ᠪᠦᠬᠡᠪᠠᠶᠠᠷ ᠨᠢᠭᠡᠳᠦᠭᠡᠷ ᠹᠷᠤᠨᠲ ᠲᠤ ᠬᠦᠨᠵᠡᠭᠡᠶᠢᠷᠡᠨ ᠤᠳᠤᠬᠠᠨ ᠤ ᠭᠤᠤᠯᠳᠠᠯᠭ᠎ᠠ ᠲᠠᠢ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/4/6
       ᠤᠶᠢᠷ᠎ᠠ ᠶᠢᠨ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠪᠦᠬᠡᠪᠠᠶᠠᠷ ᠨᠢᠭᠡᠳᠦᠭᠡᠷ ᠹᠷᠤᠨᠲ ᠲᠤ ᠬᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠬᠠᠪᠤᠷ ᠤᠨ ᠭᠠᠯ ᠢ ᠰᠡᠷᠭᠡᠶᠢᠯᠡᠬᠦ᠂ ᠲᠦᠯ ᠳᠤᠰᠴᠦ ᠪᠤᠶᠢᠵᠢᠭᠤᠯᠬᠤ᠂ ᠠᠶᠦᠯᠬᠦᠢ ᠦᠢᠯᠡᠳᠪᠦᠷᠢᠯᠡᠯ᠂ ᠡᠨᠧᠷᠬᠢ ᠶᠢᠨ ᠬᠤᠷᠤᠭᠳᠠᠯ ᠤᠨ ︽ᠬᠤᠶᠠᠷ ᠢ ᠬᠢᠵᠠᠭᠠᠷᠯᠠᠬᠤ︾ ᠵᠡᠷᠭᠡ ᠤᠳᠤᠬᠠᠨ ᠤ ᠭᠤᠤᠯᠳᠠᠯᠭ᠎ᠠ ᠲᠠᠢ ᠠᠵᠢᠯ ᠢ ᠪᠤᠳᠠᠳᠦ ᠭᠠᠵᠠᠷ ᠲᠤᠨᠢ ᠬᠦᠷᠴᠦ ᠪᠠᠶᠢᠴᠠᠭᠠᠨ ᠰᠤᠳᠤᠯᠤᠯᠳᠠ ᠬᠢᠪᠡ᠃ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠪᠠᠷ᠎ᠠ ᠪᠤᠯᠤᠯᠴᠠᠪᠠ᠃
       ᠪᠦᠬᠡᠪᠠᠶᠠᠷ ᠠᠯᠳ᠋ᠬᠠᠮᠡᠭᠡᠯ ᠪᠠᠯᠭᠠᠰᠦ ᠶᠢᠨ ᠨᠡᠶᠢᠬᠡᠮ ᠳᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ  ᠤ ᠲᠦᠪ ᠲᠤ ᠬᠦᠷᠴᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢᠨ ᠠᠵᠢᠯ ᠢ ᠦᠷᠨᠢᠬᠦᠯᠦᠭᠰᠡᠨ ᠪᠠᠶᠢᠳᠠᠯ᠂ ᠳᠠᠷᠢᠯᠭ᠎ᠠ ᠬᠢᠬᠦ ᠴᠢᠳᠠᠪᠦᠷᠢ ᠵᠡᠷᠭᠡ ᠪᠠᠶᠢᠳᠠᠯ ᠢ ᠤᠶᠢᠯᠠᠭᠠᠭᠰᠠᠨ ᠤ ᠳᠠᠷᠠᠭ᠎ᠠ᠂ ᠸᠠᠺᠽᠢᠨ ᠤ ᠳᠠᠷᠢᠯᠭ᠎ᠠ ᠬᠢᠬᠦ ᠶᠠᠪᠤᠳᠠᠯ ᠠᠷᠠᠳ ᠤᠯᠠᠨ ᠤ ᠠᠮᠢ ᠨᠠᠰᠦ ᠡᠷᠡᠬᠦᠯ ᠴᠢᠬᠢᠷᠠᠭ ᠲᠠᠢ ᠬᠤᠯᠪᠤᠭᠳᠠᠵᠦ ᠪᠤᠢ᠂ ᠡᠶᠢᠮᠦ ᠠᠴᠠ ᠠᠵᠢᠯ ᠤᠨ ᠡᠷᠴᠢᠮ ᠢ ᠴᠢᠩᠭᠠᠷᠠᠭᠤᠯᠤᠨ᠂ ᠡᠮᠴᠢᠯᠡᠭᠡᠨ ᠤ ᠠᠵᠢᠯᠳᠠᠳ ᠲᠤ ᠪᠤᠯᠪᠠᠰᠤᠷᠠᠯ ᠬᠦᠷᠲᠡᠭᠡᠬᠦ ᠶᠢ ᠴᠢᠬᠤᠯᠠᠴᠢᠯᠠᠵᠦ᠂ ᠤᠬᠠᠭᠤᠯᠭ᠎ᠠ ᠬᠢᠵᠦ ᠬᠦᠳᠦᠯᠦᠨ ᠳᠠᠭᠠᠭᠤᠯᠬᠤ ᠶᠢ ᠰᠠᠶᠢᠳᠦᠷ ᠬᠢᠵᠦ᠂ ᠦᠷᠭᠡᠨ ᠤᠯᠠᠨ ᠲᠦᠮᠡᠨ ᠳᠤ ᠸᠠᠺᠽᠢᠨ ᠤ ᠳᠠᠷᠢᠯᠭ᠎ᠠ ᠬᠢᠬᠦ ᠴᠢᠬᠤᠯᠠ ᠴᠢᠨᠠᠷ᠂ ᠠᠮᠦᠷ ᠲᠦᠪᠰᠢᠨ ᠴᠢᠨᠠᠷ ᠪᠤᠯᠤᠨ ᠬᠦᠴᠦᠨ ᠪᠦᠬᠦᠢ ᠴᠢᠨᠠᠷ ᠢ ᠤᠶᠢᠯᠠᠭᠠᠭᠤᠯᠤᠨ᠂ ᠪᠦᠬᠦ ᠨᠡᠶᠢᠭᠡᠮ ᠤᠨ ᠡᠪᠡᠳᠴᠢᠨ ᠢ ᠡᠰᠡᠷᠬᠦᠴᠡᠬᠦ ᠬᠠᠯᠬᠠᠪᠴᠢ ᠶᠢ ᠴᠤᠭᠴᠠᠯᠠᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠳᠦᠮᠵᠢ ᠶᠢ ᠪᠠᠬᠢᠵᠢᠬᠦᠯᠦᠨ᠎ᠡ ᠭᠡᠵᠡᠢ᠃
       ᠬᠤᠰᠢᠭᠤᠨ ᠤ ᠭᠠᠯ ᠢ ᠰᠡᠷᠭᠡᠶᠢᠯᠡᠨ ᠤᠨᠳᠠᠷᠠᠭᠠᠬᠤ ᠠᠵᠢᠯ ᠤᠨ ᠵᠢᠯᠤᠭᠤᠳᠬᠤ ᠲᠦᠪ ᠲᠤ᠂ ᠪᠦᠬᠡᠪᠠᠶᠠᠷ ᠭᠠᠯ ᠢ ᠰᠡᠷᠭᠡᠶᠢᠯᠡᠬᠦ ᠪᠠᠭᠠᠵᠢ᠂ ᠭᠠᠯ ᠤᠨᠳᠠᠷᠠᠭᠠᠬᠤ ᠲᠦᠬᠦᠭᠡᠷᠦᠮᠵᠢ ᠶᠢᠨ ᠭᠡᠷᠡᠭᠯᠡᠭᠡᠨ ᠤ ᠪᠠᠶᠢᠳᠠᠯ ᠢ ᠳᠤᠬᠠᠢ ᠶᠢᠨ ᠭᠠᠵᠠᠷ ᠲᠤᠨᠢ ᠬᠦᠷᠴᠦ ᠪᠠᠶᠢᠴᠠᠭᠠᠨ ᠦᠵᠡᠬᠦ ᠳᠤ ᠪᠠᠨ᠂ ᠤᠳᠤ ᠶᠠᠭ ᠰᠠᠶ᠋ᠢᠬᠠᠨ ᠬᠠᠪᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠬᠤᠭᠤᠴᠠᠭ᠎ᠠ ᠪᠤᠯᠤᠨ᠎ᠠ᠂ ᠡᠶᠢᠮᠦ ᠠᠴᠠ 24 ᠴᠠᠭ ᠤᠨ ᠵᠢᠵᠢᠬᠦᠷ ᠡᠭᠡᠯᠵᠢ ᠪᠤᠯᠤᠨ ᠤᠳᠤᠷᠢᠳᠤᠯᠭ᠎ᠠ ᠠᠴᠠ ᠡᠬᠡᠯᠵᠢ ᠳᠠᠭᠠᠭᠤᠯᠬᠤ ᠲᠦᠷᠢᠮ ᠢ ᠴᠢᠩᠭ᠎ᠠ ᠭᠡᠷᠡᠭᠵᠢᠬᠦᠯᠦᠨ᠂ ᠲᠤᠰᠬᠠᠢ ᠡᠩᠨᠡᠭᠡᠨ ᠤ ᠪᠠᠶᠢᠭᠤᠯᠤᠯᠳᠠ ᠶᠢ ᠳᠠᠰᠤᠷᠠᠯᠳᠠ ᠦᠬᠡᠢ ᠴᠢᠩᠭᠠᠳᠬᠠᠵᠦ᠂ ᠬᠦᠮᠦᠨ ᠠᠵᠢᠯᠳᠠᠨ᠂ ᠡᠳ᠋ ᠪᠤᠳᠠᠰ ᠪᠤᠯᠤᠨ ᠳᠤᠨᠤᠭ ᠲᠦᠬᠦᠭᠡᠷᠦᠮᠵᠢ ᠬᠦᠢᠴᠡᠳ ᠪᠠᠶᠢᠬᠤ ᠶᠢ ᠪᠠᠳᠤᠯᠠᠨ᠎ᠠ᠃ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠳᠠᠰᠤᠷᠠᠯᠳᠠ ᠦᠬᠡᠢ ᠳᠡᠬᠦᠯᠳᠡᠷᠵᠢᠬᠦᠯᠦᠨ᠂ ᠡᠳᠦᠷ ᠳᠤᠳᠤᠮ ᠤᠨ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠵᠦ᠂ ᠠᠶᠤᠯ ᠲᠦᠭᠰᠢᠬᠦᠷᠢ ᠶᠢᠨ ᠳᠠᠯᠳᠠ ᠬᠡᠮ ᠢ ᠵᠢᠠᠠᠰᠠᠭᠠᠨ ᠪᠠᠶᠢᠴᠠᠭᠠᠬᠤ ᠶᠢ ᠴᠢᠩᠭᠠᠳᠬᠠᠨ᠎ᠠ᠃ ᠤᠬᠠᠭᠤᠯᠭ᠎ᠠ ᠬᠦᠮᠦᠵᠢᠯ ᠢ ᠴᠢᠩᠭᠠᠳᠬᠠᠨ᠂ ᠪᠤᠯᠪᠠᠰᠤᠨ ᠳᠠᠬᠢᠯᠭ᠎ᠠ ᠬᠢᠬᠦ᠂ ᠠᠮᠦᠷ ᠲᠦᠪᠰᠢᠨ ᠳᠠᠬᠢᠯᠭ᠎ᠠ ᠬᠢᠬᠦ ᠶᠢ ᠤᠷᠢᠶᠠᠯᠠᠵᠦ᠂ ᠪᠦᠬᠦ ᠠᠷᠠᠳ ᠤᠨ ᠭᠠᠯ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠬᠦᠯᠦᠨ᠎ᠡ ᠭᠡᠵᠡᠢ᠃
       ᠪᠦᠬᠡᠪᠠᠶᠠᠷ ᠳᠤᠰ ᠳᠤᠰ ᠠᠯᠳ᠋ᠬᠠᠮᠡᠭᠡᠯ ᠪᠠᠯᠭᠠᠰᠦ ᠶᠢᠨ ᠨᠠᠷᠠᠳᠦ ᠭᠠᠴᠠᠭᠠᠨ ᠤ ᠮᠠᠯᠴᠢᠨ ᠬᠠᠰᠪᠦ᠋ᠬᠡ ᠪᠤᠯᠤᠨ ᠠᠷᠤᠬᠠᠰᠢᠶᠠᠳᠦ ᠪᠠᠯᠭᠠᠰᠦ ᠶᠢᠨ ᠪᠦᠯᠬᠦᠮᠳᠡᠯ ᠭᠠᠴᠠᠭᠠᠨ ᠤ ᠮᠠᠯᠴᠢᠨ ᠤᠨᠳᠤᠷᠬᠤ ᠶᠢᠨ ᠭᠡᠷ ᠲᠤ ᠬᠦᠷᠴᠦ᠂ ᠦᠢᠯᠡᠳᠪᠦᠷᠢᠯᠡᠯ ᠠᠮᠢᠳᠤᠷᠠᠯ᠂ ᠬᠠᠪᠤᠷ ᠤᠨ ᠲᠦᠯ ᠳᠤᠰᠴᠦ ᠪᠤᠶᠢᠵᠢᠭᠤᠯᠬᠤ ᠠᠵᠢᠯ ᠳᠤᠮᠳᠠ ᠳᠤᠯᠭᠠᠷᠠᠵᠦ ᠪᠠᠶᠢᠭ᠎ᠠ ᠬᠦᠴᠢᠷᠳᠡᠯ ᠪᠠ ᠠᠰᠠᠭᠤᠳᠠᠯ ᠢ ᠠᠰᠠᠭᠤᠨ ᠤᠶᠢᠯᠠᠭᠠᠬᠤ ᠳᠤ ᠪᠠᠨ᠂ ᠮᠠᠯᠴᠢᠳ ᠤᠨ ᠭᠡᠷ ᠲᠤ ᠬᠦᠨᠵᠡᠬᠡᠶᠢᠷᠡᠨ ᠵᠢᠭᠠᠨ ᠵᠢᠯᠤᠭᠤᠳᠴᠦ ᠦᠢᠯᠡᠴᠢᠯᠡᠬᠦ ᠠᠵᠢᠯ ᠢ ᠰᠠᠶᠢᠳᠦᠷ ᠬᠢᠵᠦ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠤᠷᠤᠰᠢᠵᠦ ᠪᠠᠶᠢᠭ᠎ᠠ ᠬᠦᠴᠢᠷ ᠠᠰᠠᠭᠤᠳᠠᠯ ᠢ ᠴᠠᠭ ᠲᠤᠬᠠᠢ ᠳᠤᠨᠢ ᠡᠵᠡᠮᠰᠢᠨ᠂ ᠡᠯ᠎ᠡ ᠲᠦᠷᠦᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠠᠵᠢᠯ ᠢ ᠬᠦᠢᠴᠡᠳ ᠰᠠᠶᠢᠳᠦᠷ ᠬᠢᠵᠦ᠂ ᠲᠦᠯ ᠮᠠᠯ ᠤᠨ ᠤᠨᠳᠤᠷᠤᠯᠳᠠ ᠶᠢᠨ ᠨᠤᠷᠮ᠎ᠠ ᠶᠢ ᠪᠦᠬᠦ ᠬᠦᠴᠦᠨ  ᠢᠶᠠᠷ ᠪᠠᠳᠤᠯᠠᠵᠦ᠂ ᠪᠦᠬᠦ ᠵᠢᠯ ᠤᠨ ᠮᠠᠯᠵᠢᠬᠤ ᠦᠢᠯᠡᠳᠪᠦᠷᠢᠯᠡᠯ ᠳᠤ ᠰᠠᠶᠢᠨ ᠰᠠᠭᠤᠷᠢ ᠳᠠᠯᠪᠢᠵᠦ ᠦᠭᠬᠦ ᠭᠡᠷᠡᠭᠳᠡᠢ ᠭᠡᠵᠡᠢ᠃
       ᠠᠷᠤᠬᠠᠰᠢᠶᠠᠳᠦ ᠪᠤᠭᠤᠮᠳᠠ ᠳᠤ ᠬᠦᠷᠴᠦ ᠪᠠᠶᠢᠴᠠᠭᠠᠬᠤ ᠳᠤ ᠪᠠᠨ᠂ ᠪᠦᠬᠡᠪᠠᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠷᠭ᠎ᠠ ᠬᠡᠮᠵᠢᠶ᠎ᠡ ᠶᠢ ᠪᠠᠶᠢᠩᠭᠤᠵᠢᠭᠤᠯᠵᠦ᠂ ︽ᠭᠠᠳᠠᠭᠠᠳᠦ ᠠᠴᠠ ᠤᠷᠤᠵᠦ ᠢᠷᠡᠬᠦ  ᠶᠢ ᠰᠡᠷᠭᠡᠶᠢᠯᠡᠬᠦ︾ ᠪᠠᠷ ᠭᠤᠤᠯᠳᠠᠯᠭ᠎ᠠ ᠪᠤᠯᠭᠠᠨ᠂ ᠠᠷᠠᠳ ᠤᠯᠠᠨ ᠤ ᠠᠮᠢ ᠨᠠᠰᠤᠨ ᠤ ᠠᠮᠦᠷ ᠲᠦᠪᠰᠢᠨ᠂ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠪᠤᠯᠤᠨ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠳᠤ ᠪᠠᠳᠦ ᠪᠠᠬᠢ ᠪᠠᠳᠤᠯᠠᠭ᠎ᠠ ᠬᠠᠩᠭᠠᠵᠦ ᠦᠭᠬᠦᠨ᠎ᠡ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢ ᠬᠦᠮᠦᠵᠢᠬᠦᠯᠦᠨ ᠴᠡᠭᠴᠡᠯᠡᠬᠦ ᠠᠵᠢᠯ ᠤᠨ ᠡᠯ᠎ᠡ ᠵᠦᠢᠯ ᠤᠨ ᠬᠠᠷᠠᠯᠳᠠ ᠡᠭᠦᠷᠭᠡ ᠶᠢ ᠡᠷᠡᠰ ᠭᠤᠶᠢᠪᠢᠰᠢ ᠦᠬᠡᠢ ᠰᠠᠶᠢᠳᠦᠷ ᠨᠠᠶᠢᠳᠠᠪᠦᠷᠢᠵᠢᠭᠤᠯᠵᠦ᠂ ᠬᠦᠮᠦᠵᠢᠬᠦᠯᠦᠨ ᠴᠡᠭᠴᠡᠯᠡᠬᠦ ᠠᠵᠢᠯ ᠤᠨ ᠪᠤᠳᠠᠳᠦ ᠦᠷ᠎ᠡ ᠪᠦᠳᠦᠮᠵᠢ ᠤᠯᠬᠤ ᠶᠢ ᠪᠠᠳᠤᠯᠠᠬᠤ ᠭᠡᠷᠡᠭᠳᠡᠢ ᠭᠡᠵᠡᠢ᠃
               ᠷᠦᠩ ᠳ᠋ᠠ ᠠᠭᠤᠷᠬᠠᠢ ᠶᠢᠨ ᠦᠢᠯᠡᠰ ᠲᠤ ᠬᠦᠷᠴᠦ᠂ ᠠᠵᠦ ᠠᠬᠤᠶᠢᠯᠠᠯ ᠤᠨ ᠡᠨᠧᠷᠬᠢ ᠶᠢᠨ ᠬᠤᠷᠤᠭᠳᠠᠯ  ᠤᠨ ︽ᠬᠤᠶᠠᠷ ᠢ ᠬᠢᠵᠠᠭᠠᠷᠯᠠᠬᠤ︾᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ᠂ ᠠᠮᠢ ᠠᠬᠤᠢ ᠶᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠤᠶᠢᠯᠠᠭᠠᠬᠤ ᠳᠤ ᠪᠠᠨ᠂ ᠪᠦᠭᠡᠪᠠᠶᠠᠷ᠂ ᠪᠤᠬᠢᠷᠳᠤᠯ ᠦᠬᠡᠢ ᠬᠦᠭᠵᠢᠬᠦᠯᠬᠦ ᠳᠤ ᠡᠩ ᠲᠡᠷᠢᠬᠦᠨ ᠳᠤ ᠡᠨᠧᠷᠬᠢ ᠶᠢ ᠠᠷᠪᠢᠯᠠᠬᠤ ᠭᠡᠷᠡᠭᠳᠡᠢ᠃ ᠠᠵᠦ ᠠᠬᠤᠶᠢᠯᠠᠯ ᠠᠴᠠ ᠰᠢ ᠶᠢᠨ ᠫᠢᠩ ᠶᠡᠷᠦᠩᠭᠡᠢ ᠱᠦᠵᠢ ᠶᠢᠨ ᠦᠪᠦᠷ ᠮᠤᠩᠭᠤᠯ ᠳᠠᠬᠢ ᠴᠢᠬᠤᠯᠠ ᠶᠠᠷᠢᠶ᠎ᠠ ᠪᠤᠯᠤᠨ ᠴᠢᠬᠤᠯᠠ ᠵᠢᠭᠠᠪᠦᠷᠢ ᠴᠤᠬᠤᠯᠠᠪᠦᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠳᠤᠤᠱᠯᠠᠭᠤᠯᠤᠨ᠂ ᠠᠮᠢ ᠠᠬᠤᠢ ᠶᠢ ᠤᠷᠢᠳᠠᠪᠠᠷ ᠪᠤᠳᠤᠯᠬᠢᠯᠠᠨ᠂ ᠪᠤᠬᠢᠷᠳᠤᠯ ᠦᠬᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠡᠷᠡᠰ ᠵᠠᠮᠨᠠᠵᠦ᠂ ᠡᠨᠧᠷᠬᠢ ᠶᠢᠨ ᠠᠰᠢᠭᠯᠠᠯᠳᠠ ᠶᠢᠨ ᠦᠷ᠎ᠡ ᠠᠰᠢᠭ ᠶᠢ ᠦᠷᠬᠦᠯᠵᠢᠯᠡᠨ ᠳᠡᠭᠡᠭᠰᠢᠯᠡᠬᠦᠯᠦᠨ᠂ ᠡᠨᠧᠷᠬᠢ ᠶᠢᠨ ᠬᠤᠷᠤᠭᠳᠠᠯ ᠢ ᠴᠢᠩᠭ᠎ᠠ ᠬᠢᠵᠠᠭᠠᠷᠯᠠᠵᠦ᠂ ᠡᠨᠧᠷᠬᠢ ᠶᠢᠨ ᠬᠤᠷᠤᠭᠳᠠᠯ ᠤᠨ ᠶᠡᠷᠦᠩᠭᠡᠢ ᠬᠡᠮᠵᠢᠶ᠎ᠡ ᠶᠢ ᠵᠤᠬᠢᠰᠳᠠᠢ ᠬᠢᠵᠠᠭᠠᠷᠯᠠᠨ᠂ ᠰᠢᠨ᠎ᠡ ᠮᠡᠷᠭᠡᠵᠢᠯ᠂ ᠰᠢᠨ᠎ᠡ ᠠᠵᠢᠯ ᠤᠨ ᠬᠡᠯᠪᠡᠷᠢ ᠪᠠᠷ ᠠᠵᠦ ᠠᠬᠤᠶᠢᠯᠠᠯ ᠤᠨ ᠪᠤᠬᠢᠷᠳᠤᠯ ᠦᠬᠡᠢ ᠵᠠᠮ ᠢᠶᠠᠷ ᠵᠠᠮᠨᠠᠬᠤ ᠶᠢ ᠲᠦᠯᠬᠢᠨ ᠠᠬᠢᠭᠤᠯᠤᠨ᠎ᠠ᠃ ᠠᠵᠦ ᠠᠬᠤᠶᠢᠯᠠᠯ ᠠᠴᠠ ᠬᠢᠵᠢᠭ ᠤᠨ ᠪᠠᠶᠢᠳᠠᠯ ᠢ ᠪᠠᠶᠢᠩᠭᠤᠵᠢᠭᠤᠯᠬᠤ ᠶᠢ ᠰᠠᠶᠢᠳᠦᠷ ᠠᠳᠬᠤᠵᠦ᠂ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠤᠨ᠂ ᠤᠷᠴᠢᠨ ᠳᠤᠭᠤᠷᠢᠨ ᠢ ᠬᠠᠮᠠᠭᠠᠯᠠᠬᠤ ᠪᠤᠯᠤᠨ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠳᠦᠷ ᠬᠢᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠳᠠᠢ ᠬᠦᠭᠵᠢᠯᠳᠡ ᠳᠤ ᠦᠨᠡᠨᠬᠦ ᠬᠤᠪᠢ ᠨᠡᠮᠡᠷᠢ ᠦᠵᠡᠬᠦᠯᠦᠨ᠎ᠡ ᠭᠡᠵᠡᠢ᠃                       ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号