ᠬᠥᠯᠥᠨ ᠪᠤᠶᠢᠷ ᠬᠤᠲᠠ ᠶᠢᠨ ᠲᠠᠷᠢᠶᠠᠨ ᠭᠠᠵᠠᠷ ᠢ ︽ᠠᠮᠤ ᠪᠤᠳᠠᠭᠠᠨ ᠪᠤᠰᠤᠴᠢᠯᠠᠬᠤ︾ ᠶᠢ ᠰᠡᠷᠭᠡᠶᠢᠯᠡᠵᠦ ᠠᠮᠤ ᠪᠤᠳᠠᠭᠠᠨ ᠤ ᠦᠢᠯᠡᠳᠪᠦᠷᠢᠯᠡᠯ ᠢ ᠲᠣᠭᠲᠠᠪᠤᠷᠢᠵᠢᠭᠤᠯᠬᠤ ᠲᠤᠬᠠᠶ ᠬᠡᠷᠡᠭᠵᠢᠭᠦᠯᠬᠦ ᠰᠠᠨᠠᠯ ︵ᠲᠠᠪᠤ︶
ᠨᠡᠶᠢᠲᠡᠯᠡᠭᠰᠡᠨ ᠴᠠᠭ᠄
2021/5/10
     ᠵᠢᠷᠭᠤᠭ᠎ᠠ᠂ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠬᠥᠳᠡᠭᠡ ᠪᠠᠭᠤᠯᠭᠠᠬᠤ ᠶᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠬᠡᠷᠡᠭᠲᠡᠶ      ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠮᠠᠯᠵᠢᠬᠤ ᠲᠠᠷᠢᠶᠠᠯᠠᠬᠤ ᠣᠷᠣᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ᠂ ᠠᠮᠤ ᠪᠤᠳᠠᠭ᠎ᠠ ᠦᠢᠯᠡᠳᠪᠦᠷᠢᠯᠡᠬᠦ᠂ ᠠᠮᠤ ᠪᠤᠳᠠᠭ᠎ᠠ ᠡᠳ᠋ᠰᠢᠭᠦᠯᠵᠦ ᠭᠦᠢᠯᠭᠡᠭᠡᠯᠡᠬᠦ ᠵᠡᠷᠭᠡ ᠲᠤᠰᠬᠠᠶᠢᠵᠢᠭᠰᠠᠨ ᠨᠡᠶᠢᠭᠡᠮᠴᠢᠯᠡᠭᠰᠡᠨ ᠦᠢᠯᠡᠴᠢᠯᠡᠭᠡ ᠡᠷᠬᠢᠯᠡᠬᠦ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠤᠨ᠎ᠠ᠃ ᠡᠯ᠎ᠡ ᠬᠤᠰᠢᠭᠤ ᠬᠤᠲᠠ ᠲᠣᠭᠤᠷᠢᠭ ᠤᠨ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢᠨ ᠡᠷᠭᠢᠯᠲᠡ ᠶᠢᠨ ᠭᠡᠷ᠎ᠡ ᠶᠢᠨ ᠬᠠᠮᠢᠶᠠᠷᠤᠯᠲᠠ ᠶᠢ ᠵᠢᠷᠤᠮᠵᠢᠭᠤᠯᠬᠤ ᠶᠢ ᠵᠢᠯᠣᠭᠤᠳᠴᠤ᠂ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠡᠷᠭᠢᠯᠲᠡ ᠶᠢᠨ ᠭᠠᠵᠠᠷ ᠰᠢᠷᠣᠶ ᠶᠢᠨ ᠬᠢᠷᠢ ᠬᠡᠮ ᠢ ᠬᠢᠨᠠᠨ ᠪᠠᠶᠢᠴᠠᠭᠠᠬᠤ ᠪᠠ ᠲᠥᠷᠥᠯ ᠵᠦᠢᠯ ᠢ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠵᠤ᠂ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠬᠢᠷᠢ ᠬᠡᠮ᠂ ᠡᠵᠡᠩᠨᠡᠯᠲᠡ ᠶᠢᠨ ᠲᠥᠷᠥᠯ ᠵᠦᠢᠯ᠂ ᠠᠵᠤ ᠠᠬᠤᠶᠢᠯᠠᠯ ᠤᠨ ᠢᠲᠡᠭᠡᠮᠵᠢ ᠪᠠ ᠭᠠᠵᠠᠷ ᠰᠢᠷᠣᠶ ᠶᠢᠨ ᠡᠷᠭᠢᠯᠲᠡ ᠵᠡᠷᠭᠡ ᠲᠠᠯ᠎ᠠ ᠶᠢᠨ ᠬᠢᠨᠠᠨ ᠬᠠᠷᠭᠤᠭᠤᠯᠤᠯᠲᠠ ᠶᠢ ᠴᠢᠩᠭᠠᠳᠬᠠᠨ᠎ᠠ᠃ ᠦᠢᠯᠡᠳᠪᠦᠷᠢ ᠬᠤᠳᠠᠯᠳᠤᠭᠠᠨ ᠤ ᠬᠥᠷᠥᠩᠭᠡ ᠶᠢᠨ ᠭᠠᠵᠠᠷ ᠰᠢᠷᠣᠶ ᠲᠦᠷᠢᠶᠡᠰᠦᠯᠡᠬᠦ ᠶᠢ ᠬᠢᠨᠠᠨ ᠬᠡᠮᠵᠢᠵᠦ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠤᠨ᠎ᠠ᠃ ᠲᠠᠷᠢᠶᠠᠨ ᠭᠠᠵᠠᠷ ᠢ ᠶᠡᠭᠡ ᠬᠡᠪᠴᠢᠶ᠎ᠡ ᠪᠠᠷ ᠡᠷᠭᠢᠯᠳᠦᠭᠦᠯᠬᠦ᠂ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠠᠴᠠ ᠵᠥᠷᠢᠴᠡᠭᠰᠡᠨ ︽ᠠᠮᠤ ᠪᠤᠳᠠᠭᠠᠨ ᠪᠤᠰᠤᠴᠢᠯᠠᠬᠤ︾ ᠦᠢᠯᠡ ᠠᠵᠢᠯᠯᠠᠭ᠎ᠠ ᠶᠢ ᠣᠯᠵᠤ ᠮᠡᠳᠡᠪᠡᠯ ᠡᠷᠡᠰ ᠵᠠᠯᠠᠷᠠᠭᠤᠯᠬᠤ ᠶᠢᠨ ᠬᠠᠮᠲᠤ ᠬᠠᠷᠢᠭᠤᠴᠠᠯᠭ᠎ᠠ ᠶᠢᠨ ᠭᠤᠣᠯ ᠴᠣᠭᠴᠠ ᠶᠢᠨ ᠬᠠᠮᠢᠶ᠎ᠠ ᠪᠦᠬᠦᠢ ᠲᠡᠳᠬᠦᠬᠦ ᠲᠥᠷᠥ ᠶᠢᠨ ᠪᠣᠳᠣᠯᠭ᠎ᠠ ᠬᠦᠷᠲᠡᠬᠦ ᠶᠢ ᠳᠠᠷᠦ᠋ᠢᠬᠠᠨ ᠵᠣᠭᠰᠣᠭᠠᠬᠤ ᠬᠡᠷᠡᠭᠲᠡᠶ᠃ ᠠᠮᠤ ᠪᠤᠳᠠᠭ᠎ᠠ ᠳᠠᠷᠢᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠦᠢᠯᠡᠳᠪᠦᠷᠢ ᠬᠤᠳᠠᠯᠳᠤᠭᠠᠨ ᠤ ᠠᠵᠤ ᠠᠬᠤᠶᠢᠯᠠᠯ ᠤᠨ ᠭᠠᠵᠠᠷ ᠰᠢᠷᠣᠶ ᠶᠢ ᠡᠷᠭᠢᠯᠳᠦᠭᠦᠯᠦᠨ ᠬᠡᠪᠴᠢᠶᠡᠵᠢᠭᠦᠯᠦᠭᠰᠡᠨ ᠠᠮᠤ ᠪᠤᠳᠠᠭ᠎ᠠ ᠳᠠᠷᠢᠬᠤ ᠶᠢ ᠳᠡᠮᠵᠢᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃      ᠳᠣᠯᠤᠭ᠎ᠠ᠂ ᠲᠣᠭᠲᠠᠭᠠᠯ ᠢ ᠵᠥᠷᠢᠴᠡᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠮᠣᠳᠣ ᠳᠠᠷᠢᠵᠤ ᠨᠠᠭᠤᠷ ᠮᠠᠯᠲᠠᠬᠤ ᠶᠢ ᠴᠢᠩᠭ᠎ᠠ ᠴᠠᠭᠠᠵᠠᠯᠠᠨ᠎ᠠ      ︽ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︽ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠳᠦᠷᠢᠮ︾ ᠤᠨ ᠬᠤᠯᠪᠣᠭᠳᠠᠯ ᠪᠦᠬᠦᠢ ᠲᠣᠭᠲᠠᠭᠠᠯ ᠢ ᠭᠦᠨᠵᠡᠭᠡᠶ ᠲᠤᠭᠤᠰᠢᠯᠠᠭᠤᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠠᠯᠲᠠ ᠪᠣᠯᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠮᠠᠭᠠᠯᠠᠬᠤ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠲᠡᠶ᠃ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤᠴᠢᠯᠠᠬᠤ︾ ᠠᠰᠠᠭᠤᠳᠠᠯ ᠢ ᠡᠷᠡᠰ ᠬᠤᠷᠢᠭᠯᠠᠨ ᠵᠣᠭᠰᠣᠭᠠᠵᠤ᠂ ᠲᠠᠷᠢᠶᠠᠨ ᠭᠠᠵᠠᠷ ᠢ ᠨᠤᠭᠤᠭᠠᠷᠠᠭᠤᠯᠤᠨ ᠣᠶᠢᠵᠢᠭᠤᠯᠬᠤ᠂ ᠪᠠᠷᠢᠮᠵᠢᠶ᠎ᠠ ᠠᠴᠠ ᠬᠡᠲᠦᠷᠡᠭᠦᠯᠦᠨ ᠰᠠᠭᠠᠳ ᠦᠭᠡᠶ ᠨᠡᠪᠲᠡᠷᠡᠬᠦ ᠵᠠᠮ ᠪᠠᠶᠢᠭᠤᠯᠬᠤ᠂ ᠨᠠᠭᠤᠷ ᠮᠠᠯᠲᠠᠵᠤ ᠦᠵᠡᠮᠵᠢ ᠭᠠᠷᠭᠠᠬᠤ᠂ ᠲᠠᠷᠢᠶᠠᠯᠠᠩ ᠤᠨ ᠪᠤᠰᠤ ᠪᠦᠲᠦᠭᠡᠨ ᠪᠠᠶᠢᠭᠤᠯᠤᠯᠲᠠ ᠬᠢᠬᠦ ᠵᠢᠴᠢ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠥᠷᠭᠡᠳᠬᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠳᠡᠭᠡᠷᠡᠬᠢ ᠲᠠᠷᠢᠶᠠᠯᠠᠩ ᠤᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠵᠡᠯᠡᠨ ᠬᠡᠷᠡᠭᠯᠡᠵᠦ ᠤᠢ ᠮᠤᠳᠤ ᠵᠢᠮᠢᠰ ᠤᠨ ᠦᠢᠯᠡᠰ ᠡᠷᠬᠢᠯᠡᠬᠦ ᠪᠤᠶᠤ ᠨᠠᠭᠤᠷ ᠮᠠᠯᠲᠠᠵᠤ ᠵᠢᠭᠠᠰᠤ ᠲᠡᠵᠢᠭᠡᠬᠦ᠂ ᠬᠠᠤᠯᠢ ᠪᠤᠰᠤ ᠪᠠᠷ ᠰᠢᠷᠣᠢ ᠠᠪᠬᠤ ᠶᠢ ᠬᠤᠷᠢᠭᠯᠠᠵᠤ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠰᠤᠯᠠ ᠲᠠᠯᠪᠢᠬᠤ᠂ ᠠᠲᠠᠷᠰᠢᠭᠤᠯᠬᠤ ᠶᠢ ᠴᠠᠭᠠᠵᠠᠯᠠᠨ᠎ᠠ᠃ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠰᠢᠭᠯᠠᠨ ᠲᠤᠳᠤᠷᠭᠠᠨ ᠵᠢᠭᠠᠰᠤ᠂ ᠲᠤᠳᠤᠷᠭᠠᠨ ᠰᠠᠮ᠂ ᠲᠤᠳᠤᠷᠭᠠᠨ ᠨᠠᠢᠮᠠᠯᠵᠢ ᠵᠡᠷᠭᠡ ᠶᠢ ᠶᠡᠷᠦᠩᠬᠡᠶᠢᠯᠡᠭᠰᠡᠨ ᠪᠣᠰᠤᠭ᠎ᠠ ᠴᠤᠭᠴᠠᠲᠤ ᠳᠠᠷᠢᠵᠤ ᠲᠡᠵᠢᠭᠡᠬᠦ ᠶᠢ ᠬᠥᠭᠵᠢᠭᠦᠯᠬᠦ ᠳᠤ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠡᠪᠳᠡᠬᠦ ᠥᠬᠡᠶ ᠪᠠᠶᠢᠬᠤ ᠪᠠᠷ ᠤᠷᠢᠲᠠᠯ ᠪᠣᠯᠭᠠᠵᠤ᠂ ᠭᠤᠤ ᠰᠤᠪᠠᠭ ᠤᠨ ᠡᠵᠡᠯᠡᠬᠦ ᠬᠠᠷᠢᠴᠠᠯ ᠢ ᠲᠤᠳᠤᠷᠭᠠᠨ ᠵᠢᠭᠠᠰᠤᠨ ᠤ ᠶᠡᠷᠦᠩᠬᠡᠶᠢᠯᠡᠨ ᠳᠠᠷᠢᠵᠤ ᠲᠡᠵᠢᠭᠡᠬᠦ ᠮᠡᠷᠭᠡᠵᠢᠯ ᠤᠨ ᠵᠢᠷᠤᠮᠵᠢᠯ ᠤᠨ ᠶᠡᠷᠦᠩᠬᠡᠶ ᠲᠦᠷᠢᠮ ᠤᠨ ᠬᠤᠯᠪᠣᠭᠳᠠᠯ ᠪᠥᠬᠦᠶ ᠪᠠᠷᠢᠮᠵᠢᠶ᠎ᠠ ᠳᠤ ᠨᠡᠶᠢᠴᠡᠭᠦᠯᠬᠦ ᠬᠡᠷᠡᠭᠲᠡᠶ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号