ᠠᠯᠳ᠋ᠬᠠᠮᠡᠭᠡᠯ ᠪᠠᠯᠭᠠᠰᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/7
       4 ᠰᠠᠷ᠎ᠠ ᠶᠢᠨ 6 ᠤ ᠡᠳᠦᠷ᠂ ᠠᠯᠳ᠋ᠬᠠᠮᠡᠭᠡᠯ ᠪᠠᠯᠭᠠᠰᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠳᠠᠶᠢᠴᠢᠯᠠᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃        ᠬᠤᠷᠠᠯ ᠳᠡᠭᠡᠷ᠎ᠡ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠳᠠᠶᠢᠴᠢᠯᠠᠨ ᠪᠠᠶᠢᠷᠢᠯᠠᠭᠤᠯᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠬᠠᠷᠠᠯᠲᠠ ᠡᠭᠦᠷᠭᠡ ᠶᠢ ᠭᠦᠨᠵᠡᠭᠡᠶ ᠰᠤᠷᠤᠯᠴᠠᠭᠰᠠᠨ ᠪᠥᠭᠡᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠪᠦᠬᠦ ᠠᠷᠠᠳ ᠤᠨ ᠳᠠᠶᠢᠴᠢᠯᠠᠯᠲᠠ ᠪᠠ ᠪᠠᠶᠢᠷᠢᠯᠠᠭᠤᠯᠤᠯᠲᠠ ᠬᠢᠭᠰᠡᠨ ᠪᠠᠶᠢᠨ᠎ᠠ᠃ ᠬᠤᠷᠠᠯ ᠠᠴᠠ ᠪᠠᠰᠠ ᠪᠥᠬᠦ ᠬᠤᠰᠢᠭᠤᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠶᠢᠨ ᠠᠵᠢᠯ ᠤᠨ ᠲᠥᠰᠦᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠦᠯ ᠢ ᠤᠯᠠᠮᠵᠢᠯᠠᠵᠤ᠂ ᠲᠠᠷᠠᠭᠠᠴᠢ ᠶᠢᠨ ᠠᠯᠬᠤᠮ ᠳᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠥᠷᠨᠢᠭᠦᠯᠬᠦ ᠳᠤ ᠪᠣᠳᠠᠲᠠᠶ ᠱᠠᠭᠠᠷᠳᠠᠯᠭ᠎ᠠ ᠳᠤᠷᠠᠳᠪᠠ᠃
               ᠬᠤᠷᠠᠯ ᠠᠴᠠ᠂ ᠨᠢᠭᠡ ᠳᠤ᠂ ᠨᠠᠮ ᠤᠨ ᠲᠥᠪ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠰᠤᠷᠤᠯᠴᠠᠯᠭ᠎ᠠ ᠶᠢᠨ ᠮᠠᠲ᠋ᠧᠷᠢᠶᠠᠯ ᠢ ᠨᠢᠭᠡ ᠰᠡᠳᠬᠢᠯ ᠢᠶᠠᠷ ᠰᠤᠳᠤᠯᠤᠨ ᠤᠩᠰᠢᠵᠤ᠂ ᠰᠤᠳᠤᠯᠤᠨ ᠶᠠᠷᠢᠯᠴᠠᠵᠤ ᠰᠣᠯᠢᠯᠴᠠᠬᠤ ᠶᠢ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢᠨ ᠦᠯᠢᠭᠡᠷ ᠢ ᠰᠤᠷᠤᠯᠴᠠᠬᠤ ᠬᠡᠷᠡᠭᠲᠡᠢ᠃ ᠬᠤᠶᠠᠷ ᠲᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠬᠠᠮᠤᠭ ᠤᠨ ᠰᠢᠨ᠎ᠡ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠶᠢ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠭᠤᠷᠪᠠ ᠳᠤ᠂ ︽ᠳᠦᠷᠪᠡᠨ ᠤᠬᠠᠮᠰᠠᠷ︾ ᠢ ᠦᠨᠡᠨᠬᠦ ᠴᠢᠩᠭᠠᠳᠬᠠᠵᠤ᠂ ︽ᠳᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ ᠪᠣᠯᠤᠨ ᠬᠡᠷᠡᠭᠵᠢᠭᠦᠯᠬᠦ ᠴᠢᠳᠠᠪᠤᠷᠢ ᠶᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠪᠠᠯᠭᠠᠰᠤ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠤᠯᠬᠤ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                   ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号