ᠪᠦᠬᠡᠪᠠᠶᠠᠷ ᠬᠥᠯᠥᠨ ᠪᠠᠯᠭᠠᠰᠤ᠂ ᠲᠡᠯᠡᠶ ᠰᠣᠮᠣᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠄ ᠴᠢᠨᠠᠷ ᠰᠠᠶᠢᠲᠠᠶ ᠬᠦᠭᠵᠢᠭᠦᠯᠬᠦ ᠭᠡᠬᠦ ᠡᠨᠡ ᠬᠦ ᠭᠤᠤᠯ ᠰᠡᠳᠦᠪ ᠤᠨ ᠲᠣᠭᠤᠷᠢᠨ ᠳᠤ ᠬᠠᠷᠠᠯᠲᠠ ᠪᠠᠨ ᠲᠣᠭᠲᠠᠭᠠᠵᠤ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/4/14
       4 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠦᠬᠡᠪᠠᠶᠠᠷ ᠬᠥᠯᠥᠨ ᠪᠠᠯᠭᠠᠰᠤ᠂ ᠲᠡᠯᠡᠶ ᠰᠣᠮᠣᠨ ᠳᠤ ᠭᠦᠨᠵᠡᠭᠡᠶᠢᠷᠡᠵᠦ᠂ ᠦᠨᠳᠦᠰᠦᠨ ᠱᠠᠲᠤᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠪᠠ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ ᠳᠤᠮᠳᠠ ᠣᠷᠣᠰᠢᠵᠤ ᠪᠠᠶᠢᠭ᠎ᠠ ᠬᠦᠴᠢᠷ ᠠᠰᠠᠭᠤᠳᠠᠯ ᠢ ᠣᠶᠢᠯᠠᠭᠠᠪᠠ᠃ ᠬᠤᠰᠢᠭᠤᠨ ᠤ ᠤᠳᠤᠷᠢᠳᠤᠯᠭ᠎ᠠ ᠴᠧᠨ ᠯᠦᠩ᠂ ᠳᠠᠯᠠᠶᠢᠪᠠᠲᠤ ᠪᠠᠷ᠎ᠠ ᠪᠣᠯᠪᠠ᠃
       ᠪᠦᠬᠡᠪᠠᠶᠠᠷ ᠬᠥᠯᠥᠨ ᠪᠠᠯᠭᠠᠰᠤ ᠶᠢᠨ ᠬᠦᠯᠦᠨᠨᠠᠭᠤᠷ ᠭᠠᠴᠠᠭ᠎ᠠ ᠶᠢᠨ ᠮᠠᠯᠴᠢᠨ ᠴᠠᠩ ᠱᠧᠩ᠂ ᠳᠠᠯᠠᠢ ᠰᠤᠮᠤ ᠶᠢᠨ ᠷᠠᠰᠢᠶᠠᠨᠪᠤᠯᠠᠭ ᠭᠠᠴᠠᠭ᠎ᠠ ᠶᠢᠨ ᠮᠠᠯᠴᠢᠨ ᠰᠠᠶᠢᠨᠴᠣᠯᠮᠣᠨ ᠤ ᠭᠡᠷ ᠲᠤ ᠬᠦᠷᠴᠦ᠂ ᠲᠥᠯ ᠲᠣᠰᠴᠤ ᠪᠤᠶᠢᠵᠢᠭᠤᠯᠬᠤ᠂ ᠬᠠᠰᠢᠶ᠎ᠠ ᠰᠠᠷᠠᠪᠴᠢ ᠶᠢᠨ ᠳᠤᠯᠠᠭᠠᠯᠠᠭ᠎ᠠ᠂ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠵᠡᠷᠭᠡ ᠪᠠᠶᠢᠳᠠᠯ ᠢ ᠨᠠᠷᠢᠯᠢᠭ ᠠᠰᠠᠭᠤᠨ ᠯᠠᠪᠯᠠᠵᠠᠢ᠃ ᠲᠥᠯ ᠮᠠᠯ ᠤᠨ ᠤᠨᠳᠤᠷᠤᠯᠲᠠ ᠶᠢᠨ ᠨᠤᠷᠮ᠎ᠠ ᠥᠨᠳᠥᠷ᠂ ᠮᠠᠯᠵᠢᠬᠤ ᠦᠢᠯᠡᠳᠪᠦᠷᠢᠯᠡᠯ ᠲᠣᠭᠲᠠᠭᠤᠨ ᠢᠶᠠᠷ ᠬᠥᠭᠵᠢᠵᠦ ᠪᠠᠶᠢᠬᠤ ᠶᠢ ᠰᠣᠨᠣᠰᠤᠭᠠᠳ ᠪᠦᠬᠡᠪᠠᠶᠠᠷ ᠲᠦᠢᠯ ᠢᠶᠠᠷ ᠪᠠᠶᠠᠷᠯᠠᠵᠤ᠂ ᠡᠯ᠎ᠡ ᠰᠤᠮᠤ ᠪᠠᠯᠭᠠᠰᠤᠨ ᠳᠤ ᠣᠳᠣᠬᠠᠨ ᠤ ᠬᠠᠪᠤᠷ ᠤᠨ ᠤᠯᠠᠷᠢᠯ ᠤᠨ ᠲᠥᠯ ᠲᠤᠰᠴᠦ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠶᠢ ᠠᠳᠬᠤᠵᠤ᠂ ᠬᠦᠴᠦᠲᠡᠢ ᠠᠷᠭ᠎ᠠ ᠬᠡᠮᠵᠢᠶ᠎ᠡ ᠠᠪᠴᠤ᠂ ᠡᠪᠡᠳᠴᠢᠨ ᠬᠢᠵᠢᠭ ᠢ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠷᠠᠭᠤᠯᠵᠤ᠂ ᠮᠡᠷᠭᠡᠵᠢᠯ ᠤᠨ ᠵᠢᠯᠤᠭᠤᠳᠤᠯᠭ᠎ᠠ ᠶᠢ ᠴᠢᠩᠭᠠᠳᠬᠠᠵᠤ᠂ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠯᠵᠢᠬᠤ ᠦᠢᠯᠡᠳᠪᠦᠷᠢᠯᠡᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ ᠭᠡᠵᠦ ᠵᠠᠬᠢᠪᠠ᠃
       ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠪᠦᠲᠦᠭᠡᠨ ᠪᠠᠶᠢᠭᠤᠯᠤᠯᠲᠠ᠂ ᠰᠤᠮᠤ ᠪᠠᠯᠭᠠᠰᠤ ᠶᠢᠨ ᠬᠤᠭᠤᠴᠠᠭ᠎ᠠ ᠰᠣᠯᠢᠬᠤ ᠰᠣᠩᠭᠤᠭᠤᠯᠢ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠨᠠᠷᠢᠯᠢᠭ ᠣᠶᠢᠯᠠᠭᠠᠭᠰᠠᠨ ᠤ ᠳᠠᠷᠠᠭ᠎ᠠ᠂ ᠪᠦᠬᠡᠪᠠᠶᠠᠷ ᠴᠢᠬᠤᠯᠠᠴᠢᠯᠠᠬᠤ ᠳᠠᠭᠠᠨ᠂ ᠦᠵᠡᠯ ᠰᠠᠨᠠᠭᠠᠨ ᠤ ᠲᠠᠨᠢᠯᠲᠠ ᠪᠠ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠡᠷᠡᠰ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ᠂ ᠰᠤᠷᠤᠯᠴᠠᠬᠤ ᠠᠭᠤᠯᠭ᠎ᠠ᠂ ᠠᠵᠢᠯ ᠤᠨ ᠲᠤᠬᠢᠷᠠᠭᠤᠯᠤᠯᠳᠠ ᠶᠢ ᠴᠢᠩᠭ᠎ᠠ ᠵᠢᠷᠤᠮᠯᠠᠨ᠂ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢ ᠨᠠᠷᠢᠨ ᠬᠢᠨᠠᠮᠠᠭᠠᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠠᠬᠢᠭᠤᠯᠬᠤ ᠬᠡᠷᠡᠭᠲᠡᠢ ᠭᠡᠵᠡᠢ᠃
       ᠪᠦᠬᠡᠪᠠᠶᠠᠷ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠨᠠᠷᠢᠨ ᠬᠢᠨᠠᠮᠠᠭᠠᠶ ᠰᠢᠢᠳᠪᠦᠷᠢᠯᠡᠬᠦ ᠪᠣᠯ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠬᠤ ᠪᠦᠲᠦᠮᠵᠢᠲᠡᠶ ᠠᠷᠭ᠎ᠠ ᠵᠠᠮ ᠮᠥᠨ᠂ ᠡᠯ᠎ᠡ ᠰᠤᠮᠤ ᠪᠠᠯᠭᠠᠰᠤ ᠶᠢᠨ ᠬᠢᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠦᠨᠳᠦᠰᠦᠨ ᠱᠠᠲᠤᠨ ᠤ ᠰᠠᠭᠤᠷᠢ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠡᠨᠡ ᠵᠢᠯ ᠢ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠣᠨ ᠪᠣᠯᠭᠠᠵᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠳᠤ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠷᠭᠦᠯᠵᠢᠯᠡᠨ ᠪᠠᠲᠤᠯᠠᠬᠤ ᠬᠡᠷᠡᠭᠲᠡᠢ᠃ ᠴᠢᠨᠠᠷ ᠰᠠᠶᠢᠲᠠᠢ ᠬᠦᠭᠵᠢᠭᠦᠯᠬᠦ ᠭᠡᠬᠦ ᠡᠨᠡᠬᠦ ᠭᠤᠣᠯ ᠰᠡᠳᠦᠪ ᠤᠨ ᠲᠣᠭᠤᠷᠢᠨ ᠳᠤ᠂ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠮᠠᠯᠵᠢᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠨ᠂ ᠪᠣᠳᠠᠲᠠᠢ ᠳᠤ ᠰᠠᠭᠤᠷᠢᠯᠠᠵᠤ᠂ ᠦᠢᠯᠡᠳᠪᠦᠷᠢᠯᠡᠯ ᠡᠵᠡᠩᠨᠡᠯᠲᠡ ᠶᠢᠨ ᠲᠦᠷᠢᠮ ᠤᠨ ᠰᠢᠨ᠎ᠡ ᠶᠢ ᠡᠭᠦᠳᠬᠦ ᠶᠢ ᠰᠦᠪᠡᠭᠴᠢᠯᠡᠵᠦ᠂ ᠰᠢᠨ᠎ᠡ ᠮᠡᠷᠭᠡᠵᠢᠯ ᠤᠨ ᠬᠡᠷᠡᠭᠯᠡᠯᠲᠡ᠂ ᠮᠡᠳᠡᠭᠡ ᠵᠠᠩᠭᠢᠵᠢᠯᠲᠠ ᠶᠢᠨ ᠣᠳᠣᠬᠢᠴᠢᠯᠠᠯᠲᠠ ᠶᠢᠨ ᠠᠷᠭ᠎ᠠ ᠪᠠᠷᠢᠯ ᠲᠠᠢ ᠨᠢᠭᠲᠠ ᠤᠶᠠᠯᠳᠤᠭᠤᠯᠵᠤ᠂ ᠠᠮᠢ ᠠᠬᠤᠢ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ ᠠᠮᠢ ᠠᠬᠤᠶᠢᠵᠢᠯᠲᠠ ᠶᠢ ᠲᠦᠷᠭᠡᠳᠬᠡᠬᠦ ᠬᠡᠷᠡᠭᠲᠡᠢ ᠭᠡᠵᠦ ᠱᠠᠭᠠᠷᠳᠠᠪᠠ᠃
       ᠪᠦᠬᠡᠪᠠᠶᠠᠷ ᠪᠠᠰᠠ ᠬᠠᠪᠤᠷ ᠤᠨ ᠤᠯᠠᠷᠢᠯ ᠤᠨ ᠭᠠᠯ ᠢ ᠰᠡᠷᠭᠡᠶᠢᠯᠡᠬᠦ᠂ ᠭᠤᠷᠪᠠᠨ ᠶᠠᠪᠤᠳᠠᠯ ᠢ ᠢᠯᠡ ᠪᠣᠯᠭᠠᠬᠤ᠂ ᠰᠤᠮᠤ ᠪᠠᠯᠭᠠᠰᠤ ᠶᠢᠨ ᠬᠤᠭᠤᠴᠠᠭ᠎ᠠ ᠰᠣᠯᠢᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠲᠤᠰᠬᠠᠢ ᠴᠡᠭᠴᠡᠯᠡᠨ ᠵᠠᠰᠠᠬᠤ ᠵᠡᠷᠭᠡ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠴᠠᠢ᠃                                          ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号