ᠪᠢ ᠤᠯᠠᠨ ᠲᠦᠮᠡᠨ ᠳᠤ ᠪᠤᠳᠠᠳᠦ ᠶᠠᠪᠤᠳᠠᠯ ᠬᠢᠵᠦ ᠦᠭᠬᠦᠨ᠎ᠡ᠄ ᠬᠢᠯᠢ ᠬᠢᠵᠠᠭᠠᠷ ᠤᠷᠤᠨ ᠤ ᠮᠠᠯᠴᠢᠳ ᠰᠦᠯᠵᠢᠶᠡᠨ ᠠᠮᠢᠳᠤᠷᠠᠯ ᠡᠳ᠋ᠯᠡᠬᠦ ᠪᠤᠯᠪᠠ
ᠨᠡᠶᠢᠲᠡᠯᠡᠭᠰᠡᠨ ᠴᠠᠭ᠄
2021/4/21
       ᠮᠠᠨ ᠤ  ᠬᠤᠰᠢᠭᠤ ᠪᠤᠯ ᠴᠦᠬᠡᠨ ᠳᠤᠭᠠᠳᠦ ᠦᠨᠳᠦᠰᠦᠳᠡᠨ ᠤ ᠬᠢᠯᠢ ᠬᠢᠵᠠᠭᠠᠷ ᠤᠷᠤᠨ ᠪᠠᠶᠢᠵᠦ᠂ ᠨᠤᠲᠤᠭ ᠳᠡᠪᠢᠰᠭᠡᠷ ᠦᠷᠭᠡᠨ ᠬᠦᠮᠦᠨ ᠠᠮᠠ ᠴᠦᠬᠡᠨ᠂ ᠤᠨᠴᠠᠭᠠᠶᠢᠯᠠᠨ ᠬᠢᠯᠢ ᠬᠢᠵᠠᠭᠠᠷ ᠤᠷᠤᠨ ᠤ ᠳᠤᠤᠷ ᠰᠦᠯᠵᠢᠶᠡᠨ ᠤ ᠰᠠᠭᠤᠷᠢ ᠲᠦᠬᠦᠭᠡᠷᠦᠮᠵᠢ ᠬᠤᠴᠤᠷᠤᠩᠭᠤᠢ ᠪᠠᠶᠢᠳᠠᠭ᠃ 2020 ᠤᠨ ᠳᠤ᠂ ᠦᠪᠡᠷᠲᠡᠭᠡᠨ ᠵᠠᠰᠠᠬᠤ ᠤᠷᠤᠨ ︽ᠤᠶᠤᠨᠳᠦ ᠷᠠᠳᠢᠤ᠋ ᠲᠧᠯᠸᠢᠰ ᠰᠦᠯᠵᠢᠶᠡᠨ ᠤ ᠦᠢᠯᠡᠴᠢᠯᠡᠭᠡ ᠶᠢ ᠲᠤᠰᠬᠤᠨ ᠪᠤᠯᠤᠨ ᠡᠷᠦᠭᠡ ᠳᠤ ᠤᠷᠤᠭᠤᠯᠬᠤ ᠢᠨᠵᠧᠨᠧᠷᠢᠩ︾ ᠢ ᠭᠡᠷᠡᠭᠵᠢᠬᠦᠯᠵᠦ᠂ ᠮᠠᠨ ᠤ ᠬᠤᠰᠢᠭᠤ ᠳᠤᠷᠰᠢᠯᠳᠠ ᠶᠢᠨ ᠬᠤᠰᠢᠭᠤ ᠰᠢᠶᠠᠨ ᠤ ᠨᠢᠭᠡ ᠨᠢ ᠪᠤᠯᠵᠦ᠂ ᠰᠦᠯᠵᠢᠶᠡᠨ ᠤ ᠪᠠᠶᠢᠭᠤᠯᠤᠯᠳᠠ ᠶᠢ ᠮᠠᠯᠵᠢᠬᠤ ᠤᠷᠤᠨ ᠳᠤ ᠬᠦᠨ ᠳᠡᠰᠢ ᠤᠷᠳᠤᠳᠬᠠᠵᠦ᠂ ᠮᠠᠯᠵᠢᠬᠤ ᠤᠷᠤᠨ ᠤ ᠦᠷᠭᠡᠨ ᠪᠦᠰᠡᠳᠦ ᠰᠦᠯᠵᠢᠶᠡᠨ ᠦᠢᠯᠡᠴᠢᠭᠡ ᠶᠢᠨ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠬᠦᠯᠦᠨ᠂ ᠦᠷᠭᠡᠨ ᠤᠯᠠᠨ ᠮᠠᠯᠴᠢᠨ ᠲᠦᠮᠡᠨ ᠦᠨᠳᠦᠷ ᠳᠤᠳᠤᠴᠠ ᠲᠠᠢ ᠲᠧᠯᠸᠢᠰ ᠤᠨ ᠫᠷᠤᠭ᠍ᠷᠠᠮ ᠢ ᠦᠵᠡᠵᠦ ᠳᠡᠶᠢᠯᠬᠦ ᠪᠤᠯᠤᠭᠰᠠᠨ ᠮᠦᠷᠲᠡᠭᠡᠨ ᠰᠤᠶᠤᠯ᠂ ᠡᠮᠴᠢᠯᠡᠭᠡ ᠵᠡᠷᠭᠡ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠡᠳ᠋ᠯᠡᠬᠦ ᠪᠤᠯᠵᠦ᠂ ᠮᠠᠯᠵᠢᠬᠤ ᠤᠷᠤᠨ ᠤ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠪᠤᠯᠤᠨ ᠵᠤᠯ ᠵᠢᠷᠭᠠᠯ ᠤᠨ ᠲᠦᠷᠦᠭᠳᠡᠯ ᠪᠦᠬᠦ ᠳᠠᠯ᠎ᠠ ᠪᠠᠷ ᠳᠡᠭᠡᠭᠰᠢᠯᠡᠪᠡ᠃
       ᠮᠠᠨ ᠤ ᠬᠤᠰᠢᠭᠤᠨ ᠤ ᠬᠦᠯᠦᠨ ᠪᠠᠯᠭᠠᠰᠦ ᠶᠢᠨ ᠦ᠋ ᠰᠠᠨ ᠭᠠᠴᠠᠭ᠎ᠠ ᠶᠢᠨ ᠯᠢᠦ ᠮᠠᠨ ᡁᠢ ᠶᠢᠨ ᠬᠢᠨ ᠪᠠᠯᠭᠠᠰᠦ ᠶᠢᠨ ᠰᠠᠭᠤᠭ᠎ᠠ ᠭᠠᠵᠠᠷ ᠠᠴᠠ ᠳᠤᠩ ᠬᠤᠯᠠ ᠪᠠᠶᠢᠷᠢᠰᠢᠵᠦ᠂ ᠲᠧᠯᠸᠢᠰ ᠦᠵᠡᠬᠦ ᠳᠤ ᠳᠤᠬᠢᠶ᠎ᠠ ᠳᠡᠮᠳᠡᠭ ᠳᠤᠭᠳᠠᠭᠤᠨ ᠦᠬᠡᠢ ᠮᠦᠷᠲᠡᠭᠡᠨ ᠭᠠᠷ ᠤᠳᠠᠰᠦ ᠴᠦ ᠰᠦᠯᠵᠢᠶᠡᠨ ᠳᠤᠬᠢᠶ᠎ᠠ ᠦᠬᠡᠢ ᠪᠠᠶᠢᠵᠠᠢ᠃ ᠤᠳᠤ ᠬᠠᠷᠢᠨ ᠤᠳᠠᠰᠦ ᠦᠬᠡᠢ ᠰᠦᠯᠵᠢᠶ᠎ᠡ ᠲᠠᠢ ᠪᠤᠯᠤᠭᠰᠠᠨ ᠠᠴᠠ᠂ ᠲᠧᠯᠸᠢᠰ ᠤᠨ ᠳᠤᠬᠢᠶ᠎ᠠ ᠳᠡᠮᠳᠡᠭ ᠴᠦ ᠲᠤᠭᠳᠠᠭᠤᠨ᠂ ᠭᠠᠷ ᠤᠳᠠᠰᠦ ᠴᠦ ᠰᠦᠯᠵᠢᠶᠡᠨ ᠳᠤᠬᠢᠶ᠎ᠠ ᠲᠠᠢ ᠪᠤᠯᠵᠦ᠂ ᠶᠠᠭᠠᠷᠠᠯᠳᠠᠢ ᠮᠠᠯᠵᠢᠬᠤ ᠠᠮᠢᠳᠤᠷᠠᠯ ᠤᠨ ᠴᠢᠯᠦᠭᠡᠨ ᠳᠤ ᠪᠠᠨ ᠲᠧᠯᠸᠢᠰ ᠭᠠᠷ ᠤᠳᠠᠰᠦ ᠦᠵᠡᠵᠦ᠂ ᠤᠯᠤᠰ ᠤᠨ ᠳᠤᠳᠤᠭᠠᠳᠦ ᠭᠠᠳᠠᠭᠠᠳᠦ ᠶᠢᠨ ᠰᠢᠨ᠎ᠡ ᠰᠤᠨᠢᠨ ᠵᠦᠢᠯ ᠢ ᠰᠤᠨᠢᠷᠬᠠᠨ᠂ ᠠᠮᠢᠳᠤᠷᠠᠯ ᠨᠢ ᠨᠡᠩ ᠭᠤᠶᠢᠳᠠ ᠪᠠᠶᠠᠯᠢᠭ ᠪᠤᠯᠤᠭᠰᠠᠨ ᠪᠠᠶᠢᠨ᠎ᠠ᠃
       ᠮᠠᠯᠵᠢᠬᠤ ᠤᠷᠤᠨ ᠤ ᠤᠶᠤᠨᠳᠦ ᠷᠠᠳᠢᠤ᠋ ᠲᠧᠯᠸᠢᠰ ᠰᠦᠯᠵᠢᠶ᠎ᠡ ᠶᠢᠨ ᠪᠦᠷᠬᠦᠴᠡ ᠪᠠ ᠦᠢᠯᠡᠴᠢᠯᠡᠭᠡᠨ ᠤ ᠢᠨᠵᠧᠨᠧᠷᠢᠩ ᠪᠤᠯ ᠦᠪᠡᠷᠲᠡᠭᠡᠨ ᠵᠠᠰᠠᠬᠤ ᠤᠷᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠭᠤᠤᠯᠳᠠᠯᠭ᠎ᠠ  ᠲᠠᠢ ᠠᠵᠢᠯ ᠪᠤᠯᠬᠤ ᠪᠦᠭᠡᠳ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠲᠤᠭᠳᠠᠭᠠᠭᠰᠠᠨ ᠠᠷᠠᠳ  ᠲᠤ ᠠᠰᠢᠭ ᠬᠦᠷᠲᠡᠭᠡᠬᠦ ᠨᠢᠭᠡᠨ ᠴᠢᠬᠤᠯᠠ ᠢᠨᠵᠧᠨᠧᠷᠢᠩ ᠪᠤᠯᠤᠨ᠎ᠠ᠂ ᠰᠦᠯᠵᠢᠶᠡᠨ ᠤ ᠪᠠᠶᠢᠭᠤᠯᠤᠯᠳᠠ ᠶᠢ ᠮᠠᠯᠵᠢᠬᠤ ᠤᠷᠤᠨ ᠳᠤ ᠬᠦᠨ ᠳᠡᠰᠢ ᠤᠷᠳᠤᠳᠬᠠᠵᠦ᠂ ᠦᠷᠭᠡᠨ ᠤᠯᠠᠨ ᠮᠠᠯᠴᠢᠨ ᠲᠦᠮᠡᠨ ᠳᠤ ᠦᠨᠳᠦᠷ ᠳᠤᠳᠤᠴᠠ ᠲᠠᠢ ᠲᠧᠯᠸᠢᠰ ᠤᠨ ᠫᠷᠤᠭ᠍ᠷᠠᠮ ᠦᠵᠡᠬᠦᠯᠬᠦ ᠪᠠᠷ ᠪᠠᠷᠠᠬᠤ ᠦᠬᠡᠢ ᠲᠦᠷᠦ ᠶᠢᠨ ᠪᠤᠳᠤᠯᠭ᠎ᠠ ᠶᠢᠨ ᠪᠤᠯᠪᠠᠰᠤᠷᠠᠯ᠂ ᠰᠤᠶᠤᠯ ᠰᠤᠷᠭᠠᠨ ᠬᠦᠮᠦᠵᠢᠯ᠂ ᠬᠠᠤᠯᠢ ᠴᠠᠭᠠᠵᠠ᠂ ᠡᠮ ᠡᠮᠴᠢᠯᠡᠭᠡ ᠵᠡᠷᠭᠡ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡ ᠶᠢ ᠡᠳ᠋ᠯᠡᠬᠦᠯᠤᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号