ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ | ᠬᠤᠷᠠᠯᠳᠤᠭᠤᠯᠪᠠ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ | ᠨᠢᠭᠡ ᠠᠯᠬᠤᠮ ᠰᠠᠶᠢᠲᠤᠷ ᠬᠡᠷᠡᠭᠵᠢᠭᠦᠯᠬᠦ ᠲᠤᠬᠠᠶ ᠪᠠᠶᠢᠷᠢᠯᠠᠭᠤᠯᠵᠤ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ | ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠪᠠ | ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ | ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ | | ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠶ ᠰᠠᠶᠢᠳ ᠯᠢ ᠺᠧ ᠴᠢᠶᠠᠩ 4 ᠳ᠋ᠦ᠋ᠭᠡᠷ ᠰᠠᠷ᠎ᠠ ᠶᠢᠨ | 21 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ | ᠡᠳ᠋ ᠤᠨ ᠵᠠᠰᠠᠭ ᠤᠨ ᠪᠠᠯᠠ ᠮᠥᠩᠭᠦ ᠶᠢ ᠰᠢᠭᠤᠳ ᠬᠦᠷᠭᠡᠬᠦ ᠪᠠᠶᠢᠩᠭᠤᠵᠢᠭᠰᠠᠨ ᠲᠣᠭᠲᠠᠴᠠ ᠶᠢ ᠤᠯᠠᠮ ᠨᠢᠭᠡ ᠠᠯᠬᠤᠮ | ᠰᠠᠶᠢᠲᠤᠷ ᠬᠡᠷᠡᠭᠵᠢᠭᠦᠯᠵᠦ᠂ ᠡᠳ᠋ ᠤᠨ ᠵᠠᠰᠠᠭ ᠤᠨ ᠪᠠᠯᠠ ᠮᠥᠩᠭᠦ ᠶᠢᠨ ᠠᠵᠤ ᠠᠬᠤᠶᠢᠯᠠᠯ ᠪᠠ ᠠᠷᠠᠳ ᠲᠤ ᠠᠰᠢᠭ | ᠬᠦᠷᠲᠡᠭᠡᠬᠦ ᠦᠶ᠋ᠯᠡᠳᠦᠯ ᠢ ᠨᠠᠩ ᠰᠠᠶᠢᠲᠤᠷ ᠪᠠᠳᠠᠷᠠᠭᠤᠯᠬᠤ ᠲᠤᠬᠠᠶ ᠪᠠᠶᠢᠷᠢᠯᠠᠭᠤᠯᠪᠠ︔ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ | ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠵᠠᠢ᠃ | ᠬᠤᠷᠠᠯ ᠳᠤ ᠵᠢᠭᠠᠨ ᠭᠠᠷᠭᠠᠬᠤ ᠳᠤ ᠪᠠᠨ᠂ ᠡᠳ᠋ ᠤᠨ ᠵᠠᠰᠠᠭ ᠤᠨ ᠪᠡᠯᠡ ᠮᠥᠩᠭᠦ ᠶᠢ ᠰᠢᠭᠤᠳ ᠬᠦᠷᠭᠡᠬᠦ | ᠲᠣᠭᠲᠠᠴᠠ ᠶᠢ ᠬᠡᠷᠡᠭᠵᠢᠭᠦᠯᠬᠦ ᠪᠣᠯ ᠬᠤᠷᠸ᠎ᠠ ᠡᠵᠡᠮᠰᠢᠯ ᠲᠤᠬᠢᠷᠠᠭᠤᠯᠭ᠎ᠠ ᠶᠢᠨ ᠰᠢᠨ᠎ᠡ ᠶᠢ ᠡᠭᠦᠳᠬᠦ ᠴᠢᠬᠤᠯᠠ ᠶᠡᠭᠡ | ᠠᠷᠭ᠎ᠠ ᠬᠡᠮᠵᠢᠶ᠎ᠡ ᠮᠥᠨ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ | ᠶᠣᠰᠣᠭᠠᠷ᠂ ᠨᠢᠳᠤᠨᠤᠨ ᠲᠥᠪ ᠤᠨ ᠡᠳ᠋ ᠤᠨ ᠵᠠᠰᠠᠭ ᠰᠢᠭᠤᠳ ᠬᠦᠷᠭᠡᠬᠦ ᠪᠠᠯᠠ ᠮᠥᠩᠭᠦ 1.7 ᠲᠦᠮᠡᠨ ᠳ᠋ᠦᠩᠰᠢᠭᠤᠷ | ᠲᠥᠭᠦᠷᠢᠭ ᠪᠠᠭᠤᠯᠭᠠᠵᠤ᠂ ᠬᠤᠲᠠ ᠰᠢᠶᠠᠨ ᠤ ᠦᠨᠳᠦᠰᠦᠨ ᠱᠠᠲᠤᠨ ᠤ ᠭᠠᠶᠢᠯᠢ ᠶᠢ ᠬᠥᠩᠭᠡᠯᠡᠵᠦ ᠰᠦᠢᠳᠬᠡᠯ ᠢ | ᠪᠠᠭᠤᠷᠠᠭᠤᠯᠬᠤ ᠳᠤ ︽ᠳᠠᠭᠠᠷᠠᠭᠰᠠᠨ ᠬᠥᠮᠦᠨ ᠳᠤ ᠳᠠᠬᠤ ᠬᠦᠷᠭᠡᠬᠦ︾ ᠦᠢᠯᠡᠳᠦᠯ ᠪᠠᠳᠠᠷᠠᠭᠤᠯᠵᠤ᠂ ᠠᠵᠤ ᠠᠬᠤᠶ ᠶᠢᠨ | ᠦᠨᠳᠦᠰᠦᠨ ᠪᠠᠶᠢᠳᠠᠯ ᠢ ᠲᠣᠭᠲᠠᠪᠤᠷᠢᠵᠢᠭᠤᠯᠬᠤ ᠳᠤ ᠴᠢᠬᠤᠯᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ︽ᠵᠠᠰᠠᠭ ᠤᠨ | ᠣᠷᠳᠣᠨ ᠤ ᠠᠵᠢᠯ ᠤᠨ ᠢᠯᠡᠳᠬᠡᠯ︾ ᠤᠨ ᠱᠠᠭᠠᠷᠳᠠᠯᠭ᠎ᠠ ᠶᠣᠰᠣᠭᠠᠷ᠂ ᠡᠨᠡ ᠵᠢᠯ ᠰᠢᠭᠤᠳ ᠬᠦᠷᠭᠡᠬᠦ ᠲᠣᠭᠲᠠᠴᠠ ᠶᠢ | ᠪᠠᠶᠢᠩᠭᠤᠵᠢᠭᠤᠯᠬᠤ ᠨᠢ ᠨᠢᠳᠤᠨᠤᠨ ᠤ ᠰᠢᠭᠤᠳ ᠬᠦᠷᠭᠡᠬᠦ ᠪᠡᠯᠡ ᠮᠥᠩᠭᠦ ᠶᠢ ᠪᠦᠬᠦᠨ ᠢ ᠨᠡᠮᠡᠭᠳᠡᠯ ᠪᠡᠯᠡ ᠮᠥᠩᠭᠦ | ᠪᠣᠯᠭᠠᠭᠰᠠᠨ ᠲᠠᠢ ᠠᠳᠠᠯᠢ ᠦᠭᠡᠢ᠂ ᠡᠨᠡ ᠵᠢᠯ ᠭᠤᠣᠯᠳᠠᠭᠤ ᠦᠯᠡᠳᠡᠭᠡᠯ ᠪᠡᠯᠡ ᠮᠥᠩᠭᠦ ᠪᠣᠯᠭᠠᠨ᠎ᠠ᠂ ᠪᠡᠯᠡ ᠮᠥᠩᠭᠦ ᠶᠢᠨ | ᠬᠤᠪᠢᠶᠠᠷᠢᠯᠠᠯᠲᠠ ᠶᠢᠨ ᠠᠰᠢᠭ ᠲᠤᠰᠠ ᠶᠢᠨ ᠪᠠᠶᠢᠷᠢᠰᠢᠯ ᠢ ᠥᠭᠡᠷᠡᠴᠢᠯᠡᠨ ᠲᠣᠬᠢᠷᠠᠭᠤᠯᠬᠤ ᠪᠠᠷ ᠳᠠᠮᠵᠢᠭᠤᠯᠤᠨ᠂ | ᠲᠥᠪ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠨᠥᠬᠦᠪᠥᠷᠢ ᠶᠢᠨ ᠡᠯ᠎ᠡ ᠵᠦᠢᠯ ᠤᠨ ᠪᠡᠯᠡ ᠮᠥᠩᠭᠦ ᠶᠢ | ᠪᠦᠬᠦᠨ ᠢ ᠨᠢ ᠰᠢᠭᠤᠳ ᠬᠦᠷᠭᠡᠬᠦ ᠬᠡᠪᠴᠢᠶᠡᠨ ᠳᠤ ᠣᠷᠣᠭᠤᠯᠵᠤ᠂ ᠪᠡᠯᠡ ᠮᠥᠩᠭᠦ ᠶᠢᠨ ᠶᠡᠷᠦᠩᠬᠡᠶ ᠬᠡᠮᠵᠢᠶ᠎ᠡ ᠶᠢ 2.8 | ᠲᠦᠮᠡᠨ ᠳ᠋ᠦᠩᠰᠢᠭᠤᠷ ᠲᠥᠭᠦᠷᠢᠭ ᠲᠤ ᠬᠦᠷᠦᠭᠦᠯᠦᠨ᠎ᠡ᠃ ᠣᠳᠣᠬᠠᠨ ᠳᠤ ᠲᠥᠪ ᠤᠨ ᠡᠳ᠋ ᠤᠨ ᠵᠠᠰᠠᠭ ᠠᠴᠠ ᠰᠢᠭᠤᠳ | ᠪᠠᠭᠤᠯᠭᠠᠭᠰᠠᠨ ᠪᠠᠯᠠ ᠮᠥᠩᠭᠦ 2.6 ᠲᠦᠮᠡᠨ ᠳ᠋ᠦᠩᠰᠢᠭᠤᠷ ᠲᠥᠭᠦᠷᠢᠭ ᠪᠠᠶᠢᠵᠤ᠂ ᠡᠭᠦᠨ ᠳᠤ 2.2 ᠲᠦᠮᠡᠨ | ᠳ᠋ᠦᠩᠰᠢᠭᠤᠷ ᠭᠠᠷᠤᠢ ᠲᠥᠭᠦᠷᠢᠭ ᠢ ᠨᠢᠭᠡᠨᠲᠡ ᠪᠠᠯᠠ ᠮᠥᠩᠭᠦ ᠬᠡᠷᠡᠭᠯᠡᠬᠦ ᠨᠢᠭᠡᠴᠢ ᠳᠤ ᠪᠠᠭᠤᠯᠭᠠᠭᠰᠠᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠨᠢᠭᠡ ᠳᠤ᠂ ᠰᠢᠭᠤᠳ ᠬᠦᠷᠭᠡᠬᠦ ᠪᠠᠯᠠ ᠮᠥᠩᠭᠦ ᠶᠢᠨ ᠬᠡᠷᠡᠭᠯᠡᠯᠲᠡ ᠶᠢᠨ ᠭᠤᠤᠯᠳᠠᠯᠭ᠎ᠠ ᠶᠢ | ᠳᠣᠪᠤᠶᠢᠯᠭᠠᠨ᠎ᠠ᠃ ᠠᠵᠤ ᠠᠬᠤᠶ ᠶᠢ ᠲᠣᠭᠲᠠᠭᠤᠨ ᠪᠠᠶᠢᠯᠭᠠᠬᠤ ᠶᠢᠨ ᠳᠠᠭᠠᠤ ᠪᠠᠬᠢᠵᠢᠭᠦᠯᠬᠦ ᠶᠢ ᠠᠬᠢᠭᠤᠯᠬᠤ ᠲᠠᠯ᠎ᠠ ᠠᠴᠠ | ᠪᠣᠳᠣᠯᠬᠢᠯᠠᠨ᠂ ᠰᠢᠭᠤᠳ ᠬᠦᠷᠭᠡᠬᠦ ᠪᠠᠯᠠ ᠮᠥᠩᠭᠦ ᠶᠢ ᠬᠡᠰᠡᠭ ᠱᠠᠲᠤ ᠦᠶᠡᠴᠢ ᠴᠢᠨᠠᠷᠲᠠᠶ ᠲᠥᠷᠥ ᠶᠢᠨ ᠪᠣᠳᠣᠯᠭ᠎ᠠ ᠶᠢᠨ | ︽ᠪᠠᠭᠤᠷᠠᠯᠲᠠ︾ ᠶᠢᠨ ᠨᠥᠯᠥᠭᠡ ᠶᠢ ᠠᠷᠢᠯᠭᠠᠬᠤ ᠴᠢᠬᠤᠯᠠ ᠠᠷᠭ᠎ᠠ ᠪᠠᠷᠢᠯ ᠤᠨ ᠨᠢᠭᠡ ᠨᠢ ᠪᠣᠯᠭᠠᠵᠤ᠂ ᠲᠠᠭᠦᠨ ᠢ | ᠭᠤᠤᠯᠳᠠᠭᠤ ᠠᠵᠢᠯ ᠣᠯᠭᠤᠯᠲᠠ ᠶᠢ ᠪᠠᠲᠤᠯᠠᠬᠤ᠂ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ | ᠪᠡᠶᠡᠴᠢ ᠴᠣᠭᠴᠠ ᠶᠢ ᠪᠠᠲᠤᠯᠠᠬᠤ ᠶᠢ ᠳᠡᠮᠵᠢᠬᠦ ᠳᠤ ᠦᠷᠭᠦᠯᠵᠢᠯᠡᠨ ᠬᠡᠷᠡᠭᠯᠡᠵᠦ᠂ ᠪᠠᠯᠠ ᠮᠥᠩᠭᠦ ᠶᠢ ᠣᠯᠠᠨ ᠲᠦᠮᠡᠨ ᠤ | ᠬᠦᠰᠡᠯ ᠡᠷᠡᠮᠡᠯᠵᠡᠯ᠂ ᠠᠵᠤ ᠠᠬᠤᠶᠢᠯᠠᠯ ᠤᠨ ᠬᠦᠰᠡᠵᠦ ᠪᠠᠶᠢᠭ᠎ᠠ ᠴᠢᠭᠯᠡᠯ ᠪᠠ ᠬᠦᠷᠢᠶ᠎ᠡ ᠵᠢᠴᠢ ᠦᠨᠳᠦᠰᠦᠨ ᠱᠠᠲᠤᠨ ᠤ | ᠴᠠᠯᠢᠩ ᠢ ᠪᠠᠲᠤᠯᠠᠬᠤ ᠪᠠ ᠡᠷᠭᠢᠯᠲᠡ ᠶᠢ ᠪᠠᠲᠤᠯᠠᠬᠤ ᠳᠤ ᠬᠡᠷᠡᠭᠯᠡᠨ᠂ ᠨᠠᠩ ᠣᠯᠠᠨ ᠡᠳ᠋ ᠤᠨ ᠬᠦᠴᠦᠨ ᠢ | ᠲᠥᠪᠯᠡᠷᠡᠭᠦᠯᠦᠨ ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮᠴᠢᠯᠡᠭᠡ᠂ ᠦᠨᠳᠦᠰᠦᠨ ᠣᠷᠣᠨ ᠰᠠᠭᠤᠴᠠ | ᠵᠡᠷᠭᠡ ᠠᠷᠠᠳ ᠤᠨ ᠦᠨᠳᠦᠰᠦᠨ ᠠᠮᠢᠳᠤᠷᠠᠯ ᠤᠨ ᠣᠷᠣᠭᠤᠯᠤᠯᠲᠠ ᠶᠢ ᠨᠡᠮᠡᠭᠳᠡᠭᠦᠯᠵᠦ᠂ ᠲᠠᠷᠢᠶᠠᠯᠠᠩ ᠤᠰᠤᠨ | ᠠᠰᠢᠭᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠳᠡᠮᠵᠢᠨ᠎ᠡ᠃ ᠬᠤᠶᠠᠷ ᠲᠤ᠂ ᠣᠷᠣᠨ ᠨᠤᠲᠤᠭ ᠢ ᠰᠢᠪᠠᠳᠠᠵᠤ | ᠪᠠᠶᠢᠭᠠᠳ ᠦᠯᠡᠳᠡᠭᠳᠡᠯ ᠰᠢᠭᠤᠳ ᠬᠦᠷᠭᠡᠬᠦ ᠪᠡᠯᠡ ᠮᠥᠩᠭᠦ ᠶᠢ ᠪᠠᠭᠤᠯᠭᠠᠬᠤ ᠪᠠ ᠬᠡᠷᠡᠭᠯᠡᠬᠦ ᠠᠵᠢᠯ ᠢ ᠰᠠᠶᠢᠲᠤᠷ | ᠬᠢᠯᠭᠡᠵᠦ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠴᠠᠭ ᠲᠤᠬᠠᠢ ᠳᠤ ᠨᠢ ᠨᠠᠶᠢᠳᠠᠪᠤᠷᠢᠵᠢᠭᠤᠯᠤᠨ | ᠪᠣᠲᠠᠲᠠᠶᠢᠵᠢᠭᠤᠯᠬᠤ ᠶᠢ ᠪᠠᠲᠤᠯᠠᠨ᠎ᠠ᠃ ᠣᠷᠣᠨ ᠨᠤᠲᠤᠭ ᠢ ᠵᠢᠯᠣᠭᠤᠳᠴᠤ ᠪᠠᠶᠢᠭᠠᠳ ᠲᠥᠪ ᠤᠨ ᠰᠢᠭᠤᠳ ᠬᠦᠷᠭᠡᠬᠦ | ᠪᠡᠯᠡ ᠮᠥᠩᠭᠦ ᠶᠢᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ ᠣᠷᠣᠨ ᠤ ᠪᠠᠶᠢᠳᠠᠯ ᠳᠤ ᠲᠣᠬᠢᠷᠠᠭᠤᠯᠤᠨ ᠣᠷᠣᠨ | ᠨᠤᠲᠤᠭ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠰᠢᠭᠤᠳ ᠬᠦᠷᠬᠦ ᠬᠡᠪᠴᠢᠶ᠎ᠡ ᠶᠢ ᠥᠷᠭᠡᠳᠬᠡᠨ᠎ᠡ᠃ ᠮᠤᠵᠢ ᠶᠢᠨ | ᠱᠠᠲᠤᠨ ᠤ ᠵᠠᠰᠠᠭ ᠤᠨ ᠣᠷᠳᠣᠨ ᠦᠷᠭᠦᠯᠵᠢᠯᠡᠨ ︽ᠵᠠᠮ ᠤᠨ ᠨᠠᠮᠰᠠᠷᠠᠢ ᠪᠤᠷᠬᠠᠨ︾ ᠪᠣᠯᠬᠤ ᠠᠴᠠ ᠪᠢᠰᠢ ︽ᠨᠢᠷᠤᠭᠤ ᠪᠠᠨ | ᠡᠭᠦᠷᠦᠭᠰᠡᠨ ᠨᠣᠶᠠᠨ︾ ᠪᠣᠯᠵᠤ ᠪᠣᠯᠬᠤ ᠦᠭᠡᠢ᠂ ᠨᠠᠩ ᠣᠯᠠᠨ ᠡᠳ᠋ ᠤᠨ ᠬᠦᠴᠦᠨ ᠢᠶᠠᠨ ᠳᠣᠷᠣᠭᠰᠢ ᠪᠠᠭᠤᠯᠭᠠᠵᠤ᠂ | ᠦᠨᠳᠦᠰᠦᠨ ᠱᠠᠲᠤᠨ ᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠤᠷᠢ ᠶᠢ ᠨᠢ | ᠴᠢᠩᠭᠠᠷᠠᠭᠤᠯᠬᠤ ᠬᠡᠷᠡᠭᠲᠡᠶ᠃ ᠭᠤᠷᠪᠠ ᠳᠤ᠂ ᠰᠢᠭᠤᠳ ᠬᠦᠷᠭᠡᠬᠦ ᠪᠡᠯᠡ ᠮᠥᠩᠭᠦᠨ ᠤ ᠬᠢᠨᠠᠯᠲᠠ ᠬᠠᠮᠢᠶᠠᠷᠤᠯᠲᠠ ᠪᠠᠨ | ᠴᠢᠩᠳᠠᠯᠠᠨ᠎ᠠ᠃ ᠡᠳ᠋ ᠤᠨ ᠵᠠᠰᠠᠭ᠂ ᠬᠢᠨᠠᠨ ᠪᠤᠳᠤᠯᠲᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ | ᠬᠢᠨᠠᠯᠲᠠ ᠪᠠᠨ ᠴᠢᠩᠭᠠᠳᠬᠠᠵᠤ᠂ ᠣᠷᠣᠨ ᠨᠤᠲᠤᠭ ᠤᠨ ᠪᠠᠯᠠ ᠮᠥᠩᠭᠦ ᠬᠤᠪᠢᠶᠠᠷᠢᠯᠠᠭᠰᠠᠨ᠂ ᠰᠠᠯᠭᠠᠨ ᠥᠭᠭᠦᠭᠰᠡᠨ ᠪᠠ | ᠬᠡᠷᠡᠭᠯᠡᠭᠰᠡᠨ ᠪᠠᠶᠢᠳᠠᠯ ᠢ ᠬᠥᠳᠡᠯᠦᠩᠭᠦᠶ ᠪᠠᠷ ᠮᠥᠷᠳᠡᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤ ᠨᠢ | ᠢᠯᠡᠷᠡᠭᠦᠯᠬᠦ ᠪᠠ ᠵᠠᠯᠠᠷᠠᠭᠤᠯᠵᠤ᠂ ᠬᠠᠮᠢᠶ᠎ᠠ ᠪᠥᠬᠦᠶ ᠣᠷᠣᠨ ᠨᠤᠲᠤᠭ ᠵᠢᠴᠢ ᠬᠠᠷᠢᠭᠤᠴᠠᠯᠭᠠᠲᠠᠳ ᠲᠠᠢ ᠪᠠᠶᠢᠳᠠᠯ ᠢ ᠨᠢ | ᠦᠵᠡᠵᠦ ᠨᠡᠪᠲᠡᠷᠡᠭᠦᠯᠬᠦ ᠪᠠ ᠪᠣᠯᠵᠣᠨ ᠶᠠᠷᠢᠯᠴᠠᠵᠤ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ ᠠᠪᠤᠭᠰᠠᠨ᠂ | ᠳᠤᠮᠳᠠ ᠠᠴᠠ ᠨᠢ ᠦᠯᠡᠳᠡᠭᠡᠵᠦ ᠨᠡᠭᠦᠯᠭᠡᠨ ᠬᠡᠷᠡᠭᠯᠡᠭᠰᠡᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠨᠤᠭᠤᠳ ᠢ ᠨᠢᠭᠡ ᠶᠢ ᠣᠯᠵᠤ ᠮᠡᠳᠡᠪᠡᠯ ᠨᠢᠭᠡ ᠶᠢ ᠲᠦᠢᠯᠪᠤᠷᠢᠲᠠᠶ ᠪᠠᠶᠢᠴᠠᠭᠠᠵᠤ᠂ ᠴᠢᠩᠭ᠎ᠠ ᠬᠠᠷᠢᠭᠤᠴᠠᠯᠭ᠎ᠠ | ᠨᠡᠬᠡᠮᠵᠢᠯᠡᠨ ᠬᠠᠷᠢᠭᠤᠴᠠᠯᠭ᠎ᠠ ᠲᠤᠯᠭᠠᠵᠤ᠂ ᠰᠢᠭᠤᠳ ᠪᠠᠯᠠ ᠮᠥᠩᠭᠦ ᠶᠢ ᠣᠨᠢᠨ ᠳᠡᠭᠡᠷ᠎ᠡ ᠨᠢ ᠬᠡᠷᠡᠭᠯᠡᠬᠦ ᠶᠢ ᠦᠨᠡᠨ ᠬᠦ | ᠪᠠᠲᠤᠯᠠᠵᠤ᠂ ᠠᠵᠤ ᠠᠬᠤᠶᠢᠯᠠᠯ ᠪᠠ ᠠᠷᠠᠳ ᠲᠤ ᠠᠰᠢᠭ ᠬᠦᠷᠲᠡᠭᠡᠬᠦ ᠪᠣᠳᠠᠲᠤ ᠦᠷ᠎ᠡ ᠪᠦᠲᠦᠮᠵᠢ ᠶᠢ ᠨᠠᠩ ᠰᠠᠶᠢᠨ | ᠪᠠᠳᠠᠷᠠᠭᠤᠯᠬᠤ ᠬᠡᠷᠡᠭᠲᠡᠶ ᠭᠡᠵᠡᠢ᠃ | ᠬᠤᠷᠠᠯ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ | ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠲᠦᠷᠢᠮ ︵ᠵᠠᠰᠠᠪᠤᠷᠢ ᠣᠷᠣᠭᠤᠯᠬᠤ ᠲᠥᠰᠦᠯ︶︾ ᠢ ᠪᠠᠲᠤᠯᠠᠪᠠ᠃ | ᠲᠥᠰᠦᠯ ᠳᠤ ᠲᠠᠷᠢᠶᠠᠨ ᠭᠠᠵᠠᠷ ᠢᠯᠠᠩᠭᠤᠶ᠎ᠠ ᠦᠨᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠢᠶᠠᠷᠤᠯᠲᠠ | ᠬᠠᠮᠠᠭᠠᠯᠠᠯᠲᠠ ᠶᠢ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠵᠤ᠂ | ᠲᠠᠷᠢᠶᠠᠯᠠᠩ ᠳᠤ ᠬᠡᠷᠡᠭᠯᠡᠬᠦ ᠭᠠᠵᠠᠷ ᠢᠯᠠᠩᠭᠤᠶ᠎ᠠ ᠲᠠᠷᠢᠶᠠᠨ ᠭᠠᠵᠠᠷ ᠢ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ | ᠪᠣᠯᠭᠠᠨ ᠬᠤᠪᠢᠷᠠᠭᠤᠯᠬᠤ ᠶᠢ ᠴᠢᠩᠭ᠎ᠠ ᠬᠢᠵᠠᠭᠠᠷᠯᠠᠬᠤ ᠶᠢᠨ ᠬᠠᠮᠲᠤ᠂ ᠲᠠᠷᠢᠶᠠᠨ ᠭᠠᠵᠠᠷ ᠢ ᠣᠶᠢᠲᠤ ᠭᠠᠵᠠᠷ᠂ ᠡᠪᠡᠰᠦᠲᠦ | ᠭᠠᠵᠠᠷ ᠵᠡᠷᠭᠡ ᠪᠤᠰᠤᠳ ᠲᠠᠷᠢᠶᠠᠯᠠᠩ ᠳᠤ ᠬᠡᠷᠡᠭᠯᠡᠬᠦ ᠭᠠᠵᠠᠷ ᠪᠣᠯᠭᠠᠨ ᠬᠤᠪᠢᠷᠠᠭᠤᠯᠬᠤ ᠶᠢ ᠤᠯᠠᠮ ᠨᠢᠭᠡ ᠠᠯᠬᠤᠮ | ᠲᠣᠳᠣᠷᠬᠠᠶ ᠬᠢᠵᠠᠭᠠᠷᠯᠠᠵᠤ᠂ ᠲᠠᠷᠢᠶᠠᠨ ᠭᠠᠵᠠᠷ ᠤᠨ ︽ᠡᠵᠡᠯᠡᠬᠦ ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ︾ | ᠲᠦᠷᠢᠮ ᠢ ᠴᠢᠩᠭ᠎ᠠ ᠬᠡᠷᠡᠭᠵᠢᠭᠦᠯᠪᠡ᠃ ᠲᠥᠰᠦᠯ ᠨᠢ ᠭᠠᠵᠠᠷ ᠰᠢᠷᠣᠶ ᠲᠠᠲᠠᠪᠤᠷᠢᠯᠠᠬᠤ ᠳᠡᠰ ᠳᠠᠷᠠᠭᠠᠯᠠᠯ ᠢ | ᠨᠠᠷᠢᠯᠢᠭᠵᠢᠭᠤᠯᠵᠤ᠂ ᠭᠠᠵᠠᠷ ᠰᠢᠷᠣᠶ ᠲᠠᠲᠠᠪᠤᠷᠢᠯᠠᠬᠤ ᠶᠢ ᠤᠷᠢᠳᠴᠢᠯᠠᠨ ᠵᠠᠷᠯᠠᠬᠤ ᠳᠦᠷᠢᠮ ᠢ ᠲᠣᠭᠲᠠᠭᠠᠵᠤ᠂ | ᠲᠠᠲᠠᠪᠤᠷᠢᠯᠠᠯᠲᠠ ᠶᠢᠨ ᠨᠥᠬᠦᠪᠥᠷᠢ ᠶᠢ ᠵᠢᠷᠤᠮᠵᠢᠭᠤᠯᠵᠤ᠂ ᠬᠤᠯᠪᠣᠭᠳᠠᠯ ᠪᠦᠬᠦᠢ ᠵᠠᠷᠤᠳᠠᠯ ᠢ ᠭᠦᠢᠴᠡᠳ ᠲᠤᠭ᠎ᠠ ᠪᠠᠷ | ᠪᠣᠳᠠᠲᠠᠶᠢᠵᠢᠭᠤᠯᠤᠭᠰᠠᠨ ᠦᠭᠡᠶ ᠪᠣᠯ ᠭᠠᠵᠠᠷ ᠰᠢᠷᠣᠶ ᠲᠠᠲᠠᠪᠤᠷᠢᠯᠠᠬᠤ ᠶᠢ ᠵᠥᠪᠰᠢᠶᠡᠷᠡᠵᠦ ᠪᠣᠯᠬᠤ ᠦᠭᠡᠶ ᠭᠡᠵᠦ | ᠲᠣᠭᠲᠠᠭᠠᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠤᠨ ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ | ᠬᠢᠨᠠᠯᠲᠠ ᠲᠠᠯᠪᠢᠬᠤ ᠡᠷᠬᠡ ᠶᠢ ᠪᠠᠲᠤᠯᠠᠵᠠᠢ᠃ ᠲᠥᠰᠦᠯ ᠳᠤ ᠲᠠᠷᠢᠶᠠᠴᠢᠳ ᠤᠨ ᠵᠦᠢ ᠵᠣᠬᠢᠰᠲᠠᠢ ᠣᠷᠣᠨ | ᠰᠠᠭᠤᠴᠠ ᠶᠢᠨ ᠭᠠᠵᠠᠷ ᠤᠨ ᠬᠡᠷᠡᠭᠴᠡᠭᠡ ᠶᠢ ᠪᠠᠲᠤᠯᠠᠵᠤ᠂ ᠣᠷᠣᠨ ᠰᠠᠭᠤᠴᠠ ᠶᠢᠨ ᠭᠠᠵᠠᠷ ᠤᠨ ᠬᠠᠮᠢᠶᠠᠷᠤᠯᠲᠠ ᠶᠢ | ᠵᠢᠷᠤᠮᠵᠢᠭᠤᠯᠤᠨ᠂ ᠲᠠᠷᠢᠶᠠᠴᠢᠳ ᠤᠨ ᠬᠠᠤᠯᠢ ᠶᠣᠰᠣᠭᠠᠷ ᠣᠯᠤᠭᠰᠠᠨ ᠣᠷᠣᠨ ᠰᠠᠭᠤᠴᠠ ᠶᠢᠨ ᠭᠠᠵᠠᠷ ᠤᠨ ᠡᠷᠬᠡ | ᠠᠰᠢᠭ ᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠲᠥᠰᠦᠯ ᠳᠤ ᠪᠠᠰᠠ ᠭᠠᠵᠠᠷ ᠰᠢᠷᠣᠶ ᠶᠢ ᠰᠢᠪᠠᠳᠠᠨ | ᠪᠠᠶᠢᠴᠠᠭᠠᠬᠤ ᠲᠦᠷᠢᠮ ᠢ ᠨᠠᠷᠢᠯᠢᠬᠵᠢᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠠᠷᠭ᠎ᠠ ᠬᠡᠮᠵᠢᠶ᠎ᠡ ᠶᠢ ᠴᠢᠩᠭᠠᠳᠬᠠᠨ᠂ | ᠬᠥᠳᠡᠯᠦᠩᠭᠦᠶ ᠲᠣᠭᠤᠷᠢᠨ ᠪᠠᠶᠢᠴᠠᠭᠠᠬᠤ ᠵᠡᠷᠭᠡ ᠲᠣᠭᠲᠠᠴᠠ ᠶᠢ ᠪᠠᠶᠢᠭᠤᠯᠬᠤ ᠶᠢᠨ ᠵᠡᠷᠭᠡᠴᠡᠭᠡ ᠲᠠᠷᠢᠶᠠᠨ ᠭᠠᠵᠠᠷ ᠢ | ᠡᠪᠳᠡᠬᠦ᠂ ᠭᠠᠵᠠᠷ ᠰᠢᠷᠣᠶ ᠶᠢ ᠬᠠᠤᠯᠢ ᠪᠤᠰᠤ ᠪᠠᠷ ᠡᠵᠡᠯᠡᠬᠦ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ ᠡᠭᠦᠷᠭᠡ ᠪᠠᠨ | ᠭᠦᠢᠴᠡᠳᠬᠡᠬᠦ ᠶᠢ ᠲᠡᠪᠴᠢᠬᠦ ᠵᠡᠷᠭᠡ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠨᠤᠭᠤᠳ ᠢ ᠰᠢᠢᠳᠭᠡᠬᠦ | ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠢᠢᠳᠭᠡᠬᠦ ᠲᠤᠬᠠᠶ | ᠲᠣᠭᠲᠠᠭᠠᠯ ᠨᠡᠮᠡᠭᠰᠡᠨ ᠪᠠᠶᠢᠨ᠎ᠠ᠃ | | |