ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠳᠡᠳ᠋ ᠬᠤᠳᠠ ᠶᠢᠨ ᠳᠠᠷᠤᠭ᠎ᠠ ᠬᠤᠤ ᠭᠦᠢ ᠵᠢᠤᠸᠠᠨ ᠮᠠᠨ ᠤ ᠬᠤᠰᠢᠭᠤᠨ ᠳᠤ ᠢᠷᠡᠵᠦ ᠠᠵᠢᠯ ᠪᠠᠶᠢᠴᠠᠭᠠᠨ ᠵᠢᠯᠤᠭᠤᠳᠪᠠ
ᠨᠡᠶᠢᠲᠡᠯᠡᠭᠰᠡᠨ ᠴᠠᠭ᠄
2021/4/6
       ᠤᠶᠢᠷ᠎ᠠ ᠶᠢᠨ ᠡᠳᠦᠷ᠂ ᠬᠦᠯᠦᠨ ᠪᠤᠶᠢᠷ ᠬᠤᠳᠠ ᠶᠢᠨ ᠵᠠᠰᠠᠭ ᠤᠨ ᠤᠷᠳᠤᠨ ᠤ ᠳᠡᠳ᠋ ᠬᠤᠳᠠ ᠶᠢᠨ ᠳᠠᠷᠤᠭ᠎ᠠ ᠬᠤᠤ ᠬᠦᠢ ᠵᠢᠤᠸᠠᠨ ᠮᠠᠨ ᠤ ᠬᠤᠰᠢᠭᠤᠨ ᠳᠤ ᠢᠷᠡᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠪᠠᠶᠢᠴᠠᠭᠠᠨ ᠵᠢᠯᠤᠭᠤᠳᠬᠤ ᠳᠤ ᠪᠠᠨ᠂ ᠳᠠᠷᠢᠯᠭ᠎ᠠ ᠬᠢᠬᠦ ᠴᠤᠪᠤᠷᠠᠯ ᠢ ᠲᠦᠷᠢᠮᠵᠢᠬᠦᠯᠦᠨ᠂ ᠤᠬᠠᠭᠤᠯᠭ᠎ᠠ ᠬᠢᠵᠦ ᠬᠦᠳᠦᠯᠦᠨ ᠵᠢᠯᠤᠭᠤᠳᠬᠤ ᠶᠢ ᠴᠢᠩᠭᠠᠳᠬᠠᠵᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢᠨ ᠠᠵᠢᠯ ᠢ ᠪᠡᠳᠦ ᠪᠠᠬᠢ ᠰᠠᠶᠢᠳᠦᠷ ᠬᠢᠬᠦ ᠭᠡᠷᠡᠭᠳᠡᠢ ᠭᠡᠵᠡᠢ᠃ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤᠨ ᠳᠠᠷᠤᠭ᠎ᠠ ᠤᠯᠠᠭᠠᠨᠳᠤᠶᠠᠭ᠎ᠠ ᠪᠠᠷ᠎ᠠ ᠪᠤᠯᠤᠯᠴᠠᠪᠠ᠃
       ᠬᠤᠤ ᠭᠦᠢ ᠵᠢᠤᠸᠠᠨ ᠤᠷᠢᠳ ᠬᠤᠵᠢᠳ ᠬᠤᠰᠢᠭᠤᠨ ᠤ ᠡᠬᠡ ᠨᠢᠯᠬᠠᠰ ᠤᠨ ᠡᠷᠡᠬᠦᠯᠵᠢᠯ ᠤᠨ ᠦᠷᠲᠡᠭᠡ᠂ ᠠᠯᠳ᠋ᠬᠠᠮᠡᠭᠡᠯ ᠪᠠᠯᠭᠠᠰᠦ ᠶᠢᠨ ᠨᠡᠶᠢᠬᠡᠮ ᠳᠤᠭᠤᠷᠢᠭ ᠤᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠵᠡᠷᠭᠡ ᠭᠠᠵᠠᠷ ᠲᠤ ᠬᠦᠷᠴᠦ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢᠨ ᠠᠵᠢᠯ ᠢ ᠦᠷᠨᠢᠬᠦᠯᠦᠭᠰᠡᠨ ᠪᠠᠶᠢᠳᠠᠯ ᠵᠢᠴᠢ ᠠᠵᠢᠯᠳᠠᠳ ᠤᠨ ᠡᠩᠨᠡᠭᠡᠨ ᠤ ᠪᠠᠶᠢᠭᠤᠯᠤᠯᠳᠠ᠂ ᠡᠳ᠋ ᠪᠤᠳᠠᠰ ᠤᠨ ᠨᠦᠬᠡᠴᠡ ᠵᠡᠷᠭᠡ ᠪᠠᠶᠢᠳᠠᠯ ᠢ ᠨᠠᠷᠢᠯᠢᠭ ᠤᠶᠢᠯᠠᠭᠠᠵᠠᠢ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢᠨ ᠠᠵᠢᠯ ᠤᠨ ᠳᠤᠬᠠᠢ᠂ ᠬᠤᠤ ᠬᠦᠢ ᠵᠢᠤᠸᠠᠨ ᠴᠢᠩᠭᠠᠳᠬᠠᠬᠤ ᠳᠠᠭᠠᠨ᠂ ᠸᠠᠺᠽᠢᠨ ᠤ ᠳᠠᠷᠢᠯᠭ᠎ᠠ ᠬᠢᠬᠦ ᠪᠤᠯ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠡᠷᠢᠬᠦᠨ ᠴᠢᠬᠤᠯᠠ ᠶᠠᠪᠤᠳᠠᠯ ᠪᠤᠯᠤᠨ᠎ᠠ᠂ ᠡᠯ᠎ᠡ ᠰᠠᠯᠠᠭ᠎ᠠ ᠮᠦᠴᠢᠷ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠠᠺᠽᠢᠨ ᠤ ᠳᠠᠷᠢᠯᠭ᠎ᠠ ᠶᠢᠨ ᠠᠵᠢᠯ ᠢ ᠲᠦᠯᠬᠢᠨ ᠠᠬᠢᠭᠤᠯᠬᠤ ᠴᠢᠬᠤᠯᠠ ᠠᠴᠢ ᠬᠤᠯᠪᠤᠭᠳᠠᠯ ᠢ ᠬᠦᠢᠴᠡᠳ ᠳᠠᠨᠢᠵᠦ᠂ ᠳᠡᠭᠡᠳᠦ ᠱᠠᠳᠤᠨ ᠤ ᠠᠵᠢᠯ ᠤᠨ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠦᠷᠢᠵᠢᠭᠤᠯᠵᠦ᠂ ᠤᠯᠤᠰ ᠲᠦᠷᠦ ᠶᠢᠨ ᠵᠤᠭᠰᠤᠴᠠ ᠪᠠᠨ ᠤᠯᠠᠮ ᠴᠢᠨᠠᠭᠰᠢᠳᠠ ᠳᠡᠭᠡᠭᠰᠢᠯᠡᠬᠦᠯᠦᠨ᠂ ᠦᠵᠡᠯ ᠰᠠᠨᠠᠭ᠎ᠠ ᠳᠠᠨᠢᠯᠳᠠ ᠪᠠᠨ ᠬᠦᠨᠵᠡᠭᠡᠶᠢᠷᠡᠬᠦᠯᠵᠦ᠂ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠦ  ᠶᠢ ᠳᠡᠭᠡᠳᠦᠯᠡᠬᠦ ᠶᠢ ᠪᠠᠷᠢᠮᠳᠠᠯᠠᠨ᠂ ᠬᠠᠷᠢᠭᠤᠴᠠᠯᠭ᠎ᠠ ᠶᠢᠨ ᠤᠬᠠᠮᠰᠠᠷ ᠪᠤᠯᠤᠨ ᠪᠠᠴᠢᠮ ᠳᠤᠯᠭᠠᠮ᠎ᠠ ᠤᠬᠠᠮᠰᠠᠷ ᠢ ᠦᠨᠡᠨᠬᠦ ᠴᠢᠩᠭᠠᠳᠬᠠᠵᠦ᠂ ᠸᠠᠺᠽᠢᠨ ᠤ ᠳᠠᠷᠢᠯᠭ᠎ᠠ ᠶᠢᠨ ᠠᠵᠢᠯ ᠢ ᠪᠦᠬᠦ ᠬᠦᠴᠦᠨ ᠢᠶᠠᠷ ᠲᠦᠯᠬᠢᠨ ᠠᠬᠢᠭᠤᠯᠵᠦ ᠨᠠᠶᠢᠳᠠᠪᠦᠷᠢᠵᠢᠭᠤᠯᠤᠨ᠎ᠠ᠃ ᠤᠬᠠᠭᠤᠯᠭ᠎ᠠ ᠬᠢᠵᠦ ᠬᠦᠳᠦᠯᠦᠨ ᠳᠠᠭᠠᠭᠤᠯᠬᠤ ᠶᠢ ᠴᠢᠩᠭᠠᠳᠬᠠᠨ᠂ ᠸᠠᠺᠽᠢᠨ ᠤ ᠳᠠᠷᠢᠯᠭ᠎ᠠ  ᠶᠢᠨ ᠠᠮᠦᠷ ᠲᠦᠪᠰᠢᠨ ᠴᠢᠨᠠᠷ᠂ ᠬᠦᠴᠦᠨ ᠪᠦᠬᠦᠢ ᠴᠢᠨᠠᠷ ᠵᠡᠷᠭᠡ ᠡᠷᠭᠡ ᠰᠦᠷᠳᠦ ᠮᠡᠳᠡᠭᠡ ᠵᠠᠩᠬᠢ ᠶᠢ ᠴᠠᠭ ᠳᠤᠬᠠᠢ  ᠳᠤᠨᠢ ᠳᠠᠷᠬᠠᠭᠠᠵᠦ᠂ ᠤᠯᠠᠨ ᠲᠦᠮᠡᠨ ᠳᠤ ᠳᠠᠷᠢᠯᠭ᠎ᠠ ᠬᠢᠬᠦ ᠶᠢ ᠤᠶᠢᠯᠠᠭᠠᠭᠤᠯᠵᠦ᠂ ᠤᠯᠠᠨ ᠲᠦᠮᠡᠨ ᠢ ᠳᠤᠷᠠᠳᠠᠢ ᠳᠠᠷᠢᠭᠤᠯᠵᠦ᠂ ᠰᠠᠨᠠᠭ᠎ᠠ ᠠᠮᠤᠷ ᠳᠠᠷᠢᠭᠤᠯᠤᠨ᠎ᠠ᠃ ᠳᠠᠷᠢᠯᠭ᠎ᠠ ᠬᠢᠬᠦ ᠴᠤᠪᠤᠷᠠᠯ ᠢ ᠲᠦᠷᠢᠮᠵᠢᠬᠦᠯᠦᠨ᠂ ᠰᠢᠯᠢᠳᠡᠭ ᠡᠮᠴᠢᠯᠡᠭᠡᠨ  ᠤ ᠠᠵᠢᠯᠳᠠᠳ ᠢ ᠰᠤᠩᠭᠤᠵᠦ᠂ ᠳᠠᠷᠢᠯᠭ᠎ᠠ ᠶᠢᠨ ᠠᠵᠢᠯ ᠢ ᠢᠳᠡᠪᠬᠢᠳᠠᠢ ᠯᠠᠪᠳᠠᠭᠤᠨ ᠪᠠᠳᠤᠳᠠᠢ ᠪᠦᠭᠡᠳ ᠠᠮᠦᠷ ᠲᠦᠪᠰᠢᠨ ᠡᠮᠬᠢ ᠳᠠᠷᠠᠭ᠎ᠠ ᠲᠠᠢ ᠲᠦᠯᠬᠢᠨ ᠠᠬᠢᠭᠤᠯᠬᠤ ᠭᠡᠷᠡᠭᠳᠡᠢ ᠭᠡᠵᠡᠢ᠃
       ᠬᠤᠤ ᠭᠦᠢ ᠵᠢᠤᠸᠠᠨ ᠠᠷᠤᠬᠠᠰᠢᠶᠠᠳᠦ ᠪᠤᠭᠤᠮᠳᠠ ᠳᠤ ᠬᠦᠷᠴᠦ᠂ ᠬᠢᠯᠢ ᠪᠠᠷ ᠤᠷᠤᠵᠦ ᠭᠠᠷᠬᠤ ᠪᠠᠶᠢᠴᠠᠭᠠᠯᠳᠠ ᠶᠢᠨ ᠭᠠᠵᠠᠷ᠂ ᠵᠤᠭᠠᠴᠠᠭᠰᠠᠳ ᠢ ᠪᠠᠶᠢᠴᠠᠭᠠᠬᠤ ᠶᠡᠭᠡ ᠠᠰᠠᠷ ᠵᠡᠷᠭᠡ ᠭᠠᠵᠠᠷ ᠲᠤ ᠪᠠᠶᠢᠴᠠᠭᠠᠨ ᠦᠵᠡᠬᠦ  ᠳᠤ ᠪᠠᠨ᠂ ︽ᠭᠠᠳᠠᠭᠠᠳᠦ ᠠᠴᠠ ᠤᠷᠤᠵᠦ ᠢᠷᠡᠬᠦ ᠶᠢ ᠰᠡᠷᠭᠡᠶᠢᠯᠡᠨ᠂ ᠨᠠᠷᠢᠯᠢᠭ ᠤᠨᠤᠪᠴᠢᠳᠠᠢ ᠰᠡᠷᠡᠮᠵᠢᠯᠡᠬᠦᠯᠬᠦ︾ ᠪᠤᠯ ᠪᠢᠳᠡᠨ ᠤ ᠤᠳᠤᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯᠯᠠᠬᠤ ᠠᠵᠢᠯ ᠤᠨ ᠵᠠᠷᠴᠢᠮ ᠪᠤᠯᠤᠨ᠎ᠠ᠂ ᠭᠠᠳᠠᠭᠠᠳᠦ ᠠᠴᠠ ᠤᠷᠤᠵᠦ ᠢᠷᠡᠬᠦ ᠶᠢ ᠴᠢᠩᠭ᠎ᠠ ᠰᠡᠷᠭᠡᠶᠢᠯᠡᠬᠦ ᠠᠵᠢᠯ ᠢ ᠰᠠᠶᠢᠳᠦᠷ ᠬᠢᠵᠦ᠂ ᠠᠷᠠᠳ ᠲᠦᠮᠡᠨ ᠤ ᠠᠮᠢ ᠨᠠᠰᠤᠨ ᠤ ᠠᠮᠦᠷ ᠲᠦᠪᠰᠢᠨ᠂ ᠪᠡᠶ᠎ᠡ ᠮᠠᠬᠠᠪᠤᠳ ᠤᠨ ᠡᠷᠡᠬᠦᠯ ᠴᠢᠬᠢᠷᠠᠭ ᠪᠤᠯᠤᠨ ᠠᠵᠦ ᠠᠬᠤᠢ ᠨᠡᠶᠢᠬᠡᠮ ᠤᠨ ᠴᠢᠨᠠᠷ ᠰᠠᠶᠢᠳᠠᠢ ᠬᠦᠭᠵᠢᠯᠳᠡ ᠳᠤ ᠪᠡᠳᠦ ᠪᠠᠬᠢ ᠪᠠᠳᠤᠯᠠᠭ᠎ᠠ ᠬᠠᠩᠭᠠᠬᠤ ᠭᠡᠷᠡᠭᠳᠡᠢ ᠭᠡᠵᠡᠢ᠃        ᠬᠤᠤ ᠬᠦᠢ ᠵᠢᠤᠸᠠᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠰᠠᠭᠤᠷᠢᠨ ᠭᠠᠵᠠᠷ ᠲᠤ ᠬᠦᠨᠵᠡᠭᠡᠶᠢᠷᠡᠨ᠂ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠠᠵᠢᠯ ᠤᠨ ᠴᠤᠪᠤᠷᠠᠯ᠂ ᠪᠠᠴᠢᠮ ᠪᠠᠶᠢᠳᠠᠯ ᠢ ᠠᠷᠭᠠᠴᠠᠬᠤ ᠡᠳ᠋ ᠪᠤᠳᠠᠰ  ᠤᠨ ᠨᠦᠬᠡᠴᠡ ᠵᠡᠷᠭᠡ ᠪᠠᠶᠢᠳᠠᠯ ᠢ ᠪᠤᠳᠠᠳᠦ ᠭᠠᠵᠠᠷ ᠲᠤᠨᠢ  ᠪᠠᠶᠢᠴᠠᠭᠠᠨ ᠦᠵᠡᠬᠦ ᠶᠢᠨ ᠬᠠᠮᠳᠦ᠂ ᠪᠤᠳᠠᠳᠠᠢ ᠱᠠᠭᠠᠷᠳᠠᠯᠭ᠎ᠠ ᠳᠤᠷᠠᠳᠴᠠᠢ᠃                  ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号