ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠬᠤᠶᠠᠷ︶
ᠨᠡᠶᠢᠲᠡᠯᠡᠭᠰᠡᠨ ᠴᠠᠭ᠄
2021/5/10
     ᠬᠤᠶᠠᠷ᠂ ᠲᠠᠷᠢᠶᠠᠨ ᠭᠠᠵᠠᠷ ᠤᠨ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠤᠭᠳᠠᠪᠤᠷᠢᠵᠢᠭᠤᠯᠬᠤ ᠶᠢᠨ ᠴᠢᠬᠤᠯᠠ ᠴᠢᠨᠠᠷ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠶ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠣᠳᠣᠬᠠᠨ ᠤ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠬᠠᠩᠭᠠᠯᠭ᠎ᠠ ᠬᠡᠷᠡᠭᠴᠡᠭᠡ ᠶᠢᠨ ᠪᠠᠴᠢᠮ ᠲᠡᠩᠴᠡᠭᠦᠷᠢᠰᠢᠬᠦᠯᠬᠦ ᠪᠠᠶᠢᠳᠠᠯ ᠵᠢᠴᠢ ᠡᠳᠦᠷ ᠢᠷᠡᠬᠦᠶ᠎ᠡ ᠬᠤᠷᠴᠠᠳᠴᠤ ᠪᠠᠶᠢᠭ᠎ᠠ ᠣᠯᠠᠨ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠲᠣᠭᠲᠠᠪᠤᠷᠢ ᠦᠭᠡᠶ ᠴᠢᠨᠠᠷ ᠲᠤ ᠴᠢᠭᠯᠡᠭᠦᠯᠦᠨ᠂ ᠡᠷᠬᠡᠪᠰᠢ ᠤᠯᠤᠰ ᠤᠨ ᠳᠣᠲᠣᠭᠠᠳᠤ ᠶᠢᠨ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠪᠠᠷ ᠳᠡᠯᠡᠬᠡᠶ ᠶᠢᠨ ᠪᠠᠶᠢᠳᠠᠯ ᠤᠨ ᠬᠤᠪᠢᠷᠠᠯᠲᠠ ᠶᠢ ᠠᠷᠭᠠᠴᠠᠭᠠᠬᠤ ᠬᠡᠷᠡᠭᠲᠡᠶ ᠭᠡᠵᠦ ᠳᠤᠷᠠᠳᠤᠨ ᠭᠠᠷᠭᠠᠪᠠ᠃ 2021 ᠣᠨ ᠤ ᠲᠥᠪ ᠤᠨ ᠨᠢᠭᠡᠳᠦᠭᠡᠷ ᠲᠣᠭᠠᠲᠤ ᠪᠢᠴᠢᠭ ᠮᠠᠲ᠋ᠧᠷᠢᠶᠠᠯ ᠳᠤ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤᠴᠢᠯᠠᠬᠤ︾᠂ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠬᠦ ᠲᠤᠬᠠᠶ ᠲᠣᠳᠣᠷᠬᠠᠶ ᠱᠠᠭᠠᠷᠳᠠᠯᠭ᠎ᠠ ᠳᠤᠷᠠᠳᠴᠤ᠂ ᠶᠡᠷᠦᠩᠬᠡᠶ ᠱᠦᠵᠢ ᠰᠢ ᠶᠢᠨ ᠫᠢᠩ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤᠴᠢᠯᠠᠬᠤ︾᠂ ︽ᠠᠮᠤ ᠪᠤᠳᠠᠭᠠᠨ ᠪᠤᠰᠤᠴᠢᠯᠠᠬᠤ︾ ᠶᠢ ᠴᠢᠩᠭ᠎ᠠ ᠰᠡᠷᠭᠡᠶᠢᠯᠡᠬᠦ ᠲᠤᠬᠠᠶ ᠣᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤᠴᠢᠯᠠᠬᠤ︾᠂ ᠰᠠᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠬᠦ ᠪᠤᠯ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠦᠨᠳᠦᠰᠦ ᠮᠦᠨ ᠭᠡᠵᠦ ᠴᠢᠬᠤᠯᠠᠴᠢᠯᠠᠪᠠ᠃      ᠮᠠᠨ ᠤ ᠬᠤᠲᠠ ᠪᠣᠯ ᠲᠠᠷᠢᠶᠠᠯᠠᠩ ᠤᠨ ᠲᠣᠮᠣ ᠬᠤᠲᠠ ᠪᠣᠯᠬᠤ ᠪᠥᠭᠡᠳ ᠡᠩ ᠤᠨ ᠵᠢᠯ ᠤᠨ ᠠᠮᠤ ᠪᠤᠳᠠᠭ᠎ᠠ ᠲᠠᠷᠢᠬᠤ ᠲᠠᠯᠠᠪᠠᠶ ᠨᠢ ᠪᠦᠬᠦ ᠣᠷᠣᠨ ᠤ ᠶᠡᠷᠦᠩᠬᠡᠶ ᠲᠠᠯᠠᠪᠠᠶ ᠶᠢᠨ 1/4 ᠣᠷᠴᠢᠮ ᠢ ᠡᠵᠡᠯᠡᠬᠦ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠴᠢᠬᠤᠯᠠ ᠲᠠᠸᠠᠷ ᠤᠨ ᠠᠮᠤ ᠶᠢᠨ ᠦᠢᠯᠡᠳᠪᠦᠷᠢᠯᠡᠬᠦ ᠰᠢᠯᠵᠢᠭᠦᠯᠦᠨ ᠭᠠᠷᠭᠠᠬᠤ ᠲᠣᠮᠣ ᠬᠤᠲᠠ ᠪᠠᠶᠢᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠠᠵᠢᠯ ᠤᠨ ᠬᠠᠷᠢᠭᠤᠴᠠᠯᠭ᠎ᠠ ᠬᠦᠨᠳᠦ ᠶᠡᠭᠡ ᠪᠠᠶᠢᠨ᠎ᠠ᠃ ᠡᠯ᠎ᠡ ᠬᠤᠰᠢᠭᠤ ᠬᠤᠲᠠ ᠲᠣᠭᠤᠷᠢᠭ ᠪᠣᠯᠤᠨ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ ᠳᠡᠭᠡᠭᠰᠢᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠡᠨᠡ ᠬᠦ ᠴᠢᠪᠬᠠᠳᠠᠰᠤ ᠶᠢ ᠢᠮᠠᠭᠲᠠ ᠴᠢᠩᠭᠠᠯᠠᠵᠤ᠂ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠶᠢ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠭᠠᠷᠳᠠᠴᠠ ᠪᠠ ᠤᠷᠢᠲᠠᠯ ᠪᠤᠯᠭᠠᠵᠤ᠂ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠢ ᠪᠠᠲᠤᠯᠠᠬᠤ ᠪᠠᠶᠢᠯᠳᠤᠬᠤ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠣᠷᠣᠨ ᠪᠦᠰᠡ ᠶᠢᠨ ᠪᠠᠶᠢᠷᠢᠰᠢᠯ ᠪᠠ ᠦᠢᠯᠡᠳᠪᠦᠷᠢᠯᠡᠯ ᠤᠨ ᠪᠦᠲᠦᠴᠡ ᠶᠢ ᠤᠯᠠᠮ ᠴᠢᠨᠠᠭᠰᠢᠳᠠ ᠰᠢᠯᠢᠳᠡᠭᠵᠢᠭᠦᠯᠦᠨ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠵᠦ᠂ ᠲᠠᠷᠢᠶᠠᠨ ᠭᠠᠵᠠᠷ ᠤᠨ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠠᠰᠢᠭᠯᠠᠨ᠂ ᠲᠠᠩ ᠭᠠᠭᠴᠠ ᠠᠵᠤ ᠠᠬᠤᠢ ᠶᠢᠨ ᠦᠷ᠎ᠡ ᠠᠰᠢᠭ ᠢᠶᠠᠷ ᠲᠠᠷᠢᠶᠠᠨ ᠭᠠᠵᠠᠷ ᠤᠨ ᠬᠡᠷᠡᠭᠴᠡᠭᠡ ᠶᠢ ᠲᠣᠭᠲᠠᠭᠠᠬᠤ ᠶᠢ ᠲᠡᠪᠴᠢᠵᠦ᠂ ᠬᠢᠵᠠᠭᠠᠷ ᠲᠠᠢ ᠲᠠᠷᠢᠶᠠᠨ ᠭᠠᠵᠠᠷ ᠤᠨ ᠡᠬᠢ ᠪᠠᠶᠠᠯᠢᠭ ᠢ ᠠᠮᠤ ᠪᠤᠳᠠᠭᠠᠨ ᠤ ᠦᠢᠯᠡᠳᠪᠦᠷᠢᠯᠡᠯ ᠳᠤ ᠤᠷᠢᠳ ᠢᠶᠠᠷ ᠬᠡᠷᠡᠭᠯᠡᠬᠦ ᠶᠢ ᠪᠠᠷᠢᠮᠲᠠᠯᠠᠵᠤ᠂ ᠠᠮᠤ ᠪᠤᠳᠠᠭ᠎ᠠ ᠲᠠᠷᠢᠬᠤ ᠲᠠᠯᠠᠪᠠᠢ ᠬᠠᠰᠤᠭᠳᠠᠬᠤ ᠦᠭᠡᠢ᠂ ᠦᠢᠯᠡᠳᠪᠦᠷᠢᠯᠡᠯ ᠤᠨ ᠴᠢᠳᠠᠪᠤᠷᠢ ᠳᠡᠭᠡᠭᠰᠢᠯᠡᠵᠦ᠂ ᠤᠨᠠᠯᠲᠠ ᠪᠠᠭᠤᠷᠠᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠪᠠ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠦᠨᠡᠨ ᠬᠦ ᠪᠠᠲᠤᠯᠠᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠬᠦ ᠬᠡᠷᠡᠭᠲᠡᠢ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号