ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠨᠢᠭᠡ︶
ᠨᠡᠶᠢᠲᠡᠯᠡᠭᠰᠡᠨ ᠴᠠᠭ᠄
2021/5/10
     ︽ᠲᠠᠷᠢᠶᠠᠨ ᠭᠠᠵᠠᠷ ᠢ ︿ᠠᠮᠤ ᠪᠤᠳᠠᠭᠠᠨ ᠪᠤᠰᠤᠴᠢᠯᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2020﹈ 44 ᠳ᠋ᠤᠭᠡᠷ ᠲᠣᠭᠠᠲᠤ︶ ᠪᠣᠯᠤᠨ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠨ ᠭᠠᠵᠠᠷ ᠤᠨ ︿ᠠᠮᠤ ᠪᠤᠳᠠᠭᠠᠨ ᠪᠤᠰᠤᠴᠢᠯᠠᠬᠤ﹀ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 11 ᠳ᠋ᠤᠭᠡᠷ ᠲᠣᠭᠠᠲᠤ︶ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠡᠷᠡᠰ ᠰᠡᠷᠭᠡᠶᠢᠯᠡᠨ᠂ ᠠᠮᠤ ᠪᠤᠳᠠᠭᠠᠨ ᠤ ᠦᠢᠯᠡᠳᠪᠦᠷᠢᠯᠡᠯ ᠢ ᠦᠨᠡᠨ ᠬᠦ ᠲᠣᠭᠲᠠᠪᠤᠷᠢᠵᠢᠭᠤᠯᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠣᠣᠷᠠᠬᠢ ᠮᠡᠲᠦ ᠰᠠᠨᠠᠯ ᠢ ᠳᠤᠷᠠᠳᠪᠠ᠃      ᠨᠢᠭᠡ᠂ ᠶᠡᠷᠦᠩᠬᠡᠶ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ︽ᠳᠥᠷᠪᠡᠨ ᠦᠵᠡᠯ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠤᠭᠲᠠᠪᠤᠷᠢᠵᠢᠭᠤᠯᠬᠤ ᠶᠢᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠮᠤ ᠪᠤᠳᠠᠭᠠᠨ ᠤ ᠠᠮᠤᠷ ᠲᠦᠪᠰᠢᠨ ᠢ ᠦᠨᠡᠨ ᠬᠦ ᠪᠠᠲᠤᠯᠠᠬᠤ ᠶᠠᠪᠤᠳᠠᠯ ᠢ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠤᠷᠤᠨ ᠮᠠᠯᠴᠢᠨ ᠲᠠᠷᠢᠶᠠᠴᠢᠳ︾ ᠤᠨ ᠠᠵᠢᠯ ᠤᠨ ᠲᠡᠷᠢᠭᠦᠨ ᠴᠢᠬᠤᠯᠠ ᠡᠭᠦᠷᠭᠡ ᠪᠣᠯᠭᠠᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠡᠵᠡᠮᠳᠡᠵᠦ᠂ ᠵᠣᠷᠢᠭᠵᠢᠭᠤᠯᠤᠨ ᠬᠥᠲᠥᠯᠥᠨ ᠵᠢᠯᠣᠭᠤᠳᠴᠤ᠂ ᠲᠥᠷᠥᠯ ᠬᠤᠪᠢᠶᠠᠨ ᠪᠣᠳᠣᠯᠭ᠎ᠠ ᠬᠡᠷᠡᠭᠵᠢᠭᠦᠯᠵᠦ᠂ ᠨᠠᠶᠢᠳᠠᠪᠤᠷᠢᠳᠠᠢ ᠰᠢᠢᠳᠪᠦᠷᠢᠯᠡᠵᠦ᠂ ᠠᠮᠤ ᠪᠤᠳᠠᠭᠠᠨ ᠤ ᠦᠢᠯᠡᠳᠪᠦᠷᠢᠯᠡᠯ ᠢ ᠬᠥᠭᠵᠢᠭᠦᠯᠬᠦ ᠪᠠ ᠦᠷ᠎ᠡ ᠠᠰᠢᠭ ᠤᠨ ᠬᠠᠷᠢᠴᠠᠭᠤᠯᠤᠯ ᠢ ᠪᠠᠳᠠᠷᠠᠭᠤᠯᠬᠤ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠶ ᠠᠰᠢᠭᠯᠠᠨ᠂ ᠬᠢᠵᠠᠭᠠᠷ ᠲᠠᠢ ᠲᠠᠷᠢᠶᠠᠨ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠡᠩ ᠲᠡᠷᠢᠭᠦᠨ ᠳᠤ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠲᠣᠭᠲᠠᠪᠤᠷᠢᠵᠢᠭᠤᠯᠬᠤ᠂ ᠲᠠᠯᠠᠪᠠᠶ ᠶᠢ ᠲᠣᠭᠲᠠᠪᠤᠷᠢᠵᠢᠭᠤᠯᠬᠤ᠂ ᠤᠨᠠᠯᠲᠠ ᠶᠢ ᠲᠣᠭᠲᠠᠪᠤᠷᠢᠵᠢᠭᠤᠯᠬᠤ ᠳᠤ ᠬᠦᠴᠦᠯᠡᠵᠦ᠂ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠦᠨᠡᠨ ᠬᠦ ᠰᠡᠷᠭᠡᠶᠢᠯᠡᠬᠦ ᠬᠡᠷᠡᠭᠲᠡᠶ᠃ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠬᠤᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠠᠮᠤ ᠪᠤᠳᠠᠭᠠᠨ ᠤ ᠦᠢᠯᠡᠳᠪᠦᠷᠢᠯᠡᠯ ᠤᠨ ᠳᠠᠪᠠᠭᠤᠯᠢᠭ ᠢ ᠪᠠᠳᠠᠷᠠᠭᠤᠯᠵᠤ ᠂ ᠠᠮᠤ ᠪᠤᠳᠠᠭᠠᠨ ᠤ ᠶᠡᠷᠦᠩᠭᠡᠶᠢᠯᠡᠭᠰᠡᠨ ᠦᠢᠯᠡᠳᠪᠦᠷᠢᠯᠡᠯ ᠤᠨ ᠴᠢᠳᠠᠮᠵᠢ ᠶᠢ ᠲᠠᠰᠤᠷᠠᠯᠲᠠ ᠦᠭᠡᠢ ᠪᠠᠬᠢᠵᠢᠭᠦᠯᠦᠨ ᠳᠡᠭᠡᠭᠰᠢᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠶᠢ ᠲᠣᠭᠲᠠᠭᠤᠨ ᠪᠠᠶᠢᠯᠭᠠᠬᠤ ᠳᠤ ᠪᠠᠲᠤ ᠪᠠᠬᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号