ᠰᠢᠨ᠎ᠠ ᠴᠠᠭ ᠦᠶ᠎ᠠ ᠳᠤ ᠴᠤᠯᠭᠤᠷᠠᠭᠰᠠᠨ ᠰᠢᠯᠢᠳᠡᠭ ᠡᠮᠡᠭᠲᠡᠶ ᠺᠠᠳ᠋ᠷ — ᠵᠠᠯᠮ᠎ᠠ
ᠨᠡᠶᠢᠲᠡᠯᠡᠭᠰᠡᠨ ᠴᠠᠭ᠄
2021/4/16
       ᠵᠠᠯᠠᠭᠤ ᠽᠠᠨᠳᠠᠨ ᠨᠠᠰᠣᠨ ᠠᠴᠠ ᠪᠠᠨ ᠡᠮᠡᠭᠳᠡᠶᠢᠴᠤᠳ ᠤᠨ ᠠᠵᠢᠯ ᠢ ᠬᠢᠵᠦ᠂ ᠭᠤᠶᠠᠴᠢ ᠦᠬᠡᠢ ᠵᠢᠳᠬᠦᠯ ᠢᠶᠠᠷ ᠢᠶᠠᠨ ᠠᠮᠵᠢᠯᠳᠠ ᠪᠠᠨ ᠪᠢᠴᠢᠭᠯᠡᠵᠦ ᠶᠠᠪᠤᠭ᠎ᠠ ᠵᠠᠯᠮ᠎ᠠ ᠡᠨᠡ ᠵᠢᠯ 37 ᠨᠠᠰᠤᠲᠠᠶ᠃ ᠰᠢᠨᠡᠭᠡᠨ ᠵᠡᠬᠦᠨ ᠰᠤᠮᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠶᠢᠨ ᠠᠵᠢᠯ ᠤᠨ ᠪᠠᠶᠢᠷᠢᠨ ᠳᠤ 8 ᠵᠢᠯ ᠠᠵᠢᠯᠯᠠᠵᠠᠶ᠃ ᠲᠡᠷᠡ ︽ᠶᠠᠮᠠᠷ ᠠᠵᠢᠯ ᠬᠢᠪᠡᠯ ᠲᠡᠷᠡ ᠠᠵᠢᠯ ᠢᠶᠠᠨ ᠬᠠᠶᠢᠷᠠᠯᠠᠬᠤ︾ ᠦᠢᠯᠡᠰᠴᠢ ᠤᠪᠤᠷ ᠢᠶᠠᠷ ᠦᠨᠳᠤᠰᠤᠨ ᠱᠠᠳᠤᠨ ᠤ ᠡᠮᠡᠭᠳᠡᠶᠢᠴᠤᠳ ᠤᠨ ᠬᠤᠯᠪᠤᠭᠠᠳᠤ ᠬᠤᠷᠠᠯ ᠤᠨ ᠠᠵᠢᠯ ᠢ ᠬᠢᠵᠦ᠂ ᠬᠠᠷᠢᠭᠤᠴᠠᠯᠭᠠᠳᠤ ᠰᠡᠳᠬᠢᠯᠭᠡ ᠪᠠᠷ ᠠᠵᠢᠯ ᠢᠶᠠᠨ ᠬᠢᠯᠠᠯᠵᠠᠳᠠᠯ᠎ᠠ ᠪᠡᠶᠡᠯᠡᠬᠦᠯᠦᠨ᠂ ᠡᠬᠡᠯ ᠵᠢᠷ ᠤᠨ ᠠᠵᠢᠯ ᠤᠨ ᠪᠠᠶᠢᠷᠢᠨ ᠳᠤ ᠠᠮᠵᠢᠯᠳᠠ ᠶᠢᠨ ᠢᠷᠠᠭᠤ ᠳᠠᠭᠤᠯᠠᠯ ᠢ ᠬᠠᠩᠬᠢᠨᠠᠭᠤᠯᠵᠦ ᠶᠠᠪᠤᠨ᠎ᠠ᠃  
           3 ᠰᠠᠷ᠎ᠠ ᠶᠢᠨ 9 ᠤ ᠡᠳᠦᠷ᠂ ᠵᠠᠯᠮ᠎ᠠ 96 ᠬᠦᠷᠦᠭᠰᠡᠨ ᠳᠤᠯᠮ᠎ᠠ ᠨᠠᠰᠤᠳᠠᠨ ᠤ ᠳᠤ ᠬᠦᠷᠪᠡ᠃ ᠨᠠᠰᠤᠳᠠᠨ ᠨᠠᠰᠤ ᠦᠨᠳᠤᠷ ᠪᠤᠯᠤᠭᠰᠠᠨ ᠠᠴᠠ ᠳᠠᠮᠢᠷ ᠳᠡᠩᠭᠡᠭᠡ ᠮᠠᠭᠤᠳᠠᠢ ᠪᠠᠶᠢᠵᠦ᠂ ᠠᠷᠠᠢ ᠴᠢᠮᠠᠢ ᠦᠬᠡ ᠶᠠᠷᠢᠵᠦ ᠪᠠᠶᠢᠭ᠎ᠠ ᠪᠠᠶᠢᠳᠠᠯ ᠢ ᠬᠠᠷᠠᠭᠠᠳ ᠵᠡᠯᠮ᠎ᠠ ᠶᠡᠭᠡ ᠰᠠᠨᠠᠭ᠎ᠠ ᠪᠤᠯᠵᠤ᠂ ᠨᠠᠰᠤᠲᠠᠨ ᠤ ᠣᠷᠣ ᠶᠢᠨ ᠬᠠᠵᠠᠭᠤ ᠳᠤ ᠰᠠᠭᠤᠭᠠᠳ᠂ ᠨᠠᠰᠤᠳᠠᠨ ᠢ ᠬᠥᠩᠭᠡᠬᠡᠨ ᠢᠯᠪᠢᠵᠦ᠄ ︽ᠨᠠᠰᠤᠳᠠᠨ ᠲᠠ ᠰᠠᠨᠠᠭ᠎ᠠ ᠰᠡᠳᠬᠢᠯ ᠢᠶᠠᠨ ᠳᠠᠶᠢᠪᠤᠭᠤ ᠳᠠᠯᠪᠢᠵᠦ ᠪᠡᠶ᠎ᠡ ᠪᠠᠨ ᠰᠠᠶᠢᠨ ᠰᠤᠪᠢᠯᠠᠭᠠᠷᠠᠢ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠳᠠᠨ ᠤ ᠥᠮᠥᠭ ᠲᠦᠰᠢᠭ ᠪᠤᠯᠬᠤ ᠶᠤᠮ ᠰᠢᠤ︾ ᠬᠡᠵᠦ ᠨᠠᠰᠤᠳᠠᠨ ᠢ ᠳᠠᠶᠢᠳᠬᠤᠷᠠᠭᠤᠯᠤᠨ ᠶᠠᠷᠢᠨ᠎ᠠ᠃ ᠵᠠᠯᠮ᠎ᠠ ᠨᠠᠰᠤᠲᠠᠨ ᠤ ᠪᠡᠶ᠎ᠡ ᠮᠠᠬᠠᠪᠣᠳ᠂ ᠠᠮᠢᠳᠤᠷᠠᠯ ᠵᠡᠷᠭᠡ ᠶᠢᠨ ᠪᠠᠶᠢᠳᠠᠯ ᠢ ᠨᠠᠷᠢᠨ ᠠᠰᠠᠭᠤᠵᠤ ᠣᠶᠢᠯᠠᠭᠠᠭᠰᠠᠨ ᠤ ᠳᠠᠷᠠᠭ᠎ᠠ᠂ ᠲᠣᠬᠤᠨᠢᠭᠤᠯᠬᠤ ᠮᠥᠩᠭᠦ ᠬᠦᠷᠭᠡᠵᠦ᠂ ᠨᠠᠰᠤᠲᠠᠨ ᠤ ᠡᠪᠡᠳᠴᠢᠨ ᠡᠮᠭᠡᠭ ᠢ ᠢᠯᠠᠬᠤ ᠳᠤ ᠢᠳᠡᠭᠡᠯ ᠵᠤᠷᠢᠭ ᠬᠠᠶᠢᠷᠠᠯᠠᠭᠰᠠᠨ ᠪᠠᠶᠢᠨ᠎ᠠ᠃
           ᠣᠯᠠᠨ ᠵᠢᠯ ᠤᠨ ᠲᠤᠷᠰᠢ᠂ ᠵᠠᠯᠮ᠎ᠠ ᠪᠣᠳᠠᠲᠤ ᠪᠠᠶᠢᠳᠠᠯ ᠠᠴᠠ ᠡᠭᠦᠰᠴᠦ᠂ ᠦᠨᠡᠨ ᠠᠴᠠ ᠵᠥᠪ ᠢ ᠡᠷᠢᠨ᠂ ᠨᠠᠮ ᠪᠠ ᠤᠯᠤᠰ ᠤᠨ ᠴᠢᠭᠯᠡᠯᠲᠡ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠬᠡᠷᠡᠭᠵᠢᠭᠦᠯᠵᠦ᠂ ᠯᠠᠪᠳᠠᠭᠤᠨ ᠪᠠᠲᠤᠲᠠᠶ ᠠᠵᠢᠯᠯᠠᠨ᠂ ᠨᠠᠷᠢᠨ ᠬᠢᠨᠠᠮᠠᠭᠠᠶ ᠬᠠᠷᠢᠭᠤᠴᠠᠬᠤ᠂ ᠤᠷᠤᠭᠰᠢᠯᠠᠨ ᠳᠠᠪᠰᠢᠬᠤ ᠠᠵᠢᠯ ᠤᠨ ᠣᠪᠣᠷ ᠢ ᠢᠮᠠᠭᠲᠠ ᠪᠠᠷᠢᠮᠲᠠᠯᠠᠨ᠂ ᠪᠥᠬᠦ ᠰᠤᠮᠤᠨ ᠤ ᠡᠮᠡᠭᠲᠡᠶᠢᠴᠦᠳ ᠢ ᠪᠦᠯᠬᠦᠮᠳᠡᠭᠦᠯᠦᠨ ᠳᠠᠭᠠᠭᠤᠯᠵᠤ ᠴᠢᠷᠮᠠᠶᠢᠨ ᠲᠡᠮᠡᠴᠡᠵᠦ᠂ ᠳᠡᠭᠡᠳᠦ ᠱᠠᠲᠤᠨ ᠤ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠠᠵᠢᠯᠯᠠᠭ᠎ᠠ ᠳᠤ ᠢᠳᠡᠪᠬᠢᠲᠡᠶ ᠣᠷᠣᠯᠴᠠᠨ᠂ ᠮᠠᠰᠢ ᠰᠠᠶᠢᠨ ᠦᠷ᠎ᠡ ᠪᠦᠲᠦᠮᠵᠢ ᠤᠯᠵᠠᠢ᠃ ᠲᠡᠷᠡ ᠤᠷᠢᠳ ᠬᠤᠵᠢᠳ ︽ᠬᠥᠯᠥᠨ ᠪᠤᠶᠢᠷ ᠬᠤᠲᠠ ᠶᠢᠨ ᠰᠢᠯᠢᠳᠡᠭ ᠡᠮᠡᠭᠲᠡᠶ ᠺᠠᠳ᠋ᠷ︾᠂ ︽ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠲᠡᠷᠢᠭᠦᠨ ᠤ ᠠᠵᠢᠯᠲᠠᠨ︾᠂ ︽ᠪᠥᠬᠦ ᠬᠤᠰᠢᠭᠤᠨ ᠤ ᠦᠨᠳᠦᠰᠦᠲᠡᠨ ᠱᠠᠰᠢᠨ ᠰᠤᠷᠲᠠᠬᠤᠨ ᠤ ᠲᠡᠷᠢᠭᠦᠨ ᠤ ᠠᠵᠢᠯᠲᠠᠨ︾ ᠵᠡᠷᠭᠡ ᠪᠠᠷ ᠦᠨᠡᠯᠡᠭᠳᠡᠪᠡ᠃ ᠡᠳᠡᠭᠡᠷ ᠢᠷᠠᠭᠤ ᠠᠯᠳᠠᠷ ᠤᠨ ᠡᠮᠦᠨ᠎ᠡ᠂ ᠲᠡᠷᠡ ᠶᠡᠷᠦ ᠠᠴᠠ ᠣᠮᠣᠷᠬᠠᠭᠯᠠᠨ ᠪᠠᠷᠳᠠᠮᠨᠠᠳᠠᠭ ᠦᠭᠡᠢ᠂ ᠬᠠᠷᠢᠨ ᠨᠡᠩ ᠢᠯᠡᠭᠦᠦ ᠴᠢᠷᠮᠠᠶᠢᠨ ᠠᠵᠢᠯᠯᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ᠂ ᠦᠢᠯᠡᠰ ᠢᠶᠠᠨ ᠳᠡᠭᠡᠳᠦᠯᠡᠵᠦ᠂ ᠬᠠᠷᠠᠮ ᠦᠭᠡᠢ ᠵᠢᠳᠬᠦᠨ᠎ᠠ᠃        ᠠᠵᠢᠯ ᠤᠨ ᠳᠤᠮᠳᠠ ᠪᠠᠨ ᠵᠠᠯᠮ᠎ᠠ ᠡᠮᠡᠭᠳᠡᠶᠢᠴᠤᠳ ᠲᠤ ᠦᠨᠡᠨᠴᠢ ᠰᠢᠳᠤᠷᠭᠤ ᠦᠢᠯᠡᠴᠢᠯᠡᠭᠡ ᠬᠠᠩᠭᠠᠵᠤ᠂ ᠵᠠᠬᠢᠲᠠᠯ ᠰᠤᠷᠪᠤᠯᠵᠢᠯᠠᠭ᠎ᠠ ᠶᠢ ᠬᠦᠯᠢᠴᠡᠩᠭᠦᠶ ᠪᠠᠷ ᠭᠥᠯᠢᠶᠡᠨ᠂ ᠡᠮᠡᠭᠲᠡᠶᠢᠴᠤᠳ ᠤᠨ ᠬᠦᠴᠢᠷ ᠵᠣᠪᠠᠭᠤᠷᠢ ᠶᠢ ᠦᠨᠡᠨ ᠬᠦ ᠰᠢᠢᠳᠪᠦᠷᠢᠯᠡᠨ ᠥᠭᠭᠦᠭᠰᠡᠨ ᠪᠠᠶᠢᠨ᠎ᠠ᠃ ᠲᠠᠪᠤᠨ ᠵᠢᠯ ᠤᠨ ᠲᠤᠷᠰᠢ᠂ ᠲᠡᠷᠡ 200 ᠭᠠᠷᠤᠶ ᠬᠥᠮᠦᠨ ᠤᠳᠠᠭ᠎ᠠ ᠶᠢᠨ ᠵᠠᠬᠢᠲᠠᠯ ᠰᠤᠷᠪᠤᠯᠵᠢᠯᠠᠭ᠎ᠠ ᠶᠢ ᠬᠦᠯᠢᠶᠡᠨ ᠠᠪᠴᠤ᠂ ᠤᠷᠤᠭ ᠬᠤᠷᠢᠮ᠂ ᠭᠡᠷ ᠪᠦᠯᠢ ᠶᠢᠨ ᠬᠦᠴᠦᠷᠬᠡᠭᠯᠡᠯ᠂ ᠭᠡᠷ ᠪᠦᠯᠢ ᠶᠢᠨ ᠡᠳ᠋ ᠬᠦᠷᠦᠩᠭᠡ ᠶᠢᠨ ᠵᠢᠭᠤᠷᠭᠠᠨ᠂ ᠭᠠᠵᠠᠷ ᠰᠢᠷᠣᠶ ᠵᠡᠷᠭᠡ ᠠᠯᠢ ᠤᠯᠠᠨ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠵᠦ ᠦᠭᠴᠡᠢ᠃ ᠲᠡᠷᠡ ᠲᠤᠰᠬᠠᠭᠰᠠᠨ ᠠᠰᠠᠭᠤᠳᠠᠯ ᠢ ᠴᠥᠮ ᠨᠠᠷᠢᠨ ᠬᠢᠨᠠᠮᠠᠭᠠᠶ ᠰᠢᠢᠳᠪᠦᠷᠢᠯᠡᠵᠦ᠂ ᠵᠠᠷᠢᠮ ᠴᠢᠬᠤᠯᠠ ᠠᠰᠠᠭᠤᠳᠠᠯ ᠢ ᠴᠤ ᠴᠠᠭ ᠲᠤᠬᠠᠶ ᠳᠤᠨᠢ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠤᠷᠢᠯᠡᠨ᠂ ᠠᠯᠢ ᠴᠢᠳᠠᠬᠤ ᠪᠠᠷ ᠤᠯᠠᠨ ᠲᠦᠮᠡᠨ ᠳᠤ ᠰᠡᠳᠬᠢᠯ ᠬᠠᠨᠤᠮᠵᠢᠲᠠᠶ ᠬᠠᠷᠢᠭᠤᠯᠳᠠ ᠦᠭᠳᠡᠭ ᠪᠠᠶᠢᠯ᠎ᠠ᠃
           ᠵᠠᠯᠮ᠎ᠠ ᠪᠠᠰᠠ ᠬᠡᠷ ᠪᠦᠯᠢ ᠶᠢᠨ ᠣᠷᠣᠯᠭ᠎ᠠ ᠶᠢ ᠨᠡᠮᠡᠭᠳᠡᠭᠦᠯᠬᠦ ᠪᠠᠷ ᠵᠣᠷᠢᠯᠭ᠎ᠠ ᠪᠣᠯᠭᠠᠨ᠂ ᠡᠮᠡᠭᠲᠡᠶᠢᠴᠦᠳ ᠤᠨ ᠲᠤᠮᠳᠠ ᠡᠯ᠎ᠡ ᠲᠥᠷᠥᠯ ᠤᠨ ᠪᠣᠯᠪᠠᠰᠤᠷᠠᠯ ᠢ ᠭᠦᠨᠵᠡᠭᠡᠶ ᠥᠷᠨᠢᠭᠦᠯᠵᠦ᠂ ᠥᠷᠭᠡᠨ ᠣᠯᠠᠨ ᠲᠦᠮᠡᠨ ᠤ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ ᠲᠡᠭᠦᠨ ᠤ ᠲᠡᠮᠵᠢᠯᠭᠡ ᠲᠤᠤᠷ᠎ᠠ᠂ ᠭᠠᠴᠠᠭᠠᠨ ᠤ ᠡᠮᠡᠭᠲᠡᠶᠢᠴᠦᠳ ᠤᠨ ᠬᠡᠪ ᠴᠢᠨᠠᠷ ᠪᠠ ᠴᠢᠳᠠᠪᠤᠷᠢ ᠪᠥᠬᠦ ᠲᠠᠯ᠎ᠠ ᠪᠠᠷ ᠳᠡᠭᠡᠭᠰᠢᠯᠡᠨ᠂ ᠪᠠᠶᠠᠵᠢᠯ ᠤᠨ ᠠᠷᠭ᠎ᠠ ᠵᠠᠮ ᠨᠢ ᠥᠷᠭᠡᠳᠴᠦ᠂ ᠬᠡᠷ ᠪᠦᠯᠢ ᠨᠢ ᠡᠶ᠎ᠡ ᠵᠣᠬᠢᠴᠠᠯ ᠲᠠᠢ ᠪᠣᠯᠵᠣ᠂ ᠭᠡᠷ ᠪᠦᠯᠢ ᠶᠢᠨ ᠣᠷᠣᠯᠭ᠎ᠠ ᠨᠢ ᠴᠦ ᠨᠡᠮᠡᠭᠳᠡᠭᠰᠡᠨ ᠪᠥᠭᠡᠳ ᠰᠤᠮᠤᠨ ᠤ ᠠᠵᠤ ᠠᠬᠤᠶ ᠶᠢᠨ ᠬᠥᠭᠵᠢᠯᠲᠡ ᠶᠢ ᠴᠦ ᠳᠠᠶᠢᠴᠢᠯᠠᠭᠰᠠᠨ ᠪᠠᠶᠢᠨ᠎ᠠ᠃
           ᠵᠠᠯᠮ᠎ᠠ᠄ ︽ᠦᠨᠳᠦᠰᠦᠨ ᠱᠠᠲᠤᠨ ᠤ ᠡᠮᠡᠭᠲᠡᠶᠢᠴᠦᠳ ᠤᠨ ᠬᠤᠯᠪᠣᠭ᠎ᠠ ᠶᠢᠨ ᠠᠵᠢᠯᠲᠠᠨ ᠪᠣᠯᠤᠭᠰᠠᠨ ᠤ ᠬᠤᠪᠢ ᠳᠤ᠂ ᠭᠠᠴᠠᠭ᠎ᠠ ᠨᠡᠶᠢᠭᠡᠮ ᠲᠣᠭᠤᠷᠢᠭ ᠲᠤ ᠨᠠᠩ ᠢᠯᠡᠭᠦᠤ ᠭᠦᠨᠵᠡᠭᠡᠶᠢᠷᠡᠵᠦ᠂ ᠣᠯᠠᠨ ᠲᠦᠮᠡᠨ ᠲᠠᠢ ᠪᠠᠨ ᠤᠶᠢᠷᠠᠬᠠᠨ ᠶᠠᠪᠤᠬᠤ ᠬᠡᠷᠡᠭᠳᠡᠢ᠃ ᠢᠩᠭᠢᠪᠡᠯ ᠰᠠᠶ᠋ᠢ ᠡᠮᠡᠭᠲᠡᠶᠢᠴᠦᠳ ᠤᠨ ᠬᠡᠷᠡᠭᠴᠡᠭᠡ᠂ ᠡᠮᠡᠭᠲᠡᠶᠢᠴᠦᠳ ᠤᠨ ᠬᠦᠰᠡᠯ ᠡᠷᠡᠮᠡᠯᠵᠡᠯ᠂ ᠡᠮᠡᠭᠲᠡᠶᠢᠴᠦᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠵᠤ ᠴᠢᠳᠠᠨ᠎ᠠ᠃ ᠡᠮᠡᠭᠲᠡᠶᠢᠴᠦᠳ ᠤᠨ ᠪᠠᠶᠢᠳᠠᠯ ᠢ ᠢᠯᠡᠭᠦᠬᠡᠨ ᠡᠵᠡᠮᠰᠢᠵᠦ᠂ ᠦᠷᠭᠦᠯᠵᠢ ᠬᠡᠷ ᠲᠤ ᠨᠢ ᠬᠦᠷᠴᠦ ᠰᠤᠷᠪᠤᠯᠵᠢᠯᠠᠨ᠂ ᠦᠢᠯᠡᠴᠢᠯᠡᠬᠡᠨ ᠤ ᠦᠵᠡᠯ ᠤᠬᠠᠮᠰᠠᠷ ᠢ ᠠᠵᠢᠯ ᠤᠨ ᠢᠶᠠᠨ ᠪᠥᠬᠦ ᠶᠠᠪᠤᠴᠠ ᠳᠤ ᠲᠤᠭᠤᠰᠢᠯᠠᠭᠤᠯᠬᠤ ᠬᠡᠷᠡᠭᠳᠡᠢ᠃ ᠨᠠᠮ ᠪᠠ ᠵᠠᠰᠠᠭ ᠤᠨ ᠣᠷᠳᠣᠨ ᠤ ᠦᠨᠳᠦᠰᠦᠨ ᠱᠠᠲᠤᠨ ᠤ ᠡᠮᠡᠭᠲᠡᠶᠢᠴᠤᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ ᠢ ᠵᠣᠬᠢᠶᠠᠨ ᠪᠠᠶᠢᠭᠤᠯᠬᠤ᠂ ᠡᠮᠡᠭᠲᠡᠶᠢᠴᠦᠳ ᠢ ᠤᠬᠠᠭᠤᠯᠬᠤ᠂ ᠡᠮᠡᠭᠲᠡᠶᠢᠴᠦᠳ ᠲᠠᠢ ᠪᠦᠯᠬᠦᠮᠳᠡᠬᠦ᠂ ᠡᠮᠡᠭᠲᠡᠶᠢᠴᠦᠳ ᠲᠠᠢ ᠨᠢᠭᠲᠠ ᠬᠠᠷᠢᠯᠴᠠᠬᠤ ᠪᠠᠷ ᠳᠠᠮᠵᠢᠭᠤᠯᠤᠨ᠂ ᠡᠮᠡᠭᠲᠡᠶᠢᠴᠦᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ ᠴᠢᠳᠠᠬᠤ ᠶᠤᠮ︾ ᠭᠡᠪᠡ᠃        ᠵᠠᠯᠮ᠎ᠠ ᠨᠢᠭᠡᠨ ᠡᠮᠡᠭᠲᠡᠶ ᠨᠠᠮ ᠤᠨ ᠭᠡᠰᠢᠭᠦᠨ᠂ ᠡᠮᠡᠭᠲᠡᠶ ᠺᠠᠳ᠋ᠷ ᠪᠣᠯᠤᠭᠰᠠᠨ ᠤ ᠬᠤᠪᠢ ᠳᠤ᠂ ᠡᠭᠡᠯ ᠵᠢᠷ ᠤᠨ ᠠᠵᠢᠯ ᠤᠨ ᠪᠠᠶᠢᠷᠢᠨ ᠳᠠᠭᠠᠨ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠥᠷᠭᠡᠨ ᠣᠯᠠᠨ ᠡᠮᠡᠭᠲᠡᠶᠢᠴᠦᠳ ᠤᠨ ᠲᠥᠯᠥᠭᠡ ᠴᠢᠷᠮᠠᠶᠢᠨ ᠠᠵᠢᠯᠯᠠᠵᠦ᠂ ᠪᠡᠶ᠎ᠡ ᠪᠠᠷ ᠢᠶᠠᠨ ᠥᠯᠢᠭᠡᠷ ᠳᠠᠭᠤᠷᠢᠶᠠᠯ ᠦᠵᠡᠭᠦᠯᠵᠦ᠂ ᠦᠨᠳᠦᠰᠦᠨ ᠱᠠᠲᠤᠨ ᠤ ᠡᠮᠡᠭᠲᠡᠶᠢᠴᠦᠳ ᠤᠨ ᠠᠵᠢᠯ ᠤᠨ ᠥᠷᠨᠢᠯᠲᠡ ᠶᠢ ᠪᠦᠲᠦᠮᠵᠢᠲᠡᠶ ᠠᠬᠢᠭᠤᠯᠵᠤ ᠪᠠᠶᠢᠨ᠎ᠠ᠃                                   ᠵᠤᠬᠢᠶᠠᠭᠴᠢ᠄ ᠪᠢᠴᠢᠨ
 
ᠢᠷᠡᠯᠲᠡ᠄ ᠬᠦᠯᠦᠨ ᠪᠤᠶᠢᠷ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号