ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠳᠦᠷᠪᠡ︶
ᠨᠡᠶᠢᠲᠡᠯᠡᠭᠰᠡᠨ ᠴᠠᠭ᠄
2021/5/10
    ᠲᠠᠪᠤ᠂ ᠠᠮᠤ ᠪᠤᠳᠠᠭ᠎ᠠ ᠲᠠᠷᠢᠬᠤ ᠲᠠᠯᠠᠪᠠᠶ ᠪᠣᠯᠤᠨ ᠦᠢᠯᠡᠳᠪᠦᠷᠢᠯᠡᠯ ᠤᠨ ᠴᠢᠳᠠᠮᠵᠢ ᠶᠢ ᠲᠣᠭᠲᠠᠪᠤᠷᠢᠵᠢᠭᠤᠯᠬᠤ ᠬᠡᠷᠡᠭᠲᠡᠶ      ᠠᠮᠤ ᠪᠤᠳᠠᠭ᠎ᠠ ᠳᠠᠷᠢᠬᠤ ᠲᠠᠯᠠᠪᠠᠶ ᠪᠠ ᠠᠮᠤ ᠪᠤᠳᠠᠭᠠᠨ ᠤ ᠤᠨᠠᠯᠲᠠ ᠶᠢᠨ ᠬᠠᠷᠠᠯᠲᠠᠲᠤ ᠡᠭᠦᠷᠭᠡ ᠶᠢ ᠱᠠᠲᠤ ᠳᠠᠷᠠᠭᠠᠯᠠᠨ ᠪᠠᠭᠤᠯᠭᠠᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠠᠯᠬᠤᠮ ᠴᠢᠨᠠᠭᠰᠢᠳᠠ ᠪᠣᠳᠠᠲᠠᠶᠢᠵᠢᠭᠤᠯᠤᠨ᠎ᠠ᠃ ᠮᠣᠷᠢᠨᠳᠠᠪᠠᠭ᠎ᠠ ᠳᠠᠭᠤᠷ ᠦᠨᠳᠦᠰᠦᠲᠡᠨ ᠤ ᠥᠪᠡᠷᠲᠡᠭᠡᠨ ᠵᠠᠰᠠᠬᠤ ᠬᠤᠰᠢᠭᠤ᠂ ᠠᠷᠤᠨ ᠬᠤᠰᠢᠭᠤ᠂ ᠵᠠᠯᠠᠨ ᠠᠶᠢᠯ ᠬᠤᠲᠠ᠂ ᠣᠷᠴᠣᠨ ᠤ ᠥᠪᠡᠷᠲᠡᠭᠡᠨ ᠵᠠᠰᠠᠬᠤ ᠬᠤᠰᠢᠭᠤ᠂ ᠶᠠᠭᠰᠢ ᠬᠤᠲᠠ ᠪᠣᠯᠤᠨ ᠡᠷᠭᠦᠨ᠎ᠡ ᠬᠤᠲᠠ ᠵᠡᠷᠭᠡ ᠠᠮᠤ ᠪᠤᠳᠠᠭᠠᠨ ᠤ ᠤᠨᠠᠯᠲᠠ ᠶᠡᠬᠡᠲᠡᠶ 6 ᠬᠤᠰᠢᠭᠤ ᠰᠢᠶᠠᠨ ᠠᠮᠤ ᠪᠤᠳᠠᠭᠠᠨ ᠤ ᠦᠢᠯᠡᠳᠪᠦᠷᠢᠯᠡᠯ ᠤᠨ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠪᠠᠨ ᠠᠯᠬᠤᠮ ᠴᠢᠨᠠᠭᠰᠢᠳᠠ ᠴᠢᠩᠭᠠᠷᠠᠭᠤᠯᠵᠤ᠂ ︽ᠰᠠᠶᠢᠨ ᠲᠠᠷᠢᠶᠠᠨ ᠭᠠᠵᠠᠷ ᠲᠤ ᠠᠮᠤ ᠪᠤᠳᠠᠭ᠎ᠠ ᠳᠠᠷᠢᠬᠤ︾ ᠶᠢ ᠦᠨᠡᠨ ᠬᠦ ᠪᠠᠲᠤᠯᠠᠨ᠂ ᠠᠮᠤ ᠪᠤᠳᠠᠭᠠᠨ ᠤ ᠲᠠᠷᠢᠮᠠᠯ ᠤᠨ ᠳᠠᠷᠢᠬᠤ ᠲᠠᠯᠠᠪᠠᠶ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠥᠬᠡᠶ ᠪᠠᠶᠢᠬᠤ ᠶᠢ ᠪᠠᠲᠤᠯᠠᠵᠤ᠂ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠮᠵᠢ ᠶᠢ ᠪᠦᠲᠦᠮᠵᠢᠲᠡᠶ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠪᠤᠰᠤᠳ ᠬᠤᠰᠢᠭᠤ ᠬᠤᠲᠠ ᠲᠣᠭᠤᠷᠢᠭ ᠲᠠᠷᠢᠶᠠᠨ ᠭᠠᠵᠠᠷ ᠲᠤ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠠᠮᠤ ᠪᠤᠳᠠᠭ᠎ᠠ ᠳᠠᠷᠢᠬᠤ ᠲᠠᠯᠠᠪᠠᠶ ᠶᠢᠨ ᠬᠤᠷᠢᠭ᠎ᠠ ᠱᠤᠭᠤᠮ ᠢ ᠲᠣᠳᠣᠷᠬᠠᠶᠢᠯᠠᠵᠤ᠂ ᠠᠮᠤ ᠪᠤᠳᠠᠭᠠᠨ ᠤ ᠦᠪᠠᠷ ᠢ ᠪᠠᠨ ᠬᠠᠩᠭᠠᠬᠤ ᠨᠤᠷᠮ᠎ᠠ ᠶᠢ ᠲᠣᠭᠲᠠᠪᠤᠷᠢᠵᠢᠭᠤᠯᠤᠨ ᠳᠡᠭᠡᠭᠰᠢᠯᠡᠭᠦᠯᠬᠦ ᠬᠡᠷᠡᠭᠲᠡᠶ᠃ ᠪᠦᠬᠦ ᠬᠤᠲᠠ ᠶᠢᠨ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ ᠦᠷᠭᠦᠯᠵᠢᠯᠡᠨ 2500 ᠲᠦᠮᠡᠨ ᠮᠦ ᠠᠴᠠ ᠳᠡᠭᠡᠭᠰᠢ ᠳᠤ ᠲᠤᠭᠲᠠᠪᠤᠷᠢᠵᠢᠭᠤᠯᠤᠨ᠎ᠠ᠃      ︽ᠠᠯᠲᠠᠨ ᠰᠢᠷᠤᠢ ᠳᠤ ᠠᠮᠤ ᠪᠤᠳᠠᠭ᠎ᠠ ᠶᠢ ᠬᠤᠷᠢᠶᠠᠨ ᠬᠠᠳᠠᠭᠠᠯᠠᠵᠤ᠂ ᠤᠷ᠎ᠠ ᠮᠡᠷᠭᠡᠵᠢᠯ ᠢᠶᠠᠷ ᠠᠮᠤ ᠪᠤᠳᠠᠭᠠᠨ ᠤ ᠤᠨᠠᠯᠲᠠ ᠶᠢ ᠨᠡᠮᠡᠭᠳᠡᠭᠦᠯᠬᠦ︾ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ᠂ ᠭᠤᠤᠯ ᠪᠣᠯᠬᠤ ᠠᠮᠤ ᠪᠤᠳᠠᠭ᠎ᠠ ᠲᠣᠰᠣᠨ ᠤ ᠦᠢᠯᠡᠳᠪᠦᠷᠢᠯᠡᠯ ᠤᠨ ᠬᠤᠰᠢᠭᠤ ᠬᠤᠲᠠ ᠲᠣᠭᠤᠷᠢᠭ ᠲᠤ ᠥᠨᠳᠥᠷ ᠪᠦᠲᠦᠮᠵᠢᠲᠡᠶ ᠤᠰᠤ ᠠᠷᠪᠢᠯᠠᠬᠤ ᠪᠠᠷ ᠭᠤᠤᠯᠳᠠᠯᠭ᠎ᠠ ᠪᠣᠯᠭᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠲᠠᠷᠢᠶᠠᠨ ᠭᠠᠵᠠᠷ᠂ ᠤᠰᠤ᠂ ᠵᠠᠮ᠂ ᠣᠶ ᠰᠢᠭᠤᠶ᠂ ᠴᠠᠬᠢᠯᠭᠠᠨ᠂ ᠬᠥᠷᠥᠰᠥ ᠰᠢᠷᠣᠶ ᠶᠢ ᠰᠠᠶᠢᠵᠢᠷᠠᠭᠤᠯᠬᠤ ᠵᠡᠷᠭᠡ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠲᠥᠬᠦᠷᠵᠢᠭᠦᠯᠦᠨ᠂ ᠤᠰᠤ ᠠᠷᠪᠢᠯᠠᠬᠤ᠂ ᠭᠠᠩ ᠬᠠᠭᠰᠠᠷᠠᠭᠠᠨ ᠢ ᠳᠠᠭᠠᠭᠠᠬᠤ᠂ ᠰᠦᠷᠭᠡᠦ ᠡᠰᠡᠷᠭᠦᠴᠡᠬᠦ ᠴᠢᠨᠠᠷ ᠢᠶᠠᠷ ᠴᠢᠩᠭ᠎ᠠ ᠲᠠᠷᠢᠮᠠᠯ ᠤᠨ ᠲᠥᠷᠥᠯ ᠵᠦᠢᠯ ᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ︽ᠠᠮᠤ ᠪᠤᠳᠠᠭ᠎ᠠ ᠲᠠᠷᠢᠬᠤ ᠮᠦᠷᠲᠡᠭᠡᠨ ᠤᠰᠤ ᠳᠤᠲᠠᠭᠳᠠᠬᠤ︾ ᠵᠥᠷᠢᠴᠡᠯ ᠢ ᠬᠦᠴᠦᠯᠡᠨ ᠰᠢᠢᠳᠪᠦᠷᠢᠯᠡᠨ᠎ᠡ᠃ ᠵᠡᠭᠦᠨ ᠬᠤᠶᠢᠲᠤ ᠣᠷᠣᠨ ᠤ ᠬᠠᠷ᠎ᠠ ᠬᠥᠷᠥᠰᠥᠲᠦ ᠭᠠᠵᠠᠷ ᠤᠨ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠪᠠ ᠬᠠᠷ᠎ᠠ ᠬᠥᠷᠥᠰᠥᠲᠦ ᠭᠠᠵᠠᠷ ᠢ ᠬᠠᠮᠠᠭᠠᠯᠠᠨ ᠠᠰᠢᠭᠯᠠᠬᠤ ᠲᠠᠯᠠᠪᠠᠶ ᠶᠢ ᠥᠷᠭᠡᠳᠬᠡᠵᠦ᠂ ᠬᠤᠵᠢᠷᠰᠢᠭᠰᠠᠨ ᠲᠠᠷᠢᠶᠠᠨ ᠭᠠᠵᠠᠷ ᠢ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠲᠠᠷᠢᠶᠠᠨ ᠭᠠᠵᠠᠷ ᠤᠨ ᠡᠭᠡᠯᠵᠢᠯᠡᠨ ᠳᠠᠷᠢᠬᠤ ᠲᠦᠷᠢᠮ ᠤᠨ ᠪᠠᠶᠢᠩᠭᠤᠵᠢᠬᠤ ᠶᠢ ᠠᠬᠢᠭᠤᠯᠵᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠦᠯᠦ ᠬᠠᠭᠠᠯᠪᠤᠷᠢᠯᠠᠵᠤ ᠳᠠᠷᠢᠬᠤ᠂ ᠬᠥᠷᠥᠰᠥ ᠶᠢ ᠭᠦᠨ ᠰᠤᠯᠠᠷᠠᠭᠤᠯᠵᠤ ᠲᠡᠭᠰᠢᠯᠡᠬᠦ ᠵᠡᠷᠭᠡ ᠬᠠᠮᠠᠭᠠᠯᠠᠯᠲᠠ ᠶᠢᠨ ᠴᠢᠨᠠᠷᠲᠠᠶ ᠲᠠᠷᠢᠶᠠᠯᠠᠬᠤ ᠠᠷᠭ᠎ᠠ ᠬᠡᠮᠵᠢᠶ᠎ᠡ ᠶᠢ ᠳᠡᠯᠭᠡᠷᠡᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ᠂ ᠠᠮᠤ ᠪᠤᠳᠠᠭᠠᠨ ᠤ ᠦᠢᠯᠡᠳᠪᠦᠷᠢᠯᠡᠬᠦ ᠴᠢᠳᠠᠮᠵᠢ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号