4 ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤ ᠨᠠᠮ ᠵᠠᠰᠠᠭ ᠤᠨ ᠠᠵᠢᠯᠯᠠᠬᠤ ᠠᠰᠠᠷ | ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ | ᠬᠤᠰᠢᠭᠤᠨ ᠳᠠᠷᠤᠭ᠎ᠠ ᠪᠦᠬᠡᠪᠠᠶᠠᠷ ᠪᠠᠶᠢᠭ᠎ᠠ ᠨᠠᠮ ᠤᠨ ᠡᠭᠦᠷ ᠤᠨ ᠪᠦᠬᠦ ᠨᠠᠮ ᠤᠨ ᠭᠡᠰᠢᠬᠦᠨ ᠳᠤ ᠲᠤᠰᠬᠠᠢ ᠰᠡᠳᠦᠪᠳᠦ | ᠨᠠᠮ ᠤᠨ ᠬᠢᠴᠢᠶᠡᠯ ᠤᠷᠤᠵᠦ ᠴᠢᠬᠤᠯᠠᠴᠢᠯᠠᠬᠤ ᠳᠠᠭᠠᠨ᠂ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠳᠡᠤᠬᠡ | ᠶᠢᠨ ᠳᠤᠬᠠᠢ ᠴᠢᠬᠤᠯᠠ ᠦᠬᠦᠯᠡᠯᠳᠡ ᠶᠢ ᠬᠦᠨᠵᠡᠬᠡᠢ ᠰᠤᠷᠤᠯᠴᠠᠨ ᠤᠶᠢᠯᠠᠭᠠᠵᠦ᠂ ᠳᠡᠤᠬᠡ ᠶᠢ ᠰᠤᠷᠤᠯᠴᠠᠨ ᠶᠤᠰᠤ ᠶᠢ | ᠮᠡᠳᠡᠵᠦ᠂ ᠳᠡᠤᠬᠡ ᠶᠢ ᠰᠤᠷᠤᠯᠴᠠᠨ ᠢᠳᠡᠭᠡᠯ ᠢᠶᠠᠨ ᠨᠡᠮᠡᠭᠳᠡᠬᠦᠯᠵᠦ᠂ ᠳᠡᠤᠭᠡ ᠶᠢ ᠰᠤᠷᠤᠯᠴᠠᠨ ᠶᠤᠰᠤ ᠰᠤᠷᠳᠠᠬᠤᠨ ᠢ | ᠡᠷᠬᠢᠮᠯᠡᠨ᠂ ᠳᠡᠤᠭᠡ ᠶᠢ ᠰᠤᠷᠤᠯᠴᠠᠨ ᠬᠢᠵᠦ ᠪᠡᠶᠡᠯᠡᠬᠦᠯᠬᠦ ᠪᠠᠷ ᠴᠢᠷᠮᠠᠶᠢᠬᠤ ᠭᠡᠷᠡᠭᠳᠡᠢ ᠭᠡᠵᠡᠢ᠃ | ᠪᠦᠬᠡᠪᠠᠶᠠᠷ 4 ᠳᠠᠯ᠎ᠠ ᠠᠴᠠ ᠠᠮᠢᠳᠤᠯᠢᠭ ᠪᠦᠭᠡᠳ ᠬᠦᠨᠵᠡᠬᠡᠢ ᠨᠠᠮ ᠤᠨ ᠬᠢᠴᠢᠶᠡᠯ ᠤᠷᠤᠵᠦ᠂ ᠳᠠᠷᠤᠢ | ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠳᠡᠤᠭᠡ ᠶᠢᠨ ᠳᠤᠬᠠᠢ ᠴᠢᠬᠤᠯᠠ ᠦᠬᠦᠯᠡᠯᠳᠡ ᠶᠢ ᠬᠦᠨᠵᠡᠭᠡᠢ | ᠤᠶᠢᠯᠠᠭᠠᠵᠦ᠂ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠦᠵᠢᠯ ᠤᠨ ᠴᠢᠬᠤᠯᠠ ᠠᠴᠢ ᠬᠤᠯᠪᠤᠭᠳᠠᠯ ᠢ ᠬᠦᠢᠴᠡᠳ | ᠳᠠᠨᠢᠨ᠎ᠠ︔ ᠨᠠᠮ ᠤᠨ ᠳᠡᠤᠭᠡ ᠶᠢᠨ ᠰᠠᠭᠤᠷᠢ ᠪᠦᠳᠦᠭᠡᠯ ᠤᠳ ᠢ ᠨᠠᠷᠢᠨ ᠬᠢᠨᠠᠮᠠᠭᠠᠢ ᠰᠤᠳᠤᠯᠤᠨ ᠤᠩᠰᠢᠵᠦ᠂ ᠳᠤᠮᠳᠠᠳᠦ | ᠤᠯᠤᠰ ᠤᠨ ᠡᠪ ᠬᠠᠮᠳᠦ ᠨᠠᠮ ᠤᠨ ᠵᠠᠭᠤᠨ ᠵᠢᠯ ᠤᠨ ᠭᠡᠷᠡᠯ ᠰᠠᠴᠤᠠᠩᠭᠤᠢ ᠳᠡᠮᠡᠴᠡᠯ ᠤᠨ ᠦᠩᠭᠡᠷᠡᠯᠳᠡ ᠪᠤᠯᠤᠨ | ᠳᠡᠤᠭᠡᠳᠦ ᠴᠢᠨᠠᠷᠳᠠᠢ ᠬᠤᠪᠢ ᠨᠡᠮᠡᠷᠢ ᠶᠢ ᠪᠦᠬᠦ ᠳᠠᠯ᠎ᠠ ᠪᠠᠷ ᠤᠶᠢᠯᠠᠭᠠᠨ᠎ᠠ︔ ᠨᠠᠮ ᠤᠨ ᠳᠡᠤᠬᠡ ᠶᠢᠨ ᠰᠤᠷᠤᠯᠴᠠᠯᠭ᠎ᠠ | ᠬᠦᠮᠦᠵᠢᠯ ᠤᠨ ᠭᠤᠤᠯᠳᠠᠯᠭ᠎ᠠ ᠶᠢ ᠬᠦᠨᠵᠡᠬᠡᠢ ᠡᠵᠡᠮᠳᠡᠨ᠎ᠡ︔ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠦᠵᠢᠯ | ᠦᠷᠨᠢᠬᠦᠯᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠶᠢᠯᠠᠭᠠᠵᠦ ᠨᠡᠪᠲᠡᠷᠡᠳᠡᠯ᠎ᠡ ᠡᠵᠡᠮᠰᠢᠵᠦ ᠪᠤᠳᠠᠳᠠᠢ ᠳᠤ | ᠨᠠᠶᠢᠳᠠᠪᠦᠷᠢᠵᠢᠭᠤᠯᠵᠦ᠂ ︽ᠲᠦᠷᠪᠡᠨ ᠤᠬᠠᠮᠰᠠᠷ︾ ᠢ ᠨᠡᠮᠡᠭᠳᠡᠬᠦᠯᠦᠨ᠂ ︽ᠲᠦᠷᠪᠡᠨ ᠢᠳᠡᠭᠡᠯ︾ ᠢ ᠪᠠᠬᠢᠵᠢᠬᠦᠯᠵᠦ᠂ | ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠵᠡᠷᠭᠡ ᠲᠦᠷᠪᠡᠨ ᠳᠠᠯ᠎ᠠ ᠠᠴᠠ ᠬᠢᠴᠢᠶᠡᠯ ᠤᠷᠤᠵᠠᠢ᠃ | | | | | ᠪᠦᠬᠡᠪᠠᠶᠠᠷ᠂ ᠳᠤᠮᠳᠠᠳᠦ ᠤᠯᠤᠰ ᠤᠨ ᠡᠪ ᠬᠠᠮᠳᠦ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠴᠢᠬᠤᠯᠠ | ᠶᠡᠭᠡ ᠴᠠᠭ ᠮᠦᠴᠡ ᠪᠠ ︽ᠬᠤᠶᠠᠷ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢᠨ ᠳᠡᠤᠭᠡ ᠶᠢᠨ ᠠᠭᠤᠯᠵᠠᠷ ᠤᠨ | ᠵᠠᠩᠬᠢᠯᠠᠭ᠎ᠠ ᠶᠢᠨ ᠭᠤᠭᠴᠤᠭ᠎ᠠ ᠳᠤ᠂ ᠰᠤᠷᠤᠯᠴᠠᠯᠭ᠎ᠠ ᠬᠦᠮᠦᠵᠢᠯ ᠢᠶᠠᠷ ᠳᠠᠮᠵᠢᠨ ᠦᠵᠡᠯ ᠰᠠᠨᠠᠭ᠎ᠠ ᠶᠢᠨ ᠠᠤᠭ᠎ᠠ | ᠬᠦᠴᠦᠨ ᠢ ᠤᠯᠠᠮ ᠴᠢᠨᠠᠭᠰᠢᠳᠠ ᠰᠡᠭᠡᠭᠡᠷᠡᠬᠦᠯᠵᠦ᠂ ᠨᠠᠮ ᠤᠨ ᠰᠢᠨ᠎ᠡ ᠡᠭᠦᠳᠦᠯᠳᠡ ᠶᠢᠨ ᠤᠨᠤᠯ ᠢᠶᠠᠷ ᠳᠠᠷᠢᠬᠢ | ᠳᠤᠯᠤᠭᠠᠢ ᠪᠠᠨ ᠵᠡᠪᠰᠡᠭᠯᠡᠬᠦ ᠤᠯᠤᠰ ᠲᠦᠷᠦ ᠶᠢᠨ ᠤᠬᠠᠮᠰᠠᠷ ᠢ ᠴᠢᠩᠭᠠᠳᠬᠠᠨ᠂ ᠳᠡᠤᠬᠡ ᠶᠢᠨ ᠬᠦᠭᠵᠢᠯᠳᠡ ᠶᠢᠨ ᠶᠤᠰᠤ | ᠪᠤᠯᠤᠨ ᠶᠡᠭᠡ ᠬᠠᠨᠳᠤᠰᠢ ᠶᠢ ᠤᠯᠠᠮ ᠴᠢᠨᠠᠭᠰᠢᠳᠠ ᠡᠵᠡᠮᠰᠢᠵᠦ᠂ ᠨᠠᠮ ᠪᠤᠯᠤᠨ ᠲᠦᠷᠦ ᠶᠢᠨ ᠦᠢᠯᠡᠰ ᠤᠨ ᠳᠡᠤᠭᠡ ᠶᠢᠨ | ᠰᠠᠨᠠᠭᠠᠴᠢᠯᠠᠭᠠᠳᠦ ᠴᠢᠨᠠᠷ ᠢ ᠨᠡᠶᠢᠳᠡᠮ ᠡᠵᠡᠮᠳᠡᠨ᠎ᠡ︔ ᠨᠠᠮ ᠤᠨ ᠰᠢᠨᠵᠢ ᠴᠢᠨᠠᠷ ᠪᠠ ᠵᠤᠷᠢᠯᠳᠠ ᠶᠢᠨ ᠳᠤᠬᠠᠢ ᠳᠠᠨᠢᠯᠳᠠ | ᠪᠠᠨ ᠤᠯᠠᠮ ᠴᠢᠨᠠᠭᠰᠢᠳᠠ ᠬᠦᠨᠵᠡᠭᠡᠶᠢᠷᠡᠬᠦᠯᠦᠨ᠂ ᠮᠠᠷᠺᠰ ᠤᠨ ᠦᠵᠡᠯ ᠤᠨ ᠲᠦᠷᠦ ᠶᠢᠨ ᠨᠠᠮ ᠤᠨ ᠢᠯᠡ ᠳᠤᠳᠤ ᠤᠭ | ᠴᠢᠨᠠᠷ ᠢ ᠢᠮᠠᠭᠳᠠ ᠪᠠᠳᠤᠯᠠᠨ᠎ᠠ︔ ᠨᠠᠮ ᠤᠨ ᠳᠡᠤᠭᠡ ᠶᠢᠨ ᠳᠤᠷᠰᠢᠯᠭ᠎ᠠ ᠶᠢ ᠤᠯᠠᠮ ᠴᠢᠨᠠᠭᠰᠢᠳᠠ ᠳ᠋ᠦᠩᠨᠡᠵᠦ᠂ ᠠᠶᠤᠯ | ᠲᠦᠭᠰᠢᠬᠦᠷᠢ ᠶᠢᠨ ᠦᠷᠢᠰᠦᠯᠳᠦᠭᠡᠨ ᠢ ᠠᠷᠭᠠᠴᠠᠬᠤ ᠴᠢᠳᠠᠪᠦᠷᠢ ᠶᠢᠨ ᠬᠢᠷᠢ ᠲᠦᠪᠰᠢᠨ ᠢ ᠳᠠᠰᠤᠷᠠᠯᠳᠠ ᠦᠬᠡᠢ | ᠳᠡᠭᠡᠭᠰᠢᠯᠡᠬᠦᠯᠦᠨ᠎ᠡ︔ ᠬᠤᠪᠢᠰᠬᠠᠯ ᠤᠨ ᠵᠤᠷᠢᠭ ᠰᠠᠨᠠᠭ᠎ᠠ ᠶᠢ ᠤᠯᠠᠮ ᠴᠢᠨᠠᠭᠰᠢᠳᠠ ᠪᠠᠳᠠᠷᠠᠭᠤᠯᠵᠦ᠂ ᠰᠢᠷᠭᠠᠭᠤ | ᠬᠠᠳᠠᠭᠤᠵᠢᠯᠳᠠᠢ ᠳᠡᠮᠡᠴᠡᠬᠦ ᠵᠤᠷᠢᠭ ᠰᠠᠨᠠᠭ᠎ᠠ ᠶᠢ ᠢᠮᠠᠭᠳᠠ ᠪᠠᠳᠤᠯᠠᠨ᠎ᠠ︔ ᠨᠠᠮ ᠤᠨ ᠪᠦᠯᠬᠦᠮᠳᠡᠯ ᠪᠤᠯᠤᠨ ᠨᠢᠭᠡᠳᠦᠯᠳᠡᠢ | ᠪᠠᠶᠢᠬᠤ ᠶᠢ ᠤᠯᠠᠮ ᠴᠢᠨᠠᠭᠰᠢᠳᠠ ᠴᠢᠩᠭᠠᠳᠬᠠᠵᠦ᠂ ᠠᠯᠬᠤᠭ᠎ᠠ ᠪᠠᠨ ᠨᠢᠭᠡᠳᠦᠯᠳᠡᠢ ᠪᠠᠶᠢᠯᠭᠠᠨ ᠤᠷᠤᠭᠰᠢᠯᠠᠨ ᠳᠠᠪᠰᠢᠬᠤ | ᠶᠢ ᠪᠠᠳᠤᠯᠠᠬᠤ ᠭᠡᠷᠡᠭᠳᠡᠢ ᠭᠡᠵᠡᠢ᠃ | ᠪᠦᠬᠡᠪᠠᠶᠠᠷ ᠪᠠᠰᠠ ᠴᠢᠬᠤᠯᠠᠴᠢᠯᠠᠬᠤ ᠳᠠᠭᠠᠨ᠂ ᠰᠤᠷᠤᠯᠴᠠᠬᠤ ᠪᠤᠳᠤᠯᠬᠢᠯᠠᠬᠤ ᠪᠠ ᠭᠡᠷᠡᠭᠯᠡᠬᠦ ᠶᠢ | ᠤᠶᠠᠯᠳᠤᠭᠤᠯᠬᠤ᠂ ᠮᠡᠳᠡᠬᠦ ᠢᠳᠡᠭᠡᠬᠦ ᠪᠠ ᠭᠡᠷᠡᠭᠵᠢᠬᠦᠯᠬᠦ ᠶᠢ ᠨᠢᠭᠡᠳᠦᠯᠳᠡᠢ ᠪᠠᠶᠢᠯᠭᠠᠬᠤ ᠶᠢ ᠪᠠᠷᠢᠮᠳᠠᠯᠠᠨ᠂ ᠰᠤᠷᠤᠯᠴᠠᠨ | ᠤᠶᠢᠯᠠᠭᠠᠬᠤ ᠳᠡᠭᠡᠷ᠎ᠡ ᠬᠦᠴᠦ ᠪᠠᠨ ᠳᠠᠯᠪᠢᠵᠦ᠂ ᠶᠤᠰᠤ ᠤᠴᠢᠷ ᠢ ᠨᠢ ᠳᠤᠭᠤᠷᠠᠳᠠᠯᠠ ᠤᠶᠢᠯᠠᠭᠠᠬᠤ ᠭᠡᠷᠡᠭᠳᠡᠢ︔ | ᠨᠡᠪᠲᠡᠷᠡᠳᠡᠯ᠎ᠡ ᠤᠶᠢᠯᠠᠭᠠᠬᠤ ᠳᠡᠭᠡᠷ᠎ᠡ ᠬᠦᠴᠦ ᠪᠠᠨ ᠳᠠᠯᠪᠢᠵᠦ᠂ ᠤᠯᠤᠰ ᠲᠦᠷᠦ ᠶᠢᠨ ᠮᠠᠭᠠᠳᠯᠠᠬᠤ ᠬᠦᠴᠦ᠂ ᠤᠯᠤᠰ | ᠲᠦᠷᠦ ᠶᠢᠨ ᠤᠶᠢᠯᠠᠭᠠᠬᠤ ᠬᠦᠴᠦ᠂ ᠤᠯᠤᠰ ᠲᠦᠷᠦ ᠶᠢᠨ ᠭᠡᠷᠡᠭᠵᠢᠬᠦᠯᠬᠦ ᠬᠦᠴᠦ ᠶᠢ ᠳᠠᠰᠤᠷᠠᠯᠳᠠ ᠦᠬᠡᠢ | ᠳᠡᠭᠡᠭᠰᠢᠯᠡᠬᠦᠯᠦᠨ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠪᠠᠨ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠳᠡᠢ ᠪᠠᠶᠢᠯᠭᠠᠵᠦ᠂ ᠳᠤᠮᠳᠠᠳᠦ | ᠶᠢᠨ ᠦᠨᠳᠦᠰᠦᠳᠡᠨ ᠤ ᠬᠠᠮᠳᠦ ᠶᠢᠨ ᠴᠤᠭᠴᠠ ᠶᠢᠨ ᠤᠬᠠᠮᠰᠠᠷ ᠢ ᠪᠠᠳᠦ ᠴᠢᠩᠭ᠎ᠠ ᠴᠤᠭᠴᠠᠯᠠᠵᠦ᠂ ᠳᠤᠮᠳᠠᠳᠦ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠠᠤᠭ᠎ᠠ ᠰᠦᠷᠯᠢᠭ ᠬᠦᠴᠦᠨ ᠢ | ᠨᠢᠠᠠᠳᠠᠷᠠᠭᠤᠯᠬᠤ ᠭᠡᠷᠡᠭᠳᠡᠢ︔ ᠪᠤᠳᠠᠳᠠᠶᠢᠵᠢᠭᠤᠯᠬᠤ ᠳᠡᠭᠡᠷ᠎ᠡ ᠬᠦᠴᠦ ᠪᠠᠨ ᠳᠠᠯᠪᠢᠵᠦ᠂ ︽ᠪᠢ ᠤᠯᠠᠨ ᠲᠦᠮᠡᠨ ᠳᠤ | ᠪᠤᠳᠠᠳᠦ ᠶᠠᠪᠤᠳᠠᠯ ᠬᠢᠵᠦ ᠦᠭᠬᠦ︾ ᠦᠢᠯᠡᠳᠦᠯᠭᠡ ᠶᠢᠨ ᠠᠵᠢᠯᠯᠠᠭ᠎ᠠ ᠶᠢ ᠰᠠᠶᠢᠳᠦᠷ ᠦᠷᠨᠢᠬᠦᠯᠵᠦ᠂ ᠦᠨᠳᠦᠰᠦᠨ ᠱᠠᠳᠤᠨ | ᠤ ᠬᠦᠴᠢᠷ ᠶᠠᠪᠤᠳᠠᠯ᠂ ᠤᠯᠠᠨ ᠲᠦᠮᠡᠨ ᠤ ᠰᠠᠨᠠᠭᠠᠷᠠᠰᠢᠷᠠᠵᠦ ᠪᠠᠶᠢᠭ᠎ᠠ ᠶᠠᠪᠤᠳᠠᠯ ᠤᠳ ᠢ ᠦᠨᠡᠨᠬᠦ ᠰᠢᠢᠳᠪᠦᠷᠢᠯᠡᠨ | ᠦᠭᠴᠦ᠂ ᠠᠷᠠᠳ ᠤᠨ ᠠᠮᠢᠳᠤᠷᠠᠯ ᠤᠨ ᠠᠰᠠᠭᠤᠳᠠᠯ ᠢ ᠰᠢᠢᠳᠪᠦᠷᠢᠯᠡᠬᠦ ᠳᠤᠭᠳᠠᠴᠠ ᠪᠠᠶᠢᠭᠤᠯᠤᠮᠵᠢ ᠶᠢ | ᠳᠡᠬᠦᠯᠳᠡᠷᠵᠢᠬᠦᠯᠦᠨ᠂ ᠤᠯᠠᠨ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ ᠪᠤᠯᠤᠨ ᠠᠮᠦᠷ | ᠲᠦᠪᠰᠢᠨ ᠤ ᠲᠦᠷᠦᠭᠳᠡᠯ ᠢ ᠨᠡᠮᠡᠭᠳᠡᠬᠦᠯᠬᠦ ᠭᠡᠷᠡᠭᠳᠡᠢ ᠭᠡᠵᠡᠢ᠃ |