ᠡᠨᠡ ᠵᠢᠯ ᠤᠨ 4 ᠰᠠᠷ᠎ᠠ ᠪᠣᠯ 33 ᠳ᠋ᠤᠭᠠᠷ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ | ᠪᠣᠯᠤᠨ᠎ᠠ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠢᠯᠢᠳᠡᠭ ᠤᠯᠠᠮᠵᠢᠯᠠᠯ ᠢ ᠶᠡᠬᠡᠪᠡᠷ ᠪᠠᠳᠠᠷᠠᠭᠤᠯᠵᠤ᠂ | ᠣᠯᠠᠨ ᠲᠦᠮᠡᠨ ᠤ ᠡᠷᠡᠭᠦᠯ ᠮᠡᠨᠳᠦ ᠶᠢᠨ ᠬᠡᠪ ᠪᠣᠯᠪᠠᠰᠤᠷᠠᠯ ᠤᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ︽ | ᠪᠣᠯᠪᠠᠰᠤᠨ ᠡᠷᠡᠭᠦᠯ᠂ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ︾ ᠠᠮᠢᠳᠤᠷᠠᠯ ᠤᠨ ᠠᠷᠭ᠎ᠠ ᠮᠠᠶ᠋ᠢᠭ ᠢ | ᠪᠣᠶ ᠪᠣᠯᠭᠠᠬᠤ ᠶᠢ ᠳᠥᠯᠭᠢᠨ ᠠᠬᠢᠭᠤᠯᠵᠤ᠂ ᠬᠤᠲᠠ ᠪᠠᠯᠭᠠᠰᠤ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ | ᠳᠦᠷᠰᠦ ᠪᠠᠶᠢᠳᠠᠯ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠣᠯᠠᠨ ᠲᠦᠮᠡᠨ ᠤ ᠪᠣᠯᠪᠠᠰᠤᠨ ᠡᠷᠡᠭᠦᠯ ᠮᠡᠨᠳᠦ ᠶᠢᠨ | ᠬᠡᠪ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠳᠡᠯᠡᠬᠡᠶ ᠶᠢᠨ ᠡᠷᠡᠭᠦᠯ ᠬᠠᠮᠠᠭᠠᠯᠠᠯ ᠤᠨ ᠡᠳᠦᠷ ᠲᠠᠢ ᠤᠶᠠᠯᠳᠤᠭᠤᠯᠤᠨ᠂ | ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠠᠯᠪᠠᠨ ᠬᠡᠷ ᠠᠴᠠ ᠬᠤᠰᠢᠭᠤᠨ ᠤ ᠰᠢᠭᠤᠳ | ᠬᠠᠷᠢᠶ᠎ᠠ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠠᠯᠭᠠᠰᠤᠨ ᠲᠣᠭᠤᠷᠢᠭ ᠤᠨ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠢ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠦᠷᠨᠢᠭᠦᠯᠪᠡ᠃ ᠡᠯ᠎ᠡ ᠰᠠᠯᠠᠭ᠎ᠠ ᠮᠥᠴᠢᠷ ᠵᠠᠰᠠᠮᠠᠯ | ᠵᠠᠮ ᠤᠨ ᠭᠤᠤᠯ ᠵᠠᠮ᠂ ᠪᠠᠯᠭᠠᠰᠤ ᠶᠢᠨ ᠭᠠᠳᠠᠷ ᠴᠠᠭᠠᠷᠢᠭ ᠵᠠᠮ᠂ ᠵᠡᠭᠡᠯᠢ ᠠᠴᠠ ᠬᠤᠯᠠ ᠭᠤᠳᠤᠮᠵᠢ ᠶᠢ ᠴᠡᠪᠡᠷᠯᠡᠵᠦ᠂ | ᠬᠤᠷᠢᠶᠠᠨ ᠴᠤᠭᠯᠠᠭᠤᠯᠤᠭᠰᠠᠨ ᠬᠤᠪᠠᠨᠴᠠᠷ ᠬᠤᠭ ᠨᠣᠪᠰᠢ ᠶᠢ ︽ᠠᠮᠢᠳᠤᠷᠠᠯ ᠤᠨ ᠬᠤᠭ ᠨᠣᠪᠰᠢ ᠶᠢ ᠠᠭᠤᠷᠰᠢᠭᠤᠯᠤᠨ | ᠰᠢᠲᠠᠭᠠᠬᠤ ᠥᠷᠲᠡᠭᠡ︾ ᠳᠤ ᠬᠦᠷᠭᠡᠵᠦ ᠬᠤᠤᠷ ᠦᠭᠡᠶᠢᠵᠢᠭᠦᠯᠦᠨ ᠰᠢᠢᠳᠪᠦᠷᠢᠯᠡᠪᠡ᠃ | | | | ᠡᠯ᠎ᠡ ᠰᠠᠯᠠᠭ᠎ᠠ ᠮᠥᠴᠢᠷ ᠤᠨ ᠨᠠᠮ ᠤᠨ ᠭᠡᠰᠢᠭᠦᠨ ᠺᠠᠳ᠋ᠷ ᠠᠵᠢᠯᠲᠠᠳ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠪᠦᠯᠬᠦᠮᠳᠡᠨ ᠨᠢᠭᠡᠳᠴᠦ᠂ ᠪᠤᠵᠠᠷ ᠪᠤᠷᠲᠠᠭ ᠠᠴᠠ ᠠᠶᠤᠬᠤ ᠦᠭᠡᠶ᠂ ᠬᠦᠴᠢᠷ ᠠᠴᠠ ᠠᠶᠤᠬᠤ | ᠦᠭᠡᠶ᠂ ᠶᠠᠳᠠᠷᠠᠬᠤ ᠠᠴᠠ ᠠᠶᠤᠬᠤ ᠦᠭᠡᠶ ᠠᠷᠢᠯᠭᠠᠨ ᠴᠡᠪᠡᠷᠯᠡᠬᠦ ᠠᠵᠢᠯᠯᠠᠭ᠎ᠠ ᠳᠤ ᠣᠷᠣᠯᠴᠠᠪᠠ᠃ ᠲᠣᠰ ᠤᠳᠠᠭᠠᠨ ᠤ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠭᠡ ᠪᠠᠷ ᠴᠡᠭᠴᠡᠯᠡᠨ ᠵᠠᠰᠠᠬᠤ ᠠᠵᠢᠯᠯᠠᠭ᠎ᠠ ᠪᠠᠷ ᠳᠡᠮᠵᠢᠨ᠂ ᠪᠠᠯᠭᠠᠰᠤ | ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠤᠯᠠᠮ ᠰᠠᠶᠢᠵᠢᠷᠠᠵᠤ᠂ ᠣᠯᠠᠨ ᠲᠦᠮᠡᠨ ᠤ | ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠤᠬᠠᠮᠰᠠᠷ ᠢ ᠳᠠᠶᠢᠴᠢᠯᠠᠭᠰᠠᠨ ᠪᠠᠶᠢᠨ᠎ᠠ᠃ | | | | | ᠣᠷᠴᠢᠭᠤᠯᠤᠭᠴᠢ᠄ ᠦᠷᠴᠠᠶᠢᠬᠤ | | |