ᠠᠯᠳ᠋ᠬᠠᠮᠡᠭᠡᠯ ᠪᠠᠯᠭᠠᠰᠦ ᠶᠢᠨ ᠭᠡᠷᠦᠯᠦᠨ ᠨᠡᠶᠢᠬᠡᠮ ᠳᠤᠭᠤᠷᠢᠭ ︽ᠬᠤᠯᠤᠭᠠᠨ᠎ᠠ ᠤᠰᠠᠳᠬᠠᠵᠦ ᠡᠪᠡᠳᠴᠢᠨ ᠰᠡᠷᠭᠡᠶᠢᠯᠡᠬᠦ ᠳᠤ ᠬᠠᠮᠳᠤᠪᠠᠷ ᠤᠷᠤᠯᠴᠠᠶ᠎ᠠ︾ ᠭᠡᠬᠦ ᠲᠦᠷᠪᠡᠨ ᠬᠤᠤᠷᠳᠠᠨ ᠢ ᠤᠰᠠᠳᠬᠠᠬᠤ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/4/27
       ᠬᠤᠰᠢᠭᠤᠨ ᠤ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠯᠪᠠᠨ ᠭᠡᠷ 33 ᠳ᠋ᠤᠭᠠᠷ ᠤᠯᠤᠰ  ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢᠨ ᠱᠠᠭᠠᠷᠳᠠᠯᠭ᠎ᠠ ᠶᠤᠰᠤᠭᠠᠷ᠂ 4 ᠰᠠᠷ᠎ᠠ ᠶᠢᠨ 25 ᠤ ᠡᠳᠦᠷ᠂ ᠠᠯᠳ᠋ᠬᠠᠮᠡᠭᠡᠯ ᠪᠠᠯᠭᠠᠰᠦ ᠶᠢᠨ ᠭᠡᠷᠦᠯᠦᠨ ᠨᠡᠶᠢᠬᠡᠮ ᠳᠤᠭᠤᠷᠢᠭ ︽ᠬᠤᠯᠤᠭᠠᠨ᠎ᠠ ᠣᠰᠠᠳᠬᠠᠵᠦ ᠡᠪᠡᠳᠴᠢᠨ ᠰᠡᠷᠭᠡᠶᠢᠯᠡᠬᠦ ᠳᠤ ᠬᠠᠮᠳᠤᠪᠡᠷ ᠤᠷᠤᠯᠴᠠᠶ᠎ᠠ︾ ᠭᠡᠬᠦ ᠲᠦᠷᠪᠡᠨ ᠬᠤᠤᠷᠳᠠᠨ ᠢ ᠤᠰᠠᠳᠬᠠᠬᠤ ᠠᠵᠢᠯᠯᠠᠭ᠎ᠠ ᠦᠷᠨᠢᠬᠦᠯᠵᠦ᠂ ᠡᠷᠡᠬᠦᠯ ᠴᠢᠬᠢᠷᠠᠭ ᠠᠮᠢᠳᠤᠷᠠᠯ ᠤᠨ ᠤᠷᠴᠢᠨ ᠳᠤᠭᠤᠷᠢᠨ ᠢ ᠪᠤᠢ ᠪᠤᠯᠭᠠᠵᠦ ᠦᠭᠪᠡ᠃
       ᠨᠡᠶᠢᠬᠡᠮ ᠳᠤᠭᠤᠷᠢᠭ ᠤᠨ ᠠᠵᠢᠯᠳᠠᠳ᠂ ᠨᠠᠮ ᠤᠨ ᠭᠡᠰᠢᠬᠦᠨ ᠪᠤᠯᠤᠨ ᠤᠯᠠᠨ ᠲᠦᠮᠡᠨ ᠳᠤ ᠦᠢᠯᠡᠴᠢᠯᠡᠬᠦ ᠬᠤᠰᠢᠭᠤᠴᠢ ᠡᠩᠨᠡᠭᠡᠨ ᠤ ᠬᠢᠨ ᠢ ᠵᠤᠬᠢᠶᠠᠨ ᠪᠠᠶᠢᠭᠤᠯᠵᠦ᠂ ᠬᠠᠷᠢᠶ᠎ᠠ ᠤᠷᠤᠨ ᠤ ᠡᠯ᠎ᠡ ᠠᠰᠠᠷ ᠤᠨ ᠭᠤᠳᠤᠮᠵᠢ ᠶᠢᠨ ᠬᠤᠤᠷᠳᠦ ᠦᠭᠶᠦᠭᠡ ᠶᠢᠨ ᠭᠠᠵᠠᠷ ᠲᠤ ᠬᠤᠯᠤᠭᠠᠨ᠎ᠠ ᠶᠢᠨ ᠡᠮ ᠳᠠᠯᠪᠢᠵᠦ᠂ ᠡᠮ ᠳᠠᠯᠪᠢᠭᠰᠠᠨ ᠪᠦᠷᠬᠦᠴᠡ ᠶᠢᠨ ᠨᠤᠷᠮ᠎ᠠ 100% ᠳᠤ ᠬᠦᠷᠪᠠ᠃ ᠡᠭᠦᠨ ᠤ ᠬᠠᠮᠳᠦ᠂ ᠰᠠᠭᠤᠭᠠᠯᠢ ᠠᠷᠠᠳ ᠲᠤ ᠤᠬᠠᠭᠤᠯᠭ᠎ᠠ ᠶᠢᠨ ᠭᠠᠷ ᠳᠡᠪᠳᠡᠷ ᠳᠠᠷᠬᠠᠭᠠᠵᠦ᠂ ᠬᠠᠮᠢᠶ᠎ᠠ ᠪᠦᠬᠦᠢ ᠠᠩᠬᠠᠷᠬᠤ ᠵᠦᠢᠯ ᠢ ᠬᠡᠤᠬᠡᠳ ᠲᠡᠭᠡᠨ ᠳᠤᠳᠤᠷᠬᠠᠢ ᠳᠠᠶᠢᠯᠪᠦᠷᠢᠯᠡᠵᠦ ᠦᠭᠬᠦ ᠶᠢ ᠰᠠᠨᠠᠭᠤᠯᠤᠭᠰᠠᠨ ᠤ ᠳᠠᠷᠠᠭ᠎ᠠ᠂ ᠵᠢᠵᠢᠭ ᠳᠤᠭᠤᠷᠢᠭ ᠤᠨ ᠲᠤᠤᠷᠵᠢᠭᠤᠯᠬᠤ ᠠᠵᠢᠯᠳᠠᠨ ᠪᠤᠯᠤᠨ ᠭᠡᠷ ᠠᠬᠤᠢ ᠶᠢᠨ ᠬᠠᠮᠢᠶᠠᠷᠤᠯᠳᠠ ᠶᠢᠨ ᠦᠢᠯᠡᠰ ᠤᠨ ᠴᠡᠪᠡᠷᠯᠡᠭᠴᠢ ᠬᠤᠯᠤᠭᠠᠨ᠎ᠠ ᠶᠢᠨ ᠨᠢᠭᠤᠵᠦ ᠳᠠᠯᠳᠠᠯᠠᠬᠤ ᠭᠠᠵᠠᠷ᠂ ᠨᠤᠭᠤᠭᠠᠷᠠᠭᠤᠯᠤᠯᠳᠠ ᠶᠢᠨ ᠪᠦᠰᠡ᠂ ᠬᠤᠭ ᠨᠤᠪᠰᠢ ᠶᠢᠨ ᠬᠠᠶᠢᠷᠴᠠᠭ ᠵᠡᠷᠭᠡ ᠭᠠᠵᠠᠷ ᠲᠤ ᠦᠷᠬᠦᠯᠵᠢᠯᠡᠨ ᠡᠮ ᠳᠠᠯᠪᠢᠭᠰᠠᠨ ᠪᠠᠶᠢᠨ᠎ᠠ᠃
       ᠳᠤᠰ ᠤᠳᠠᠭᠠᠨ ᠤ ᠬᠤᠯᠤᠭᠠᠨ᠎ᠠ ᠶᠢᠨ ᠡᠮ ᠳᠠᠯᠪᠢᠵᠦ ᠲᠦᠷᠪᠡᠨ ᠬᠤᠤᠷᠳᠠᠨ ᠢ ᠣᠰᠠᠳᠬᠠᠬᠤ ᠠᠵᠢᠯᠯᠠᠭ᠎ᠠ  ᠨᠢ ᠬᠤᠯᠤᠭᠠᠨ᠎ᠠ ᠶᠢᠨ ᠦᠷᠡᠵᠢᠯ ᠢ ᠪᠦᠳᠦᠮᠵᠢᠳᠠᠢ ᠬᠢᠵᠠᠭᠠᠷᠯᠠᠵᠦ᠂ ᠡᠭᠦᠨ ᠤ ᠬᠠᠮᠳᠦ᠂ ᠦᠷᠭᠡᠨ ᠤᠯᠠᠨ ᠲᠦᠮᠡᠨ ᠳᠤ ᠬᠤᠯᠤᠭᠠᠨ᠎ᠠ ᠤᠰᠠᠳᠬᠠᠬᠤ ᠶᠡᠷᠦ ᠶᠢᠨ ᠮᠡᠳᠡᠯᠭᠡ ᠶᠢ ᠲᠦᠭᠡᠮᠡᠯᠵᠢᠬᠦᠯᠵᠦ᠂ ᠦᠷᠭᠡᠨ ᠤᠯᠠᠨ ᠲᠦᠮᠡᠨ ᠢ ᠬᠦᠳᠦᠯᠦᠨ ᠵᠢᠯᠤᠭᠤᠳᠴᠦ ᠦᠪᠡᠷ ᠤᠨ ᠤᠬᠠᠮᠰᠠᠷ ᠠᠴᠠ ᠪᠠᠨ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠢ ᠬᠠᠮᠠᠭᠠᠯᠠᠭᠤᠯᠬᠤ ᠪᠤᠯᠤᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号