᠴᠦᠨ ᠬᠦᠷᠦᠯᠴᠡᠬᠦ ᠦᠭᠡᠢ᠂ ᠬᠠᠮᠢᠶᠠᠷᠤᠯᠳᠠ ᠵᠠᠳᠠᠭᠠᠶᠢᠷᠠᠬᠤ ᠠᠴᠠ ᠪᠤᠯᠵᠤ ᠵᠠᠷᠢᠮ ᠠᠰᠠᠭᠤᠳᠠᠯ ᠤᠷᠤᠰᠢᠵᠤ ᠪᠤᠢ᠃ ᠲᠠᠬᠢᠯᠭ᠎ᠠ᠂ ᠨᠠᠶᠢᠷ ᠨᠠᠭᠠᠳᠤᠮ᠂ ᠲᠠᠬᠢᠯᠭ᠎ᠠ ᠶᠢᠨ ᠭᠤᠤᠯ ᠠᠵᠢᠯ ᠵᠡᠷᠭᠡ ᠨᠢ ᠴᠦᠮ ᠠᠳᠠᠯᠢ ᠪᠤᠰᠤ ᠪᠠᠶᠢᠭᠤᠯᠭ᠎ᠠ ᠨᠢᠭᠡᠴᠢ ᠬᠠᠮᠢᠶᠠᠷᠤᠯᠳᠠ ᠬᠢᠳᠡᠭ ᠠᠴᠠ ᠪᠤᠭᠳᠠ ᠠᠭᠤᠯᠠ ᠶᠢ ᠪᠦᠳᠦᠮᠵᠢᠳᠠᠢ ᠬᠠᠮᠢᠶᠠᠷᠤᠯᠳᠠ ᠬᠢᠬᠦ ᠶᠢ ᠨᠦᠯᠦᠭᠡᠯᠡᠵᠤ ᠪᠤᠢ᠂ ᠵᠠᠷᠢᠮ ᠪᠤᠷᠤᠭᠤ ᠦᠵᠡᠯ ᠪᠤᠳᠤᠯ ᠲᠠᠢ ᠬᠦᠮᠦᠰ ᠪᠤᠭᠳᠠ ᠠᠭᠤᠯᠠ ᠶᠢ ᠡᠪᠳᠡᠨ ᠰᠦᠢᠳᠭᠡᠵᠤ ᠪᠠᠶᠢᠭ᠎ᠠ ᠦᠵᠡᠭᠳᠡᠯ ᠴᠤ ᠭᠠᠷᠴᠤ ᠪᠤᠢ᠂ ᠪᠠᠰᠠ ᠲᠠᠬᠢᠯᠭ᠎ᠠ ᠲᠠᠭᠤᠰᠤᠭᠰᠠᠨ ᠬᠤᠶᠢᠨ᠎ᠠ ᠬᠤᠭ ᠨᠤᠪᠰᠢ ᠶᠡᠭᠡ ᠪᠠᠷ ᠤᠪᠤᠭᠠᠷᠠᠵᠤ ᠪᠠᠶᠢᠭ᠎ᠠ ᠮᠡᠳᠦ ᠶᠢᠨ ᠤᠯᠠᠨ ᠠᠰᠠᠭᠤᠳᠠᠯ ᠤᠷᠤᠰᠢᠵᠤ ᠪᠤᠢ᠃        ︽ᠰᠢ ᠶᠢᠨ ᠫᠢᠩ ᠲᠡᠷᠢᠬᠦᠯᠡᠭᠴᠢ ᠠᠴᠠ ︿ᠬᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠡᠭᠬᠦᠨ ᠠᠭᠤᠯᠠ﹀ ᠬᠡᠵᠤ ᠶᠠᠷᠢᠭᠰᠠᠨ ᠪᠠᠶᠢᠳᠠᠭ᠃ ᠬᠤᠳᠠ ᠶᠢᠨ ᠵᠠᠰᠠᠭ ᠤᠨ ᠤᠷᠳᠤᠨ ᠤ ᠠᠵᠢᠯ ᠤᠨ ᠢᠯᠡᠳᠭᠡᠯ ᠳᠤ ᠴᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠳᠬᠠᠵᠤ᠂ ᠦᠵᠡᠰᠬᠦᠯᠡᠩᠳᠦ ᠰᠠᠶᠢᠬᠠᠨ ᠦᠨᠢᠷ ᠪᠠᠶᠠᠯᠢᠭ ᠡᠶ᠎ᠡ ᠵᠤᠬᠢᠴᠠᠩᠭᠤᠢ ᠠᠮᠤᠷ ᠠᠮᠤᠭᠤᠯᠠᠩ ᠬᠦᠯᠦᠨ ᠪᠦᠢᠷ ᠢ ᠪᠦᠬᠦ ᠬᠦᠴᠦᠨ ᠢᠶᠠᠷ ᠪᠦᠳᠦᠭᠡᠨ ᠪᠠᠶᠢᠭᠤᠯᠬᠤ ᠠᠵᠢᠯ ᠤᠨ ᠬᠠᠷᠠᠯᠳᠠ ᠪᠤᠢ᠃ ᠪᠢᠳᠡ ᠡᠨᠡ ᠬᠦ ᠤᠷᠢᠶᠠᠯᠠᠭ᠎ᠠ ᠪᠠᠷ ᠮᠡᠨᠡᠩ ᠤᠨ ᠪᠤᠭᠳᠠ ᠠᠭᠤᠯᠠ ᠶᠢ ᠤᠡᠭᠭᠤᠨ ᠲᠠᠷᠬᠠᠨ ᠢᠶᠠᠷ ᠨᠢ ᠠᠪᠴᠤ ᠦᠯᠡᠳᠡᠬᠦ ᠬᠡᠪᠡᠯ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠳᠤ ᠤᠷᠤᠭᠤᠯᠤᠨ ᠬᠠᠮᠠᠭᠠᠯᠠᠬᠤ ᠬᠡᠷᠡᠭᠳᠠᠢ︾ ᠬᠡᠨ᠎ᠡ᠃        ᠲᠠᠬᠢᠯᠭ᠎ᠠ ᠶᠢᠨ ᠬᠤᠶᠢᠨ᠎ᠠ ᠰᠠᠶᠢᠨ ᠲᠤᠷᠠᠴᠤᠳ ᠪᠤᠭᠳᠠ ᠠᠭᠤᠯᠠ ᠶᠢ ᠴᠡᠪᠡᠷᠯᠡᠵᠤ ᠪᠤᠢ᠂ ᠬᠠᠰᠪᠠᠭᠠᠳᠤᠷ ᠴᠤ ᠲᠠᠬᠢᠯᠭ᠎ᠠ ᠶᠢᠨ ᠬᠤᠶᠢᠨ᠎ᠠ ᠪᠤᠰᠤᠳ ᠢ ᠲᠠᠭᠠᠭᠤᠯᠤᠨ ᠴᠡᠪᠡᠷᠯᠡᠳᠡᠭ᠃ ᠡᠨᠡ ᠨᠢ ᠰᠠᠶᠢᠨ ᠦᠢᠯᠡ ᠠᠵᠢᠯᠯᠠᠭ᠎ᠠ ᠪᠤᠯᠪᠠᠴᠤ ᠲᠦᠷ ᠵᠠᠭᠤᠷ᠎ᠠ ᠶᠢᠨ ᠪᠠᠶᠢᠵᠤ᠂ ᠪᠠᠶᠢᠩᠭᠤ ᠶᠢᠨ ᠤᠷᠳᠤ ᠬᠤᠭᠤᠴᠠᠭ᠎ᠠ ᠪᠠᠷ ᠦᠷᠬᠦᠯᠵᠢᠯᠡᠬᠦ ᠠᠷᠭ᠎ᠠ ᠪᠢᠰᠢ᠃ ᠬᠤᠭᠤᠰᠤᠨ ᠴᠡᠪᠡᠷᠯᠡᠭᠡᠳ ᠯᠡ ᠪᠤᠯᠬᠤ ᠪᠢᠰᠢ ᠡᠷᠬᠡᠪᠰᠢ ᠪᠠᠶᠢᠭᠠᠯᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠤᠷᠤᠨ ᠳᠤ ᠤᠷᠤᠭᠤᠯᠤᠨ ᠬᠠᠤᠯᠢ ᠶᠢᠨ ᠲᠠᠯ᠎ᠠ ᠪᠠᠷ᠂ ᠠᠯᠪᠠᠨ ᠤ ᠲᠠᠯ᠎ᠠ ᠠᠴᠠ ᠬᠠᠮᠠᠭᠠᠯᠠᠬᠤ ᠬᠡᠷᠡᠭᠳᠠᠢ᠃
 
ᠢᠷᠡᠯᠲᠡ᠄ ᠬᠦᠯᠦᠨ ᠪᠣᠶᠢᠷ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号