ᠭᠠᠳᠠᠨ᠎ᠠ ᠠᠴᠠ ᠡᠭᠦᠯᠳᠡᠷ ᠤᠨ ᠬᠤᠴᠠ ᠣᠷᠣᠭᠤᠯᠬᠤ ᠳᠤ ᠶᠠᠭᠤ ᠶᠢ ᠠᠩᠬᠠᠷᠬᠤ ᠬᠡᠷᠡᠭᠲᠡᠶ ᠪᠣᠶ︖
ᠨᠡᠶᠢᠲᠡᠯᠡᠭᠰᠡᠨ ᠴᠠᠭ᠄
2021/4/13
       ᠨᠢᠭᠡ᠂ ᠠᠮᠢ ᠠᠬᠤᠢ ᠶᠢᠨ ᠣᠷᠴᠢᠨ ᠲᠣᠭᠤᠷᠢᠨ᠄ ᠡᠭᠦᠯᠳᠡᠷ ᠤᠨ ᠬᠤᠴᠠ ᠶᠢ ᠣᠷᠣᠭᠤᠯᠤᠨ ᠠᠪᠴᠢᠷᠠᠬᠤ ᠣᠷᠣᠨ ᠪᠤᠯᠤᠨ ᠤᠭ ᠭᠠᠷᠤᠯᠲᠠ ᠶᠢᠨ ᠣᠷᠣᠨ ᠤ ᠠᠭᠤᠷ ᠠᠮᠢᠰᠬᠤᠯ ᠤᠨ ᠪᠠᠶᠢᠳᠠᠯ᠂ ᠲᠡᠵᠢᠭᠡᠯ ᠡᠪᠡᠰᠦ ᠪᠣᠷᠳᠣᠭᠠᠨ ᠤ ᠡᠬᠢ ᠪᠠᠶᠠᠯᠢᠭ ᠨᠢ ᠦᠨᠳᠦᠰᠦᠨ ᠳᠡᠭᠡᠨ ᠠᠳᠠᠯᠢᠪᠲᠤᠷ ᠪᠠᠶᠢᠬᠤ ᠬᠡᠷᠡᠭᠲᠡᠶ᠃        ᠬᠤᠶᠠᠷ᠂ ᠡᠭᠦᠯᠳᠡᠷ ᠣᠷᠣᠭᠤᠯᠬᠤ ᠤᠯᠠᠷᠢᠯ᠄ ᠶᠡᠷᠦ ᠳᠡᠭᠡᠨ ᠬᠠᠪᠤᠷ ᠤᠨ ᠤᠯᠠᠷᠢᠯ ᠪᠤᠶᠤ ᠨᠠᠮᠤᠷ ᠤᠨ ᠤᠯᠠᠷᠢᠯ ᠳᠤ ᠣᠷᠤᠭᠤᠯᠳᠠᠭ᠂ ᠡᠨᠡ ᠬᠤᠶᠠᠷ ᠤᠯᠠᠷᠢᠯ ᠳᠤ ᠠᠭᠤᠷ ᠠᠮᠢᠰᠬᠤᠯ ᠳᠤᠯᠠᠭᠠᠨ᠂ ᠲᠤᠨᠳᠠᠰᠤᠨ ᠤ ᠬᠡᠮᠵᠢᠶ᠎ᠡ ᠬᠠᠷᠢᠴᠠᠩᠭᠤᠶ ᠪᠠᠭ᠎ᠠ᠂ ᠭᠠᠵᠠᠷ ᠤᠨ ᠭᠠᠳᠠᠷᠭᠤ ᠭᠠᠩ ᠬᠠᠭᠤᠷᠠᠶ᠂ ᠡᠪᠡᠰᠦ ᠪᠣᠷᠳᠤᠭ᠎ᠠ ᠡᠯᠪᠡᠭ ᠪᠣᠯᠬᠤᠷ ᠡᠭᠦᠯᠳᠡᠷ ᠣᠷᠣᠭᠤᠯᠬᠤ ᠳᠤ ᠬᠠᠮᠤᠭ ᠲᠣᠬᠢᠷᠠᠮᠵᠢᠲᠠᠶ᠃        ᠭᠤᠷᠪᠠ᠂ ᠬᠤᠴᠠ ᠶᠢᠨ ᠰᠣᠩᠭᠤᠯᠲᠠ᠄ ᠣᠷᠣᠭᠤᠯᠤᠨ ᠠᠪᠴᠢᠷᠠᠭᠰᠠᠨ ᠬᠤᠴᠠ ᠶᠢᠨ ᠤᠳᠤᠮ ᠤᠨ ᠴᠠᠳᠢᠭ ᠤᠨ ᠪᠦᠷᠢᠨ ᠪᠦᠲᠦᠨ ᠡᠰᠡᠬᠦ᠂ ᠭᠠᠳᠠᠷ ᠳᠦᠷᠰᠦ ᠶᠢᠨ ᠣᠨᠴᠠᠯᠢᠭ ᠨᠢ ᠲᠤᠰ ᠡᠭᠦᠯᠳᠡᠷ ᠤᠨ ᠱᠠᠭᠠᠷᠳᠠᠯᠭ᠎ᠠ ᠳᠤ ᠨᠡᠶᠢᠴᠡᠭᠰᠡᠨ ᠪᠠᠶᠢᠬᠤ ᠡᠰᠡᠬᠦ᠃ ᠬᠡᠭᠡᠯ ᠲᠠᠢ ᠣᠷᠣᠭᠤᠯᠤᠨ ᠠᠪᠴᠢᠷᠠᠬᠤ ᠳᠠᠭᠠᠨ ᠬᠡᠭᠡᠯ ᠤᠨ ᠬᠤᠭᠤᠴᠠᠭ᠎ᠠ ᠨᠢ 2 ᠰᠠᠷ᠎ᠠ ᠠᠴᠠ ᠬᠡᠲᠦᠷᠡᠵᠦ ᠪᠣᠯᠬᠤ ᠦᠭᠡᠢ᠃ ᠬᠤᠴᠠ ᠶᠢᠨ ᠦᠷᠡᠵᠢᠯ ᠤᠨ ᠡᠷᠬᠡᠲᠡᠨ ᠤ ᠪᠤᠶᠢᠵᠢᠯᠲᠠ ᠶᠢᠨ ᠪᠠᠶᠢᠳᠠᠯ ᠪᠠ ᠦᠷ᠎ᠡ ᠶᠢᠨ ᠰᠢᠩᠭᠡᠨ ᠤ ᠴᠢᠨᠠᠷ ᠢ ᠡᠷᠬᠡᠪᠰᠢ ᠪᠠᠶᠢᠴᠠᠭᠠᠬᠤ ᠬᠡᠷᠡᠭᠲᠡᠶ᠃        ᠳᠥᠷᠪᠡ᠂ ᠬᠤᠨᠢᠨ ᠰᠦᠷᠦᠭ ᠤᠨ ᠪᠦᠲᠦᠴᠡ᠄ ᠡᠩ ᠤᠨ ᠪᠠᠶᠢᠳᠠᠯ ᠳᠤ ᠡᠭᠦᠯᠳᠡᠷ ᠤᠨ ᠬᠤᠴᠠ ᠣᠷᠣᠭᠤᠯᠬᠤ ᠳᠤ ᠬᠢᠵᠠᠭᠠᠯᠠᠩ ᠰᠣᠶᠣᠭᠠᠯᠠᠩ ᠢᠶᠠᠷ ᠭᠤᠤᠯ ᠪᠣᠯᠭᠠᠵᠤ᠂ ᠬᠤᠴᠠ ᠪᠠ ᠡᠮ᠎ᠡ ᠬᠤᠨᠢᠨ ᠤ ᠬᠠᠷᠢᠴᠠᠯ ᠨᠢ 1 : 20 ~ 1 : 30 ᠪᠣᠯᠤᠨ᠎ᠠ᠃        ᠲᠠᠪᠤ᠂ ᠬᠢᠵᠢᠭ ᠤᠨ ᠪᠠᠶᠢᠳᠠᠯ᠄ ᠬᠢᠵᠢᠭ ᠳᠡᠯᠭᠡᠷᠡᠭᠰᠡᠨ ᠣᠷᠤᠨ ᠠᠴᠠ ᠡᠭᠦᠯᠳᠡᠷ ᠤᠨ ᠬᠤᠴᠠ ᠤᠷᠤᠭᠤᠯᠬᠤ ᠶᠢ ᠡᠷᠡᠰ ᠬᠢᠵᠠᠭᠠᠷᠯᠠᠵᠤ᠂ ᠬᠢᠵᠢᠭ ᠪᠠᠶᠢᠴᠠᠭᠠᠬᠤ ᠶᠢ ᠴᠢᠩᠭᠠᠳᠬᠠᠬᠤ ᠶᠢᠨ ᠬᠠᠮᠲᠤ ︽ᠭᠤᠷᠪᠠᠨ ᠦᠨᠡᠮᠯᠡᠯ︾ ︵ᠠᠬᠤᠢ ᠲᠠᠯᠠᠪᠠᠢ ᠳᠠᠬᠢ ᠬᠢᠵᠢᠭ ᠪᠠᠶᠢᠴᠠᠭᠠᠭᠰᠠᠨ ᠦᠨᠡᠮᠯᠡᠯ᠂ ᠵᠦᠭᠡᠭᠡᠪᠦᠷᠢ ᠶᠢᠨ ᠬᠢᠵᠢᠭ ᠪᠠᠶᠢᠴᠠᠭᠠᠭᠰᠠᠨ ᠦᠨᠡᠮᠯᠡᠯ ᠪᠣᠯᠤᠨ ᠵᠦᠭᠡᠭᠡᠪᠦᠷᠢ ᠶᠢᠨ ᠪᠠᠭᠠᠵᠢ ᠬᠡᠷᠡᠭᠰᠡᠯ ᠤᠨ ᠠᠷᠢᠭᠤᠳᠬᠠᠭᠰᠠᠨ ᠦᠨᠡᠮᠯᠡᠯ︶ ᠪᠦᠷᠢᠨ ᠭᠦᠶ᠋ᠴᠡᠳ ᠪᠠᠶᠢᠬᠤ ᠬᠡᠷᠡᠭᠲᠡᠶ᠃        ᠵᠢᠷᠭᠤᠭ᠎ᠠ᠂ ᠲᠤᠰᠠᠭᠠᠷᠯᠠᠬᠤ ᠬᠤᠭᠤᠴᠠᠭᠠᠨ ᠤ ᠬᠠᠮᠢᠶᠠᠷᠤᠯᠲᠠ᠄ 45 ᠡᠳᠦᠷ ᠲᠤᠰᠠᠭᠠᠷᠯᠠᠨ ᠲᠡᠵᠢᠭᠡᠵᠦ᠂ ᠬᠠᠯᠳᠠᠪᠤᠷᠢᠲᠤ ᠡᠪᠡᠳᠴᠢᠨ ᠪᠠᠶᠢᠬᠤ ᠥᠬᠡᠶ ᠶᠢ ᠦᠨᠡᠨᠬᠦ ᠪᠠᠲᠤᠯᠠᠭᠰᠠᠨ ᠤ ᠳᠠᠷᠠᠭ᠎ᠠ ᠰᠠᠶ᠋ᠢ ᠰᠦᠷᠦᠭ ᠨᠡᠶᠢᠯᠡᠭᠦᠯᠦᠨ᠎ᠡ᠃        ᠳᠣᠯᠤᠭ᠎ᠠ᠂ ᠵᠦᠭᠡᠭᠡᠪᠦᠷᠢᠯᠡᠬᠦ᠄ ᠵᠦᠭᠡᠭᠡᠪᠦᠷᠢᠯᠡᠬᠦ ᠵᠠᠶ ᠶᠢᠨ ᠬᠤᠯᠠ ᠤᠶᠢᠷ᠎ᠠ ᠶᠢ ᠦᠨᠳᠦᠰᠦᠯᠡᠨ ᠡᠪᠡᠰᠦ ᠪᠣᠷᠳᠤᠭ᠎ᠠ ᠵᠢᠴᠢ ᠤᠰᠤ ᠤᠮᠳᠠ ᠶᠢ ᠭᠦᠶ᠋ᠴᠡᠳ ᠪᠡᠯᠡᠳᠬᠡᠵᠦ᠂ ᠬᠤᠯᠠ ᠵᠠᠮ ᠤᠨ ᠵᠦᠭᠡᠭᠡᠪᠦᠷᠢ ᠶᠢᠨ ᠶᠠᠪᠤᠴᠠ ᠳᠤ ᠲᠤᠭᠳᠠᠭᠰᠠᠨ ᠬᠤᠭᠤᠴᠠᠭ᠎ᠠ ᠲᠠᠢ ᠬᠤᠨᠢ ᠶᠢ ᠤᠰᠤ ᠪᠠ ᠴᠢᠨᠠᠷ ᠰᠠᠶᠢᠲᠠᠶ ᠬᠠᠭᠤᠷᠠᠶ ᠡᠪᠡᠰᠦ᠂ ᠨᠣᠭᠤᠭᠠᠨ ᠰᠢᠭᠦᠰᠦᠯᠢᠭ ᠪᠣᠷᠳᠤᠭ᠎ᠠ ᠲᠡᠵᠢᠭᠡᠵᠦ᠂ ᠨᠠᠷᠢᠯᠢᠭ ᠪᠣᠷᠳᠤᠭ᠎ᠠ ᠶᠢ ᠳᠤᠲᠠᠭᠤ ᠥᠭᠭᠦᠨ᠎ᠡ᠃
 
ᠢᠷᠡᠯᠲᠡ᠄ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠣᠰᠬᠤᠨ ᠮᠠᠯᠵᠢᠬᠤ ᠣᠷᠣᠨ ᠤ ᠲᠢᠩᠭᠢᠮ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号