4 ᠰᠠᠷ᠎ᠠ ᠶᠢᠨ 6 ᠠᠴᠠ 7 ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ | ᠨᠠᠮ ᠤᠨ ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠤᠰᠬᠠᠢ ᠰᠡᠳᠦᠪᠳᠦ ᠨᠤᠮ ᠤᠩᠰᠢᠬᠤ ᠠᠩᠬᠢ ᠥᠪᠦᠷ | ᠮᠤᠩᠭᠤᠯ ᠤᠨ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ︶ ᠳᠤ ᠶᠠᠪᠤᠬᠳᠠᠪᠠ᠃ | | | | ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ᠂ ᠦᠪᠡᠷᠲᠡᠭᠡᠨ ᠵᠠᠰᠠᠬᠤ ᠤᠷᠤᠨ ᠤ | ᠤᠯᠤᠰ ᠲᠦᠷᠦ ᠶᠢᠨ ᠵᠦᠪᠯᠡᠯᠭᠡᠨ ᠤ ᠲᠡᠷᠢᠬᠦᠯᠡᠭᠴᠢ ᠯᠢ ᠰᠢᠦ ᠯᠢᠩ᠂ ᠦᠪᠡᠷᠲᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ | ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ ᠪᠤᠯᠤᠨ ᠦᠪᠡᠷᠲᠡᠭᠡᠨ ᠵᠠᠰᠠᠬᠤ ᠤᠷᠤᠨ ᠤ ᠰᠢᠬᠦᠬᠦ | ᠬᠤᠷᠢᠶ᠎ᠠ᠂ ᠪᠠᠶᠢᠴᠠᠭᠠᠬᠤ ᠬᠤᠷᠢᠶ᠎ᠠ ᠶᠢᠨ ᠳᠠᠷᠤᠭ᠎ᠠ ᠰᠤᠷᠤᠯᠴᠠᠯᠭ᠎ᠠ ᠳᠤ ᠤᠷᠤᠯᠴᠠᠵᠠᠢ᠃ ᠨᠤᠮ ᠤᠩᠰᠢᠬᠤ ᠠᠩᠬᠢ ᠨᠢ | ᠦᠪᠡᠷ ᠢᠶᠠᠨ ᠰᠤᠷᠤᠯᠴᠠᠬᠤ ᠪᠠ ᠬᠠᠪᠰᠤᠷᠤᠨ ᠵᠢᠯᠤᠭᠤᠳᠬᠤ ᠲᠠᠶᠢᠯᠤᠮᠵᠢ ᠶᠢ ᠤᠶᠠᠯᠳᠤᠭᠤᠯᠤᠭᠰᠠᠨ ᠭᠡᠯᠪᠡᠷᠢ ᠪᠠᠷ | ᠶᠠᠪᠤᠬᠳᠠᠪᠠ᠃ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠤᠳᠤᠷᠢᠳᠬᠤ ᠨᠦᠬᠦᠳ ᠰᠡᠳᠭᠢᠯ ᠲᠠᠯᠪᠢᠨ | ᠰᠤᠳᠤᠯᠵᠦ ᠬᠦᠨᠵᠡᠭᠡᠢ ᠰᠡᠳᠬᠢᠨ ᠪᠤᠳᠤᠯᠬᠢᠯᠠᠵᠦ᠂ ᠰᠢ ᠶᠢᠨ ᠫᠢᠩ ᠨᠦᠬᠦᠷ ᠤᠨ ︽ᠳᠤᠮᠳᠠᠳᠤ ᠤᠯᠤᠰ ᠤᠨ ᠡᠪ | ᠬᠠᠮᠳᠦ ᠨᠠᠮ ᠤᠨ ᠲᠡᠦᠭᠡ ᠶᠢᠨ ᠲᠤᠬᠠᠢ ᠦᠬᠦᠯᠡᠯᠲᠡ︾᠂ ︽ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ ᠠᠰᠠᠭᠤᠯᠳᠠ ᠬᠠᠷᠢᠭᠤᠯᠳᠠ︾ | ᠵᠡᠷᠭᠡ ᠲᠤᠭᠳᠠᠭᠰᠠᠨ ᠰᠤᠷᠤᠯᠴᠠᠬᠤ ᠮᠠᠲ᠋ᠧᠷᠢᠶᠠᠯ ᠵᠢᠴᠢ ᠶᠡᠷᠦᠩᠭᠡᠢ ᠱᠦᠵᠢ ᠰᠢ ᠶᠢᠨ ᠫᠢᠩ ᠤᠨ ᠨᠠᠮ ᠤᠨ ᠲᠡᠦᠭᠡ ᠶᠢᠨ | ᠰᠤᠷᠤᠯᠴᠠᠯᠭ᠎ᠠ ᠬᠦᠮᠦᠵᠢᠯ ᠤᠨ ᠲᠠᠶᠢᠴᠢᠯᠠᠯᠳᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ᠂ ᠶᠡᠷᠦᠩᠭᠡᠢ ᠱᠦᠵᠢ | ᠰᠢ ᠶᠢᠨ ᠫᠢᠩ ᠤᠨ ᠦᠨᠳᠦᠰᠦᠳᠡᠨ ᠤ ᠠᠵᠢᠯ ᠪᠠ ᠳᠤᠮᠳᠠᠳᠤ ᠶᠢᠨ ᠦᠨᠳᠦᠰᠦᠳᠡᠨ ᠤ ᠬᠠᠮᠳᠦ ᠴᠤᠬᠴᠠ ᠶᠢᠨ | ᠤᠬᠠᠮᠰᠠᠷ ᠢ ᠪᠠᠳᠤ ᠴᠤᠬᠴᠠᠯᠠᠬᠤ ᠲᠤᠬᠠᠢ ᠴᠢᠬᠤᠯᠠ ᠦᠬᠦᠯᠡᠯᠳᠠ᠂ ᠶᠡᠷᠦᠩᠭᠡᠢ ᠱᠦᠵᠢ ᠰᠢ ᠶᠢᠨ ᠫᠢᠩ ᠤᠨ ᠥᠪᠦᠷ | ᠮᠤᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠪᠤᠯᠤᠨ ᠰᠢᠨ᠎ᠠ | ᠠᠷᠠᠳᠴᠢᠯᠠᠬᠰᠠᠨ ᠬᠤᠪᠢᠰᠬᠠᠯ ᠤᠨ ᠦᠶ᠎ᠠ ᠶᠢᠨ ᠲᠡᠦᠭᠡ ᠵᠡᠷᠭᠡ ᠠᠭᠤᠯᠭ᠎ᠠ ᠪᠠᠷ ᠭᠤᠤᠯᠯᠠᠭᠤᠯᠤᠨ ᠰᠤᠷᠤᠯᠴᠠᠬᠤ ᠶᠢᠨ | ᠬᠠᠮᠳᠦ ᠰᠤᠷᠤᠯᠴᠠᠬᠰᠠᠨ ᠤᠯᠤᠯᠳᠠ ᠲᠦᠷᠦᠭᠳᠡᠯ ᠢᠶᠠᠨ ᠪᠢᠴᠢᠵᠡᠬᠡᠭᠰᠡᠨ ᠪᠠᠶᠢᠨ᠎ᠠ᠃ | | | | ᠲᠤᠰᠬᠠᠢ ᠰᠡᠳᠦᠪᠳᠦ ᠬᠠᠪᠰᠤᠷᠤᠨ ᠵᠢᠯᠤᠭᠤᠳᠬᠤ ᠲᠠᠶᠢᠯᠤᠮᠵᠢ ᠶᠢᠨ ᠬᠤᠷᠠᠯ ᠳᠡᠭᠡᠷ᠎ᠠ᠂ ᠨᠠᠮ ᠤᠨ | ᠲᠡᠦᠭᠡ ᠶᠢᠨ ᠰᠤᠷᠤᠯᠴᠠᠯᠭ᠎ᠠ ᠬᠦᠮᠦᠵᠢᠯ ᠤᠨ ᠲᠦᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ | ᠲᠦᠪ ᠤᠨ ᠨᠠᠮ ᠤᠨ ᠲᠡᠦᠭᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠤᠤᠯ ᠤᠨ ᠳᠡᠳ᠋ | ᠳᠠᠷᠤᠭ᠎ᠠ ᠡᠤ ᠳ᠋ᠧ ᠭᠠᠩ ᠨᠦᠬᠦᠷ ︽ᠰᠢᠨ᠎ᠠ ᠠᠷᠠᠳᠴᠢᠯᠠᠬᠰᠠᠨ ᠬᠤᠪᠢᠰᠬᠠᠯ ᠤᠨ ᠪᠡᠷᠬᠡ ᠬᠠᠳᠠᠭᠤᠵᠢᠯᠳᠠᠢ | ᠲᠡᠦᠭᠡ ᠶᠢᠨ ᠬᠠᠭᠤᠳᠠᠰᠤ ᠵᠢᠴᠢ ᠲᠡᠬᠦᠨ ᠤ ᠲᠤᠷᠰᠢᠯᠭ᠎ᠠ ᠶᠢᠨ ᠰᠡᠩᠭᠡᠷᠡᠬᠦᠯᠦᠯ︾ ᠭᠡᠬᠦ ᠭᠤᠤᠯ ᠰᠡᠳᠦᠪ ᠤᠨ | ᠲᠤᠭᠤᠷᠢᠨ ᠳᠤ᠂ ᠤᠯᠠᠨ ᠲᠠᠢ ᠬᠠᠮᠳᠦ ᠮᠠᠨ ᠤ ᠨᠠᠮ ᠠᠷᠠᠳ ᠲᠦᠮᠡᠨ ᠢ ᠤᠳᠤᠷᠢᠳᠤᠨ 28 ᠵᠢᠯ ᠤᠨ ᠴᠢᠰᠤᠳᠤ | ᠲᠡᠮᠡᠴᠡᠯ ᠬᠢᠵᠦ᠂ ᠦᠨᠳᠦᠰᠦᠳᠡᠨ ᠤ ᠲᠤᠰᠠᠭᠠᠷ ᠲᠤᠬᠳᠠᠨᠢᠯ ᠪᠠ ᠠᠷᠠᠳ ᠲᠦᠮᠡᠨ ᠤ ᠴᠢᠯᠦᠭᠡᠯᠡᠯᠳᠠ ᠶᠢ | ᠪᠡᠶᠡᠯᠡᠬᠦᠯᠦᠭᠰᠡᠨ ᠭᠡᠷᠡᠯ ᠰᠠᠴᠤᠷᠠᠩᠭᠤᠢ ᠲᠡᠦᠭᠡ ᠶᠢ ᠲᠠᠬᠢᠨ ᠡᠷᠬᠢᠴᠡᠬᠦᠯᠵᠡᠢ᠃ ᠲᠠᠶᠢᠯᠤᠮᠵᠢ ᠶᠢᠨ ᠠᠭᠤᠯᠭ᠎ᠠ ᠡᠯᠪᠡᠭ | ᠪᠠᠶᠠᠯᠢᠭ᠂ ᠬᠦᠨ ᠬᠦᠨᠵᠡᠭᠡᠢ ᠪᠦᠭᠡᠳ ᠤᠢᠢᠯᠠᠭᠠᠮᠵᠢᠳᠠᠢ ᠪᠠᠶᠢᠵᠦ᠂ ᠪᠡᠷᠬᠡ ᠬᠠᠳᠠᠭᠤᠵᠢᠯᠳᠠᠢ ᠰᠢᠨ᠎ᠠ ᠠᠷᠠᠳᠴᠢᠯᠠᠬᠰᠠᠨ | ᠬᠤᠪᠢᠰᠬᠠᠯ ᠤᠨ ᠲᠡᠦᠭᠡ ᠶᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠮᠠᠨ ᠤ ᠨᠠᠮ ᠤᠨ ᠴᠦᠭᠦᠷᠡᠰᠢ ᠦᠭᠡᠢ | ᠲᠡᠮᠡᠴᠡᠭᠰᠡᠨ ᠲᠡᠦᠭᠡ᠂ ᠴᠦᠬᠦᠷᠡᠰᠢ ᠦᠭᠡᠢ ᠬᠠᠶᠢᠨ ᠰᠦᠪᠡᠭᠴᠢᠯᠡᠭᠰᠡᠨ ᠲᠡᠦᠭᠡ᠂ ᠴᠦᠬᠦᠷᠡᠰᠢ ᠦᠭᠡᠢ ᠦᠪᠡᠷ ᠤᠨ | ᠪᠡᠶ᠎ᠠ ᠳᠡᠭᠡᠨ ᠬᠤᠪᠢᠰᠬᠠᠯ ᠬᠢᠭᠰᠡᠨ ᠲᠡᠦᠭᠡ ᠪᠠ ᠴᠦᠭᠦᠷᠡᠰᠢ ᠦᠭᠡᠢ ᠵᠤᠷᠢᠭ ᠰᠠᠨᠠᠭ᠎ᠠ ᠶᠢ ᠬᠦᠭᠡᠭᠡᠴᠡᠯᠳᠦᠭᠰᠡᠨ | ᠲᠡᠦᠭᠡ ᠶᠢ ᠳᠤᠳᠤᠷᠬᠠᠢᠢᠯᠠᠨ ᠦᠬᠦᠯᠡᠵᠦ᠂ ᠤᠯᠠᠨ ᠳᠤ ᠬᠤᠪᠢᠰᠬᠠᠯ ᠤᠨ ᠵᠠᠰᠠᠭ ᠤᠨ ᠡᠷᠭᠡ ᠬᠢᠯᠪᠡᠷ ᠪᠤᠰᠤ ᠪᠠᠷ | ᠢᠷᠡᠭᠰᠡᠨ᠂ ᠰᠢᠨ᠎ᠠ ᠳᠤᠮᠳᠠᠳᠤ ᠤᠯᠤᠰ ᠬᠢᠯᠪᠡᠷ ᠪᠤᠰᠤ ᠪᠠᠷ ᠪᠠᠶᠢᠭᠤᠯᠤᠭᠳᠠᠭᠰᠠᠨ᠂ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠬᠢᠯᠪᠡᠷ ᠪᠤᠰᠤ ᠪᠠᠷ ᠢᠷᠡᠭᠰᠡᠨ᠂ ᠦᠨᠦᠳᠦᠷ ᠤᠨ ᠵᠤᠯ ᠵᠢᠷᠭᠠᠯᠳᠦ ᠠᠮᠢᠳᠤᠷᠠᠯ ᠬᠢᠯᠪᠡᠷ | ᠪᠤᠰᠤ ᠪᠠᠷ ᠢᠷᠡᠭᠰᠡᠨ ᠢ ᠲᠠᠨᠢᠭᠤᠯᠬᠤ ᠳᠤ ᠴᠢᠬᠤᠯᠠ ᠦᠢᠯᠡᠳᠦᠯ ᠦᠵᠡᠬᠦᠯᠵᠦ᠂ ᠤᠯᠠᠨ ᠤ ᠳᠤᠮᠳᠠᠳᠤ ᠤᠯᠤᠰ ᠤᠨ ᠡᠪ | ᠬᠠᠮᠳᠦ ᠨᠠᠮ ᠶᠠᠭᠠᠬᠢᠭᠠᠳ ︽ᠴᠢᠳᠠᠬᠤ︾᠂ ᠮᠠᠷᠺᠰ ᠤᠨ ᠦᠵᠡᠯ ᠶᠠᠭᠠᠬᠢᠭᠠᠳ ︽ᠪᠤᠯᠬᠤ︾᠂ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠶᠠᠭᠠᠬᠢᠭᠠᠳ ︽ᠰᠠᠶᠢᠨ ᠪᠠᠶᠢᠬᠤ︾ ᠶᠢ ᠨᠡᠩ ᠰᠠᠶᠢᠳᠤᠷ | ᠤᠢᠢᠯᠠᠭᠠᠬᠤ ᠳᠤ ᠨᠡᠩ ᠦᠷᠭᠡᠨ ᠬᠠᠷᠠᠭᠠᠰᠤ ᠲᠠᠢ ᠪᠤᠯᠭᠠᠵᠠᠢ᠃ | | | |